ᠲᠠᠷᠢᠶᠠᠯᠠᠩ ᠤᠨ ᠶᠤᠰᠤᠯᠠᠯ ᠦᠢᠯᠡ
ᠨᠡᠶᠢᠲᠡᠯᠡᠭᠰᠡᠨ ᠴᠠᠭ᠄
2021/1/27
     ᠮᠣᠩᠭᠤᠯᠴᠣᠳ᠂ ᠲᠠᠷᠢᠶᠠᠯᠠᠩ ᠦᠢᠯᠡᠳᠪᠦᠷᠢᠯᠡᠯ ᠡᠷᠬᠢᠯᠡᠭᠰᠡᠨ ᠲᠡᠤᠬᠡᠨ ᠶᠠᠪᠤᠴᠠ ᠳᠤ ᠪᠠᠨ ᠦᠨᠳᠦᠰᠦᠲᠡᠨ ᠤ ᠤᠨᠴᠠᠯᠢᠭ ᠪᠣᠯᠣᠨ ᠭᠠᠵᠠᠷ ᠤᠷᠤᠨ ᠤ ᠤᠨᠴᠠᠯᠢᠭ ᠢᠶᠠᠷ ᠳᠤᠪᠤᠶᠢᠮ᠎ᠠ ᠵᠠᠩ ᠦᠢᠯᠡ ᠶᠢ ᠪᠦᠷᠢᠯᠳᠦᠭᠦᠯᠦᠭᠰᠡᠨ ᠨᠢ ᠮᠣᠩᠭᠤᠯ ᠵᠠᠩ ᠦᠢᠯᠡ ᠶᠢᠨ ᠠᠭᠤᠯᠭ᠎ᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠬᠦᠮᠦᠨ ᠲᠦᠷᠦᠯᠬᠢᠲᠡᠨ ᠤ ᠲᠠᠷᠢᠶᠠᠯᠠᠩ ᠰᠤᠶᠤᠯ ᠤᠨ ᠬᠦᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠦᠭᠰᠡᠨ ᠶᠤᠮ᠃ ᠮᠣᠩᠭᠤᠯᠴᠤᠳ ᠤᠨ ᠲᠠᠷᠢᠶᠠᠯᠠᠩ ᠤᠨ ᠶᠤᠰᠤᠯᠠᠯ ᠨᠢ ᠲᠠᠷᠢᠶᠠᠯᠠᠬᠤ ᠠᠵᠢᠯ ᠤᠨ ᠪᠡᠯᠡᠳᠭᠡᠯ ᠠᠴᠠ ᠡᠬᠢᠯᠡᠭᠡᠳ ᠬᠤᠷᠢᠶᠠᠯᠲᠠ ᠬᠤᠷᠢᠶᠠᠵᠤ᠂ ᠬᠠᠳᠠᠭᠠᠯᠠᠵᠤ ᠨᠦᠬᠡᠴᠡᠯᠡᠬᠦ ᠪᠦᠬᠦ ᠶᠠᠪᠤᠴᠠ ᠳᠤ ᠬᠤᠯᠪᠤᠭᠳᠠᠳᠠᠭ ᠪᠠᠶᠢᠨ᠎ᠠ᠃ ᠡᠭᠦᠨ ᠳᠤ᠂ ᠲᠠᠷᠢᠶᠠᠨ ᠡᠳᠦᠷ ᠤᠨ ᠶᠤᠰᠤᠯᠠᠯ᠂ ᠠᠨᠵᠢᠰᠤ ᠮᠢᠯᠢᠶᠠᠬᠤ᠂ ᠠᠨᠵᠢᠰᠤ ᠰᠤᠷᠭᠠᠬᠤ᠂ ᠬᠡᠤᠬᠡᠳ ᠤᠨ ᠳᠡᠷ᠎ᠡ ᠶᠢᠨ ᠲᠠᠷᠢᠶ᠎ᠠ ᠲᠠᠷᠢᠬᠤ᠂ ᠬᠤᠳᠳᠤᠭ ᠲᠠᠭᠤᠯᠵᠤ ᠬᠤᠷ᠎ᠠ ᠭᠤᠶᠤᠬᠤ᠂ ᠲᠠᠷᠢᠶᠠᠯᠠᠩ ᠤᠨ ᠲᠤᠬᠠᠢ ᠵᠦᠩ ᠰᠤᠪᠢᠩ ᠰᠢᠨᠵᠢᠬᠦ᠂ ᠪᠠᠶᠠᠨ ᠴᠠᠭᠠᠨ ᠰᠠᠬᠠᠯ ᠤᠨ ᠢᠷᠦᠭᠡᠯ᠂ ᠦᠲᠦᠷᠮ᠎ᠡ ᠢᠷᠦᠭᠡᠬᠦ᠂ ᠪᠣᠯᠣ ᠢᠷᠦᠭᠡᠬᠦ᠂ ᠲᠠᠮᠠᠭ᠎ᠠ ᠵᠢᠷᠤᠬᠤ᠂ ᠲᠢᠶᠠᠨᠰᠠᠩ ᠡᠳᠦᠷ ᠤᠨ ᠶᠤᠰᠤᠯᠠᠯ ᠪᠣᠯᠣᠨ ᠲᠠᠷᠢᠶᠠᠯᠠᠩ ᠤᠨ ᠴᠡᠭᠡᠷ ᠭᠡᠬᠦ ᠮᠡᠲᠦ ᠦᠷᠭᠡᠨ ᠠᠭᠤᠯᠭ᠎ᠠ ᠶᠢ ᠬᠠᠮᠤᠷᠤᠭᠰᠠᠨ ᠪᠠᠶᠢᠳᠠᠭ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号