ᠰᠠᠭᠠᠯᠢ ᠶᠢᠨ ᠦᠨᠢᠶ᠎ᠡ ᠶᠢ ᠰᠢᠨᠵᠢᠯᠡᠬᠦ ᠤᠬᠠᠭᠠᠨᠴᠢ ᠪᠠᠷ ᠮᠠᠯᠵᠢᠬᠤ ︵ᠲᠠᠪᠤ︶
ᠨᠡᠶᠢᠲᠡᠯᠡᠭᠰᠡᠨ ᠴᠠᠭ᠄
2020/9/2
     ᠰᠠᠭᠠᠯᠢ ᠶᠢᠨ ᠦᠨᠢᠶ᠎ᠡ ᠶᠠᠮᠠᠷ ᠡᠪᠡᠰᠦ ᠪᠤᠷᠳᠤᠭ᠎ᠠ ᠶᠢ ᠢᠳᠡᠬᠦ ᠳᠤᠷᠠᠲᠠᠢ ᠪᠣᠢ︖      ᠦᠨᠢᠶᠡᠨ ᠤ ᠢᠳᠡᠰᠢᠯᠡᠬᠦ ᠨᠢ ᠮᠠᠰᠢ ᠪᠦᠳᠦᠭᠦᠯᠢᠭ᠂ ᠬᠤᠷᠳᠤᠨ ᠪᠦᠭᠡᠳ ᠬᠡᠮᠵᠢᠶ᠎ᠡ ᠨᠢ ᠴᠤ ᠶᠡᠭᠡ ᠪᠠᠶᠢᠳᠠᠭ᠃ ᠬᠦᠬᠡ ᠡᠪᠡᠰᠦ᠂ ᠬᠠᠭᠤᠷᠠᠢ ᠡᠪᠡᠰᠦ᠂ ᠲᠠᠷᠢᠶᠠᠨ ᠤ ᠡᠰᠢ ᠭᠤᠤᠷᠰᠤ ᠵᠡᠷᠭᠡ ᠶᠢᠨ ᠪᠦᠳᠦᠭᠦᠯᠢᠭ ᠪᠤᠷᠳᠤᠭ᠎ᠠ ᠶᠢ ᠶᠡᠭᠡ ᠢᠳᠡᠳᠡᠭ᠃ ᠡᠶᠢᠮᠦ ᠠᠴᠠ ᠰᠠᠭᠠᠯᠢ ᠶᠢᠨ ᠦᠨᠢᠶ᠎ᠡ ᠮᠠᠯᠵᠢᠬᠤ ᠳᠠᠭᠠᠨ ᠠᠯᠢ ᠴᠢᠳᠠᠬᠤ ᠪᠠᠷ ᠪᠦᠳᠦᠭᠦᠯᠢᠭ ᠡᠪᠡᠰᠦ ᠪᠤᠷᠳᠤᠭ᠎ᠠ ᠶᠢ ᠠᠰᠢᠭᠯᠠᠬᠤ ᠬᠡᠷᠡᠭᠲᠡᠢ᠃ ᠡᠨᠡ ᠨᠢ ᠦᠨᠢᠶᠡᠨ ᠤ ᠰᠢᠩᠭᠡᠭᠡᠯᠲᠡ ᠳᠤ ᠲᠤᠰᠠᠲᠠᠢ ᠮᠦᠷᠲᠡᠭᠡᠨ ᠪᠠᠰᠠ ᠡᠪᠡᠰᠦ ᠪᠤᠷᠳᠤᠭᠠᠨ ᠤ ᠦᠪᠡᠷ ᠤᠨ ᠦᠷᠲᠡᠭ ᠢ ᠠᠷᠪᠢᠯᠠᠵᠤ ᠴᠢᠳᠠᠨ᠎ᠠ᠃ ᠦᠨᠢᠶ᠎ᠡ ᠢᠳᠡᠰᠢ ᠪᠠᠨ ᠭᠦᠢᠴᠡᠳ ᠰᠠᠶᠢᠨ ᠵᠠᠵᠢᠯᠳᠠᠭ ᠦᠭᠡᠢ᠂ ᠦᠷᠭᠦᠯᠵᠢ ᠡᠪᠡᠰᠦ ᠪᠤᠷᠳᠤᠭ᠎ᠠ ᠪᠠᠨ ᠰᠢᠯᠦᠰᠦ ᠲᠠᠢ ᠪᠠᠨ ᠬᠤᠯᠢᠯᠳᠤᠭᠤᠯᠣᠨ ᠵᠤᠬᠢᠬᠤ ᠪᠦᠭᠡᠮ ᠪᠣᠯᠭᠠᠨ ᠵᠠᠯᠭᠢᠭᠠᠳ ᠬᠡᠰᠡᠭ ᠴᠠᠭ ᠦᠩᠭᠡᠷᠡᠭᠰᠡᠨ ᠤ ᠰᠡᠭᠦᠯᠡᠷ ᠭᠦᠢᠴᠡᠳ ᠵᠠᠵᠢᠯᠤᠭᠰᠠᠨ ᠦᠭᠡᠢ ᠢᠳᠡᠰᠢ ᠪᠠᠨ ᠪᠤᠴᠠᠭᠠᠨ ᠭᠠᠷᠭᠠᠵᠤ᠂ ᠲᠠᠬᠢᠨᠲᠠ ᠬᠡᠪᠢᠵᠦ ᠰᠢᠯᠦᠰᠦ ᠲᠠᠢ ᠪᠠᠨ ᠬᠤᠯᠢᠯᠳᠤᠭᠤᠯᠤᠨ ᠵᠠᠯᠭᠢᠳᠠᠭ ᠪᠠᠶᠢᠨ᠎ᠠ᠃ ᠦᠨᠢᠶ᠎ᠡ ᠶᠡᠷᠦ ᠠᠴᠠ ᠭᠦᠢᠴᠡᠳ ᠵᠠᠵᠢᠯᠳᠠᠭ ᠦᠭᠡᠢ ᠪᠣᠯᠬᠤᠷ ᠲᠡᠵᠢᠭᠡᠬᠦ ᠳᠡᠭᠡᠨ ᠬᠡᠲᠦᠷᠬᠡᠢ ᠲᠤᠮᠤ ᠦᠨᠳᠦᠰᠦ ᠡᠰᠢ ᠲᠠᠢ ᠪᠤᠷᠳᠤᠭ᠎ᠠ ᠦᠭᠬᠦ ᠶᠢ ᠬᠢᠴᠢᠶᠡᠵᠦ᠂ ᠤᠯᠠᠭᠠᠨ ᠬᠤᠭᠤᠯᠠᠢ ᠨᠢ ᠲᠦᠭᠵᠢᠷᠡᠬᠦ ᠠᠴᠠ ᠰᠡᠷᠭᠡᠶᠢᠯᠡᠬᠦ ᠬᠡᠷᠡᠭᠲᠡᠢ᠃ ᠲᠡᠷᠡᠴᠢᠯᠡᠨ ᠡᠪᠡᠰᠦ ᠪᠤᠷᠳᠤᠭᠠᠨ ᠳᠤ ᠲᠡᠮᠦᠷ ᠤᠨ ᠰᠢᠷᠬᠡᠭ᠂ ᠬᠠᠳᠠᠭᠠᠰᠤ ᠵᠡᠷᠭᠡ ᠦᠵᠦᠭᠦᠷ ᠱᠤᠷᠤ ᠲᠠᠢ ᠶᠠᠭᠤᠮ᠎ᠠ ᠬᠤᠯᠢᠯᠳᠤᠨ ᠤᠷᠤᠬᠤ ᠶᠢ ᠤᠨᠴᠠ ᠪᠣᠯᠭᠤᠮᠵᠢᠯᠠᠬᠤ ᠬᠡᠷᠡᠭᠲᠡᠢ᠃      ᠦᠨᠢᠶ᠎ᠡ ᠪᠣᠯ ᠬᠦᠬᠡ ᠨᠤᠭᠤᠭᠠᠨ ᠰᠢᠭᠦᠰᠦ ᠰᠠᠶᠢᠲᠠᠢ ᠡᠪᠡᠰᠦ ᠪᠤᠷᠳᠤᠭ᠎ᠠ ᠶᠢ ᠬᠠᠮᠤᠭ ᠤᠨ ᠢᠳᠡᠬᠦ ᠳᠤᠷᠠᠲᠠᠢ᠃ ᠳᠠᠷᠠᠭ᠎ᠠ ᠳᠤᠨᠢ ᠰᠢᠮ᠎ᠡ ᠰᠠᠶᠢᠲᠠᠢ ᠬᠦᠬᠡ ᠬᠠᠭᠤᠷᠠᠢ ᠡᠪᠡᠰᠦ ᠢᠳᠡᠬᠦ ᠳᠤᠷᠠᠲᠠᠢ᠃ ᠳᠠᠷᠠᠭᠠᠯᠠᠪᠠᠯ ᠤᠰᠤᠷᠬᠠᠭ ᠪᠤᠰᠤ ᠬᠦᠬᠡ ᠪᠠᠷ ᠳᠠᠷᠤᠰᠢᠭᠤᠯᠤᠭᠰᠠᠨ ᠡᠪᠡᠰᠦ ᠪᠤᠷᠳᠤᠭ᠎ᠠ ᠶᠢ ᠢᠳᠡᠬᠦ ᠳᠤᠷᠠᠲᠠᠢ ᠪᠠᠶᠢᠵᠤ᠂ ᠦᠯᠦ ᠪᠣᠯᠪᠠᠰᠤᠷᠠᠭᠤᠯᠤᠭᠰᠠᠨ ᠡᠰᠢ ᠭᠤᠤᠷᠰᠤ ᠶᠢᠨ ᠪᠤᠳᠦᠭᠦᠯᠢᠭ ᠪᠤᠷᠳᠤᠭ᠎ᠠ ᠪᠠ ᠲᠠᠯᠬ᠎ᠠ ᠨᠤᠨᠳᠠᠭ ᠤᠨ ᠪᠤᠷᠳᠤᠭ᠎ᠠ ᠶᠢ ᠲᠤᠩ ᠢᠳᠡᠬᠦ ᠳᠤᠷ᠎ᠠ ᠦᠭᠡᠢ ᠪᠠᠶᠢᠳᠠᠭ᠃ ᠡᠶᠢᠮᠦ ᠠᠴᠠ ᠬᠠᠭᠤᠷᠠᠢ ᠡᠪᠡᠰᠦ ᠶᠢ ᠬᠡᠷᠴᠢᠭᠡᠳ ᠲᠡᠵᠢᠭᠡᠬᠦ ᠪᠣᠶᠣ ᠡᠪᠡᠰᠦᠨ ᠤ ᠨᠤᠨᠳᠠᠭ ᠲᠠᠯᠬ᠎ᠠ ᠶᠢ ᠮᠦᠬᠦᠯᠢᠭᠵᠢᠭᠦᠯᠦᠭᠡᠳ ᠲᠡᠵᠢᠭᠡᠪᠡᠯ ᠬᠠᠮᠤᠭ ᠤᠨ ᠰᠠᠶᠢᠨ ᠶᠤᠮ᠃      ᠦᠨᠢᠶ᠎ᠡ ᠪᠠᠰᠠ ᠨᠠᠷᠢᠯᠢᠭ ᠪᠤᠷᠳᠤᠭ᠎ᠠ ᠢᠳᠡᠬᠦ ᠳᠤᠷᠠᠲᠠᠢ᠃ ᠭᠡᠪᠡᠴᠦ ᠬᠡᠲᠦᠷᠬᠡᠢ ᠨᠠᠷᠢᠨ ᠪᠣᠯᠪᠠᠰᠤᠷᠠᠭᠤᠯᠤᠭᠰᠠᠨ ᠨᠤᠨᠳᠠᠭ ᠲᠠᠯᠬ᠎ᠠ ᠪᠣᠷᠳᠤᠭ᠎ᠠ ᠶᠢ ᠮᠦᠨ ᠢᠳᠡᠬᠦ ᠳᠤᠷ᠎ᠠ ᠦᠭᠡᠢ ᠪᠠᠶᠢᠳᠠᠭ᠃ ᠡᠭᠦᠨ ᠠᠴᠠ ᠭᠠᠳᠠᠨ᠎ᠠ ᠦᠨᠢᠶ᠎ᠡ ᠨᠠᠷᠢᠯᠢᠭ ᠪᠤᠳᠤᠭ᠎ᠠ ᠶᠢ ᠬᠡᠲᠦᠷᠡᠲᠡᠯ᠎ᠡ ᠪᠠᠨ ᠢᠳᠡᠪᠡᠯ ᠮᠠᠰᠢ ᠠᠮᠠᠷᠬᠠᠨ ᠰᠢᠩᠭᠡᠭᠡᠯᠲᠡ ᠶᠢᠨ ᠪᠠ ᠰᠤᠯᠢᠯᠴᠠᠭᠠᠨ ᠤ ᠭᠡᠮ ᠣᠯᠳᠠᠭ᠃ ᠦᠨᠢᠶ᠎ᠡ ᠦᠪᠡᠷ ᠢᠶᠠᠨ ᠢᠳᠡᠰᠢᠯᠡᠬᠦ ᠪᠠᠶᠢᠳᠠᠯ ᠳᠤᠷᠷ᠎ᠠ ᠪᠦᠬᠦᠯᠢ ᠡᠳᠦᠷ ᠤᠨ ᠢᠳᠡᠰᠢᠯᠡᠬᠦ ᠴᠠᠭ ᠨᠢ 6~8 ᠴᠠᠭ ᠪᠠᠶᠢᠵᠤ᠂ ᠪᠡᠯᠴᠢᠭᠡᠷᠯᠡᠭᠦᠯᠬᠦ ᠦᠨᠢᠶᠡᠨ ᠤ ᠢᠳᠡᠰᠢᠯᠡᠬᠦ ᠴᠠᠭ ᠨᠢ ᠬᠠᠰᠢᠶᠠᠯᠠᠵᠤ ᠲᠡᠵᠢᠭᠡᠬᠦ ᠦᠨᠢᠶ᠎ᠡ ᠶᠢᠨ ᠬᠢ ᠠᠴᠠ ᠤᠷᠲᠤ ᠪᠠᠶᠢᠳᠠᠭ᠃ ᠡᠶᠢᠮᠦ ᠠᠴᠠ ᠦᠨᠢᠶᠡᠨ ᠳᠤ ᠭᠦᠢᠴᠡᠳ ᠢᠳᠡᠰᠢᠯᠡᠬᠦ ᠪᠠ ᠠᠮᠠᠷᠠᠬᠤ ᠴᠢᠯᠦᠭᠡ ᠣᠯᠭᠤᠬᠤ ᠬᠡᠷᠡᠭᠲᠡᠢ᠃      ︵ᠢᠷᠡᠯᠲᠡ᠄ ᠪᠦᠷᠢᠨᠪᠠᠶᠡᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠨ ᠤᠷᠴᠢᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯᠵᠢᠯ ᠤᠨ ᠮᠡᠳᠡᠯᠭᠡ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号