| ᠥᠪᠥᠷ ᠵᠠᠰᠠᠭ ᠠᠯᠪᠠᠨ ᠲᠠᠷᠬᠠᠭᠠᠭᠰᠠᠨ ︹2020︺ 39 ᠳ᠋ᠦ᠋ᠭᠡᠷ ᠲᠣᠭᠠᠲᠤ | 2020 ᠣᠨ ᠤ 12 ᠳ᠋ᠤᠭᠠᠷ ᠰᠠᠷ᠎ᠠ ᠶᠢᠨ 6 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ | ︵2020 — 2022 ᠣᠨ︶︾ ᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠢᠶᠠᠷ | ᠵᠦᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 | — 2022 ᠣᠨ︶ | ︽ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠠᠬᠢᠭᠤᠯᠵᠤ ᠰᠦᠨ ᠤ ᠪᠦᠲᠦᠬᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ︵ᠲᠥᠷᠥ ᠠᠯᠪᠠᠨ ᠲᠠᠷᠬᠠᠭᠠᠭᠰᠠᠨ ︹2018︺ 43 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 9 ᠶᠠᠮᠤᠨ ᠵᠥᠪᠯᠡᠯ ᠤᠨ ︽ᠰᠦ ᠶᠢᠨ ᠦᠢᠯᠡᠰ ᠤᠨ ᠬᠥᠭᠵᠢᠯᠲᠡ | ᠮᠠᠨᠳᠤᠯᠲᠠ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ ᠤᠳ︾ ︵ᠲᠠᠷᠢᠶᠠᠯᠠᠩ ᠮᠠᠯ ᠲᠠᠷᠬᠠᠭᠠᠭᠰᠠᠨ | ︹2018︺ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ᠂ ᠮᠠᠨ ᠤ ᠣᠷᠣᠨ ᠳᠤ ᠮᠢᠩᠭᠠᠨ ᠳ᠋ᠦᠩᠰᠢᠭᠤᠷ ᠲᠠᠰ ᠤᠨ ᠰᠦ ᠶᠢᠨ ᠠᠵᠤ ᠦᠢᠯᠡᠰ ᠬᠥᠭᠵᠢᠭᠦᠯᠬᠦ | ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠲᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠬᠠᠷᠠᠯᠲᠠ ᠶᠢ ᠤᠷᠢᠳ ᠢᠶᠠᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠰᠦ ᠶᠢᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠪᠠᠷ ᠭᠤᠤᠯ ᠪᠣᠯᠭᠠᠵᠤ᠂ ᠰᠦᠨ ᠤ ᠪᠦᠲᠦᠬᠡᠭᠳᠡᠬᠦᠨ ᠤ ᠬᠥᠲᠥᠴᠢ ᠠᠵᠤ ᠠᠬᠤᠶᠢᠯᠠᠯ ᠤᠨ | ᠳᠡᠯᠡᠬᠡᠶᠢᠵᠢᠯᠲᠡ᠂ ᠰᠦ ᠴᠠᠭᠠᠨ ᠢᠳᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠵᠢᠯᠲᠡ ᠪᠠ | ᠦᠨᠳᠦᠰᠦᠲᠡᠨ ᠤ ᠰᠦ ᠴᠠᠭᠠᠨ ᠢᠳᠡᠭᠡᠨ ᠤ ᠣᠨᠴᠠᠯᠢᠭ ᠲᠠᠢ ᠬᠥᠭᠵᠢᠯᠲᠡ ᠶᠢᠨ ᠨᠢᠭᠡ ᠴᠣᠭᠴᠠ ᠪᠣᠯᠬᠤ ᠶᠢ ᠨᠢ | ᠠᠬᠢᠭᠤᠯᠤᠨ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠤᠭᠰᠠᠨ᠂ ᠲᠣᠭᠠᠵᠢᠯᠠᠬᠤ ᠪᠠ ᠣᠶᠣᠨᠴᠢᠯᠠᠬᠤ ᠪᠠᠷ | ᠬᠥᠳᠡᠯᠭᠡᠭᠦᠷ ᠪᠣᠯᠭᠠᠭᠰᠠᠨ᠂ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠳᠡᠯᠡᠬᠡᠶ ᠶᠢᠨ ᠲᠠᠰ ᠤᠨ ᠠᠵᠤ | ᠦᠢᠯᠡᠰ ᠤᠨ ᠪᠥᠯᠥᠭᠵᠢᠯ ᠢ ᠪᠣᠢ ᠪᠣᠯᠭᠠᠵᠤ᠂ ᠮᠠᠨ ᠤ ᠤᠯᠤᠰ ᠤᠨ ᠰᠦ ᠶᠢᠨ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ᠂ ᠰᠦ ᠶᠢᠨ ᠦᠢᠯᠡᠰ ᠤᠨ ᠪᠦᠬᠦ ᠲᠠᠯ᠎ᠠ ᠪᠠᠷ ᠬᠥᠭᠵᠢᠨ ᠮᠠᠨᠳᠤᠬᠤ ᠶᠢ ᠪᠡᠶᠡᠯᠡᠭᠦᠯᠬᠦ ᠳᠤ | ᠵᠢᠱᠢᠶ᠎ᠡ ᠦᠵᠡᠭᠦᠯᠬᠦ᠂ ᠳᠠᠶᠢᠴᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠦᠨ᠎ᠡ᠃ | ︵ᠬᠤᠶᠠᠷ︶ ᠠᠵᠢᠯᠯᠠᠭᠠᠨ ᠤ ᠬᠠᠷᠠᠯᠲᠠ᠃ ᠲᠡᠷᠢᠭᠦᠨ ᠳᠡᠰ ᠤᠨ ᠦᠷ᠎ᠡ ᠡᠭᠦᠯᠳᠡᠷ ᠤᠨ ᠢᠷᠡᠯᠲᠡ᠂ ᠲᠡᠵᠢᠭᠡᠯ | ᠡᠪᠡᠰᠦ ᠪᠣᠷᠳᠤᠭ᠎ᠠ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠲᠡᠷᠢᠭᠦᠨ | ᠳᠡᠰ ᠤᠨ ᠪᠣᠯᠪᠠᠰᠤᠷᠠᠭᠤᠯᠬᠤ ᠠᠵᠤ ᠠᠬᠤᠶᠢᠯᠠᠯ ᠢ ᠪᠣᠢ ᠪᠣᠯᠭᠠᠨ᠂ ᠲᠡᠷᠢᠭᠦᠨ ᠳᠡᠰ ᠤᠨ ᠪᠦᠲᠦᠭᠡᠭᠳᠡᠬᠦᠨ ᠢ | ᠪᠦᠲᠦᠭᠡᠵᠦ᠂ ᠲᠡᠷᠢᠭᠦᠨ ᠳᠡᠰ ᠤᠨ ᠨᠡᠷᠡᠲᠦ ᠲᠡᠮᠳᠡᠭ ᠢ ᠡᠭᠦᠳᠦᠨ᠂ 2022 ᠣᠨ ᠪᠣᠯᠬᠤ ᠳᠤ᠂ ᠰᠠᠭᠠᠯᠢ ᠶᠢᠨ | ᠮᠠᠯ ᠤᠨ ᠲᠤᠭ᠎ᠠ ᠲᠣᠯᠣᠭᠠᠢ ᠶᠢ 215 ᠲᠦᠮᠡ ᠳᠤ ᠬᠦᠷᠭᠡᠵᠦ᠂ ᠰᠦ ᠶᠢᠨ ᠭᠠᠷᠤᠯᠲᠠ ᠶᠢ 720 ᠲᠦᠮᠡᠨ ᠲᠣᠨ ᠳᠤ | ᠬᠦᠷᠭᠡᠨ᠎ᠡ᠃ ᠪᠦᠬᠦ ᠠᠵᠤ ᠦᠢᠯᠡᠰ ᠤᠨ ᠬᠡᠯᠬᠢᠶᠡᠨ ᠳᠠᠬᠢ ᠪᠦᠲᠦᠬᠡᠭᠳᠡᠬᠦᠨ ᠤ ᠥᠷᠲᠡᠭ ᠢ 2100 ᠳ᠋ᠦᠩᠰᠢᠭᠤᠷ | ᠲᠥᠭᠦᠷᠢᠭ ᠲᠤ ᠬᠦᠷᠭᠡᠵᠦ᠂ ᠪᠦᠬᠦ ᠤᠯᠤᠰ ᠲᠤ ᠰᠦ ᠶᠢᠨ ᠦᠢᠯᠡᠰ ᠤᠨ ᠬᠥᠭᠵᠢᠯᠲᠡ ᠮᠠᠨᠳᠤᠯᠲᠠ ᠶᠢ ᠡᠩ | ᠲᠡᠷᠢᠭᠦᠨ ᠳᠤ ᠪᠡᠶᠡᠯᠡᠭᠦᠯᠦᠨ᠎ᠡ᠃ | | | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠡᠷᠢᠭᠦᠨ ᠳᠡᠰ ᠤᠨ ᠦᠷ᠎ᠡ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠤᠨ᠎ᠠ᠃ | 1.ᠦᠷ᠎ᠡ ᠡᠭᠦᠯᠳᠡᠷ ᠬᠠᠮᠲᠤᠷᠠᠨ ᠪᠤᠶᠢᠵᠢᠭᠤᠯᠬᠤ ᠰᠢᠪᠲᠤᠯᠤᠯᠲᠠ ᠶᠢᠨ ᠠᠵᠢᠯ ᠢ ᠥᠷᠨᠢᠭᠦᠯᠦᠨ᠎ᠡ᠃ | ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠤᠨ ᠰᠢᠪᠲᠤᠯᠤᠯᠲᠠ ᠶᠢᠨ ᠠᠵᠢᠯ ᠤᠨ ᠲᠤᠰᠬᠠᠶ ᠮᠡᠷᠭᠡᠵᠢᠯᠲᠡᠨ ᠤ | ᠬᠠᠮᠲᠤᠷᠠᠭᠰᠠᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠣᠷᠣᠨ ᠤ ᠳᠣᠲᠣᠷᠠᠬᠢ ᠳᠠᠭᠠᠭᠤᠯᠤᠭᠴᠢ ᠠᠵᠤ | ᠠᠬᠤᠶᠢᠯᠠᠯ ᠢᠶᠠᠷ ᠲᠦᠷᠦᠭᠦᠯᠡᠭᠦᠯᠦᠨ᠂ ᠲᠡᠷᠢᠭᠦᠨ ᠰᠢᠨᠵᠢᠯᠡᠬᠦ ᠤᠬᠠᠭᠠᠨᠲᠠᠨ ᠨᠠᠷ ᠮᠡᠷᠭᠡᠵᠢᠯ ᠤᠨ ᠳᠡᠮᠵᠢᠯᠭᠡ | ᠬᠠᠩᠭᠠᠬᠤ ᠶᠢ ᠬᠠᠷᠢᠭᠤᠴᠠᠵᠤ᠂ ᠡᠭᠦᠯᠳᠡᠷ ᠪᠤᠶᠢᠵᠢᠭᠤᠯᠬᠤ ᠠᠵᠤ ᠠᠬᠤᠢᠢᠯᠠᠯ᠂ ᠶᠡᠭᠡ ᠰᠤᠷᠭᠠᠭᠤᠯᠢ ᠳᠡᠭᠡᠳᠦ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠡᠯ᠎ᠡ ᠲᠠᠯ᠎ᠠ ᠶᠢᠨ ᠬᠦᠴᠦᠨ ᠣᠷᠣᠯᠴᠠᠭᠰᠠᠨ᠂ ᠬᠠᠮᠲᠤᠷᠠᠨ ᠰᠢᠪᠲᠤᠯᠤᠯᠲᠠ ᠬᠢᠬᠦ ᠡᠭᠦᠷᠭᠡ ᠶᠢ ᠬᠠᠮᠲᠤ ᠪᠠᠷ | ᠨᠠᠶᠢᠳᠠᠪᠤᠷᠢᠵᠢᠭᠤᠯᠤᠨ᠎ᠠ᠃ 2022 ᠣᠨ ᠪᠣᠯᠬᠤ ᠳᠤ᠂ ᠤᠯᠤᠰ ᠤᠨ ᠳᠣᠲᠣᠭᠠᠳᠤ ᠳᠤ ᠲᠡᠷᠢᠭᠦᠯᠡᠭᠰᠡᠨ ᠰᠠᠭᠠᠯᠢ ᠶᠢᠨ | ᠦᠨᠢᠶᠡᠨ ᠤ ᠡᠭᠦᠯᠳᠡᠷ ᠪᠤᠶᠢᠵᠢᠭᠤᠯᠤᠭᠰᠠᠨ ᠳ᠋ᠠᠶᠢᠲ᠋ᠠ ᠶᠢ ᠴᠤᠭᠯᠠᠭᠤᠯᠬᠤ ᠪᠠ ᠤᠳᠤᠮᠰᠢᠯ ᠢ ᠦᠨᠡᠯᠡᠨ ᠵᠢᠱᠢᠬᠦ | ᠲᠠᠪᠴᠠᠩ᠂ ᠥᠨᠳᠥᠷ ᠦᠷ᠎ᠡ ᠪᠦᠲᠦᠮᠵᠢᠲᠡᠢ ᠲᠦᠷᠭᠡᠨ ᠨᠡᠮᠡᠭᠳᠡᠭᠦᠯᠵᠦ ᠦᠷᠡᠵᠢᠭᠦᠯᠬᠦ ᠠᠵᠤ ᠦᠢᠯᠡᠰᠴᠢᠯᠡᠭᠰᠡᠨ | ᠮᠡᠷᠭᠡᠵᠢᠯ ᠤᠨ ᠲᠠᠪᠴᠠᠩ᠂ ᠦᠷ᠎ᠡ ᠶᠢᠨ ᠴᠣᠭᠴᠠ ᠳᠤ ᠰᠢᠨ᠎ᠡ ᠡᠭᠦᠳᠦᠯᠲᠡ ᠪᠠᠷ ᠲᠤᠯᠭᠠᠭᠤᠷᠢᠯᠠᠭᠰᠠᠨ ᠬᠠᠮᠲᠤ ᠳᠤ ᠪᠠᠨ | ᠬᠦᠷᠲᠡᠬᠦ ᠲᠠᠪᠴᠠᠩ ᠵᠢᠴᠢ ᠰᠠᠭᠠᠯᠢ ᠶᠢᠨ ᠦᠨᠢᠶᠡᠨ ᠤ ᠰᠢᠯᠢᠳᠡᠭ ᠰᠠᠶᠢᠨ ᠦᠷ᠎ᠡ ᠶᠢᠨ ᠴᠣᠭᠴᠠ ᠶᠢᠨ ᠦᠵᠡᠭᠦᠯᠭᠡ | ᠬᠢᠭᠡᠳ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠡᠯ᠎ᠡ ᠵᠦᠢᠯ ᠤᠨ ᠡᠭᠦᠷᠭᠡ ᠶᠢ ᠴᠥᠮ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠶ | ᠪᠣᠯᠬᠤᠷ᠂ ᠳᠣᠷᠣᠭᠰᠢ ᠳᠠᠭᠢᠵᠤ ᠵᠢᠭᠰᠠᠭᠠᠵᠤ ᠲᠣᠳᠣᠷᠬᠠᠢᠢᠯᠠᠬᠤ ᠥᠬᠡᠶ︶ | 2.ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ | ᠬᠤᠰᠲ᠋ᠠᠨ ᠰᠠᠭᠠᠯᠢ ᠶᠢᠨ ᠦᠨᠢᠶ᠎ᠡ᠂ ᠰᠠᠭᠠᠯᠢ ᠪᠠ ᠠᠯᠠᠰᠢᠨ ᠤ ᠰᠢᠮᠧᠨ᠋ᠳᠡᠷ ᠦᠬᠡᠷ ᠪᠠ ᠭᠤᠷᠪᠠᠨ ᠭᠤᠤᠯ ᠤᠨ | ᠦᠬᠡᠷ ᠤᠨ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ | ᠪᠦᠬᠦ ᠣᠷᠣᠨ ᠤ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠭᠤᠤᠯᠯᠠᠬᠤ ᠰᠦᠷᠦᠭᠵᠢᠯ ᠢ ᠵᠣᠬᠢᠶᠠᠨ | ᠪᠠᠶᠢᠭᠤᠯᠤᠨ᠎ᠠ᠃ 2022 ᠣᠨ ᠪᠣᠯᠬᠤ ᠳᠤ᠂ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠶ ᠨᠢ ᠵᠢᠯ ᠪᠦᠷᠢ | ᠡᠭᠦᠯᠳᠡᠷ ᠤᠨ ᠪᠤᠬᠠᠨ ᠤ ᠥᠷᠲᠡᠭᠡ ᠳᠤ ᠪᠡᠶ᠎ᠡ ᠪᠠᠨ ᠳᠠᠭᠠᠭᠠᠵᠤ ᠡᠭᠦᠯᠳᠡᠷ ᠪᠤᠶᠢᠵᠢᠭᠤᠯᠤᠭᠰᠠᠨ ᠪᠤᠬ᠎ᠠ ᠶᠢ 5 ᠠᠴᠠ | ᠢᠯᠡᠭᠦᠦ ᠬᠠᠩᠭᠠᠵᠤ᠂ ᠭᠤᠤᠯᠯᠠᠬᠤ ᠡᠭᠦᠯᠳᠡᠷ ᠤᠨ ᠢᠷᠡᠯᠲᠡ ᠶᠢᠨ ᠥᠪᠡᠰᠦᠪᠡᠨ ᠬᠠᠩᠭᠠᠬᠤ ᠨᠣᠷᠮ᠎ᠠ ᠶᠢ ᠢᠯᠡᠳᠲᠡ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3.ᠦᠵᠦᠭᠦᠷᠯᠡᠬᠦ ᠳᠡᠰ ᠤᠨ ᠪᠤᠬ᠎ᠠ ᠶᠢ ᠪᠤᠶᠢᠵᠢᠭᠤᠯᠤᠨ᠎ᠠ᠃ ᠳᠡᠯᠡᠬᠡᠶ ᠶᠢᠨ ᠦᠵᠦᠭᠦᠷᠯᠡᠬᠦ ᠲᠡᠰ ᠤᠨ | ᠪᠤᠬ᠎ᠠ ᠶᠢᠨ ᠬᠦᠪᠦᠷᠡᠯ᠂ ᠢᠴᠡᠭᠡᠯ ᠦᠷ᠎ᠡ ᠶᠢ ᠣᠷᠣᠭᠤᠯᠤᠨ ᠠᠪᠴᠢᠷᠠᠵᠤ᠂ ᠪᠦᠬᠦ ᠭᠧᠨ ᠤ ᠪᠦᠯᠦᠭ ᠰᠣᠩᠭᠤᠬᠤ | ᠮᠡᠷᠭᠡᠵᠢᠯ ᠢᠶᠠᠷ ᠰᠢᠯᠢᠳᠡᠭ ᠡᠭᠦᠯᠳᠡᠷ ᠤᠨ ᠪᠡᠯᠡᠳᠬᠡᠯ ᠪᠤᠬ᠎ᠠ ᠶᠢ ᠡᠷᠲᠡ ᠰᠣᠩᠭᠤᠨ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠥᠮᠴᠢᠯᠡᠯ ᠤᠨ ᠡᠷᠬᠡ ᠲᠠᠢ ᠰᠢᠯᠢᠳᠡᠭ ᠡᠭᠦᠯᠳᠡᠷ ᠤᠨ ᠪᠤᠬ᠎ᠠ ᠶᠢ ᠲᠦᠷᠭᠡᠳᠬᠡᠨ ᠪᠤᠶᠢᠵᠢᠭᠤᠯᠤᠨ᠎ᠠ᠃ | 2022 ᠣᠨ ᠪᠣᠯᠬᠤ ᠳᠤ᠂ ᠳᠡᠯᠡᠬᠡᠶ ᠶᠢᠨ 100 ᠤ ᠳᠣᠲᠣᠷ᠎ᠠ ᠵᠢᠭᠰᠠᠭᠠᠭᠳᠠᠭᠰᠠᠨ ᠬᠤᠰᠲ᠋ᠠᠨ ᠡᠭᠦᠯᠳᠡᠷ ᠤᠨ | ᠪᠤᠬ᠎ᠠ ᠶᠢ 5᠂ ᠤᠯᠤᠰ ᠤᠨ ᠳᠣᠲᠣᠭᠠᠳᠤ ᠶᠢᠨ 100 ᠤ ᠳᠣᠲᠣᠷ᠎ᠠ ᠵᠢᠭᠰᠠᠭᠠᠭᠳᠠᠭᠰᠠᠨ ᠬᠤᠰᠲ᠋ᠠᠨ ᠡᠭᠦᠯᠳᠡᠷ ᠤᠨ | ᠪᠤᠬ᠎ᠠ ᠶᠢ 30 ᠭᠠᠷᠤᠢ ᠪᠤᠶᠢᠵᠢᠭᠤᠯᠤᠨ᠎ᠠ︔ ᠤᠯᠤᠰ ᠤᠨ ᠳᠣᠲᠣᠭᠠᠳᠤ ᠶᠢᠨ 100 ᠤ ᠳᠣᠲᠣᠷ᠎ᠠ ᠵᠢᠭᠰᠠᠭᠠᠭᠳᠠᠭᠰᠠᠨ | ᠰᠢᠮᠧᠨ᠋ᠳᠡᠷ ᠪᠤᠬ᠎ᠠ ᠶᠢ 30 ᠪᠤᠶᠢᠵᠢᠭᠤᠯᠤᠨ᠎ᠠ︔ ᠤᠳᠤᠮ ᠢ ᠨᠢ ᠰᠢᠯᠭᠠᠨ ᠲᠣᠭᠲᠠᠭᠠᠭᠰᠠᠨ ᠭᠤᠷᠪᠠᠨ ᠭᠤᠤᠯ ᠤᠨ | ᠦᠬᠡᠷ ᠤᠨ ᠦᠷ᠎ᠡ ᠠᠪᠬᠤ ᠪᠤᠬ᠎ᠠ ᠶᠢ 60 ᠭᠠᠷᠤᠢ ᠪᠤᠶᠢᠵᠢᠭᠤᠯᠤᠨ᠎ᠠ᠃ ᠰᠠᠭᠠᠯᠢ ᠶᠢᠨ ᠬᠤᠨᠢ ᠢᠮᠠᠭᠠᠨ ᠤ | ᠣᠷᠣᠭᠤᠯᠵᠤ ᠠᠪᠴᠢᠷᠠᠭᠰᠠᠨ ᠡᠭᠦᠯᠳᠡᠷ ᠢ ᠨᠤᠲᠤᠭᠰᠢᠭᠤᠯᠤᠨ ᠪᠤᠶᠢᠵᠢᠭᠤᠯᠬᠤ ᠠᠵᠢᠯ ᠢ ᠥᠷᠨᠢᠭᠦᠯᠵᠦ᠂ ᠮᠣᠩᠭᠤᠯ | ᠠᠳᠤᠭᠤ᠂ ᠬᠤᠤᠰ ᠪᠥᠬᠦᠲᠦ ᠲᠡᠮᠡᠭᠡᠨ ᠤ ᠡᠭᠦᠯᠳᠡᠷ ᠰᠣᠩᠭᠤᠨ ᠪᠤᠶᠢᠵᠢᠭᠤᠯᠬᠤ ᠠᠵᠢᠯ ᠢ ᠠᠬᠢᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠬᠤᠶᠠᠷ︶ ᠲᠡᠵᠢᠭᠡᠯ ᠡᠪᠡᠰᠦ ᠪᠣᠷᠳᠣᠭᠠᠨ ᠤ ᠲᠡᠷᠢᠭᠦᠨ ᠳᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | 4. ᠴᠢᠨᠠᠷ ᠰᠠᠶᠢᠲᠠᠢ ᠲᠡᠵᠢᠭᠡᠯ ᠡᠪᠡᠰᠦᠨ ᠤ ᠦᠷ᠎ᠡ ᠬᠠᠩᠭᠠᠵᠤ ᠥᠭᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠴᠠᠷᠭᠠᠰᠤ ᠪᠠᠷ ᠭᠤᠣᠯᠳᠠᠯᠭ᠎ᠠ ᠪᠣᠯᠭᠠᠵᠤ᠂ ᠴᠢᠨᠠᠷ ᠰᠠᠶᠢᠲᠠᠶ ᠲᠡᠵᠢᠭᠡᠯ ᠡᠪᠡᠰᠦᠨ ᠤ ᠦᠷ᠎ᠡ ᠶᠢ ᠪᠤᠶᠢᠵᠢᠭᠤᠯᠬᠤ | ᠮᠡᠷᠭᠡᠵᠢᠯ ᠤᠨ ᠰᠤᠳᠤᠯᠭᠠᠨ ᠢ ᠨᠢ ᠴᠢᠩᠭᠠᠳᠬᠠᠨ᠂ ᠰᠢᠨ᠎ᠡ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠪᠠ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠠᠶᠢᠨ ᠦᠷ᠎ᠡ ᠡᠭᠦᠯᠳᠡᠷ ᠲᠠᠢ ᠪᠣᠯᠭᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ ᠴᠠᠷᠭᠠᠰᠤ ᠶᠢᠨ ᠦᠷ᠎ᠡ ᠶᠢᠨ ᠰᠠᠭᠤᠷᠢᠨ ᠭᠠᠵᠠᠷ ᠤᠨ ᠲᠠᠯᠠᠪᠠᠢ ᠶᠢ | 10 ᠲᠦᠮᠡᠨ ᠮᠦ ᠳᠤ ᠬᠦᠷᠭᠡᠵᠦ᠂ ᠵᠢᠯ ᠤᠨ ᠴᠠᠷᠭᠠᠰᠤᠨ ᠤ ᠦᠷ᠎ᠡ ᠶᠢᠨ ᠤᠨᠠᠯᠲᠠ ᠶᠢ 160 ᠲᠦᠮᠡᠨ ᠺᠢᠯᠣᠭ᠍ᠷᠠᠮ | ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 5.ᠤᠨᠠᠯᠲᠠ ᠥᠨᠳᠥᠷ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ | ᠬᠠᠲᠤᠨ ᠭᠤᠤᠯ᠂ ᠨᠤᠨ ᠮᠥᠷᠡᠨ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠪᠠ ᠬᠥᠯᠥᠨ ᠪᠤᠶᠢᠷ᠂ | ᠰᠢᠯᠢ ᠶᠢᠨ ᠭᠤᠤᠯ ᠤᠨ ᠲᠠᠯ᠎ᠠ ᠨᠤᠲᠤᠭ ᠲᠠᠬᠢ ᠰᠦ ᠶᠢᠨ ᠢᠷᠡᠯᠲᠡ ᠶᠢᠨ ᠲᠠᠪᠤᠨ ᠶᠡᠭᠡ ᠰᠠᠭᠤᠷᠢᠨ ᠭᠠᠵᠠᠷ ᠲᠤ | ᠡᠷᠳᠡᠨᠢ ᠰᠢᠰᠢ ᠶᠢ ᠡᠰᠢ ᠰᠦᠷᠡᠯ ᠲᠠᠢ ᠨᠢ ᠳᠠᠷᠤᠰᠢᠭᠤᠯᠬᠤ ᠶᠢ ᠶᠡᠭᠡ ᠪᠠᠷ ᠳᠡᠯᠭᠡᠷᠡᠭᠦᠯᠦᠨ᠂ ᠡᠷᠳᠡᠨᠢ ᠰᠢᠰᠢ | ᠳᠠᠷᠤᠰᠢᠭᠤᠯᠬᠤ ᠰᠠᠭᠤᠷᠢᠨ ᠭᠠᠵᠠᠷ ᠢ 700 ᠲᠦᠮᠡᠨ ᠮᠦ ᠲᠥᠬᠦᠷᠵᠢᠭᠦᠯᠦᠨ ᠪᠠᠶᠢᠭᠤᠯᠵᠤ᠂ ᠲᠣᠰ ᠭᠠᠵᠠᠷ ᠤᠨ | ᠣᠢᠢᠷ᠎ᠠ ᠬᠠᠪᠢ ᠳᠤ ᠪᠠᠨ ᠳᠠᠷᠤᠰᠢᠭᠤᠯᠤᠭᠰᠠᠨ ᠲᠡᠵᠢᠭᠡᠯ ᠪᠣᠷᠳᠤᠭ᠎ᠠ ᠬᠠᠩᠭᠠᠬᠤ ᠶᠢ ᠪᠠᠲᠤᠯᠠᠨ᠎ᠠ᠃ ᠳᠤᠮᠳᠠ ᠪᠠ | ᠪᠠᠷᠠᠭᠤᠨ ᠬᠡᠰᠡᠭ ᠲᠠᠬᠢ ᠬᠠᠳᠤᠨ ᠭᠤᠣᠯ ᠤᠨ ᠰᠠᠪᠠ ᠭᠠᠵᠠᠷ᠂ ᠵᠡᠭᠦᠨ ᠬᠡᠰᠡᠭ ᠲᠠᠬᠢ ᠪᠠᠷᠠᠭᠤᠨ ᠯᠢᠶᠣᠤ ᠾᠧ ᠭᠤᠣᠯ | — ᠨᠤᠨ ᠮᠥᠷᠡᠨ ᠤ ᠰᠠᠪᠠ ᠭᠠᠵᠠᠷ ᠪᠠ ᠬᠤᠶᠢᠲᠤ ᠬᠡᠰᠡᠭ ᠲᠠᠬᠢ ᠮᠠᠯᠵᠢᠬᠤ ᠣᠷᠣᠨ ᠤ ᠬᠦᠢᠲᠡᠨ ᠳᠤ ᠲᠡᠰᠪᠦᠷᠢᠲᠡᠢ | ᠴᠠᠷᠭᠠᠰᠤ ᠲᠠᠷᠢᠬᠤ ᠪᠦᠰᠡ ᠪᠠᠶᠢᠭᠤᠯᠬᠤ ᠶᠢ ᠳᠡᠮᠵᠢᠵᠦ᠂ 700 ᠲᠦᠮᠡᠨ ᠮᠦ ᠴᠢᠨᠠᠷ ᠰᠠᠶᠢᠲᠠᠶ ᠴᠠᠷᠭᠠᠰᠤ ᠲᠠᠷᠢᠬᠤ | ᠰᠠᠭᠤᠷᠢᠨ ᠭᠠᠵᠠᠷ ᠢ ᠪᠠᠶᠢᠭᠤᠯᠤᠨ᠂ ᠤᠯᠤᠰ ᠲᠤ ᠪᠠᠨ ᠦᠢᠯᠡᠳᠪᠦᠷᠢᠯᠡᠭᠰᠡᠨ ᠴᠠᠷᠭᠠᠰᠤ ᠶᠢᠨ ᠭᠠᠷᠤᠯᠲᠠ ᠪᠠ ᠶᠠᠰᠤ | ᠴᠢᠨᠠᠷ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 6.