ᠬᠠᠶᠢᠯᠠᠷ ᠪᠣᠭᠤᠮᠲᠠ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ︾ ᠶᠢ ᠬᠡᠷᠡᠭᠵᠢᠭᠦᠯᠬᠦ ᠳᠤ ᠬᠦᠴᠦᠨ ᠨᠡᠮᠡᠷᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2021/10/11
     ᠡᠨᠡ ᠵᠢᠯ ᠤᠨ ᠲᠦᠷᠦᠭᠦᠦ 8 ᠰᠠᠷ᠎ᠠ ᠳᠤ᠂ ᠬᠠᠶᠢᠯᠠᠷ ᠪᠤᠭᠤᠮᠳᠠ ᠬᠠᠷᠢᠶ᠎ᠠ ᠣᠷᠣᠨ ᠤ ᠭᠠᠳᠠᠭᠠᠳᠤ ᠠᠴᠠ ᠣᠷᠣᠭᠤᠯᠵᠤ ᠭᠠᠷᠭᠠᠬᠤ ᠠᠵᠤ ᠠᠬᠤᠶᠢᠯᠠᠯ ᠳᠤ ᠨᠡᠶᠢᠲᠡ 4989 ᠡᠭᠦᠯᠳᠡᠷ ᠤᠨ ᠪᠤᠬ᠎ᠠ ᠶᠢᠨ ᠭᠠᠶᠢᠯᠢ ᠬᠠᠰᠤᠵᠤ ᠭᠡᠯᠳᠦᠷᠢᠭᠦᠯᠬᠦ ᠶᠢ ᠬᠢᠨᠠᠨ ᠵᠥᠪᠰᠢᠶᠡᠷᠡᠵᠦ᠂ ᠠᠳᠠᠯᠢ ᠬᠤᠭᠤᠴᠠᠭᠠᠨ ᠤ ᠬᠢ ᠠᠴᠠ 4.55 ᠳᠠᠬᠢᠨ ᠨᠡᠮᠡᠭᠳᠡᠪᠡ᠂ ᠭᠠᠶᠢᠯᠢ ᠶᠢᠨ ᠵᠣᠭᠤᠰ ᠢ 741.48 ᠲᠦᠮᠡᠨ ᠲᠦᠬᠦᠷᠢᠭ ᠬᠠᠰᠤᠵᠤ ᠭᠡᠯᠳᠦᠷᠢᠭᠦᠯᠪᠡ᠃      — ᠡᠨᠡ ᠵᠢᠯ ᠮᠠᠨ ᠤ ᠺᠣᠮᠫᠠᠨᠢ 1200 ᠡᠬᠦᠯᠳᠡᠷ ᠤᠨ ᠪᠤᠬ᠎ᠠ ᠣᠷᠣᠭᠤᠯᠵᠠᠶ᠂ ᠦᠨ᠎ᠡ ᠨᠢ 2190.9 ᠲᠦᠮᠡᠨ ᠲᠥᠭᠦᠷᠢᠭ᠃ ᠡᠨᠡ ᠨᠢ ᠨᠢᠭᠡᠨᠲᠡ ᠮᠠᠨ ᠤ ᠺᠣᠮᠫᠠᠨᠢ ᠶᠢᠨ ᠭᠠᠳᠠᠭᠠᠳᠤ ᠠᠴᠠ ᠣᠷᠣᠭᠤᠯᠤᠭᠰᠠᠨ 6 ᠳ᠋ᠤᠭᠠᠷ ᠪᠦᠯᠦᠭ ᠤᠨ ᠡᠬᠦᠯᠳᠡᠷ ᠤᠨ ᠪᠤᠬ᠎ᠠ ᠪᠣᠯᠤᠨ᠎ᠠ ᠬᠡᠵᠤ ᠬᠥᠯᠥᠨ ᠪᠤᠶᠢᠷ ᠤᠨ ᠶᠢᠦ ᠷᠠᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠪᠠᠶᠢᠳᠠᠯ ᠢᠶᠠᠨ ᠲᠠᠨᠢᠯᠴᠠᠭᠤᠯᠤᠨ᠎ᠠ᠃      ᠣᠳᠣᠬᠠᠨ ᠳᠤ᠂ ᠮᠠᠨ ᠤ ᠤᠷᠤᠨ ᠶᠠᠭ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ︾ ᠶᠢ ᠲᠦᠷᠭᠡᠳᠬᠡᠨ ᠬᠡᠷᠡᠭᠵᠢᠭᠦᠯᠵᠦ ᠪᠠᠶᠢᠭ᠎ᠠ ᠱᠠᠳᠤᠨ ᠳᠠᠭᠠᠨ ᠪᠤᠢ᠃ ᠬᠥᠯᠥᠨ ᠪᠤᠶᠢᠷ ᠤᠮᠠᠷᠠᠲᠤ ᠬᠠᠭᠠᠰ ᠪᠥᠮᠪᠥᠷᠴᠡᠭ ᠤᠨ ᠰᠢᠵᠢᠷ ᠠᠯᠲᠠᠨ ᠰᠦ ᠶᠢᠨ ᠢᠷᠡᠯᠲᠡ ᠶᠢᠨ ᠪᠦᠰᠡ ᠳᠤ ᠪᠠᠶᠢᠷᠢᠯᠠᠵᠤ᠂ ᠥᠷᠭᠡᠨ ᠠᠭᠤᠳᠠᠮ ᠮᠠᠯᠵᠢᠯ ᠤᠨ ᠲᠠᠯᠠᠪᠠᠶ ᠪᠠ ᠥᠨᠢ ᠤᠳᠠᠭᠠᠨ ᠳᠠᠷᠢᠵᠤ ᠲᠡᠵᠢᠭᠡᠬᠦ ᠰᠠᠭᠤᠷᠢ ᠲᠦᠬᠦᠭᠡᠷᠤᠮᠵᠢ ᠵᠢᠴᠢ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠠ ᠳᠠᠪᠠᠭᠤᠯᠢᠭ ᠲᠠᠢ ᠪᠤᠯᠬᠤᠷ᠂ ᠨᠡᠶᠢᠲᠡ 45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠢᠯᠢ ᠪᠦᠯᠦᠭᠯᠡᠯ ᠤᠨ ᠪᠣᠬᠢᠷᠲᠤᠯ ᠥᠬᠡᠶ ᠣᠶᠤᠨᠴᠢ ᠳᠡᠭᠡᠳᠦ ᠲᠠᠰ ᠤᠨ ᠣᠷᠭᠠᠨᠢᠭ ᠴᠠᠭᠠᠨ ᠢᠳᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠨᠢ 2019 ᠣᠨ ᠳᠤ ᠬᠥᠯᠥᠨ ᠪᠤᠶᠢᠷ ᠲᠤ ᠨᠤᠲᠤᠭᠰᠢᠪᠠ᠃ ᠣᠳᠣᠬᠠᠨ ᠳᠤ᠂ ᠢᠯᠢ ᠣᠷᠭᠠᠨᠢᠭ ᠴᠠᠭᠠᠨ ᠢᠳᠡᠭᠡᠨ ᠤ ᠲᠥᠷᠥᠯ ᠵᠦᠢᠯ ᠳᠤ ᠲᠦᠰᠢᠭᠯᠡᠨ᠂ ᠬᠥᠯᠥᠨ ᠪᠤᠶᠢᠷ ᠨᠢᠭᠡᠨᠲᠡ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢᠨ 16 ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠡᠭᠦᠨ ᠳᠤ 10000 ᠦᠨᠢᠶ᠎ᠡ ᠲᠠᠢ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ 7᠂ 5000 ᠦᠨᠢᠶ᠎ᠡ ᠲᠠᠢ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ 3᠂ 3000 ᠦᠨᠢᠶ᠎ᠡ ᠲᠠᠢ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ 6 ᠪᠠᠶᠢᠵᠤ᠂ ᠪᠦᠬᠦᠨ ᠢ ᠬᠡᠪᠴᠢᠶᠡᠵᠢᠭᠰᠡᠨ ᠪᠠᠷᠢᠮᠵᠢᠶᠠᠲᠤ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠪᠤᠯᠭᠠᠨ ᠬᠦᠭᠵᠢᠬᠦᠯᠵᠠᠢ᠃ ᠬᠥᠯᠥᠨ ᠪᠤᠶᠢᠷ ᠤᠨ ᠶᠢᠦ ᠷᠠᠨ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ ᠪᠣᠯ ᠳᠠᠷᠤᠶ 5000 ᠦᠨᠢᠶ᠎ᠡ ᠲᠠᠢ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ ᠶᠢᠨ ᠨᠢᠭᠡ ᠪᠣᠯᠤᠨ᠎ᠠ᠃      ᠬᠠᠶᠢᠯᠠᠷ ᠪᠤᠭᠤᠮᠳᠠ ᠨᠢ ᠬᠠᠷᠢᠶ᠎ᠠ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠠᠵᠤ ᠠᠬᠤᠶᠢᠯᠠᠯ ᠢ ᠵᠢᠯᠣᠭᠤᠳᠤᠨ ︽ᠦᠷ᠎ᠡ ᠶᠢᠨ ᠢᠷᠡᠯᠲᠡ︾ ᠶᠢ ᠭᠠᠳᠠᠭᠠᠳᠤ ᠠᠴᠠ ᠣᠷᠣᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠬᠯᠠᠭᠤᠯᠬᠤ ᠶᠢᠨ ᠲᠤᠰᠠᠳᠠ᠂ ᠭᠠᠳᠠᠭᠠᠳᠤ ᠠᠴᠠ ᠣᠷᠣᠭᠤᠯᠤᠭᠰᠠᠨ ᠦᠷ᠎ᠡ ᠶᠢᠨ ᠢᠷᠡᠯᠲᠡ ᠶᠢᠨ ᠠᠵᠤ ᠠᠬᠤᠶᠢᠯᠠᠯ ᠳᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ᠂ ᠭᠠᠶᠢᠯᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠬᠠᠩᠭᠠᠬᠤ᠂ ᠬᠢᠨᠠᠨ ᠬᠠᠷᠭᠤᠭᠤᠯᠬᠤ ᠲᠤᠰᠬᠠᠶ ᠴᠣᠩᠬᠤ ᠭᠠᠷᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠤᠨ ᠭᠠᠳᠠᠭᠠᠳᠤ ᠶᠢᠨ ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠶᠢ ᠣᠷᠣᠭᠤᠯᠤᠨ ᠠᠪᠴᠢᠷᠠᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ ᠪᠤᠢ᠃    
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号