ᠬᠥᠬᠡᠬᠤᠲᠠ ᠮᠠᠯ ᠵᠢᠭᠦᠷᠳᠡᠨ ᠤ ᠭᠡᠮ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠪᠠ ᠮᠡᠷᠭᠡᠵᠢᠯ ᠤᠨ ᠦᠢᠯᠡᠴᠢᠯᠡᠭᠡᠨ ᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2021/10/18
     ᠤᠢᠢᠷ᠎ᠠ ᠳᠤ᠂ ᠬᠥᠬᠡᠬᠤᠲᠠ ᠶᠢᠨ ᠮᠠᠯ ᠵᠢᠭᠦᠷᠳᠡᠨ ᠤ ᠭᠡᠮ ᠬᠢᠵᠢᠭ ᠢ ᠰᠡᠷᠭᠡᠶᠢᠯᠡᠨ ᠡᠵᠡᠮᠳᠡᠭᠦ ᠲᠥᠪ ᠤᠨ ᠬᠢᠨ ᠴᠢᠩ ᠱᠦᠢ ᠾᠧ ᠰᠢᠶᠠᠨ ᠳᠤ ᠬᠦᠷᠴᠦ ᠮᠠᠯ ᠵᠢᠭᠦᠷᠳᠡᠨ ᠤ ᠭᠡᠮ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠪᠠ ᠮᠡᠷᠭᠡᠵᠢᠯ ᠤᠨ ᠦᠢᠯᠡᠴᠢᠯᠡᠭᠡᠨ ᠤ ᠠᠵᠢᠯ ᠥᠷᠨᠢᠭᠦᠯᠪᠠ᠃      ᠪᠠᠶᠢᠴᠠᠭᠠᠬᠤ ᠳᠤᠭᠤᠢᠢᠯᠠᠩ ᠤᠨ ᠬᠢᠨ ᠤᠷᠢᠳ ᠬᠤᠵᠢᠳ ᠶᠢᠦ ᠷᠠᠨ ᠺᠤᠮᠫᠠᠨᠢ ᠶᠢᠨ ᠴᠢᠩ ᠱᠦᠢ ᠾᠧ ᠮᠠᠯᠵᠢᠯ ᠤᠨ ᠲᠠᠯᠠᠪᠠᠢ᠂ ᠴᠢᠩ ᠱᠦᠢ ᠾᠧ ᠰᠢᠶᠠᠨ ᠤ ᠰᠢᠨ ᠷᠦ᠋ ᠢ ᠨᠢᠳᠤᠯᠤᠨ ᠡᠳ᠋ᠰᠢᠬᠦᠯᠬᠦ ᠭᠠᠵᠠᠷ ᠵᠠᠷᠭᠡ ᠳᠤ ᠭᠦᠨᠵᠡᠭᠡᠶᠢᠷᠡᠨ ᠮᠠᠯ ᠵᠢᠭᠦᠷᠳᠡᠨ ᠤ ᠭᠡᠮ ᠬᠢᠵᠢᠭ ᠢ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠬᠰᠠᠨ ᠪᠠ ᠮᠠᠯ ᠵᠢᠭᠦᠷᠳᠡᠨ ᠤ ᠭᠡᠮ ᠬᠢᠵᠢᠭ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠢᠯᠤᠭᠤᠳᠤᠯᠭ᠎ᠠ ᠥᠷᠨᠢᠭᠦᠯᠵᠡᠢ᠃ ᠪᠠᠶᠢᠴᠠᠭᠠᠬᠤ ᠶᠠᠪᠤᠴᠠ ᠳᠤ ᠭᠤᠣᠯᠳᠠᠭᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠭᠦ᠂ ᠮᠠᠯ ᠵᠢᠭᠦᠷᠳᠡᠨ ᠤ ᠭᠡᠮ ᠬᠢᠵᠢᠭ ᠤᠨ ᠳᠤᠬᠠᠢ ᠡᠳᠦᠷ ᠲᠤᠳᠤᠮ ᠤᠨ ᠠᠷᠢᠭᠤᠳᠬᠠᠯ᠂ ᠬᠢᠨᠠᠨ ᠬᠡᠮᠵᠢᠬᠦ᠂ ᠭᠡᠮ ᠬᠢᠵᠢᠭ ᠢ ᠪᠠᠶᠢᠴᠠᠭᠠᠬᠤ᠂ ᠬᠡᠮᠨᠡᠵᠤ ᠦᠬᠦᠭᠰᠡᠨ ᠮᠠᠯ ᠢ ᠬᠤᠣᠷ ᠦᠭᠡᠶᠢᠳᠡᠬᠦᠯᠦᠨ ᠠᠷᠢᠯᠭᠠᠬᠤ᠂ ᠡᠮ ᠬᠡᠷᠡᠭᠯᠡᠬᠦ ᠵᠢᠴᠢ ᠲᠡᠵᠢᠭᠡᠨ ᠦᠷᠡᠵᠢᠭᠦᠯᠬᠦ ᠦᠶ᠎ᠡ ᠶᠢᠨ ᠬᠡᠮ ᠬᠢᠵᠢᠭ ᠢ ᠰᠡᠷᠭᠡᠶᠢᠯᠡᠬᠦ ᠳᠠᠩᠰᠠ ᠡᠪᠬᠡᠮᠡᠯ ᠢ ᠲᠠᠭᠯᠠᠨ ᠪᠢᠴᠢᠬᠦ ᠪᠠ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠪᠠᠷ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠢ ᠰᠠᠨᠠᠯ ᠳᠤᠷᠠᠳᠤᠭᠰᠠᠨ ᠪᠥᠭᠡᠳ ᠠᠵᠤ ᠠᠬᠤᠢᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠮᠠᠯ ᠵᠢᠭᠦᠷᠳᠡᠨ ᠤ ᠭᠡᠮ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠢ ᠣᠢᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠢ ᠳᠤ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠨ ᠦᠭᠬᠦᠭᠰᠡᠨ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号