ᠲᠡᠵᠢᠭᠡᠯ ᠡᠪᠡᠰᠦ ᠪᠣᠷᠳᠤᠭ᠎ᠠ ᠶᠢ ᠮᠧᠬᠠᠨᠢᠬᠵᠢᠭᠤᠯᠤᠨ ᠦᠢᠯᠡᠳᠪᠦᠷᠢᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠮᠧᠬᠠᠨᠢᠬᠵᠢᠯᠲᠠ ᠪᠠᠨ ᠳᠡᠭᠡᠭᠰᠢᠯᠡᠭᠦᠯᠬᠦ | ᠠᠵᠢᠯᠯᠠᠭ᠎ᠠ ᠶᠢ ᠥᠷᠨᠢᠭᠦᠯᠵᠦ᠂ ᠴᠠᠷᠭᠠᠰᠤ᠂ ᠳᠠᠷᠤᠰᠢᠭᠤᠯᠬᠤ ᠪᠤᠷᠳᠤᠭ᠎ᠠ ᠵᠡᠷᠭᠡ ᠲᠡᠵᠢᠭᠡᠯ ᠡᠪᠡᠰᠦ ᠪᠣᠷᠳᠣᠭᠠᠨ ᠤ | ᠲᠠᠷᠢᠮᠠᠯ ᠢ ᠬᠠᠳᠤᠵᠤ ᠬᠤᠷᠢᠶᠠᠬᠤ᠂ ᠪᠣᠯᠪᠠᠰᠤᠷᠠᠭᠤᠯᠬᠤ ᠮᠠᠰᠢᠨ ᠳᠤ ᠴᠢᠯᠥᠭᠡᠲᠡᠶ ᠨᠡᠮᠡᠭᠦᠷᠢ ᠥᠭᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ᠳᠠᠷᠤᠰᠢᠭᠤᠯᠵᠤ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠬᠤᠳᠠᠯᠳᠤᠨ | ᠠᠪᠬᠤ ᠳᠤ ᠨᠡᠮᠡᠭᠦᠷᠢ ᠥᠭᠬᠦ ᠬᠡᠮᠵᠢᠶ᠎ᠡ ᠶᠢ ᠬᠠᠮᠤᠭ ᠤᠨ ᠥᠨᠳᠥᠷ ᠲᠤ ᠪᠠᠨ 15 ᠲᠦᠮᠡᠨ ᠲᠥᠭᠦᠷᠢᠭ ᠪᠣᠯᠭᠠᠨ | ᠳᠡᠭᠡᠭᠰᠢᠯᠡᠭᠦᠯᠵᠦ᠂ ᠮᠠᠯᠵᠢᠬᠤ ᠣᠷᠣᠨ ᠤ ᠭᠡᠷ ᠪᠦᠯᠢ ᠶᠢᠨ ᠰᠠᠭᠠᠯᠢ ᠶᠢᠨ ᠮᠠᠯ ᠤᠨ ᠮᠠᠯᠵᠢᠯ ᠤᠨ ᠲᠠᠯᠠᠪᠠᠢ᠂ | ᠰᠠᠭᠠᠯᠢ ᠶᠢᠨ ᠲᠠᠷᠢᠶᠠᠴᠢᠨ ᠤ ᠬᠤᠷᠰᠢᠶᠠᠵᠢᠯ ᠤᠨ ᠮᠠᠯᠵᠢᠯ ᠳᠤ ᠬᠡᠷᠡᠭᠯᠡᠬᠦ ᠮᠠᠰᠢᠨ ᠪᠠᠭᠠᠵᠢ ᠬᠤᠳᠠᠯᠳᠤᠨ ᠠᠪᠬᠤ ᠳᠤ | ᠨᠡᠮᠡᠭᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠥᠪ ᠤᠨ ᠡᠳ᠋ ᠤᠨ ᠵᠠᠰᠠᠭ ᠠᠴᠠ 30% ᠶᠢᠨ ᠨᠡᠮᠡᠭᠦᠷᠢ | ᠥᠭᠭᠦᠭᠰᠡᠨ ᠰᠠᠭᠤᠷᠢᠨ ᠳᠡᠭᠡᠷ᠎ᠡ᠂ ᠨᠡᠮᠡᠭᠦᠷᠢ ᠶᠢᠨ ᠪᠠᠷᠢᠮᠵᠢᠶ᠎ᠠ ᠶᠢ 50% ᠪᠣᠯᠲᠠᠯ᠎ᠠ ᠳᠡᠭᠡᠭᠰᠢᠯᠡᠭᠦᠯᠦᠨ᠎ᠡ᠃ ᠮᠠᠯᠵᠢᠬᠤ | ᠣᠷᠣᠨ ᠤ ᠦᠨᠢᠶ᠎ᠡ ᠰᠠᠭᠠᠬᠤ ᠮᠠᠰᠢᠨ ᠪᠠ ᠳᠠᠷᠤᠰᠢᠭᠤᠯᠵᠤ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ | ᠬᠤᠳᠠᠯᠳᠤᠨ ᠠᠪᠬᠤ ᠳᠤ ᠨᠡᠮᠡᠭᠦᠷᠢ ᠥᠭᠬᠦ ᠬᠠᠮᠤᠭ ᠤᠨ ᠥᠨᠳᠥᠷ ᠬᠡᠮᠵᠢᠶ᠎ᠡ ᠶᠢ 20 ᠲᠦᠮᠡᠨ ᠲᠥᠭᠦᠷᠢᠭ ᠪᠣᠯᠲᠠᠯ᠎ᠠ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠰᠦ ᠶᠢᠨ ᠢᠷᠡᠯᠲᠡ ᠶᠢᠨ ᠲᠡᠷᠢᠭᠦᠨ ᠳᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | | 7.ᠠᠵᠤ ᠦᠢᠯᠡᠰ ᠤᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ︽ᠦᠷᠡᠵᠢᠭᠦᠯᠵᠦ ᠪᠤᠶᠢᠵᠢᠭᠤᠯᠬᠤ︾ | ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠢᠴᠡᠭᠡᠯ ᠦᠷ᠎ᠡ᠂ ᠬᠦᠢᠰᠦ ᠶᠢᠨ ᠢᠯᠭᠠᠯ ᠪᠦᠬᠦᠢ | ᠢᠴᠡᠭᠡᠯ ᠦᠷ᠎ᠡ ᠶᠢ ᠳᠡᠯᠭᠡᠷᠡᠭᠦᠯᠵᠦ᠂ ᠥᠪᠡᠰᠦᠪᠡᠨ ᠦᠷᠡᠵᠢᠭᠦᠯᠬᠦ ᠪᠥᠭᠡᠳ ᠪᠣᠷᠳᠣᠵᠤ ᠪᠤᠶᠢᠵᠢᠭᠤᠯᠤᠨ᠎ᠠ᠃ | ︽ᠣᠷᠣᠭᠤᠯᠵᠤ ᠠᠪᠴᠢᠷᠠᠬᠤ︾ ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ | ᠡᠷᠦᠬᠡ ᠶᠢ ᠵᠣᠷᠢᠬᠵᠢᠭᠤᠯᠵᠤ ᠪᠠᠶᠢᠭᠠᠳ ᠴᠢᠨᠠᠷ ᠰᠠᠶᠢᠲᠠᠶ ᠦᠨᠢᠶ᠎ᠡ ᠶᠢ ᠣᠷᠣᠭᠤᠯᠵᠤ ᠠᠪᠴᠢᠷᠠᠨ᠎ᠠ᠃ ︽ᠪᠡᠯᠡ | ᠣᠷᠣᠭᠤᠯᠬᠤ︾ ᠪᠠᠷ ᠥᠰᠬᠡᠨ ᠨᠡᠮᠡᠭᠳᠡᠭᠦᠯᠬᠦ ᠶᠢ ᠠᠬᠢᠭᠤᠯᠵᠤ᠂ ᠨᠡᠶᠢᠭᠡᠮ ᠤᠨ ᠬᠥᠷᠥᠩᠭᠡ ᠮᠥᠩᠭᠦ ᠪᠠ ᠬᠥᠲᠥᠴᠢ | ᠪᠣᠯᠪᠠᠰᠤᠷᠠᠭᠤᠯᠬᠤ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠰᠦ ᠶᠢᠨ ᠢᠷᠡᠯᠲᠡ ᠶᠢᠨ ᠰᠠᠭᠤᠷᠢᠨ ᠭᠠᠵᠠᠷ | ᠪᠠᠶᠢᠭᠤᠯᠬᠤ ᠪᠠᠷ ᠪᠡᠯᠡ ᠤᠷᠤᠭᠤᠯᠤᠭᠤᠯᠤᠨᠠ᠃ ᠬᠦᠬᠡᠬᠤᠲᠠ ᠪᠠᠷ ᠭᠤᠤᠯ ᠪᠣᠯᠭᠠᠭᠰᠠᠨ ᠬᠠᠳᠤᠨ ᠭᠤᠤᠯ ᠳᠠᠭᠠᠤ ᠶᠢᠨ | ᠣᠷᠣᠨ ᠳᠤ ᠬᠤᠰᠲ᠋ᠠᠨ ᠰᠠᠭᠠᠯᠢ ᠶᠢᠨ ᠦᠨᠢᠶᠡᠨ ᠤ ᠲᠤᠭ᠎ᠠ ᠶᠢ 75 ᠲᠦᠮᠡ ᠪᠣᠯᠲᠠᠯ᠎ᠠ ᠦᠷᠡᠵᠢᠭᠦᠯᠦᠨ ᠥᠰᠬᠡᠵᠦ᠂ | ᠴᠢᠨᠠᠷ ᠪᠠ ᠰᠠᠭᠠᠯᠢ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠥᠯᠥᠨ | ᠪᠤᠶᠢᠷ ᠬᠤᠲᠠ ᠶᠢᠨ ᠳᠠᠪᠠᠭᠠᠨ ᠤ ᠵᠡᠭᠦᠨ ᠬᠡᠰᠡᠭ ᠪᠠ ᠬᠢᠩᠭᠠᠨ ᠠᠶᠢᠮᠠᠭ ᠵᠡᠷᠭᠡ ᠨᠤᠨ ᠮᠥᠷᠡᠨ ᠤ ᠰᠠᠪᠠ ᠭᠠᠵᠠᠷ ᠵᠢᠴᠢ | ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠨᠢ | ᠬᠤᠰᠲ᠋ᠠᠨ ᠰᠠᠭᠠᠯᠢ ᠶᠢᠨ ᠦᠨᠢᠶ᠎ᠡ ᠪᠠᠷ ᠭᠤᠣᠯ ᠪᠣᠯᠭᠠᠨ᠂ ᠰᠠᠭᠠᠯᠢ ᠪᠠ ᠠᠯᠠᠰᠢᠨ ᠤ ᠦᠬᠡᠷ ᠢ ᠦᠷᠡᠵᠢᠭᠦᠯᠦᠨ | ᠨᠡᠮᠡᠭᠳᠡᠭᠦᠯᠬᠦ ᠶᠢ ᠨᠢ ᠠᠬᠢᠭᠤᠯᠵᠤ᠂ ᠬᠤᠰᠲ᠋ᠠᠨ ᠰᠠᠭᠠᠯᠢ ᠶᠢᠨ ᠦᠨᠢᠶ᠎ᠡ ᠬᠢᠭᠡᠳ ᠰᠠᠭᠠᠯᠢ ᠪᠠ ᠠᠯᠠᠰᠢᠨ ᠤ ᠦᠬᠡᠷ ᠢ | ᠲᠣᠰ ᠲᠣᠰ 45 ᠲᠦᠮᠨ ᠪᠠ 20 ᠲᠦᠮᠨ ᠪᠣᠯᠲᠠᠯ᠎ᠠ ᠦᠷᠡᠵᠢᠭᠦᠯᠦᠨ ᠥᠰᠬᠡᠵᠦ᠂ ᠪᠠᠷᠢᠮᠵᠢᠶ᠎ᠠ ᠪᠠᠷ ᠥᠨᠳᠥᠷ | ᠪᠥᠭᠡᠳ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠬᠥᠯᠥᠨ ᠪᠤᠶᠢᠷ᠂ | ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠠᠯᠵᠢᠬᠤ ᠣᠷᠣᠨ ᠨᠢ ᠭᠤᠷᠪᠠᠨ ᠭᠤᠤᠯ ᠤᠨ ᠦᠬᠡᠷ᠂ ᠰᠢᠮᠧᠨ᠋ᠳᠠᠷ | ᠦᠬᠡᠷ ᠵᠡᠷᠭᠡ ᠰᠠᠭᠠᠯᠢ ᠪᠠ ᠠᠯᠠᠰᠢᠨ ᠤ ᠡᠭᠦᠯᠳᠡᠷ ᠢᠶᠠᠷ ᠭᠤᠤᠯ ᠪᠣᠯᠭᠠᠨ᠂ 20 ᠲᠦᠮᠨ ᠪᠣᠯᠲᠠᠯ᠎ᠠ ᠦᠷᠡᠵᠢᠭᠦᠯᠦᠨ | ᠥᠰᠬᠡᠵᠦ᠂ ᠣᠨᠴᠠᠯᠢᠭ ᠲᠠᠢ ᠪᠥᠭᠡᠳ ᠪᠣᠬᠢᠷᠲᠤᠯ ᠦᠭᠡᠢ ᠣᠷᠭᠠᠨᠢᠭ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠤᠨ᠎ᠠ᠃ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ | ᠰᠡᠨᠧᠨ ᠪᠠ ᠵᠡᠭᠦᠨ ᠹᠷᠧᠷᠢᠰᠦᠨ ᠵᠡᠷᠭᠡ ᠡᠭᠦᠯᠳᠡᠷ ᠤᠨ ᠰᠠᠭᠠᠯᠢ ᠶᠢᠨ ᠢᠮᠠᠭ᠎ᠠ ᠶᠢ ᠲᠡᠵᠢᠭᠡᠨ ᠦᠷᠡᠵᠢᠭᠦᠯᠵᠦ᠂ 50 | ᠲᠦᠮᠡ ᠦᠷᠡᠵᠢᠭᠦᠯᠦᠨ ᠥᠰᠬᠡᠵᠦ᠂ ᠳᠡᠭᠡᠳᠦ ᠳᠡᠰ ᠴᠢᠨᠠᠷ ᠲᠠᠢ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠤᠨ᠎ᠠ᠃ ᠮᠠᠯᠵᠢᠬᠤ ᠣᠷᠣᠨ ᠤ ᠠᠳᠤᠭᠤ᠂ ᠲᠡᠮᠡᠭᠡ ᠵᠡᠷᠭᠡ ᠶᠢ ᠲᠣᠭᠲᠠᠭᠤᠨ ᠥᠰᠦᠯᠲᠡ ᠲᠠᠢ | ᠪᠠᠶᠢᠯᠭᠠᠵᠤ᠂ ᠭᠡᠭᠦᠦ ᠶᠢᠨ ᠰᠦ᠂ ᠢᠩᠭᠡᠨ ᠤ ᠰᠦ ᠵᠡᠷᠭᠡ ᠣᠨᠴᠠᠯᠢᠭ ᠲᠠᠢ ᠰᠦ ᠶᠢᠨ ᠢᠷᠡᠯᠲᠡ ᠶᠢᠨ ᠰᠠᠭᠤᠷᠢᠨ | ᠭᠠᠵᠠᠷ ᠢ ᠪᠣᠢ ᠪᠣᠯᠭᠠᠨ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | 8.ᠪᠠᠷᠢᠮᠵᠢᠶᠠᠵᠢᠭᠤᠯᠤᠭᠰᠠᠨ ᠬᠡᠪᠴᠢᠶᠡᠵᠢᠭᠦᠯᠵᠦ ᠲᠡᠵᠢᠭᠡᠨ ᠦᠷᠡᠵᠢᠭᠦᠯᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠭᠡᠷ ᠪᠦᠯᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ | ᠬᠡᠪᠴᠢᠶᠡᠵᠢᠭᠦᠯᠦᠨ ᠡᠵᠡᠩᠨᠡᠬᠦ ᠶᠢ ᠳᠠᠮᠵᠢᠵᠤ᠂ ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠦᠨ᠂ ︽ᠡᠭᠦᠯᠳᠡᠷ ᠰᠠᠶᠢᠵᠢᠷᠠᠭᠤᠯᠬᠤ᠂ ᠲᠡᠵᠢᠭᠡᠨ ᠦᠷᠡᠵᠢᠭᠦᠯᠬᠦ ᠶᠢ ᠪᠡᠯᠡᠳᠬᠡᠮᠵᠢᠭᠦᠯᠬᠦ᠂ | ᠦᠢᠯᠡᠳᠪᠦᠷᠢᠯᠡᠬᠦ ᠶᠢ ᠵᠢᠷᠤᠮᠵᠢᠭᠤᠯᠬᠤ᠂ ᠬᠢᠵᠢᠭ ᠰᠡᠷᠭᠡᠶᠢᠯᠡᠬᠦ ᠶᠢ ᠳᠦᠷᠢᠮᠵᠢᠭᠦᠯᠬᠦ᠂ ᠰᠢᠭᠡᠭ ᠰᠠᠩᠭᠠᠰᠤ | ᠰᠢᠢᠳᠪᠦᠷᠢᠯᠡᠬᠦ ᠶᠢ ᠬᠤᠣᠷ ᠦᠭᠡᠶᠢᠲᠡᠭᠦᠯᠬᠦ᠂ ᠬᠢᠨᠠᠨ ᠬᠠᠮᠢᠶᠠᠷᠬᠤ ᠶᠢ ᠪᠠᠶᠢᠩᠭᠤᠵᠢᠭᠤᠯᠬᠤ︾ ᠱᠠᠭᠠᠷᠳᠠᠯᠭ᠎ᠠ ᠶᠣᠰᠣᠭᠠᠷ᠂ | ᠳᠤᠮᠳᠠ ᠵᠢᠵᠢᠭ ᠬᠡᠪᠴᠢᠶᠡᠨ ᠤ ᠮᠠᠯᠵᠢᠯ ᠤᠨ ᠲᠠᠯᠠᠪᠠᠢ ᠶᠢ ᠥᠭᠡᠷᠡᠴᠢᠯᠡᠨ ᠰᠢᠨᠡᠳᠬᠡᠵᠦ ᠳᠡᠰ ᠳᠡᠪᠰᠢᠬᠦᠯᠬᠦ ᠶᠢ ᠨᠢ | ᠠᠬᠢᠭᠤᠯᠵᠤ᠂ ᠪᠠᠷᠢᠮᠵᠢᠶᠠᠵᠢᠭᠰᠠᠨ ᠲᠡᠵᠢᠭᠡᠵᠦ ᠦᠷᠡᠵᠢᠭᠦᠯᠬᠦ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ 2022 | ᠣᠨ ᠪᠣᠯᠬᠤ ᠳᠤ᠂ 50 ᠭᠠᠷᠤᠢ ᠮᠠᠯ ᠲᠠᠢ ᠬᠡᠷ ᠪᠦᠯᠢ ᠶᠢᠨ ᠮᠠᠯᠵᠢᠯ ᠤᠨ ᠲᠠᠯᠠᠪᠠᠶ ᠪᠠ ᠬᠤᠷᠰᠢᠶᠠᠵᠢᠯ ᠪᠥᠬᠦᠨ ᠢ | ᠪᠠᠷᠢᠮᠵᠢᠶᠠᠵᠢᠭᠤᠯᠤᠨ ᠥᠭᠡᠷᠡᠴᠢᠯᠡᠵᠦ ᠰᠢᠨᠡᠳᠬᠡᠨ ᠳᠡᠭᠡᠭᠰᠢᠯᠡᠭᠦᠯᠬᠦ ᠠᠵᠢᠯ ᠢ ᠨᠢ ᠪᠡᠶᠡᠯᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | ᠬᠠᠷᠢᠭᠤᠴᠠᠨ᠎ᠠ︶ | 9.ᠲᠣᠭᠠᠵᠢᠯᠠᠭᠰᠠᠨ ᠮᠠᠯᠵᠢᠯ ᠤᠨ ᠲᠠᠯᠠᠪᠠᠢ ᠶᠢ ᠲᠦᠷᠭᠡᠳᠬᠡᠨ ᠬᠥᠭᠵᠢᠭᠦᠯᠦᠨ᠎ᠡ᠃ ᠲᠡᠵᠢᠭᠡᠨ ᠦᠷᠡᠵᠢᠭᠦᠯᠬᠦ | ᠠᠵᠤ ᠠᠬᠤᠶᠢᠯᠠᠯ᠂ ᠰᠦ ᠴᠠᠭᠠᠨ ᠢᠳᠡᠭᠡᠨ ᠤ ᠠᠵᠤ ᠠᠬᠤᠶᠢᠯᠠᠯ ᠤᠨ ᠥᠪᠡᠰᠦᠪᠡᠨ ᠪᠠᠶᠢᠭᠤᠯᠤᠭᠰᠠᠨ᠂ ᠬᠤᠷᠰᠢᠭᠰᠠᠨ | ᠮᠠᠯᠵᠢᠯ ᠤᠨ ᠲᠠᠯᠠᠪᠠᠢ ᠳᠤ ︽ᠲᠣᠭᠠᠵᠢᠯᠠᠭᠰᠠᠨ ᠮᠠᠯᠵᠢᠯ ᠤᠨ ᠲᠠᠯᠠᠪᠠᠢ︾ ᠶᠢ ᠪᠦᠲᠦᠭᠡᠨ ᠪᠠᠶᠢᠭᠤᠯᠬᠤ ᠠᠵᠢᠯ | ᠥᠷᠨᠢᠭᠦᠯᠬᠦ ᠶᠢ ᠨᠢ ᠳᠠᠮᠵᠢᠵᠤ᠂ ᠦᠷᠡᠵᠢᠭᠦᠯᠦᠨ ᠪᠤᠶᠢᠵᠢᠭᠤᠯᠬᠤ᠂ ᠪᠣᠷᠳᠣᠨ ᠲᠡᠵᠢᠭᠡᠬᠦ᠂ ᠰᠠᠭᠠᠬᠤ᠂ ᠲᠣᠷᠨᠢᠭᠤᠨ | ᠦᠰᠬᠡᠬᠦ᠂ ᠭᠡᠮ ᠬᠢᠵᠢᠭ ᠰᠡᠷᠭᠡᠶᠢᠯᠡᠨ ᠵᠠᠰᠠᠬᠤ᠂ ᠲᠡᠭᠡᠭᠡᠪᠦᠷᠢᠯᠡᠬᠦ᠂ ᠰᠢᠭᠡᠭ ᠰᠠᠩᠭᠠᠰᠤ ᠰᠢᠢᠳᠪᠦᠷᠢᠯᠡᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠳᠤ ᠲᠣᠭᠠᠵᠢᠭᠤᠯᠤᠨ ᠬᠠᠮᠢᠶᠠᠷᠬᠤ ᠶᠢ ᠬᠡᠷᠡᠭᠵᠢᠭᠦᠯᠦᠨ᠂ ᠮᠠᠯᠵᠢᠯ ᠤᠨ ᠲᠠᠯᠠᠪᠠᠢ ᠶᠢᠨ | ᠠᠷᠠᠴᠢᠯᠠᠨ ᠲᠡᠵᠢᠭᠡᠵᠦ ᠪᠠᠶᠢᠬᠤ ᠶᠢ ᠨᠢ ᠬᠠᠷᠠᠵᠤ ᠪᠣᠯᠬᠤ᠂ ᠦᠢᠯᠡᠳᠪᠦᠷᠢᠯᠡᠵᠦ ᠪᠠᠶᠢᠬᠤ ᠶᠠᠪᠤᠴᠠ ᠶᠢ ᠨᠢ ᠡᠵᠡᠮᠳᠡᠵᠦ | ᠪᠣᠯᠬᠤ᠂ ᠶᠠᠰᠤ ᠴᠢᠨᠠᠷ ᠢ ᠨᠢ ᠮᠥᠷᠳᠡᠨ ᠤᠬᠤᠴᠢᠯᠠᠵᠤ ᠪᠣᠯᠬᠤ ᠪᠣᠯᠭᠠᠨ᠎ᠠ᠃ 2022 ᠣᠨ ᠪᠣᠯᠬᠤ ᠳᠤ᠂ ᠰᠦ | ᠰᠠᠭᠠᠯᠢ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠤᠨ ᠥᠪᠡᠰᠦᠪᠡᠨ ᠪᠠᠶᠢᠭᠤᠯᠤᠭᠰᠠᠨ᠂ ᠬᠤᠷᠰᠢᠭᠰᠠᠨ | ᠮᠠᠯᠵᠢᠯ ᠤᠨ ᠲᠠᠯᠠᠪᠠᠢ ᠪᠦᠬᠦᠨ ᠳᠤ ᠰᠦ ᠶᠢᠨ ᠢᠷᠡᠯᠲᠡ ᠶᠢ ᠨᠢ ᠲᠣᠭᠠᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ | ᠰᠦ ᠶᠢᠨ ᠢᠷᠡᠯᠲᠡ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠪᠠ ᠶᠠᠰᠤ ᠴᠢᠨᠠᠷ ᠢ ᠨᠢ ᠬᠠᠮᠢᠶᠠᠷᠬᠤ ᠶᠢ | ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | ︵ᠳᠥᠷᠪᠡ︶ ᠪᠣᠯᠪᠠᠰᠤᠷᠠᠭᠤᠯᠬᠤ ᠲᠡᠷᠢᠭᠦᠨ ᠤ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ | 10.