ᠲᠠᠷᠢᠶᠠᠯᠠᠩ ᠢᠶᠠᠷ ᠰᠡᠷᠭᠡᠶᠢᠯᠡᠨ ᠵᠠᠰᠠᠬᠤ ᠳᠤ ᠶᠠᠮᠠᠷ ᠠᠷᠭ᠎ᠠ ᠪᠠᠶᠢᠳᠠᠭ ᠪᠤᠢ
ᠨᠡᠶᠢᠲᠡᠯᠡᠭᠰᠡᠨ ᠴᠠᠭ᠄
2020/9/28
     ᠲᠠᠷᠢᠶᠠᠯᠠᠩ ᠢᠶᠠᠷ ᠰᠡᠷᠭᠡᠶᠢᠯᠡᠨ ᠵᠠᠰᠠᠬᠤ ᠠᠷᠭ᠎ᠠ ᠳᠤ ᠭᠤᠤᠯᠳᠠᠭᠤ᠄ ᠤᠰᠤ ᠶᠢ ᠨᠢ ᠲᠤᠬᠢᠷᠠᠭᠤᠯᠬᠤ᠂ ᠵᠤᠬᠢᠰᠲᠠᠢ ᠪᠤᠷᠳᠤᠭᠤᠷ ᠤᠷᠤᠭᠤᠯᠬᠤ ᠵᠢᠴᠢ ᠲᠠᠷᠢᠶ᠎ᠠ ᠪᠠᠨ ᠴᠡᠪᠡᠷᠯᠡᠬᠦ ᠵᠡᠷᠭᠡ ᠲᠠᠷᠢᠶᠠᠨ ᠤ ᠬᠠᠮᠢᠶᠠᠷᠤᠯᠲᠠ ᠶᠢᠨ ᠠᠷᠭ᠎ᠠ ᠠᠪᠴᠠᠯ ᠠᠪᠴᠦ ᠪᠠᠶᠢᠭᠠᠳ ᠡᠪᠡᠳᠴᠢᠨ ᠬᠤᠷᠤᠬᠠᠢ ᠶᠢᠨ ᠬᠦᠨᠦᠭᠡᠯ ᠡᠭᠦᠰᠬᠦ ᠳᠤ ᠠᠰᠢᠭ ᠦᠭᠡᠢ ᠤᠷᠴᠢᠨ ᠲᠤᠭᠤᠷᠢᠨ ᠢ ᠪᠤᠢ ᠪᠤᠯᠭᠠᠨ᠎ᠠ᠃ ᠲᠠᠷᠢᠮᠠᠯ ᠤᠨ ᠪᠦᠲᠦᠴᠡ᠂ ᠰᠤᠷᠲ ᠢ ᠵᠤᠬᠢᠴᠠᠭᠤᠯᠬᠤ ᠪᠠ ᠭᠤᠤᠷᠰᠤ ᠲᠤᠬᠢᠷᠠᠭᠤᠯᠬᠤ ᠶᠢ ᠵᠤᠬᠢᠰᠲᠠᠢ ᠪᠠᠶᠢᠷᠢᠯᠠᠭᠤᠯᠬᠤ ᠵᠢᠴᠢ ᠡᠭᠡᠯᠵᠢᠯᠡᠨ ᠲᠠᠷᠢᠬᠤ ᠪᠤᠶᠤ ᠠᠨᠯᠠᠭᠯᠠᠨ ᠲᠠᠷᠢᠬᠤ ᠵᠡᠷᠭᠡ ᠲᠠᠷᠢᠶᠠᠯᠠᠬᠤ ᠠᠷᠭ᠎ᠠ ᠶᠢ ᠠᠪᠴᠤ ᠡᠪᠡᠳᠴᠢᠨ ᠬᠤᠷᠤᠬᠠᠢ ᠶᠢᠨ ᠭᠤᠤᠷᠰᠤ ᠰᠤᠯᠢᠬᠤ ᠦᠭᠡᠢ ᠪᠠᠷ ᠲᠠᠷᠢᠭᠰᠠᠨ ᠠᠴᠠ ᠪᠤᠯᠤᠭᠰᠠᠨ ᠬᠦᠨᠦᠭᠡᠬᠦ ᠪᠤᠶᠤ ᠲᠠᠷᠬᠠᠬᠤ ᠠᠴᠠ ᠵᠠᠶᠢᠯᠠᠰᠬᠢᠨ᠎ᠡ᠃ ᠲᠠᠷᠢᠶ᠎ᠠ ᠲᠠᠩᠨᠠᠵᠤ ᠡᠪᠡᠰᠦ ᠠᠷᠴᠢᠨ ᠡᠪᠡᠳᠴᠢᠨ ᠬᠤᠷᠤᠬᠠᠢ ᠶᠢ ᠰᠡᠷᠭᠡᠶᠢᠯᠡᠨ ᠵᠠᠰᠠᠨ᠎ᠠ᠃ ᠲᠠᠷᠢᠬᠤ ᠬᠤᠭᠤᠴᠠᠭ᠎ᠠ ᠶᠢ ᠵᠤᠬᠢᠰᠲᠠᠢ ᠤᠷᠢᠳᠴᠢᠯᠠᠭᠤᠯᠬᠤ ᠪᠤᠶᠤ ᠬᠤᠶᠢᠰᠢᠯᠠᠭᠤᠯᠤᠨ ᠬᠦᠨᠦᠭᠡᠯᠲᠦ ᠰᠢᠪᠠᠵᠢ ᠶᠢᠨ ᠡᠭᠦᠰᠬᠦ ᠬᠤᠭᠤᠴᠠᠭ᠎ᠠ ᠶᠢ ᠲᠠᠷᠢᠮᠠᠯ ᠤᠨ ᠠᠮᠠᠷᠬᠠᠨ ᠬᠦᠨᠦᠭᠡᠭᠳᠡᠬᠦ ᠬᠤᠭᠤᠴᠠᠭ᠎ᠠ ᠲᠠᠢ ᠵᠦᠷᠢᠭᠦᠯᠪᠡᠯ ᠰᠢᠪᠠᠵᠢ ᠶᠢᠨ ᠬᠦᠨᠦᠭᠡᠯ ᠠᠴᠠ ᠵᠠᠶᠢᠯᠠᠰᠬᠢᠵᠤ ᠴᠢᠳᠠᠬᠤ ᠪᠤᠶᠤ ᠰᠢᠪᠠᠵᠢ ᠶᠢᠨ ᠬᠦᠨᠦᠭᠡᠯ ᠢ ᠪᠠᠭᠠᠰᠬᠠᠵᠤ ᠴᠢᠳᠠᠨ᠎ᠠ᠃ ᠲᠡᠷᠡᠴᠢᠯᠡᠨ ᠬᠤᠤᠷ ᠦᠭᠡᠢ ᠴᠢᠬᠢᠷᠠᠭ ᠦᠷ᠎ᠡ ᠴᠢᠬᠢ ᠶᠢ ᠵᠠᠷᠤᠨ᠎ᠠ᠃ ᠳᠠᠭᠠᠭᠠᠴᠠᠲᠠᠢ ᠰᠤᠷᠲ ᠢ ᠪᠤᠶᠢᠵᠢᠭᠤᠯᠤᠨ᠎ᠠ᠃ ᠵᠤᠬᠢᠰᠲᠠᠢ ᠠᠷᠭ᠎ᠠ᠂ ᠮᠠᠰᠢᠨ ᠪᠠᠭᠠᠵᠢ ᠪᠠ ᠬᠤᠵᠢᠭᠤ ᠰᠢᠢᠳᠪᠦᠷᠢᠯᠡᠬᠦ ᠠᠷᠭ᠎ᠠ ᠠᠪᠴᠤ ᠲᠠᠷᠢᠮᠠᠯ ᠢᠶᠠᠨ ᠲᠤᠬᠢᠷᠠᠮᠵᠢᠲᠠᠢ ᠴᠠᠭ ᠲᠤᠨᠢ ᠬᠤᠷᠢᠶᠠᠵᠤ᠂ ᠡᠪᠡᠳᠴᠢᠨ ᠬᠤᠷᠤᠬᠠᠢ ᠶᠢᠨ ᠬᠦᠷᠦᠰᠦᠨ ᠳᠤ ᠤᠷᠤᠵᠤ ᠡᠪᠦᠯᠵᠢᠬᠦ ᠵᠡᠷᠭᠡ ᠶᠢ ᠰᠡᠷᠭᠡᠶᠢᠯᠡᠨ᠎ᠡ᠃︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号