ᠨᠢᠬᠡ᠂ ᠡᠭᠦᠨ ᠢ ᠲᠤᠨᠨᠳᠠᠭᠠᠨᠨᠰᠠᠨ ᠤ ᠠᠬᠤᠢ ᠪᠠᠶᠢᠳᠠᠯ | ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠨ ᠰᠢᠨᠡᠳᠬᠡᠬᠦ ᠠᠵᠢᠯ ᠢ | ᠬᠡᠷᠡᠭᠵᠢᠬᠦᠯᠬᠦ ᠪᠤᠯ ᠭᠦᠭᠵᠢᠯᠳᠡ ᠶᠢᠨ ᠴᠢᠬᠤᠯᠠ ᠶᠡᠭᠡ ᠢᠨᠵᠧᠨᠧᠷᠢᠩ ᠮᠦᠨ᠂ ᠲᠡᠷᠡ ᠨᠢ ᠪᠡᠯᠡ ᠤᠷᠤᠭᠤᠯᠤᠯᠳᠠ ᠶᠢ | ᠲᠤᠨᠨᠳᠠᠪᠤᠷᠢᠵᠢᠭᠤᠯᠬᠤ᠂ ᠲᠤᠳᠤᠭᠠᠳᠤ ᠬᠡᠷᠡᠭᠴᠡᠭᠡ ᠶᠢ ᠦᠷᠬᠡᠳᠬᠡᠬᠦ᠂ ᠠᠷᠠᠳ ᠤᠨ ᠠᠮᠢᠳᠤᠷᠠᠯ ᠳᠤ ᠠᠰᠢᠭ ᠭᠦᠷᠳᠡᠬᠡᠬᠦ | ᠴᠢᠬᠤᠯᠠ ᠠᠷᠭ᠎ᠠ ᠪᠠᠷᠢᠯ ᠮᠦᠨ᠂ ᠤᠳᠤᠬᠠᠨ ᠤ ︽ᠵᠢᠷᠭᠤᠭ᠎ᠠ ᠶᠢ ᠲᠤᠨᠨᠳᠠᠪᠤᠷᠢᠵᠢᠭᠤᠯᠬᠤ︾ ᠠᠵᠢᠯ ᠢ ᠰᠠᠶᠢᠳᠤᠷ | ᠬᠢᠵᠦ᠂ ︽ᠵᠢᠷᠭᠤᠭ᠎ᠠ ᠶᠢ ᠪᠠᠳᠤᠯᠠᠬᠤ︾ ᠡᠭᠦᠷᠬᠡ ᠶᠢ ᠨᠠᠶᠢᠳᠠᠪᠤᠷᠢᠵᠢᠭᠤᠯᠬᠤ ᠳᠤ ᠴᠢᠬᠤᠯᠠ ᠶᠡᠭᠡ ᠠᠴᠢ | ᠬᠤᠯᠪᠤᠨᠨᠳᠠᠯ ᠲᠠᠢ ᠶᠤᠮ᠃ | ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠡᠨᠡ ᠬᠦ ᠠᠵᠢᠯ ᠢ ᠲᠡᠬᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠᠴᠢᠯᠠᠬᠤ ᠳᠤ ᠪᠠᠨ᠂ | ᠰᠠᠭᠤᠬᠤ ᠠᠴᠠ ᠤᠷᠤᠨ ᠰᠠᠭᠤᠴᠠ ᠲᠠᠢ ᠪᠠᠶᠢᠬᠤ ᠪᠤᠯ ᠲᠤᠬᠢᠯᠢᠭ ᠰᠠᠭᠤᠬᠤ ᠶᠢᠨ ᠰᠠᠭᠤᠷᠢ ᠮᠦᠨ᠂ ᠬᠤᠳᠠ ᠶᠢ | ᠰᠢᠨᠡᠳᠬᠡᠬᠦ ᠠᠵᠢᠯ ᠢ ᠴᠢᠩᠭᠠᠳᠬᠠᠬᠤ ᠪᠠ ᠦᠯᠡᠳᠡᠬᠡᠯ ᠤᠷᠤᠨ ᠰᠠᠭᠤᠴᠠ ᠶᠢ ᠦᠬᠡᠷᠡᠴᠢᠯᠡᠨ ᠰᠢᠨᠡᠳᠬᠡᠵᠦ | ᠰᠠᠶᠢᠵᠢᠷᠠᠭᠤᠯᠤᠨ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠤᠭᠤᠷᠢᠭ ᠢ ᠦᠬᠡᠷᠡᠴᠢᠯᠡᠨ ᠰᠢᠨᠡᠳᠬᠡᠬᠦ ᠠᠵᠢᠯ ᠢ | ᠰᠠᠶᠢᠳᠤᠷ ᠬᠢᠵᠦ ᠬᠠᠭᠤᠴᠢᠨ ᠰᠠᠭᠤᠭᠠᠯᠢ ᠲᠤᠭᠤᠷᠢᠭ ᠤᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠨᠡᠶᠢᠭᠡᠮ | ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠶᠢᠨ ᠳᠤᠲᠠᠭᠤᠳᠠᠯ ᠢ ᠲᠦᠷᠬᠡᠬᠡᠨ ᠨᠦᠭᠦᠪᠦᠷᠢᠯᠡᠬᠦ ᠬᠡᠷᠡᠭᠳᠡᠢ᠃ ᠶᠡᠷᠦᠩᠬᠡᠶ | ᠰᠠᠶᠢᠳ ᠯᠢ ᠺᠧ ᠴᠢᠶᠠᠩ ᠤᠯᠠᠨᠳᠠ ᠬᠤᠷᠠᠯ ᠡᠷᠬᠢᠯᠡᠨ ᠬᠤᠷᠠᠯᠳᠤᠭᠤᠯᠵᠤ᠂ ᠬᠠᠭᠤᠴᠢᠨ ᠰᠠᠭᠤᠭᠠᠯᠢ ᠲᠤᠭᠤᠷᠢᠭ ᠤᠨ | ᠦᠬᠡᠷᠡᠴᠢᠯᠡᠨ ᠰᠢᠨᠡᠳᠬᠡᠬᠦ ᠠᠵᠢᠯ ᠢ ᠠᠬᠢᠭᠤᠯᠬᠤ ᠲᠤᠬᠠᠶ ᠰᠤᠳᠤᠯᠤᠨ ᠪᠠᠶᠢᠷᠢᠯᠠᠭᠤᠯᠵᠦ᠂ ᠣᠯᠠᠨ ᠲᠦᠮᠡᠨ ᠤ ᠬᠦᠰᠡᠯ | ᠡᠷᠡᠮᠡᠯᠵᠡᠯ ᠳᠤ ᠨᠡᠶᠢᠴᠡᠭᠦᠯᠦᠨ ᠤᠷᠤᠰᠢᠨ ᠰᠠᠭᠤᠬᠤ ᠨᠦᠭᠦᠴᠡᠯ ᠢ ᠨᠢ ᠰᠠᠶᠢᠵᠢᠷᠠᠭᠤᠯᠬᠤ ᠬᠡᠷᠡᠭᠳᠡᠢ ᠬᠡᠵᠦ ᠱᠠᠭᠠᠷᠳᠠᠪᠠ᠃ | | 2020 ᠣᠨ ᠤ 4 ᠳ᠋ᠤᠬᠡᠷ ᠰᠠᠷ᠎ᠠ ᠶᠢᠨ 17 ᠤ ᠡᠳᠦᠷ ᠬᠤᠷᠠᠯᠳᠤᠭᠤᠯᠤᠭᠰᠠᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠬᠤᠷᠠᠯ ᠪᠠ 2020 ᠣᠨ ᠤ 4 ᠳ᠋ᠤᠬᠡᠷ ᠰᠠᠷ᠎ᠠ ᠶᠢᠨ 14 ᠤ ᠡᠳᠦᠷ | ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ ᠭᠡᠵᠦ | ᠲᠣᠭᠲᠠᠭᠠᠪᠠ᠃ 2020 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠠᠵᠢᠯ ᠢ ︽ᠬᠤᠶᠠᠷ ᠰᠢᠨ᠎ᠡ ᠨᠢᠭᠡ ᠴᠢᠬᠤᠯᠠ︾ | ᠶᠢᠨ ᠠᠭᠤᠯᠭ᠎ᠠ ᠳᠤ ᠤᠷᠤᠭᠤᠯᠵᠦ᠂ ᠡᠨᠡ ᠵᠢᠯ ᠤᠨ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ︽ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠰᠢᠨᠡᠳᠬᠡᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠠᠯᠪᠠᠨ | ᠲᠠᠷᠬᠠᠭᠠᠭᠰᠠᠨ ︹2020︺ 23 ᠳ᠋ᠤᠭᠠᠷ ᠲᠣᠭᠠᠲᠤ︶ ᠢ ᠲᠠᠷᠤᠮᠠᠯᠯᠠᠨ ᠲᠠᠷᠬᠠᠭᠠᠵᠦ᠂ ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠠᠬᠢᠭᠤᠯᠬᠤ ᠳᠤ ᠪᠦᠬᠦ ᠲᠠᠯ᠎ᠠ ᠪᠠᠷ | ᠪᠠᠶᠢᠷᠢᠯᠠᠭᠤᠯᠤᠯᠳᠠ ᠬᠢᠪᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠶᠢᠳᠪᠦᠷᠢᠳᠦ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠭᠤᠰᠢᠯᠠᠭᠤᠯᠵᠦ᠂ ᠲᠥᠷᠥ ᠠᠯᠪᠠᠨ ᠲᠠᠷᠬᠠᠭᠠᠭᠰᠠᠨ ︹2020︺ 23 | ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠦᠪᠡᠷᠳᠡᠬᠡᠨ ᠵᠠᠰᠠᠬᠤ | ᠤᠷᠤᠨ ᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠠᠵᠢᠯ ᠢ | ᠲᠦᠷᠬᠡᠬᠡᠨ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠬᠠᠭᠤᠴᠢᠨ | ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢᠨ ᠬᠡᠷᠡᠭᠵᠢᠭᠦᠯᠬᠦ | ᠲᠥᠰᠦᠯ ᠤᠨ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 27 ᠳ᠋ᠤᠭᠠᠷ | ᠲᠣᠭᠠᠲᠤ︶ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠠᠷᠤᠮᠠᠯᠯᠠᠨ ᠲᠠᠷᠬᠠᠭᠠᠪᠠ᠃ | ᠬᠤᠶᠠᠷ᠂ ︽ᠲᠦᠰᠦᠯ︾ ᠳᠤ ᠲᠤᠨᠨᠳᠠᠭᠠᠨᠨᠰᠠᠨ ᠥᠭᠡᠷᠡᠴᠢᠯᠡᠨ ᠰᠢᠨᠡᠳᠬᠡᠬᠦ ᠠᠭᠤᠯᠭ᠎ᠠ | ᠦᠬᠡᠷᠡᠴᠢᠯᠡᠨ ᠰᠢᠨᠡᠳᠬᠡᠬᠦ ᠠᠭᠤᠯᠭ᠎ᠠ ᠶᠢ ᠰᠠᠭᠤᠷᠢ ᠲᠥᠷᠥᠯ᠂ ᠲᠡᠭᠦᠯᠳᠡᠷᠵᠢᠭᠦᠯᠬᠦ ᠲᠥᠷᠥᠯ᠂ ᠳᠡᠭᠡᠭᠰᠢᠯᠡᠭᠦᠯᠬᠦ | ᠲᠥᠷᠥᠯ ᠭᠡᠵᠦ 3 ᠲᠥᠷᠥᠯ ᠬᠤᠪᠢᠶᠠᠨ᠎ᠠ᠃ | ★ ᠰᠠᠭᠤᠷᠢ ᠲᠥᠷᠥᠯ ᠳᠤ ᠭᠤᠤᠯᠳᠠᠭᠤ ᠰᠠᠭᠤᠭᠠᠯᠢ ᠲᠣᠭᠤᠷᠢᠭ ᠤᠨ ᠳᠣᠲᠣᠭᠠᠳᠤ ᠵᠢᠴᠢ ᠰᠠᠭᠤᠭᠠᠯᠢ | ᠲᠣᠭᠤᠷᠢᠭ ᠯᠤᠭ᠎ᠠ ᠰᠢᠭᠤᠳ ᠬᠠᠮᠢᠶᠠᠳᠠᠬᠤ ᠤᠰᠤ ᠬᠠᠩᠭᠠᠬᠤ᠂ ᠤᠰᠤ ᠳᠠᠲᠠᠷᠠᠭᠤᠯᠬᠤ᠂ ᠴᠠᠬᠢᠯᠭᠠᠨ ᠬᠠᠩᠭᠠᠬᠤ᠂ | ᠰᠤᠯᠠ ᠴᠠᠬᠢᠯᠭᠠᠨ᠂ ᠬᠡᠢ ᠬᠠᠩᠭᠠᠬᠤ᠂ ᠢᠯᠴᠢ ᠬᠠᠩᠭᠠᠬᠤ᠂ ᠭᠠᠯ ᠰᠡᠷᠭᠡᠶᠢᠯᠡᠵᠦ ᠤᠨᠲᠠᠷᠠᠭᠠᠬᠤ᠂ ᠠᠮᠤᠷ ᠢ | ᠰᠡᠷᠭᠡᠶᠢᠯᠡᠵᠦ ᠬᠠᠮᠠᠭᠠᠯᠠᠬᠤ᠂ ᠵᠠᠮ ᠭᠤᠳᠤᠰ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠰᠢᠯᠵᠢᠭᠡ | ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠵᠢᠴᠢ ᠭᠡᠷᠡᠯ ᠰᠢᠷᠬᠡᠭ ᠢ ᠡᠷᠦᠬᠡ ᠳᠤ ᠣᠷᠣᠭᠤᠯᠬᠤ᠂ ᠬᠡᠢ ᠳᠡᠭᠡᠭᠦᠷ | ᠲᠠᠲᠠᠭᠰᠠᠨ ᠤᠲᠠᠰᠤ ᠶᠢ ᠵᠢᠷᠤᠮᠵᠢᠭᠤᠯᠤᠨ ᠳᠢᠭᠯᠡᠬᠦ ︵ᠭᠠᠵᠠᠷ ᠳᠣᠣᠷ᠎ᠠ ᠣᠷᠣᠭᠤᠯᠬᠤ︶ ᠪᠠ ᠪᠠᠷᠢᠯᠭ᠎ᠠ ᠶᠢᠨ | ᠵᠦᠢᠯᠡᠰ ᠲᠠᠬᠢ ᠣᠯᠠᠨ ᠨᠡᠶᠢᠲᠡ ᠳᠤ ᠬᠠᠷᠢᠶᠠᠯᠠᠭᠳᠠᠬᠤ ᠬᠡᠰᠡᠭ ᠢ ᠰᠡᠯᠪᠢᠨ ᠵᠠᠰᠠᠬᠤ ᠵᠡᠷᠭᠡ ᠪᠠᠭᠲᠠᠨ᠎ᠠ᠃ | ★ᠲᠡᠭᠦᠯᠳᠡᠷᠵᠢᠭᠦᠯᠬᠦ ᠲᠥᠷᠥᠯ ᠳᠤ ᠭᠤᠤᠯᠳᠠᠭᠤ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ᠂ | ᠰᠢᠨ᠎ᠡ ᠪᠠᠶᠢᠭᠤᠯᠤᠭᠰᠠᠨ ︵ᠥᠭᠡᠷᠡᠴᠢᠯᠡᠨ ᠪᠠᠶᠢᠭᠤᠯᠤᠭᠰᠠᠨ︶ ᠪᠠᠷᠢᠯᠭ᠎ᠠ ᠳᠤ ᠡᠨᠧᠷᠭᠢ ᠠᠷᠪᠢᠯᠠᠬᠤ ᠪᠠᠷ ᠥᠭᠡᠷᠡᠴᠢᠯᠡᠨ | ᠰᠢᠨᠡᠳᠬᠡᠬᠦ᠂ ᠠᠳᠠᠯ ᠠᠬᠤᠢ ᠶᠢᠨ ᠦᠢᠯᠡᠴᠢᠯᠡᠭᠡ ᠳᠤ ᠬᠡᠷᠡᠭᠯᠡᠬᠦ ᠭᠡᠷ᠂ ᠴᠠᠬᠢᠯᠭᠠᠨ ᠴᠡᠨᠡᠭᠯᠡᠬᠦ ᠪᠡᠯᠡᠳᠬᠡᠮᠵᠢ᠂ | ᠰᠠᠭᠤᠭᠠᠯᠢ ᠠᠷᠠᠳ ᠤᠨ ᠠᠵᠢᠯᠯᠠᠭᠠᠨ ᠤ ᠭᠡᠷ᠂ ᠴᠠᠭᠳᠠᠭᠠᠨ ᠤ ᠶᠠᠪᠤᠳᠠᠯ ᠤᠨ ᠭᠡᠷ᠂ ᠰᠠᠭᠠᠳ ᠦᠭᠡᠢ ᠪᠡᠯᠡᠳᠬᠡᠮᠵᠢ᠂ | ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠨᠣᠭᠤᠭᠠᠷᠠᠭᠤᠯᠵᠤ ᠴᠢᠮᠡᠭᠯᠡᠭᠰᠡᠨ ᠵᠦᠢᠯ᠂ ᠲᠦᠷᠭᠡᠨ ᠢᠯᠡᠭᠡᠯᠲᠡ ᠶᠢᠨ | ᠪᠠᠷᠠᠭᠠᠨ ᠤ ᠣᠶᠣᠨᠴᠢ ᠬᠠᠶᠢᠷᠴᠠᠭ᠂ ᠴᠠᠬᠢᠯᠭᠠᠨ ᠱᠠᠲᠤ ᠨᠡᠮᠡᠵᠦ ᠤᠭᠰᠠᠷᠠᠬᠤ ᠵᠢᠴᠢ ᠰᠠᠭᠤᠭᠠᠯᠢ ᠲᠣᠭᠤᠷᠢᠭ ᠤᠨ | ᠳᠣᠲᠣᠭᠠᠳᠤ ᠪᠤᠶᠤ ᠡᠷᠭᠢᠨ ᠲᠣᠭᠤᠷᠢᠨ ᠳᠠᠬᠢ ᠨᠤᠭᠤᠭᠠᠷᠠᠭᠤᠯᠤᠨᠨᠰᠠᠨ ᠬᠡᠰᠡᠭ ᠤᠨ ᠭᠡᠷᠡᠯᠲᠦᠭᠦᠯᠭᠡ᠂ ᠲᠡᠷᠭᠡ ᠬᠥᠰᠬᠡ | ᠵᠣᠭᠰᠣᠭᠠᠬᠤ ᠲᠠᠯᠠᠪᠤᠷ᠂ ᠰᠣᠶᠣᠯ ᠰᠡᠯᠡᠭᠦᠴᠡᠯ ᠤᠨ ᠪᠡᠯᠡᠳᠬᠡᠮᠵᠢ᠂ ᠪᠡᠶ᠎ᠡ ᠶᠢᠨ ᠲᠠᠮᠢᠷ ᠪᠤᠯᠪᠠᠰᠤᠷᠠᠬᠤ ᠲᠠᠯᠠᠪᠤᠷ ᠭᠠᠵᠠᠷ᠂ | ᠨᠠᠰᠤᠲᠠᠶᠢᠴᠤᠳ ᠲᠤ ᠵᠣᠷᠢᠭᠤᠯᠤᠭᠰᠠᠨ ᠪᠡᠯᠡᠳᠬᠡᠮᠵᠢ᠂ ᠴᠠᠬᠢᠯᠭᠠᠨ ᠬᠦᠴᠦᠨ ᠤ ᠬᠠᠩᠭᠠᠯᠭ᠎ᠠ ᠶᠢ ᠨᠡᠮᠡᠭᠳᠡᠭᠦᠯᠬᠦ ᠵᠡᠷᠭᠡ | ᠪᠠᠭᠲᠠᠨ᠎ᠠ᠃ | ★ᠳᠡᠭᠡᠭᠰᠢᠯᠡᠭᠦᠯᠬᠦ ᠲᠥᠷᠥᠯ ᠳᠤ ᠭᠤᠤᠯᠳᠠᠭᠤ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ᠂ ᠰᠤᠷᠭᠠᠨ | ᠬᠥᠮᠦᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠵᠢᠴᠢ ᠨᠠᠰᠤᠲᠠᠶᠢᠴᠤᠳ ᠢ ᠠᠰᠠᠷᠠᠵᠤ | ᠬᠠᠷᠠᠭᠠᠯᠵᠠᠬᠤ᠂ ᠬᠡᠦᠬᠡᠳ ᠬᠠᠷᠠᠵᠤ ᠰᠠᠭᠠᠲᠠᠭᠤᠯᠬᠤ᠂ ᠢᠳᠡᠭᠡᠨ ᠤᠮᠳᠠᠭᠠᠨ ᠳᠤ ᠲᠤᠰᠠᠯᠠᠬᠤ᠂ ᠭᠡᠷ ᠲᠡᠷᠭᠡ ᠤᠭᠢᠶᠠᠵᠤ | ᠴᠡᠪᠡᠷᠯᠡᠬᠦ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ᠂ ᠰᠢᠤᠳᠠᠨ ᠤ ᠲᠦᠷᠭᠡᠨ ᠢᠯᠡᠭᠡᠯᠲᠡ ᠶᠢᠨ ᠦᠵᠦᠭᠦᠷ | ᠦᠢᠯᠡᠴᠢᠯᠡᠭᠡᠨ ᠤ ᠶᠡᠷᠦᠩᠬᠡᠶᠢᠯᠡᠭᠰᠡᠨ ᠥᠷᠲᠡᠭᠡ ᠵᠡᠷᠭᠡ ᠨᠡᠶᠢᠭᠡᠮ ᠲᠣᠭᠤᠷᠢᠭ ᠤᠨ ᠲᠤᠰᠬᠠᠶ ᠦᠢᠯᠡᠴᠢᠯᠡᠭᠡᠨ ᠤ | ᠪᠡᠯᠡᠳᠬᠡᠮᠵᠢ ᠪᠠᠭᠲᠠᠨ᠎ᠠ᠃ | ︽ᠲᠦᠰᠦᠯ︾ ᠳᠤ ᠰᠠᠭᠤᠷᠢ ᠲᠥᠷᠥᠯ ᠤᠨ ᠵᠦᠢᠯᠡᠰ ᠢᠶᠠᠨ ᠴᠢᠳᠠᠬᠤ ᠶᠢᠨ ᠬᠢᠷᠢ ᠪᠠᠷ ᠪᠥᠬᠦᠨ ᠢ | ᠥᠭᠡᠷᠡᠴᠢᠯᠡᠨ ᠰᠢᠨᠡᠳᠬᠡᠵᠦ᠂ ᠲᠡᠭᠦᠯᠳᠡᠷᠵᠢᠭᠦᠯᠬᠦ ᠲᠥᠷᠥᠯ ᠤᠨ ᠵᠦᠢᠯᠡᠰ ᠢᠶᠠᠨ ᠴᠢᠳᠠᠬᠤ ᠶᠢᠨ ᠳᠣᠲᠣᠷ᠎ᠠ ᠢᠯᠡᠭᠦᠬᠡᠨ | ᠥᠭᠡᠷᠡᠴᠢᠯᠡᠵᠦ ᠰᠢᠨᠡᠳᠬᠡᠨ᠂ ᠳᠡᠭᠡᠭᠰᠢᠯᠡᠭᠦᠯᠬᠦ ᠲᠥᠷᠥᠯ ᠤᠨ ᠵᠦᠢᠯᠡᠰ ᠢᠶᠠᠨ ᠢᠳᠡᠪᠬᠢᠲᠡᠢ ᠠᠬᠢᠭᠤᠯᠬᠤ ᠵᠠᠷᠴᠢᠮ | ᠶᠣᠰᠣᠭᠠᠷ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ ᠥᠭᠡᠷᠡᠴᠢᠯᠡᠨ ᠰᠢᠨᠡᠳᠬᠡᠬᠦ | ᠠᠭᠤᠯᠭ᠎ᠠ ᠶᠢᠨ ᠨᠠᠷᠢᠨ ᠬᠠᠭᠤᠳᠠᠰᠤ ᠶᠢ ᠲᠤᠨᠨᠳᠠᠭᠠᠬᠤ ᠬᠡᠷᠡᠭᠳᠡᠢ ᠬᠡᠵᠦ ᠱᠠᠭᠠᠷᠳᠠᠪᠠ᠃ | ᠭᠤᠷᠪᠠ᠂ ᠲᠦᠰᠦᠯ ᠳᠤ ᠲᠤᠷᠠᠳᠤᠨᠨᠰᠠᠨ ᠠᠵᠢᠯ ᠤᠨ ᠬᠠᠷᠠᠯᠳᠠ | ᠤᠷᠢᠳ ᠢᠶᠠᠷ ᠪᠦᠲᠦᠭᠡᠨ ᠪᠠᠶᠢᠭᠤᠯᠤᠭᠰᠠᠨ ᠴᠠᠭ ᠨᠢ ᠨᠡᠯᠢᠶᠡᠳ ᠡᠷᠲᠡ᠂ ᠰᠠᠭᠤᠭᠠᠯᠢ ᠲᠣᠭᠤᠷᠢᠭ ᠢ ᠨᠢ ᠪᠠᠷᠤᠭ | ᠯᠡ ᠰᠡᠯᠪᠢᠨ ᠵᠠᠰᠠᠵᠤ ᠬᠠᠮᠢᠶᠠᠷᠤᠭᠰᠠᠨ ᠦᠭᠡᠢ᠂ ᠰᠠᠭᠤᠭᠠᠯᠢ ᠠᠷᠠᠳ ᠤᠨ ᠥᠭᠡᠷᠡᠴᠢᠯᠡᠨ ᠰᠢᠨᠡᠳᠭᠡᠬᠦ ᠬᠦᠰᠡᠯ | ᠱᠠᠭᠠᠷᠳᠠᠯᠭ᠎ᠠ ᠪᠠᠷ ᠴᠢᠩᠭ᠎ᠠ ᠪᠥᠭᠡᠳ ᠢᠳᠡᠪᠬᠢᠲᠡᠢ ᠣᠷᠣᠯᠴᠠᠵᠤ ᠬᠠᠮᠵᠢᠯᠴᠠᠭᠰᠠᠨ ᠬᠤᠲᠠ ᠪᠠᠯᠭᠠᠰᠤᠨ ᠤ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠨ᠎ᠡ᠃ 2020 ᠣᠨ ᠠᠴᠠ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠲᠦᠷᠦᠭᠦᠤ ᠭᠤᠷᠪᠠᠨ ᠵᠢᠯ ᠳᠤ᠂ 2000 ᠣᠨ ᠠᠴᠠ ᠡᠮᠦᠨ᠎ᠡ ᠪᠦᠲᠦᠭᠡᠨ | ᠪᠠᠶᠢᠭᠤᠯᠤᠭᠰᠠᠨ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠭᠤᠤᠯᠳᠠᠯᠭ᠎ᠠ ᠲᠠᠢ ᠥᠭᠡᠷᠡᠴᠢᠯᠡᠨ | ᠰᠢᠨᠡᠳᠬᠡᠨ᠎ᠡ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠶᠠᠷ | ᠵᠢᠯ ᠳᠤ᠂ 2005 ᠣᠨ ᠠᠴᠠ ᠡᠮᠦᠨ᠎ᠡ ᠪᠦᠲᠦᠭᠡᠨ ᠪᠠᠶᠢᠭᠤᠯᠤᠭᠰᠠᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ | ᠲᠣᠭᠤᠷᠢᠭ ᠢ ᠭᠤᠤᠯᠳᠠᠯᠭ᠎ᠠ ᠲᠠᠢ ᠥᠭᠡᠷᠡᠴᠢᠯᠡᠨ ᠰᠢᠨᠡᠳᠬᠡᠨ᠎ᠡ᠃ 2020 ᠣᠨ ᠳᠤ 1015 ᠬᠠᠭᠤᠴᠢᠨ | ᠰᠠᠭᠤᠭᠠᠯᠢ ᠲᠣᠭᠤᠷᠢᠭ ᠪᠠ 13 ᠲᠦᠮᠡᠨ ᠡᠷᠦᠬᠡ ᠶᠢᠨ ᠬᠢ ᠥᠭᠡᠷᠡᠴᠢᠯᠡᠨ ᠰᠢᠨᠡᠳᠬᠡᠵᠦ᠂ ᠲᠡᠭᠦᠯᠳᠡᠷᠵᠢᠭᠦᠯᠬᠦ | ᠲᠥᠷᠥᠯ ᠪᠠ ᠳᠡᠭᠡᠭᠰᠢᠯᠡᠭᠦᠯᠬᠦ ᠲᠥᠷᠥᠯ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ 14 | ᠲᠥᠷᠥᠯ ᠵᠦᠢᠯ ᠪᠠ 10673 ᠡᠷᠦᠬᠡ ᠳᠤ ᠶᠠᠪᠤᠭᠳᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠳᠤ᠂ 2005 ᠣᠨ ᠠᠴᠠ ᠡᠮᠦᠨ᠎ᠡ ᠪᠦᠲᠦᠭᠡᠨ | ᠪᠠᠶᠢᠭᠤᠯᠤᠭᠰᠠᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠠᠵᠢᠯ ᠢ ᠦᠨᠳᠦᠰᠦᠨ ᠳᠤ ᠪᠠᠨ | ᠪᠡᠶᠡᠯᠡᠭᠦᠯᠵᠦ ᠳᠠᠭᠤᠰᠬᠠᠨ᠎ᠠ᠃ | ᠲᠦᠷᠪᠡ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠨ ᠰᠢᠨᠡᠳᠬᠡᠬᠦ | ᠠᠵᠢᠯ ᠤᠨ ᠭᠤᠤᠯ ᠡᠭᠦᠷᠬᠡ | ᠡᠯ᠎ᠡ ᠭᠠᠵᠠᠷ ᠤᠷᠤᠨ ᠤ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠨ | ᠰᠢᠨᠡᠳᠬᠡᠬᠦ ᠠᠵᠢᠯ ᠢ ᠵᠢᠭᠠᠨ ᠵᠢᠯᠤᠭᠤᠳᠴᠤ᠂ ᠦᠬᠡᠷᠡᠴᠢᠯᠡᠨ ᠰᠢᠨᠡᠳᠬᠡᠬᠦ ᠪᠡᠯᠡ ᠮᠦᠩᠭᠦ ᠶᠢ ᠴᠤᠨᠨᠯᠠᠭᠤᠯᠬᠤ᠂ ᠬᠢᠨᠠᠨ | ᠵᠦᠪᠰᠢᠶᠡᠷᠡᠬᠦ ᠭᠠᠷᠳᠠᠮ ᠢ ᠭᠦᠢᠴᠡᠳᠬᠡᠬᠦ᠂ ᠲᠦᠷᠦᠯ ᠵᠦᠢᠯ ᠢ ᠬᠡᠷᠡᠭᠵᠢᠬᠦᠯᠬᠦ᠂ ᠪᠠᠷᠢᠯᠭ᠎ᠠ ᠶᠢᠨ ᠶᠠᠰᠤ ᠴᠢᠨᠠᠷ ᠵᠡᠷᠬᠡ | ᠡᠭᠦᠷᠬᠡ ᠶᠢ ᠤᠯᠠᠮ ᠲᠤᠳᠤᠷᠬᠠᠢ ᠪᠤᠯᠭᠠᠵᠦ ᠦᠨᠳᠦᠰᠦᠨ ᠱᠠᠳᠤᠨ ᠤ ᠠᠵᠢᠯ ᠢᠶᠠᠨ ᠦᠷᠨᠢᠬᠦᠯᠬᠦ ᠳᠤ ᠲᠦᠭᠦᠮ | ᠦᠵᠡᠬᠦᠯᠬᠦ ᠶᠢ ᠪᠠᠳᠤᠯᠠᠬᠤ ᠶᠢᠨ ᠲᠤᠰᠠᠳᠠ᠂ ︽ᠲᠦᠰᠦᠯ︾ ᠳᠤ ᠨᠠᠢᠮᠠᠨ ᠵᠦᠢᠯ ᠤᠨ ᠭᠤᠤᠯ ᠡᠭᠦᠷᠬᠡ ᠶᠢ | ᠲᠤᠳᠤᠷᠬᠠᠶᠢᠯᠠᠪᠠ᠃ | ︵ᠨᠢᠭᠡ︶ ᠥᠭᠡᠷᠡᠴᠢᠯᠡᠨ ᠰᠢᠨᠡᠳᠬᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ | ᠲᠣᠰ ᠵᠠᠰᠠᠭ ᠵᠠᠬᠢᠷᠭᠠᠨ ᠤ ᠣᠷᠣᠨ ᠳᠠᠬᠢ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ | ᠲᠤᠭ᠎ᠠ ᠵᠢᠴᠢ ᠰᠠᠭᠤᠭᠠᠯᠢ ᠲᠣᠭᠤᠷᠢᠭ ᠲᠠᠬᠢ ᠠᠶᠢᠯ ᠡᠷᠦᠬᠡ ᠶᠢᠨ ᠲᠤᠭ᠎ᠠ᠂ ᠪᠠᠷᠢᠯᠭ᠎ᠠ ᠶᠢᠨ ᠲᠠᠯᠠᠪᠠᠢ᠂ ᠥᠮᠴᠢᠯᠡᠬᠦ | ᠡᠷᠬᠡ ᠶᠢᠨ ᠰᠢᠨᠵᠢ ᠴᠢᠨᠠᠷ᠂ ᠪᠠᠶᠢᠭᠤᠯᠤᠭᠰᠠᠨ ᠴᠠᠭ ᠬᠤᠭᠤᠴᠠᠭ᠎ᠠ᠂ ᠥᠭᠡᠷᠡᠴᠢᠯᠡᠨ ᠰᠢᠨᠡᠳᠬᠡᠬᠦ ᠠᠭᠤᠯᠭ᠎ᠠ ᠶᠢᠨ | ᠣᠳᠣᠬᠢ ᠪᠠᠶᠢᠳᠠᠯ ᠵᠡᠷᠭᠡ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠭᠦᠢᠴᠡᠳ ᠲᠣᠳᠣᠷᠬᠠᠢ ᠣᠶᠢᠯᠠᠭᠠᠵᠤ᠂ ᠬᠤᠲᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠤᠨ ᠬᠥᠮᠥᠷᠭᠡ ᠶᠢ | ᠪᠠᠶᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠨᠢ ᠲᠥᠪ ᠠᠴᠠ ᠬᠤᠲᠠ ᠪᠠᠯᠭᠠᠰᠤᠨ ᠤ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠨ ᠰᠢᠨᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠬᠢᠶᠠᠯ ᠢ ᠰᠠᠶᠢᠨ | ᠠᠳᠬᠤᠬᠤ ᠶᠢᠨ ᠬᠠᠮᠲᠤ᠂ ᠲᠣᠰ ᠭᠠᠵᠠᠷ ᠣᠷᠣᠨ ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠵᠡᠷᠭᠡ ᠪᠣᠳᠠᠲᠤ | ᠪᠠᠶᠢᠳᠠᠯ ᠢ ᠨᠢᠭᠡᠲᠦᠯᠲᠡᠢ ᠲᠥᠯᠥᠪᠯᠡᠨ ᠪᠣᠳᠣᠯᠬᠢᠯᠠᠵᠤ᠂ 2021 — 2025 ᠣᠨ ᠳᠠᠬᠢ ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠥᠯᠥᠪᠵᠢᠭᠦᠯᠪᠡ ᠪᠠ ᠣᠨ ᠤ ᠥᠭᠡᠷᠡᠴᠢᠯᠡᠨ | ᠰᠢᠨᠡᠳᠬᠡᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠬᠡᠷᠡᠭᠲᠡᠶ᠃ | ᠬᠠᠭᠤᠴᠢᠨ ᠰᠠᠭᠤᠭᠠᠯᠢ ᠲᠣᠭᠤᠷᠢᠭ ᠤᠨ ᠣᠳᠣᠬᠢ ᠪᠠᠶᠢᠳᠠᠯ᠂ ᠰᠠᠭᠤᠭᠠᠯᠢ ᠠᠷᠠᠳ ᠤᠨ ᠥᠭᠡᠷᠡᠴᠢᠯᠡᠨ | ᠰᠢᠨᠡᠳᠬᠡᠬᠦ ᠬᠦᠰᠡᠯ ᠱᠠᠭᠠᠷᠳᠠᠯᠭ᠎ᠠ ᠪᠠ ᠪᠡᠯᠡ ᠮᠥᠩᠭᠦ ᠴᠤᠭᠯᠠᠭᠤᠯᠤᠭᠰᠠᠨ ᠪᠠᠶᠢᠳᠠᠯ ᠢ ᠦᠨᠳᠦᠰᠦᠯᠡᠨ᠂ ᠬᠤᠲᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠥᠰᠦᠯ ᠢ ᠵᠣᠬᠢᠰᠲᠠᠶ | ᠲᠣᠭᠲᠠᠭᠠᠨ᠎ᠠ᠂ ᠡᠭᠦᠨ ᠳᠤ ᠭᠤᠤᠯᠳᠠᠭᠤ᠄ ᠥᠭᠡᠷᠡᠴᠢᠯᠡᠨ ᠰᠢᠨᠡᠳᠬᠡᠬᠦ ᠰᠠᠭᠤᠭᠠᠯᠢ ᠲᠣᠭᠤᠷᠢᠭ ᠤᠨ ᠨᠠᠷᠢᠨ | ᠬᠠᠭᠤᠳᠠᠰᠤ᠂ ᠣᠳᠣᠬᠢ ᠪᠠᠶᠢᠳᠠᠯ ᠤᠨ ᠠᠰᠠᠭᠤᠳᠠᠯ᠂ ᠥᠭᠡᠷᠡᠴᠢᠯᠡᠨ ᠰᠢᠨᠡᠳᠬᠡᠬᠦ ᠠᠭᠤᠯᠭ᠎ᠠ᠂ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ᠂ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠬᠢᠬᠦ ᠲᠣᠳᠣᠷᠬᠠᠶᠢᠯᠠᠯᠲᠠ᠂ ᠨᠥᠬᠦᠪᠥᠷᠢ | ᠥᠭᠬᠦ ᠪᠠᠷᠢᠮᠵᠢᠶ᠎ᠠ᠂ ᠠᠵᠢᠯ ᠤᠨ ᠲᠣᠭᠲᠠᠴᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ | ︵ᠬᠤᠶᠠᠷ︶ ᠣᠯᠠᠨ ᠲᠠᠯ᠎ᠠ ᠪᠠᠷ ᠪᠡᠯᠡ ᠮᠥᠩᠭᠦ ᠴᠤᠭᠯᠠᠭᠤᠯᠤᠨ᠎ᠠ | ᠵᠠᠰᠠᠭ ᠤᠨ ᠤᠷᠳᠤᠨ ᠤ ᠲᠡᠮᠵᠢᠬᠦ ᠡᠷᠴᠢᠮ ᠢ ᠴᠢᠩᠭᠠᠷᠠᠭᠤᠯᠵᠦ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠤᠨ ᠲᠥᠪ ᠤᠨ ᠲᠥᠰᠦᠪ ᠲᠠᠬᠢ ᠪᠡᠯᠡ ᠣᠷᠣᠭᠤᠯᠤᠯᠲᠠ ᠪᠠ ᠲᠥᠪ ᠤᠨ ᠡᠳ᠋ ᠤᠨ | ᠵᠠᠰᠠᠭ ᠤᠨ ᠲᠤᠰᠬᠠᠶ ᠪᠡᠯᠡ ᠮᠥᠩᠭᠦᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠨ᠎ᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠲᠠ ᠪᠠᠯᠭᠠᠰᠤᠨ ᠤ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠨ ᠰᠢᠨᠡᠳᠬᠡᠬᠦ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠂ | ᠥᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠵᠤ ᠲᠠᠷᠬᠠᠭᠠᠭᠰᠠᠨ ᠣᠷᠣᠨ ᠨᠤᠲᠤᠭ ᠤᠨ ᠵᠠᠰᠠᠭ ᠤᠨ | ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭ ᠪᠠ ᠲᠤᠰᠬᠠᠶ ᠵᠢᠭᠡᠯᠡᠯᠭᠡ ᠶᠢᠨ ᠲᠡᠮᠳᠡᠭ ᠢ ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠡᠶᠢᠰᠢ ᠭᠤᠣᠯᠳᠠᠯᠭ᠎ᠠ ᠲᠠᠢ ᠬᠡᠯᠪᠠᠶᠢᠯᠭᠡᠨ᠎ᠡ᠃ | ᠰᠠᠭᠤᠭᠠᠯᠢ ᠠᠷᠠᠳ ᠤᠨ ᠪᠠᠯᠠ ᠭᠠᠷᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠤᠨ ᠵᠦᠶ | ᠵᠣᠬᠢᠰᠲᠠᠶ ᠬᠤᠪᠢᠳᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠰᠠᠭᠤᠭᠠᠯᠢ ᠠᠷᠠᠳ ᠢ ᠳᠠᠶᠢᠴᠢᠯᠠᠨ ᠦᠨᠡᠨ | ᠪᠣᠳᠠᠲᠠᠶ ᠪᠠᠷ ᠬᠤᠪᠢᠶᠠᠨ ᠳᠠᠭᠠᠭᠠᠬᠤ᠂ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠰᠢᠯᠵᠢᠭᠦᠯᠦᠨ ᠥᠭᠬᠦ᠂ | ᠲᠤᠰᠬᠠᠶ ᠰᠡᠯᠪᠢᠨ ᠵᠠᠰᠠᠬᠤ ᠪᠡᠯᠡ ᠮᠥᠩᠭᠦ ᠶᠢ ᠬᠡᠷᠡᠭᠯᠡᠬᠦ ︵ᠨᠥᠬᠦᠵᠦ ᠲᠤᠰᠢᠶᠠᠬᠤ︶ ᠵᠡᠷᠭᠡ ᠠᠷᠭ᠎ᠠ ᠮᠠᠶ᠋ᠢᠭ ᠢ | ᠬᠡᠷᠡᠭᠯᠡᠵᠦ ᠪᠠᠶᠢᠭᠠᠳ ᠦᠪᠡᠷᠰᠡᠳ ᠢᠶᠠᠷ ᠨᠢ ᠪᠡᠯᠡ ᠮᠥᠩᠭᠦ ᠴᠤᠭᠯᠠᠭᠤᠯᠤᠨ᠎ᠠ᠃ ᠨᠡᠶᠢᠭᠡᠮ ᠤᠨ ᠬᠦᠴᠦᠨ ᠤ ᠪᠡᠯᠡ | ᠮᠥᠩᠭᠦ ᠭᠠᠷᠭᠠᠬᠤ ᠶᠢ ᠠᠬᠢᠭᠤᠯᠤᠨ᠂ ᠲᠤᠰᠬᠠᠶ ᠡᠵᠡᠩᠨᠡᠯᠲᠡ ᠶᠢᠨ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ | ᠲᠡᠳᠡᠨ ᠢᠶᠠᠷ ᠪᠠᠯᠠ ᠮᠥᠩᠭᠦ ᠭᠠᠷᠭᠠᠯᠭᠠᠵᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠳᠤ | ᠣᠷᠣᠯᠴᠠᠭᠤᠯᠤᠨ᠎ᠠ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠨᠥᠬᠦᠴᠡᠯ ᠢ ᠪᠦᠷᠢᠯᠳᠦᠭᠦᠯᠦᠭᠰᠡᠨ ᠨᠡᠶᠢᠭᠡᠮ | ᠲᠣᠭᠤᠷᠢᠭ ᠤᠨ ᠨᠠᠰᠤᠲᠠᠶᠢᠴᠤᠳ ᠢ ᠠᠰᠠᠷᠠᠵᠤ ᠬᠠᠷᠠᠭᠠᠯᠵᠠᠬᠤ᠂ ᠬᠡᠦᠬᠡᠳ ᠬᠠᠷᠠᠵᠤ ᠰᠠᠭᠠᠲᠠᠭᠤᠯᠬᠤ᠂ ᠡᠮᠴᠢᠯᠡᠨ | ᠡᠮᠨᠡᠬᠦ᠂ ᠢᠳᠡᠭᠡᠨ ᠤᠮᠳᠠᠭᠠᠨ ᠳᠤ ᠲᠤᠰᠠᠯᠠᠬᠤ᠂ ᠬᠡᠲᠦ ᠳᠡᠯᠭᠡᠭᠦᠷ᠂ ᠭᠡᠷ ᠠᠬᠤᠢ ᠵᠡᠷᠭᠡ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠳᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠵᠦ | ᠨᠡᠶᠢᠭᠡᠮ ᠤᠨ ᠪᠡᠯᠡ ᠮᠥᠩᠭᠦ ᠶᠢ ᠲᠠᠲᠠᠵᠤ ᠠᠪᠴᠢᠷᠠᠨ ᠣᠷᠣᠯᠴᠠᠭᠤᠯᠤᠨ᠎ᠠ᠃ | ︵ᠭᠤᠷᠪᠠ︶ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠨ᠎ᠡ | ᠡᠯ᠎ᠡ ᠭᠠᠵᠠᠷ ᠣᠷᠣᠨ ᠨᠢ ᠵᠢᠯ ᠪᠦᠷᠢ ᠶᠢᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰ ᠵᠢᠯ ᠤᠨ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠤᠨ ᠪᠥᠬᠦ ᠭᠠᠷᠳᠠᠮ ᠢ | ᠭᠦᠢᠴᠡᠳᠬᠡᠵᠦ ᠳᠠᠭᠤᠰᠬᠠᠬᠤ ᠬᠡᠷᠡᠭᠲᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠬᠤ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠲᠠᠢ ᠤᠶᠠᠯᠳᠤᠭᠤᠯᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠰᠠᠭᠠᠳ ᠦᠭᠡᠢ | ᠭᠦᠢᠴᠡᠳᠬᠡᠬᠦ ᠵᠠᠮ ᠢ ᠨᠡᠪᠲᠡᠷᠡᠭᠦᠯᠵᠦ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ | ᠰᠢᠨᠡᠳᠬᠡᠬᠦ ᠲᠥᠷᠥᠯ ᠵᠦᠢᠯ ᠳᠤ ᠬᠢᠨᠠᠨ ᠵᠥᠪᠰᠢᠶᠡᠷᠡᠬᠦ ᠵᠦᠢᠯᠡᠰ ᠪᠠ ᠭᠤᠭᠴᠤᠭ᠎ᠠ ᠶᠢ ᠴᠣᠮᠬᠠᠳᠬᠠᠨ᠂ ᠲᠦᠷᠭᠡᠨ | ᠬᠢᠨᠠᠨ ᠵᠥᠪᠰᠢᠶᠡᠷᠡᠬᠦ ᠴᠤᠪᠤᠷᠠᠯ ᠢ ᠪᠠᠶᠢᠭᠤᠯᠤᠨ᠎ᠠ᠃ | ᠭᠠᠵᠠᠷ ᠰᠢᠷᠣᠶ ᠶᠢᠨ ᠡᠷᠬᠡ ᠶᠢᠨ ᠬᠠᠷᠢᠶᠠᠨ ᠤ ᠬᠤᠪᠢᠷᠠᠯᠲᠠ ᠳᠤ ᠥᠯᠥ ᠬᠤᠯᠪᠣᠭᠳᠠᠬᠤ ᠲᠥᠷᠥᠯ ᠵᠦᠢᠯ ᠳᠤ | ᠪᠣᠯ᠂ ᠨᠢᠭᠡᠨᠲᠡ ᠪᠠᠶᠢᠭ᠎ᠠ ᠭᠠᠵᠠᠷ ᠬᠡᠷᠡᠭᠯᠡᠬᠦ ᠭᠠᠷᠳᠠᠮ ᠵᠡᠷᠭᠡ ᠮᠠᠲ᠋ᠧᠷᠢᠶᠠᠯ ᠢ ᠨᠢ ᠭᠠᠵᠠᠷ ᠰᠢᠷᠣᠶ ᠶᠢᠨ ᠭᠡᠷᠡᠴᠢ | ᠮᠠᠲ᠋ᠧᠷᠢᠶᠠᠯ ᠢᠶᠠᠷ ᠬᠡᠷᠡᠭᠯᠡᠵᠦ ᠪᠣᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠥᠭᠡᠷᠡᠴᠢᠯᠡᠨ ᠰᠢᠨᠡᠳᠬᠡᠬᠦ | ᠲᠥᠰᠦᠯ ᠢ ᠬᠤᠯᠪᠣᠭᠠᠯᠠᠵᠤ ᠬᠢᠨᠠᠨ ᠪᠠᠶᠢᠴᠠᠭᠠᠵᠤ᠂ ᠮᠡᠳᠡᠷᠡᠵᠦ ᠵᠥᠪᠰᠢᠶᠡᠷᠡᠭᠰᠡᠨ ᠤ ᠳᠠᠷᠠᠭ᠎ᠠ ᠬᠠᠮᠢᠶ᠎ᠠ ᠪᠦᠬᠦᠢ ᠰᠠᠯᠠᠭ᠎ᠠ | ᠮᠥᠴᠢᠷ ᠠᠴᠠ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠥᠪᠵᠢᠭᠦᠯᠭᠡ ᠶᠢ ᠬᠢᠨᠠᠨ | ᠵᠥᠪᠰᠢᠶᠡᠷᠡᠬᠦ ᠶᠢ ᠨᠢ ᠰᠢᠭᠤᠳ ᠭᠦᠢᠴᠡᠳᠬᠡᠵᠦ ᠥᠭᠭᠦᠨ᠎ᠡ᠃ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ | ᠬᠤᠪᠢᠷᠠᠯᠲᠠ ᠳᠤ ᠥᠯᠥ ᠬᠤᠯᠪᠣᠭᠳᠠᠬᠤ ᠲᠦᠭᠰᠢᠭᠦᠷᠢ ᠪᠠᠭᠠᠲᠠᠢ ᠲᠥᠷᠥᠯ ᠵᠦᠢᠯ ᠳᠤ ᠲᠥᠷᠥᠯ ᠵᠦᠢᠯ ᠤᠨ ᠪᠦᠲᠦᠭᠡᠨ | ᠪᠠᠶᠢᠭᠤᠯᠬᠤ ᠨᠢᠭᠡᠴᠢ ᠠᠴᠠ ᠮᠡᠳᠡᠭᠳᠡᠵᠦ ᠠᠮᠠᠯᠠᠬᠤ ᠳᠦᠷᠢᠮ ᠢ ᠬᠡᠷᠡᠭᠵᠢᠭᠦᠯᠵᠦ ᠪᠠᠶᠢᠪᠠᠯ᠂ ᠪᠠᠷᠢᠯᠭ᠎ᠠ ᠶᠢᠨ ᠵᠢᠷᠤᠭ ᠢ ᠨᠢ | ᠬᠢᠨᠠᠨ ᠪᠠᠶᠢᠴᠠᠭᠠᠬᠤ ᠦᠭᠡᠢ ᠪᠠᠶᠢᠵᠤ ᠪᠣᠯᠤᠨ᠎ᠠ᠃ | ︵ᠳᠥᠷᠪᠡ︶ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠨ᠎ᠠ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠥᠷᠥᠯ | ᠵᠦᠢᠯ ᠤᠨ ᠪᠦᠲᠦᠭᠡᠨ ᠪᠠᠶᠢᠭᠤᠯᠬᠤ ᠨᠢᠭᠡᠴᠢ ᠶᠢ ᠲᠣᠳᠣᠷᠬᠠᠢ ᠲᠣᠭᠲᠠᠭᠠᠵᠤ᠂ ᠰᠠᠭᠤᠭᠠᠯᠢ ᠠᠷᠠᠳ ᠢ ᠥᠭᠡᠷᠡᠴᠢᠯᠡᠨ | ᠰᠢᠨᠡᠳᠬᠡᠬᠦ ᠳᠤ ᠣᠷᠣᠯᠴᠠᠭᠤᠯᠬᠤ ᠪᠠᠷ ᠢᠳᠡᠪᠬᠢᠲᠡᠢ ᠬᠦᠲᠦᠯᠦᠨ ᠵᠢᠯᠣᠭᠤᠳᠴᠤ᠂ ᠤᠰᠤ᠂ ᠴᠠᠬᠢᠯᠭᠠᠨ᠂ ᠬᠡᠢ᠂ | ᠳᠤᠯᠠᠭᠠᠯᠠᠭ᠎ᠠ᠂ ᠴᠢᠮᠡᠭᠡ ᠬᠤᠯᠪᠣᠭ᠎ᠠ ᠵᠡᠷᠭᠡ ᠶᠢᠨ ᠲᠤᠰᠬᠠᠶ ᠡᠵᠡᠩᠨᠡᠬᠦ ᠨᠢᠭᠡᠴᠢ ᠶᠢ ᠲᠦᠷᠦᠭᠦᠯᠡᠨ ᠬᠢᠯᠬᠡᠵᠦ ᠨᠢᠭᠡᠳᠦᠯᠲᠡᠶ | ᠲᠥᠯᠥᠪᠯᠡᠵᠦ ᠵᠣᠬᠢᠴᠠᠭᠤᠯᠤᠭᠠᠳ ᠰᠠᠭᠤᠭᠠᠯᠢ ᠲᠣᠭᠤᠷᠢᠭ ᠵᠢᠴᠢ ᠵᠢᠵᠢᠭ ᠲᠣᠭᠤᠷᠢᠭ ᠯᠤᠭ᠎ᠠ ᠰᠢᠭᠤᠳ ᠬᠤᠯᠪᠣᠭᠳᠠᠬᠤ | ᠰᠠᠭᠤᠷᠢ ᠪᠡᠯᠡᠳᠬᠡᠮᠵᠢ ᠶᠢ ᠬᠠᠮᠲᠤ ᠳᠤ ᠨᠢ ᠥᠭᠡᠷᠡᠴᠢᠯᠡᠨ ᠰᠢᠨᠡᠳᠬᠡᠬᠦ ᠠᠵᠢᠯ ᠢ ᠦᠷᠨᠢᠬᠦᠯᠦᠨ᠎ᠠ᠃ ᠥᠭᠡᠷᠡᠴᠢᠯᠡᠨ | ᠰᠢᠨᠡᠳᠬᠡᠬᠦ ᠳᠤ ᠲᠥᠪ ᠤᠨ ᠨᠥᠬᠦᠪᠥᠷᠢ ᠥᠭᠴᠦ ᠳᠡᠮᠵᠢᠬᠦ ᠣᠨ ᠤ ᠲᠥᠯᠥᠪᠯᠡᠭᠡ ᠳᠤ ᠣᠷᠣᠭᠤᠯᠤᠭᠰᠠᠨ ᠲᠥᠷᠥᠯ | ᠵᠦᠢᠯ ᠢ ᠵᠠᠪᠠᠯ ᠲᠤᠰ ᠵᠢᠯ ᠳᠤ ᠨᠢ ᠠᠵᠢᠯ ᠡᠬᠢᠯᠡᠭᠦᠯᠵᠦ᠂ ᠲᠤᠰ ᠵᠢᠯ ᠳᠤ ᠨᠢ ᠳᠠᠭᠤᠰᠬᠠᠬᠤ ᠪᠤᠶᠤ | ᠦᠨᠳᠦᠰᠦᠨ ᠳᠤ ᠪᠠᠨ ᠳᠠᠭᠤᠰᠬᠠᠨ᠎ᠠ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠪᠦᠲᠦᠭᠡᠨ | ᠪᠠᠶᠢᠭᠤᠯᠬᠤ ᠨᠢᠭᠡᠴᠢ ᠨᠢ ᠡᠯ᠎ᠡ ᠬᠠᠮᠢᠶᠠᠳᠠᠬᠤ ᠲᠠᠯ᠎ᠠ ᠶᠢᠨ ᠬᠢᠨ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ | ᠲᠥᠷᠥᠯ ᠵᠦᠢᠯ ᠳᠤ ᠪᠠᠷᠢᠯᠭ᠎ᠠ ᠳᠠᠭᠤᠰᠤᠭᠰᠠᠨ ᠤ ᠳᠠᠷᠠᠭᠠᠬᠢ ᠰᠢᠯᠭᠠᠵᠤ ᠬᠤᠷᠢᠶᠠᠨ ᠠᠪᠬᠤ ᠠᠵᠢᠯ ᠢ ᠬᠤᠯᠪᠣᠭᠠᠯᠠᠨ | ᠬᠢᠨ᠎ᠡ᠃ | ︵ᠲᠠᠪᠤ︶ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ | ᠡᠯ᠎ᠡ ᠭᠠᠵᠠᠷ ᠣᠷᠣᠨ ᠨᠢ ᠭᠡᠷ ᠪᠠᠶᠢᠰᠢᠩ ᠤᠨ ᠪᠠᠷᠢᠯᠭ᠎ᠠ ᠪᠤᠶᠤ ᠪᠤᠰᠤᠳ ᠪᠠᠷᠢᠯᠭ᠎ᠠ᠂ ᠪᠠᠷᠢᠯᠭ᠎ᠠ ᠶᠢᠨ ᠵᠦᠢᠯ ᠢ | ᠥᠭᠡᠷᠡᠴᠢᠯᠡᠨ ᠰᠢᠨᠡᠳᠬᠡᠬᠦ ᠳᠤ᠂ ᠪᠦᠲᠦᠴᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ | ᠠᠵᠢᠯᠯᠠᠭᠤᠯᠤᠨ᠎ᠠ᠃ ᠪᠦᠲᠦᠴᠡ ᠶᠢ ᠨᠢ ᠥᠭᠡᠷᠡᠴᠢᠯᠡᠨ ᠰᠢᠨᠡᠳᠬᠡᠬᠦ ᠳᠤ ᠬᠤᠯᠪᠣᠭᠳᠠᠪᠠᠯ᠂ ᠤᠤᠯ ᠤᠨ ᠵᠢᠷᠤᠭᠯᠠᠵᠤ | ᠲᠥᠯᠥᠪᠯᠡᠭᠰᠡᠨ ᠨᠢᠭᠡᠴᠢ ᠪᠤᠶᠤ ᠵᠣᠬᠢᠬᠤ ᠬᠢᠷᠢ ᠬᠡᠮ ᠲᠠᠢ ᠵᠢᠷᠤᠭᠯᠠᠵᠤ ᠲᠦᠯᠦᠪᠯᠡᠬᠦ᠂ ᠪᠠᠷᠢᠯᠭ᠎ᠠ ᠪᠠᠷᠢᠬᠤ ᠨᠢᠭᠡᠴᠢ ᠳᠤ | ᠨᠠᠶᠢᠳᠠᠵᠤ ᠵᠣᠬᠢᠬᠤ ᠵᠢᠷᠤᠭᠯᠠᠨ ᠲᠥᠯᠥᠪᠯᠡᠬᠦ ᠪᠠ ᠪᠠᠷᠢᠯᠭ᠎ᠠ ᠪᠠᠷᠢᠬᠤ ᠠᠵᠢᠯ ᠢ ᠬᠢᠯᠭᠡᠨ᠎ᠡ᠃ ᠣᠷᠣᠨ ᠨᠤᠲᠤᠭ ᠤᠨ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠤᠯᠪᠤᠨᠨᠳᠠᠯ ᠪᠦᠬᠦᠢ | ᠲᠣᠭᠲᠠᠭᠠᠯ ᠶᠣᠰᠣᠭᠠᠷ᠂ ᠥᠭᠡᠷᠡᠴᠢᠯᠡᠨ ᠰᠢᠨᠡᠳᠬᠡᠬᠦ ᠪᠠᠷᠢᠯᠭ᠎ᠠ ᠶᠢᠨ ᠪᠥᠬᠦ ᠶᠠᠪᠤᠴᠠ ᠳᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠴᠠᠬᠢᠯᠭᠠᠨ ᠱᠠᠲᠤ ᠨᠡᠮᠡᠵᠦ ᠤᠭᠰᠠᠷᠠᠬᠤ ᠪᠠᠷᠢᠯᠭ᠎ᠠ ᠳᠤ | ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠠᠷᠢᠯᠭ᠎ᠠ ᠶᠢᠨ ᠶᠠᠰᠤ ᠴᠢᠨᠠᠷ᠂ ᠠᠶᠤᠯ ᠥᠬᠡᠶ | ᠦᠢᠯᠡᠳᠪᠦᠷᠢᠯᠡᠯ᠂ ᠪᠣᠯᠪᠠᠰᠤᠨ ᠢᠶᠠᠷ ᠪᠠᠷᠢᠯᠭ᠎ᠠ ᠪᠠᠷᠢᠬᠤ᠂ ᠬᠤᠭ ᠲᠣᠭᠤᠰᠣ ᠳᠡᠭᠳᠡᠬᠦ ᠶᠢ ᠵᠠᠰᠠᠬᠤ ᠵᠡᠷᠭᠡ ᠳᠠᠬᠢ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠠᠵᠢᠯ ᠢ ᠥᠷᠨᠢᠭᠦᠯᠦᠨ᠎ᠡ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠠᠵᠢᠯ ᠢ ᠡᠮᠬᠢ | ᠵᠢᠷᠤᠮ ᠲᠠᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠬᠡᠰᠡᠭ ᠭᠠᠵᠠᠷ ᠣᠷᠣᠨ ᠤ | ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠰᠣᠩᠭᠤᠨ ᠲᠡᠭᠦᠯᠳᠡᠷᠵᠢᠭᠦᠯᠬᠦ | ᠪᠠ ᠳᠡᠭᠡᠭᠰᠢᠯᠡᠭᠦᠯᠬᠦ ᠲᠥᠷᠥᠯ ᠤᠨ ᠥᠭᠡᠷᠡᠴᠢᠯᠡᠨ ᠰᠢᠨᠡᠳᠬᠡᠬᠦ ᠲᠤᠷᠰᠢᠯᠲᠠ ᠶᠢᠨ ᠴᠡᠭ ᠢ ᠶᠠᠪᠤᠭᠳᠠᠭᠤᠯᠤᠨ᠂ | ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠠᠭᠤᠭᠠᠯᠢ ᠠᠷᠠᠳ ᠢ ᠳᠠᠶᠢᠴᠢᠯᠠᠨ ᠣᠷᠣᠯᠴᠠᠭᠤᠯᠬᠤ᠂ ᠲᠥᠷᠥᠯ ᠵᠦᠢᠯ ᠢ | ᠪᠣᠢ ᠪᠣᠯᠭᠠᠬᠤ᠂ ᠵᠠᠰᠠᠭ ᠤᠨ ᠣᠷᠳᠣᠨ ᠪᠠ ᠰᠠᠭᠤᠭᠠᠯᠢ ᠠᠷᠠᠳ ᠠᠴᠠ ᠥᠪᠡᠷ ᠤᠨ ᠥᠷᠲᠡᠭ ᠢ ᠵᠣᠬᠢᠰᠲᠠᠶ ᠪᠠᠷ | ᠬᠠᠮᠲᠤ ᠳᠤ ᠪᠠᠨ ᠡᠭᠦᠷᠭᠡᠯᠡᠬᠦ᠂ ᠵᠠᠬ᠎ᠠ ᠳᠡᠯᠭᠡᠭᠦᠷᠴᠢᠯᠡᠬᠦ ᠮᠠᠶ᠋ᠢᠭ ᠢᠶᠠᠷ ᠣᠷᠣᠯᠴᠠᠭᠤᠯᠬᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠳᠡᠮᠵᠢᠬᠦ᠂ ᠲᠥᠷᠥᠯ ᠵᠦᠢᠯ ᠢ ᠠᠬᠢᠭᠤᠯᠬᠤ᠂ ᠦᠯᠡᠳᠡᠭᠡᠯ ᠡᠬᠢ ᠪᠠᠶᠠᠯᠢᠭ ᠢ ᠨᠡᠶᠢᠯᠡᠭᠦᠯᠵᠦ | ᠠᠰᠢᠭᠯᠠᠬᠤ᠂ ᠤᠷᠲᠤ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠬᠤ ᠵᠡᠷᠭᠡ ᠲᠣᠭᠲᠠᠴᠠ ᠶᠢ ᠰᠦᠪᠡᠭᠴᠢᠯᠡᠨ | ᠪᠠᠶᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠠᠴᠠ ᠵᠢᠱᠢᠶ᠎ᠡ ᠦᠵᠡᠭᠦᠯᠬᠦ ᠲᠥᠷᠥᠯ ᠵᠦᠢᠯ ᠳᠤ ᠲᠤᠰᠬᠠᠶ ᠪᠡᠯᠡ | ᠮᠥᠩᠭᠦᠨ ᠤ ᠳᠡᠮᠵᠢᠯᠭᠡ ᠣᠯᠭᠤᠨ᠎ᠠ᠃ ᠵᠢᠷᠤᠮᠯᠠᠨ ᠳᠠᠭᠤᠷᠢᠶᠠᠵᠤ ᠪᠣᠯᠬᠤᠶᠢᠴᠠ ᠪᠠ ᠳᠡᠯᠭᠡᠷᠡᠭᠦᠯᠵᠦ ᠪᠣᠯᠬᠤᠶᠢᠴᠠ | ᠲᠤᠷᠰᠢᠯᠭ᠎ᠠ ᠶᠢ ᠪᠣᠢ ᠪᠣᠯᠭᠠᠨ᠎ᠠ᠃ | ︵ᠳᠣᠯᠤᠭ᠎ᠠ︶ ᠬᠤᠶᠢᠰᠢᠳᠠ ᠶᠢᠨ ᠬᠠᠮᠢᠶᠠᠷᠤᠯᠲᠠ ᠶᠢ ᠴᠢᠩᠭᠠᠳᠬᠠᠨ᠎ᠠ | ᠥᠭᠡᠷᠡᠴᠢᠯᠡᠵᠦ ᠰᠢᠨᠡᠳᠬᠡᠭᠰᠡᠨ ᠤ ᠲᠠᠷᠠᠭ᠎ᠠ ᠪᠠᠷ ᠬᠢ ᠰᠠᠭᠤᠭᠠᠯᠢ ᠠᠷᠠᠳ ᠤᠨ ᠡᠷᠦᠬᠡ ᠳᠤ ᠬᠦᠷᠲᠡᠯ᠎ᠡ | ᠬᠠᠩᠭᠠᠵᠤ ᠪᠠᠶᠢᠭ᠎ᠠ ᠠᠴᠠ ᠪᠤᠰᠤᠳ ᠤᠰᠤ ᠬᠠᠩᠭᠠᠬᠤ᠂ ᠢᠯᠴᠢ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ | ᠬᠤᠯᠪᠣᠭ᠎ᠠ ᠵᠡᠷᠭᠡ ᠡᠯ᠎ᠡ ᠲᠥᠷᠥᠯ ᠤᠨ ᠬᠤᠭᠤᠯᠠᠶ ᠭᠤᠤᠷᠰᠤ ᠶᠢᠨ ᠲᠣᠤᠷ ᠪᠠ ᠪᠡᠯᠡᠳᠬᠡᠮᠵᠢ ᠶᠢᠨ ᠥᠮᠴᠢᠯᠡᠬᠦ ᠡᠷᠬᠡ ᠶᠢ | ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠠᠵᠢᠯᠯᠠᠭᠤᠯᠵᠤ ᠠᠷᠠᠴᠢᠯᠠᠨ ᠬᠠᠮᠠᠭᠠᠯᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠥᠭᠡᠷᠡᠴᠢᠯᠡᠨ ᠰᠢᠨᠡᠳᠬᠡᠵᠦ ᠳᠠᠭᠤᠰᠤᠭᠰᠠᠨ ᠰᠠᠭᠤᠭᠠᠯᠢ ᠲᠣᠭᠤᠷᠢᠭ ᠤᠨ | ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ | ᠤᠳᠤᠷᠢᠳᠬᠤ ᠪᠠ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠥᠮᠴᠢᠲᠡᠨ ᠤ ᠵᠥᠪᠯᠡᠯ ᠢ ᠢᠳᠡᠪᠬᠢᠲᠡᠢ | ᠵᠣᠬᠢᠶᠠᠨ ᠪᠠᠶᠢᠭᠤᠯᠵᠤ᠂ ᠬᠠᠮᠢᠶᠠᠷᠤᠯᠲᠠ ᠶᠢᠨ ᠬᠡᠪ ᠵᠠᠭᠪᠤᠷ᠂ ᠦᠢᠯᠡᠴᠢᠯᠡᠭᠡᠨ ᠤ ᠠᠭᠤᠯᠭ᠎ᠠ ᠪᠠ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠲᠣᠭᠲᠠᠭᠠᠨ᠂ ᠠᠳᠠᠯ ᠠᠬᠤᠢ ᠶᠢᠨ ᠬᠠᠮᠢᠶᠠᠷᠤᠯᠲᠠ ᠶᠢ ᠪᠦᠷᠢᠨ ᠪᠦᠷᠬᠦᠭᠦᠯᠦᠨ᠎ᠡ᠃ | ︵ᠨᠠᠢᠮᠠ︶ ᠦᠯᠡᠳᠡᠭᠡᠯ ᠡᠬᠢ ᠪᠠᠶᠠᠯᠢᠭ ᠢ ᠠᠰᠢᠭᠯᠠᠨ᠎ᠠ | ᠪᠣᠳᠠᠲᠠᠶ ᠪᠠᠶᠢᠳᠠᠯ ᠢ ᠦᠨᠳᠦᠰᠦᠯᠡᠵᠦ᠂ ᠥᠭᠡᠷᠡᠴᠢᠯᠡᠨ ᠰᠢᠨᠡᠳᠬᠡᠬᠦ ᠨᠢᠭᠡᠴᠢ ᠬᠡᠰᠡᠭ ᠢ ᠵᠣᠬᠢᠰᠲᠠᠶ ᠥᠷᠭᠡᠳᠬᠡᠨ᠂ | ᠣᠶᠢᠷ᠎ᠠ ᠬᠠᠪᠢ ᠶᠢᠨ ᠬᠡᠰᠡᠭ ᠲᠣᠭᠤᠷᠢᠭ ᠢ ᠬᠠᠮᠲᠤ ᠳᠤ ᠨᠢ ᠥᠭᠡᠷᠡᠴᠢᠯᠡᠨ ᠰᠢᠨᠡᠳᠬᠡᠬᠦ ᠪᠠᠨ ᠠᠬᠢᠭᠤᠯᠵᠤ᠂ | ᠦᠢᠯᠡᠴᠢᠯᠡᠭᠡᠨ ᠤ ᠪᠡᠯᠡᠳᠬᠡᠮᠵᠢ᠂ ᠣᠯᠠᠨ ᠨᠡᠶᠢᠲᠡ ᠶᠢᠨ ᠣᠷᠣᠨ ᠵᠠᠶ ᠶᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ | ᠬᠦᠷᠲᠡᠬᠦ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠣᠷᠣᠭᠤᠯᠤᠯᠲᠠ ᠪᠠ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠣᠶᠢᠷ᠎ᠠ ᠬᠠᠪᠢ ᠪᠠᠷ ᠬᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠤᠯᠠ | ᠲᠠᠯᠪᠢᠭᠳᠠᠵᠤ ᠪᠠᠶᠢᠭ᠎ᠠ ᠭᠡᠷ ᠪᠠᠶᠢᠰᠢᠩ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠰᠤᠯᠠ | ᠲᠠᠯᠪᠢᠭᠳᠠᠵᠤ ᠪᠠᠶᠢᠭ᠎ᠠ ᠭᠡᠷ ᠪᠠᠶᠢᠰᠢᠩ᠂ ᠰᠤᠯᠠ ᠲᠠᠯᠪᠢᠭᠳᠠᠵᠤ ᠪᠠᠶᠢᠭ᠎ᠠ ᠤᠰᠤ ᠬᠠᠯᠠᠭᠠᠬᠤ ᠵᠤᠤᠬᠠᠨ ᠭᠡᠷ ᠵᠡᠷᠭᠡ ᠶᠢᠨ | ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠠᠰᠢᠭᠯᠠᠵᠤ᠂ ᠨᠠᠰᠤᠵᠢᠯ ᠤᠨ ᠠᠰᠠᠷᠠᠮᠵᠢ ᠵᠡᠷᠭᠡ ᠡᠯ᠎ᠡ ᠲᠥᠷᠥᠯ ᠤᠨ | ᠦᠢᠯᠡᠴᠢᠯᠡᠭᠡᠨ ᠤ ᠪᠡᠯᠡᠳᠬᠡᠮᠵᠢ ᠶᠢ ᠨᠡᠮᠡᠵᠦ ᠪᠠᠶᠢᠭᠤᠯᠤᠨ᠎ᠠ᠃ ᠰᠠᠭᠤᠭᠠᠯᠢ ᠲᠣᠭᠤᠷᠢᠭ ᠤᠨ ᠳᠣᠲᠣᠷ᠎ᠠ ᠭᠠᠳᠠᠨᠠᠬᠢ | ᠦᠯᠡᠳᠡᠭᠡᠯ ᠭᠠᠵᠠᠷ ᠰᠢᠷᠣᠶ ᠪᠠ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠨ ᠰᠤᠯᠠᠯᠠᠵᠤ ᠭᠠᠷᠭᠠᠭᠰᠠᠨ ᠭᠠᠵᠠᠷ | ᠰᠢᠷᠣᠶ ᠶᠢ ᠠᠰᠢᠭᠯᠠᠵᠤ ᠡᠯ᠎ᠡ ᠲᠥᠷᠥᠯ ᠤᠨ ᠳᠦᠬᠦᠷ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢ ᠪᠠᠶᠢᠭᠤᠯᠤᠨ᠎ᠠ᠃ ᠲᠥᠯᠥᠪᠵᠢᠭᠦᠯᠭᠡ ᠶᠢ ᠵᠥᠷᠢᠴᠡᠬᠦ ᠦᠭᠡᠢ ᠪᠥᠭᠡᠳ ᠰᠠᠭᠤᠭᠠᠯᠢ ᠠᠷᠠᠳ ᠵᠡᠷᠭᠡ ᠶᠢᠨ | ᠵᠥᠪᠰᠢᠶᠡᠷᠡᠯ ᠢ ᠣᠯᠤᠭᠰᠠᠨ ᠤᠷᠢᠳᠠᠯ ᠳᠣᠤᠷ᠎ᠠ᠂ ᠰᠠᠭᠤᠭᠠᠯᠢ ᠲᠣᠭᠤᠷᠢᠭ ᠵᠢᠴᠢ ᠣᠶᠢᠷ᠎ᠠ ᠬᠠᠪᠢ ᠪᠠᠷ ᠬᠢ ᠦᠯᠡᠳᠡᠭᠡᠯ | ᠭᠠᠵᠠᠷ ᠰᠢᠷᠣᠶ ᠶᠢ ᠠᠰᠢᠭᠯᠠᠵᠤ ᠡᠯ᠎ᠡ ᠲᠥᠷᠥᠯ ᠤᠨ ᠣᠷᠴᠢᠨ ᠲᠣᠭᠤᠷᠢᠨ ᠵᠢᠴᠢ ᠳᠦᠬᠦᠷ ᠪᠡᠯᠡᠳᠬᠡᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠪᠠᠶᠢᠭᠤᠯᠬᠤ ᠶᠢ ᠵᠥᠪᠰᠢᠶᠡᠷᠡᠨ᠎ᠡ᠃ | ᠲᠠᠪᠤ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠨ ᠰᠢᠨᠡᠳᠬᠡᠬᠦ ᠠᠵᠢᠯ ᠤᠨ | ᠪᠠᠳᠤᠯᠠᠭ᠎ᠠ ᠶᠢᠨ ᠠᠷᠭ᠎ᠠ ᠬᠡᠮᠵᠢᠶ᠎ᠡ | ᠬᠠᠭᠤᠴᠢᠨ ᠰᠠᠭᠤᠭᠠᠯᠢ ᠲᠤᠭᠤᠷᠢᠭ ᠢ ᠦᠬᠡᠷᠡᠴᠢᠯᠡᠨ ᠰᠢᠨᠡᠳᠬᠡᠬᠦ ᠠᠵᠢᠯ ᠪᠤᠯ ᠨᠢᠬᠡᠨ ᠪᠤᠳᠤᠯᠢᠶᠠᠠᠳᠠᠢ | ᠪᠤᠯᠬᠤᠶᠢᠴᠠ ᠶᠡᠷᠦᠩᠬᠡᠶᠢᠯᠡᠭᠰᠡᠨ ᠰᠢᠰᠲ᠋ᠧᠮ ᠲᠠᠢ ᠢᠨᠵᠧᠨᠧᠷᠢᠩ ᠪᠤᠯᠤᠨ᠎ᠠ᠂ ᠲᠡᠷᠡ ᠨᠢ ᠠᠶᠢᠯ ᠪᠤᠯᠭᠠᠨ ᠲᠠᠢ | ᠬᠤᠯᠪᠤᠨᠨᠳᠠᠵᠦ ᠲᠠᠯ᠎ᠠ ᠪᠦᠭᠦᠨ ᠢ ᠬᠠᠮᠤᠷᠬᠤ ᠪᠤᠯᠬᠤᠷ᠂ ᠲᠦᠷᠢᠮ ᠲᠦᠷᠦ ᠶᠢᠨ ᠪᠤᠳᠤᠯᠭ᠎ᠠ ᠪᠠ ᠪᠠᠶᠢᠭᠤᠯᠤᠯ | ᠲᠤᠨᠨᠳᠠᠴᠠ ᠶᠢᠨ ᠲᠠᠯ᠎ᠠ ᠪᠠᠷ ᠬᠢ ᠰᠢᠰᠲ᠋ᠧᠮ ᠤᠨ ᠴᠢᠨᠠᠷ᠂ ᠪᠦᠭᠦᠯᠢ ᠴᠤᠨᠨᠴᠠ ᠶᠢᠨ ᠴᠢᠨᠠᠷ᠂ ᠬᠠᠮᠵᠢᠯᠴᠠᠬᠤ | ᠴᠢᠨᠠᠷ ᠲᠠᠬᠢ ᠱᠠᠭᠠᠷᠳᠠᠯᠭ᠎ᠠ ᠮᠠᠰᠢ ᠦᠨᠳᠦᠷ ᠶᠤᠮ᠂ ᠦᠬᠡᠷᠡᠴᠢᠯᠡᠨ ᠰᠢᠨᠡᠳᠬᠡᠬᠦ ᠠᠵᠢᠯ ᠤᠨ ᠤᠷᠤᠨᠨᠰᠢᠳᠠᠢ ᠦᠷᠨᠢᠬᠦ ᠶᠢ | ᠪᠠᠳᠤᠯᠠᠵᠦ᠂ ᠰᠠᠯᠠᠭ᠎ᠠ ᠮᠦᠴᠢᠷ ᠤᠨ ᠵᠡᠷᠭᠡ ᠳᠤ ᠨᠢ ᠠᠳᠬᠤᠵᠤ ᠬᠠᠮᠲᠤ ᠪᠠᠷ ᠬᠠᠮᠢᠶᠠᠷᠤᠭᠰᠠᠨ ᠠᠵᠢᠯ ᠤᠨ | ᠪᠠᠶᠢᠷᠢᠰᠢᠯ ᠢ ᠪᠦᠷᠢᠯᠳᠦᠬᠦᠯᠬᠦ ᠶᠢᠨ ᠲᠤᠰᠠᠳᠠ᠂ ︽ᠲᠦᠰᠦᠯ︾ ᠳᠤ ᠲᠦᠷᠪᠡᠨ ᠪᠠᠳᠤᠯᠠᠭ᠎ᠠ ᠶᠢᠨ ᠠᠷᠭ᠎ᠠ ᠬᠡᠮᠵᠢᠶ᠎ᠡ | ᠲᠤᠷᠠᠳᠪᠠ᠃ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ | ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠪᠠᠷ ᠬᠤᠷᠠᠯᠳᠤᠭᠤᠯᠤᠭᠴᠢ ᠪᠣᠯᠭᠠᠭᠰᠠᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ | ᠪᠠᠶᠢᠭᠤᠯᠵᠦ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠭᠤᠤᠯ | ᠴᠤᠨᠨᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ︵ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ | ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ | ᠥᠭᠡᠷᠡᠴᠢᠯᠡᠨ ᠰᠢᠨᠡᠳᠬᠡᠬᠦ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ ᠨᠢ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠨ᠂ ᠵᠡᠷᠭᠡ ᠳᠤ ᠨᠢ ᠠᠳᠬᠤᠵᠤ ᠬᠠᠮᠲᠤ ᠪᠠᠷ ᠬᠠᠮᠢᠶᠠᠷᠤᠭᠰᠠᠨ ᠠᠵᠢᠯ ᠤᠨ | ᠪᠠᠶᠢᠷᠢᠰᠢᠯ ᠲᠠᠢ ᠪᠣᠯᠭᠠᠨ᠎ᠠ᠃ | ︵ᠭᠤᠷᠪᠠ︶ ᠰᠢᠮᠳᠠᠭᠤᠯᠤᠨ ᠵᠢᠯᠣᠭᠤᠳᠴᠤ ᠲᠣᠬᠢᠷᠠᠭᠤᠯᠬᠤ ᠶᠢ ᠴᠢᠩᠭᠠᠷᠠᠭᠤᠯᠤᠨ᠎ᠠ | ᠰᠢᠮᠳᠠᠭᠤᠯᠤᠨ ᠵᠢᠯᠣᠭᠤᠳᠬᠤ ᠪᠠ ᠠᠵᠢᠯ ᠲᠣᠬᠢᠷᠠᠭᠤᠯᠬᠤ ᠶᠢ ᠴᠢᠩᠭᠠᠳᠬᠠᠨ᠂ ᠣᠨ ᠤ ᠥᠭᠡᠷᠡᠴᠢᠯᠡᠨ | ᠰᠢᠨᠡᠳᠬᠡᠬᠦ ᠲᠥᠯᠥᠪᠯᠡᠭᠡ ᠶᠢᠨ ᠠᠬᠢᠴᠠ ᠶᠢᠨ ᠰᠠᠷ᠎ᠠ ᠪᠠᠷ ᠮᠡᠳᠡᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠡᠯ᠎ᠡ ᠠᠶᠢᠮᠠᠭ ᠬᠤᠲᠠ ᠶᠢᠨ ᠠᠬᠢᠴᠠ ᠶᠢᠨ ᠪᠠᠶᠢᠳᠠᠯ ᠢ ᠰᠠᠷ᠎ᠠ ᠪᠠᠷ ᠮᠡᠳᠡᠭᠦᠯᠦᠨ᠂ ᠣᠨ ᠤ ᠥᠭᠡᠷᠡᠴᠢᠯᠡᠨ ᠰᠢᠨᠡᠳᠬᠡᠬᠦ | ᠲᠥᠯᠥᠪᠯᠡᠭᠡ ᠳᠠᠬᠢ ᠡᠭᠦᠷᠭᠡ ᠶᠢᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠬᠠᠮᠢᠶ᠎ᠠ ᠪᠦᠬᠦᠢ ᠠᠵᠢᠯ ᠢ ᠵᠢᠭᠠᠨ | ᠵᠢᠯᠣᠭᠤᠳᠴᠤ ᠰᠠᠶᠢᠲᠤᠷ ᠬᠢᠨ᠎ᠡ᠃ | ︵ᠳᠥᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠲᠥᠷᠥ ᠶᠢᠨ | ᠪᠣᠳᠣᠯᠭ᠎ᠠ ᠪᠠ ︽ᠰᠠᠶᠢᠨ ᠰᠠᠶᠢᠬᠠᠨ ᠣᠷᠴᠢᠨ ᠲᠣᠭᠤᠷᠢᠨ ᠬᠢᠭᠡᠳ ᠵᠣᠯ ᠵᠢᠷᠭᠠᠯᠲᠤ ᠠᠮᠢᠳᠤᠷᠠᠯ ᠢ ᠬᠠᠮᠲᠤ ᠪᠠᠷ | ᠴᠣᠭᠴᠠᠯᠠᠬᠤ︾ ᠣᠨᠣᠯᠵᠢᠬᠤᠨ ᠢ ᠥᠷᠭᠡᠨ ᠳᠡᠯᠭᠡᠷ ᠤᠬᠠᠭᠤᠯᠵᠤ᠂ ᠰᠢᠯᠢᠳᠡᠭ ᠰᠠᠶᠢᠨ ᠲᠥᠷᠥᠯ ᠵᠦᠢᠯ ᠪᠠ | ᠨᠡᠶᠢᠲᠡᠯᠢᠭ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ | ᠳᠡᠮᠵᠢᠭᠰᠡᠨ᠂ ᠤᠯᠠᠨ ᠲᠦᠮᠡᠨ ᠢᠳᠡᠪᠬᠢᠲᠡᠢ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃ | | | ᠦᠪᠦᠷ ᠮᠣᠩᠭᠤᠯ ᠤᠨ ᠤᠷᠤᠨ ᠰᠠᠭᠤᠴᠠ ᠪᠠ ᠬᠤᠳᠠ | ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠭᠢᠮ ᠦᠢᠯᠡᠳᠪᠡ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠮᠡᠳᠡᠭᠡ |