ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠬᠤᠶᠠᠷ︶
ᠨᠡᠶᠢᠲᠡᠯᠡᠭᠰᠡᠨ ᠴᠠᠭ᠄
2020/8/29
     ᠰᠠᠭᠠᠯᠢ ᠶᠢᠨ ᠦᠨᠢᠶᠡᠨ ᠤ ᠰᠢᠮ᠎ᠡ ᠲᠡᠵᠢᠭᠡᠯ ᠤᠨ ᠬᠡᠷᠡᠭᠴᠡᠭᠡ ᠶᠢ ᠬᠡᠷᠬᠢᠨ ᠪᠠᠲᠤᠯᠠᠬᠤ ᠪᠣᠢ︖      ᠰᠠᠭᠠᠯᠢ ᠶᠢᠨ ᠦᠨᠢᠶ᠎ᠡ ᠪᠣᠯ ᠵᠦᠪᠬᠡᠨ ᠣᠰᠤ᠂ ᠢᠳᠡᠰᠢ ᠪᠠᠷ ᠳᠠᠮᠵᠢᠨ ᠴᠢᠬᠤᠯᠠ ᠪᠦᠬᠦᠢ ᠰᠢᠮ᠎ᠡ ᠲᠡᠵᠢᠭᠡᠯ ᠤᠨ ᠵᠦᠢᠯ ᠢ ᠬᠦᠷᠲᠡᠵᠦ᠂ ᠦᠰᠦᠯᠲᠡ ᠪᠣᠶᠢᠵᠢᠯᠲᠠ᠂ ᠬᠡᠭᠡᠯᠳᠦᠯ ᠪᠠ ᠰᠦ ᠱᠦᠭᠦᠷᠡᠯᠲᠡ ᠶᠢᠨ ᠰᠢᠮ᠎ᠡ ᠲᠡᠵᠢᠭᠡᠯ ᠤᠨ ᠬᠡᠷᠡᠭᠴᠡᠭᠡ ᠪᠠᠨ ᠬᠠᠩᠭᠠᠭᠠᠳ᠂ ᠦᠪᠡᠷ ᠤᠨ ᠦᠢᠯᠡᠳᠪᠦᠷᠢᠯᠡᠯ ᠤᠨ ᠬᠢᠷᠢ ᠴᠢᠳᠠᠯ ᠢᠶᠠᠨ ᠪᠠᠳᠠᠷᠠᠭᠤᠯᠳᠠᠭ᠃ ᠰᠠᠭᠠᠯᠢ ᠶᠢᠨ ᠦᠨᠢᠶᠡᠨ ᠤ ᠰᠢᠮ᠎ᠡ ᠲᠡᠵᠢᠭᠡᠯ ᠤᠨ ᠵᠦᠢᠯ ᠳᠤ ᠣᠰᠤ᠂ ᠡᠨᠧᠷᠭᠢ᠂ ᠤᠭᠤᠷᠠᠭᠲᠤ ᠡᠳ᠋᠂ ᠦᠭᠡᠬᠦ᠂ ᠡᠷᠦᠳᠡᠰᠦ᠂ ᠸᠢᠲ᠋ᠠᠮᠢᠨ ᠪᠠ ᠪᠣᠰᠣᠳ ᠵᠦᠢᠯ ᠤᠨ ᠰᠦ ᠪᠠᠭᠤᠯᠭᠠᠬᠤ ᠨᠠᠮᠠᠯᠲᠠ ᠡᠳ᠋ ᠵᠡᠷᠭᠡ ᠪᠠᠭᠲᠠᠨ᠎ᠠ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号