ᠦᠪᠡᠷᠲᠡᠭᠡᠨ ᠵᠠᠰᠠᠬᠤ ᠤᠷᠤᠨ ᠤ ᠳᠡᠰ ᠤᠨ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠪᠠ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠰᠣᠳᠣᠨ ᠬᠤᠷᠰᠢᠶ᠎ᠠ ᠶᠢ ᠰᠣᠩᠭᠤᠨ ᠭᠠᠷᠭᠠᠬᠤ ᠠᠵᠢᠯ ᠢ ᠦᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020/9/26
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠄      ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ 10 ᠶᠡᠭᠡ ᠠᠵᠢᠯᠯᠠᠭᠠᠨ ᠤ ᠲᠥᠯᠥᠪᠯᠡᠭᠡ︾ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ 2020 ᠤᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ᠂ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠪᠠ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠰᠣᠳᠣᠨ ᠬᠤᠷᠰᠢᠶ᠎ᠠ ᠶᠢ ᠰᠣᠩᠭᠤᠨ ᠭᠠᠷᠭᠠᠬᠤ ᠠᠵᠢᠯ ᠢ ᠥᠷᠨᠢᠭᠦᠯᠬᠦ ᠪᠠᠷ ᠲᠣᠭᠲᠠᠪᠠ᠃ ᠡᠯ᠎ᠡ ᠭᠠᠵᠠᠷ ᠤᠨ ᠬᠢᠨ ︽ᠥᠪᠡᠷᠲᠡᠭᠡᠨ ᠵᠠᠰᠠᠬᠤ ᠣᠷᠣᠨ ᠤ ᠳᠡᠰ ᠤᠨ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ ᠦᠨᠡᠯᠡᠨ ᠲᠣᠭᠲᠠᠭᠠᠬᠤ ᠠᠷᠭ᠎ᠠ︾᠂ ︽ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠠᠷᠭ᠎ᠠ︾ ᠪᠠ ︽ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠰᠣᠳᠣᠨ ᠬᠤᠷᠰᠢᠶ᠎ᠠ ᠶᠢ ᠰᠣᠩᠭᠤᠨ ᠭᠠᠷᠭᠠᠬᠤ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠰᠣᠩᠭᠤᠨ ᠭᠠᠷᠭᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ 9 ᠰᠠᠷ᠎ᠠ ᠶᠢᠨ 30 ᠤ ᠡᠳᠦᠷ ᠠᠴᠠ ᠡᠮᠦᠨ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ︵ᠴᠠᠭᠠᠰᠤᠨ ᠮᠠᠲ᠋ᠧᠷᠢᠶᠠᠯ ᠵᠢᠴᠢ ᠡᠯᠧᠺᠲᠷᠣᠨ ᠬᠡᠪᠯᠡᠯ︶ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ᠃      ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ᠂ ᠰᠣᠳᠣᠨ ᠬᠤᠷᠰᠢᠶ᠎ᠠ ᠶᠢᠨ ᠬᠠᠷᠢᠯᠴᠠᠬᠤ ᠬᠦᠮᠦᠨ ᠵᠢᠴᠢ ᠬᠠᠷᠢᠯᠴᠠᠬᠤ ᠠᠷᠭ᠎ᠠ ᠬᠡᠯᠪᠡᠷᠢ᠄      ᠯᠢᠦ ᠽᠢ ᠽᠧᠩ    0471 — 6651758      ᠶᠠᠩ ᡁᠢ ᠺᠦᠨ    0471 — 6652318      ᠢᠮᠧᠯ᠄ nmyjgz@163. com      ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠬᠡᠯᠪᠡᠷᠢ᠄      ᠸᠠᠩ ᠵᠢᠶᠠ ᠯᠢᠨ    0471 — 6651883      ᠤᠳᠤᠩᠭᠤᠸ᠎ᠠ    0471 — 6652316      ᠢᠮᠧᠯ᠄ nmyjgzhtk@163. com ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠳᠡᠰ ᠤᠨ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ ᠦᠨᠡᠯᠡᠨ ᠲᠣᠭᠲᠠᠭᠠᠬᠤ ᠠᠷᠭ᠎ᠠ2. ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠦᠨᠡᠯᠡᠨ ᠲᠣᠭᠲᠠᠭᠠᠬᠤ ᠠᠷᠭ᠎ᠠ 3. ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠰᠣᠳᠣᠨ ᠬᠤᠷᠰᠢᠶ᠎ᠠ ᠶᠢ ᠰᠣᠩᠭᠤᠨ ᠭᠠᠷᠭᠠᠬᠤ ᠠᠷᠭ᠎ᠠ             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ             ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                            2020 ᠣᠨ ᠤ 9 ᠰᠠᠷ᠎ᠠ ᠶᠢᠨ 8 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号