ᠬᠦᠷᠦᠰᠦᠨ ᠤ ᠶᠠᠩᠵᠤ ᠠᠪᠬᠤ ᠳᠤ ᠶᠠᠮᠠᠷ ᠠᠰᠠᠭᠤᠳᠠᠯ ᠢ ᠠᠩᠬᠠᠷᠪᠠᠯ ᠵᠤᠬᠢᠬᠤ ᠪᠤᠢ
ᠨᠡᠶᠢᠲᠡᠯᠡᠭᠰᠡᠨ ᠴᠠᠭ᠄
2020/9/22
     ᠬᠦᠷᠦᠰᠦᠨ ᠤ ᠲᠦᠷᠦᠯ ᠬᠡᠯᠪᠡᠷᠢ ᠨᠢ ᠤᠷᠤᠨ ᠵᠠᠢ ᠪᠠ ᠴᠠᠭ ᠤᠨ ᠲᠠᠯ᠎ᠠ ᠠᠴᠠ ᠪᠤᠯᠵᠤ ᠤᠨᠳᠤᠤᠰᠢᠯ ᠭᠠᠷᠳᠠᠭ᠃ ᠬᠦᠷᠦᠰᠦ ᠰᠢᠷᠤᠢ ᠶᠢᠨ ᠶᠠᠩᠵᠤ ᠶᠢᠨ ᠲᠦᠯᠦᠭᠡᠯᠡᠭᠴᠢ ᠴᠢᠨᠠᠷ ᠢ ᠪᠠᠲᠤᠯᠠᠬᠤ ᠶᠢᠨ ᠲᠦᠯᠦᠭᠡ ᠳᠤᠤᠷᠠᠬᠢ ᠮᠡᠷᠭᠡᠵᠢᠯ ᠤᠨ ᠠᠷᠭ᠎ᠠ ᠬᠡᠮᠵᠢᠶ᠎ᠡ ᠶᠢ ᠠᠪᠴᠤ ᠠᠪᠤᠭᠰᠠᠨ ᠶᠠᠩᠵᠤ ᠶᠢᠨ ᠵᠦᠷᠢᠶ᠎ᠡ ᠭᠠᠷᠬᠤ ᠶᠢ ᠪᠠᠭᠠᠰᠬᠠᠬᠤ ᠬᠡᠷᠡᠭᠲᠡᠢ᠄      ᠶᠠᠩᠵᠤ ᠠᠪᠬᠤ ᠠᠴᠠ ᠡᠮᠦᠨ᠎ᠡ ᠶᠠᠩᠵᠤ ᠠᠪᠬᠤ ᠭᠠᠵᠠᠷ ᠤᠷᠤᠨ ᠤ ᠬᠦᠷᠦᠰᠦᠨ ᠤ ᠲᠦᠷᠦᠯ ᠬᠡᠯᠪᠡᠷᠢ᠂ ᠦᠩ ᠰᠢᠮ᠎ᠡ ᠶᠢᠨ ᠳᠡᠰ᠂ ᠭᠠᠵᠠᠷ ᠤᠨ ᠪᠠᠶᠢᠳᠠᠯ ᠵᠡᠷᠭᠡ ᠨᠦᠭᠦᠴᠡᠯ ᠪᠤᠯᠤᠯᠴᠠᠭ᠎ᠠ ᠶᠢ ᠨᠠᠷᠢᠯᠢᠭ ᠤᠶᠢᠯᠠᠭᠠᠵᠤ᠂ ᠰᠤᠳᠤᠯᠬᠤ ᠤᠷᠤᠨ ᠢᠶᠠᠨ ᠬᠡᠳᠦᠨ ᠬᠡᠰᠡᠭ ᠬᠤᠪᠢᠶᠠᠵᠤ᠂ ᠶᠠᠩᠵᠤ ᠠᠪᠬᠤ ᠬᠡᠰᠡᠭ ᠪᠦᠷᠢ ᠶᠢᠨ ᠬᠦᠷᠦᠰᠦ ᠰᠢᠷᠤᠢ ᠶᠢ ᠠᠯᠢ ᠴᠢᠳᠠᠬᠤ ᠪᠠᠷ ᠬᠤᠪᠢ ᠲᠡᠩᠴᠡᠭᠦᠦ ᠪᠠᠶᠢᠯᠭᠠᠨ᠎ᠠ᠃      ᠬᠦᠷᠦᠯᠴᠡᠭᠦᠶᠢᠴᠡ ᠶᠠᠩᠵᠤ ᠠᠪᠬᠤ ᠴᠢᠭ ᠲᠠᠢ ᠪᠠᠶᠢᠬᠤ ᠶᠢ ᠪᠠᠲᠤᠯᠠᠨ᠎ᠠ᠄ ᠬᠤᠯᠢᠮᠠᠭ ᠶᠠᠩᠵᠤ ᠶᠢᠨ ᠵᠦᠢᠯ ᠨᠢ ᠶᠠᠩᠵᠤ ᠠᠪᠤᠭᠰᠠᠨ ᠭᠠᠵᠠᠷ ᠤᠨ ᠬᠦᠷᠦᠰᠦ ᠶᠢᠨ ᠤᠨᠴᠠᠯᠢᠭ ᠢ ᠲᠦᠯᠦᠭᠡᠯᠡᠵᠦ ᠴᠢᠳᠠᠬᠤ ᠪᠤᠯᠭᠠᠬᠤ ᠶᠢᠨ ᠲᠤᠰᠠᠳᠠ ᠬᠦᠷᠦᠯᠴᠠᠭᠦᠶᠢᠴᠡ ᠶᠠᠩᠵᠤ ᠠᠪᠬᠤ ᠴᠢᠭ ᠲᠠᠢ ᠪᠠᠶᠢᠬᠤ ᠬᠡᠷᠡᠭᠲᠡᠢ᠃ ᠶᠠᠩᠵᠤ ᠠᠪᠬᠤ ᠴᠢᠭ ᠤᠨ ᠲᠤᠭ᠎ᠠ ᠶᠢ ᠶᠠᠩᠵᠤ ᠠᠪᠬᠤ ᠬᠡᠰᠡᠭ ᠤᠨ ᠶᠡᠭᠡ ᠪᠠᠭ᠎ᠠ᠂ ᠬᠦᠷᠦᠰᠦᠨ ᠤ ᠦᠩ ᠰᠢᠮ᠎ᠡ ᠶᠢᠨ ᠨᠢᠭᠡᠳᠦᠮᠡᠯ ᠴᠢᠨᠠᠷ ᠵᠡᠷᠭᠡ ᠪᠠᠷ ᠲᠤᠭᠲᠠᠭᠠᠳᠠᠭ ᠪᠠᠶᠢᠨ᠎ᠠ᠃ ᠶᠠᠩᠵᠤ ᠠᠪᠬᠤ ᠴᠢᠭ ᠪᠦᠷᠢ ᠶᠢᠨ ᠰᠢᠷᠤᠢ ᠠᠪᠤᠭᠰᠠᠨ ᠭᠦᠨ ᠤ ᠬᠡᠮᠵᠢᠶ᠎ᠡ ᠵᠢᠴᠢ ᠶᠠᠩᠵᠤ ᠶᠢᠨ ᠬᠡᠮᠵᠢᠶ᠎ᠡ ᠨᠢ ᠨᠢᠭᠡᠳᠦᠯᠲᠡᠢ ᠪᠠᠶᠢᠵᠤ᠂ ᠬᠦᠷᠦᠰᠦᠨ ᠤ ᠶᠠᠩᠵᠤ ᠶᠢᠨ ᠳᠡᠭᠡᠷ᠎ᠡ ᠳᠠᠪᠬᠤᠷᠭ᠎ᠠ ᠪᠠ ᠳᠤᠤᠷ᠎ᠠ ᠳᠠᠪᠬᠤᠷᠭ᠎ᠠ ᠶᠢᠨ ᠬᠠᠷᠢᠴᠠᠯ  ᠨᠢ ᠠᠳᠠᠯᠢ ᠪᠠᠶᠢᠬᠤ ᠬᠡᠷᠡᠭᠲᠡᠢ᠃      ᠶᠡᠷᠦ ᠳᠡᠭᠡᠨ S ᠬᠡᠯᠪᠡᠷᠢ ᠶᠢᠨ ᠪᠠᠶᠢᠷᠢᠰᠢᠯ ᠴᠢᠭ ᠢᠶᠠᠷ ᠶᠠᠩᠵᠤ ᠠᠪᠤᠪᠠᠯ ᠲᠠᠷᠢᠶᠠᠯᠠᠬᠤ᠂ ᠪᠤᠷᠳᠤᠭᠤᠷ ᠤᠷᠤᠭᠤᠯᠬᠤ ᠵᠡᠷᠭᠡ ᠠᠴᠠ ᠪᠤᠯᠬᠤ ᠵᠦᠷᠢᠶ᠎ᠡ ᠶᠢ ᠠᠯᠢ ᠴᠢᠳᠠᠬᠤ ᠪᠠᠷ ᠲᠡᠪᠴᠢᠵᠦ ᠪᠤᠯᠤᠨ᠎ᠠ᠃ ᠭᠠᠵᠠᠷ ᠤᠨ ᠪᠠᠶᠢᠴᠠ ᠶᠢᠨ ᠬᠤᠪᠢᠷᠠᠯ ᠪᠠᠭ᠎ᠠ᠂ ᠭᠠᠵᠠᠷ ᠤᠨ ᠦᠩ ᠬᠦᠴᠦ ᠨᠡᠯᠢᠶᠡᠳ ᠲᠡᠩᠴᠡᠭᠦᠨ᠂ ᠶᠠᠩᠵᠤ ᠠᠪᠬᠤ ᠬᠡᠰᠡᠭ ᠤᠨ ᠲᠠᠯᠠᠪᠠᠢ ᠨᠡᠯᠢᠶᠡᠳ ᠪᠠᠭ᠎ᠠ ᠪᠠᠶᠢᠳᠠᠯ ᠳᠤᠤᠷ᠎ᠠ ᠲᠡᠷᠢᠭᠦᠯᠡᠭᠴᠢ ᠴᠡᠴᠡᠭ ᠤᠨ ᠬᠡᠯᠪᠡᠷᠢ ᠶᠢᠨ ᠪᠠᠶᠢᠷᠢᠰᠢᠯ ᠤᠨ ᠴᠢᠭ ᠢᠶᠠᠷ ᠶᠠᠩᠵᠤ ᠠᠪᠤᠨ᠎ᠠ᠃      ᠶᠠᠩᠵᠤ ᠠᠪᠬᠤ ᠴᠢᠭ ᠤᠨ ᠪᠠᠶᠢᠷᠢᠰᠢᠯ ᠢ ᠴᠢᠳᠠᠬᠤ ᠶᠢᠨ ᠳᠤᠲᠤᠷ᠎ᠠ ᠲᠡᠩᠴᠡᠭᠦᠨ ᠪᠠᠶᠢᠯᠭᠠᠵᠤ᠂ ᠭᠤᠤ ᠶᠢᠨ ᠬᠦᠪᠡᠭᠡ᠂ ᠪᠤᠷᠳᠤᠭᠤᠷ ᠤᠨ ᠤᠪᠤᠭ᠎ᠠ ᠵᠡᠷᠭᠡ ᠤᠨᠴᠠᠭᠠᠢ ᠬᠡᠰᠡᠭ ᠭᠠᠵᠠᠷ ᠠᠴᠠ ᠵᠠᠶᠢᠯᠠᠰᠬᠢᠨ᠎ᠠ᠃︵ᠢᠷᠡᠯᠲᠡ᠄ ᠳᠠᠯᠠᠢ ᠶᠢᠨ ᠨᠠᠶᠢᠷᠠᠭᠤᠯᠤᠭᠰᠠᠨ ︽ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ ᠠᠰᠠᠭᠤᠯᠲᠠ ᠬᠠᠷᠢᠭᠤᠯᠲᠠ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号