ᠰᠦ ᠴᠠᠭᠠᠨ ᠢᠳᠡᠭᠡᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠡᠯᠡᠬᠡᠶᠢᠴᠢᠯᠡᠭᠰᠡᠨ | ᠬᠥᠭᠵᠢᠯᠲᠡ ᠶᠢ ᠳᠠᠮᠵᠢᠨ᠎ᠠ᠃ ᠴᠠᠭᠠᠨ ᠢᠳᠡᠭᠡᠨ ᠤ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠴᠠᠭᠠᠨ ᠢᠳᠡᠭᠡᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠠᠪᠠᠭᠤᠯᠢᠭ ᠣᠷᠣᠨ | ᠪᠦᠰᠡ ᠳᠤ ᠥᠪᠡᠷᠰᠡᠳ ᠤᠨ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠪᠣᠯᠪᠠᠰᠤᠷᠠᠭᠤᠯᠬᠤ ᠦᠢᠯᠡᠳᠪᠦᠷᠢ | ᠪᠠᠶᠢᠷᠢᠰᠢᠭᠤᠯᠬᠤ ᠶᠢ ᠠᠬᠢᠭᠤᠯᠤᠨ᠂ ᠠᠵᠤ ᠦᠢᠯᠡᠰ ᠢ ᠲᠥᠪᠯᠡᠷᠡᠭᠦᠯᠦᠨ ᠪᠦᠯᠦᠭᠵᠢᠭᠦᠯᠬᠦ 9 ᠲᠥᠷᠥᠯ ᠵᠦᠢᠯ ᠢ | ᠲᠣᠪᠤᠶᠢᠮ᠎ᠠ ᠰᠠᠶᠢᠲᠤᠷ ᠠᠳᠬᠤᠵᠤ᠂ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠵᠠᠬ᠎ᠠ | ᠳᠡᠯᠭᠡᠭᠦᠷ ᠤᠨ ᠬᠤᠶᠠᠷ ᠵᠦᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠰᠢᠭᠯᠠᠵᠤ᠂ ︽ᠣᠷᠣᠭᠤᠯᠵᠤ | ᠢᠷᠡᠬᠦ︾ ᠪᠠ ︽ᠭᠠᠳᠠᠭᠰᠢ ᠭᠠᠷᠭᠠᠬᠤ︾ ᠪᠠᠨ ᠤᠶᠠᠯᠳᠤᠭᠤᠯᠬᠤ ᠶᠢ ᠪᠠᠷᠢᠮᠲᠠᠯᠠᠨ᠂ ᠳᠡᠯᠡᠬᠡᠶ ᠶᠢᠨ ᠲᠡᠰ ᠤᠨ ᠰᠦ ᠶᠢᠨ | ᠢᠷᠡᠯᠳᠡ᠂ ᠮᠡᠷᠭᠡᠵᠢᠯ᠂ ᠪᠠᠷᠢᠮᠵᠢᠶ᠎ᠠ ᠶᠢ ᠬᠡᠷᠡᠭᠯᠡᠵᠦ᠂ ᠳᠡᠯᠡᠬᠡᠶ ᠶᠢᠨ ᠲᠡᠰ ᠤᠨ ᠠᠵᠤ ᠠᠬᠤᠶᠢᠯᠠᠯ ᠪᠠ ᠣᠯᠠᠨ | ᠤᠯᠤᠰ ᠤᠨ ᠨᠡᠷᠡᠲᠦ ᠲᠡᠮᠳᠡᠭ ᠢ ᠪᠤᠢ ᠪᠣᠯᠭᠠᠨ᠂ ᠲᠡᠷᠢᠭᠦᠨ ᠤ ᠪᠦᠲᠦᠬᠡᠭᠳᠡᠬᠦᠨ ᠪᠠ ᠦᠢᠯᠡᠴᠢᠯᠡᠭᠡ ᠶᠢ ᠬᠠᠩᠭᠠᠨ᠎ᠠ᠃ | 2022 ᠣᠨ ᠪᠣᠯᠬᠤ ᠳᠤ᠂ ᠲᠣᠮᠣ ᠬᠡᠪᠴᠢᠶᠡᠨ ᠤ ᠰᠦ ᠴᠠᠭᠠᠨ ᠢᠳᠡᠭᠡᠨ ᠤ ᠠᠵᠤ ᠠᠬᠤᠶᠢᠯᠠᠯ ᠤᠨ ᠳᠡᠯᠡᠬᠡᠶ | ᠳᠡᠭᠡᠷᠡᠬᠢ ᠦᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠳᠡᠯᠡᠬᠡᠶ ᠶᠢᠨ ᠰᠦ ᠶᠢᠨ ᠦᠢᠯᠡᠰ ᠤᠨ | ᠡᠮᠦᠨ᠎ᠡ ᠡᠩᠨᠡᠭᠡᠨ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 11.ᠰᠦ ᠴᠠᠭᠠᠨ ᠢᠳᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶᠡᠵᠢᠭᠰᠡᠨ ᠬᠥᠭᠵᠢᠯᠲᠡ ᠶᠢ | ᠠᠬᠢᠭᠤᠯᠤᠨ᠎ᠠ᠃ ᠰᠦ ᠴᠠᠭᠠᠨ ᠢᠳᠡᠭᠡ ᠪᠣᠯᠪᠠᠰᠤᠷᠠᠭᠤᠯᠬᠤ ᠳᠤᠮᠳᠠ ᠵᠢᠵᠢᠭ ᠠᠵᠤ ᠠᠬᠤᠶᠢᠯᠠᠯ ᠢ ᠢᠳᠡᠭᠡᠨ ᠤ ᠠᠵᠤ | ᠦᠢᠯᠡᠰ ᠤᠨ ᠬᠦᠷᠢᠶᠡᠯᠡᠩ ᠳᠤ ᠣᠷᠣᠭᠤᠯᠬᠤ ᠶᠢ ᠨᠢ ᠳᠠᠮᠵᠢᠵᠤ᠂ ᠳᠡᠭᠡᠳᠦ ᠳᠣᠤᠷᠠᠳᠤ ᠬᠡᠯᠬᠢᠶᠡᠨ ᠳᠠᠬᠢ ᠳᠤᠮᠳᠠ | ᠵᠢᠵᠢᠭ ᠠᠵᠤ ᠠᠬᠤᠶᠢᠯᠠᠯ ᠯᠤᠭ᠎ᠠ ᠲᠥᠬᠦᠷᠵᠢᠭᠦᠯᠵᠦ ᠬᠠᠮᠲᠤᠷᠠᠯᠴᠠᠬᠤ ᠶᠢ ᠨᠢ ᠴᠢᠩᠭᠠᠳᠬᠠ᠊ᠨ᠂ ᠪᠠᠷᠢᠮᠵᠢᠶᠠᠵᠢᠭᠤᠯᠤᠨ | ᠦᠢᠯᠡᠳᠪᠦᠷᠢᠯᠡᠬᠦ ᠶᠢ ᠬᠡᠷᠡᠭᠵᠢᠭᠦᠯᠵᠦ᠂ ︽ᠲᠤᠰᠬᠠᠢ ᠨᠠᠷᠢᠯᠢᠬ ᠣᠨᠴᠠᠭᠠᠶ ᠰᠢᠨ᠎ᠡ︾ ᠬᠥᠭᠵᠢᠯᠲᠡ ᠶᠢᠨ ᠵᠠᠮ ᠢᠶᠠᠷ | ᠵᠠᠮᠨᠠᠭᠤᠯᠤᠨ᠎ᠠ᠃ ᠬᠤᠲᠠ ᠪᠠ ᠬᠥᠮᠦᠨ ᠠᠮᠠ ᠨᠢᠭᠲᠠᠷᠠᠭᠰᠠᠨ ᠣᠷᠣᠨ ᠳᠤ ᠫᠠᠰᠳ᠋ᠸᠦ᠋ᠷ ᠤᠨ ᠠᠷᠭ᠎ᠠ ᠪᠠᠷ ᠪᠠᠺᠲ᠋ᠧᠷᠢ | ᠤᠰᠠᠳᠬᠠᠭᠰᠠᠨ ᠰᠦ ᠦᠢᠯᠡᠳᠪᠦᠷᠢᠯᠡᠬᠦ ᠠᠵᠢᠯ ᠢ ᠥᠷᠨᠢᠭᠦᠯᠵᠦ᠂ ︽ᠥᠪᠡᠷ ᠤᠨ ᠮᠠᠯᠵᠢᠯ ᠤᠨ ᠲᠠᠯᠠᠪᠠᠶ + ᠰᠦ ᠶᠢᠨ | ᠪᠠᠭᠠᠷ︾ ᠵᠡᠷᠭᠡ ᠦᠢᠯᠡᠳᠪᠦᠷᠢᠯᠡᠵᠦ ᠪᠣᠷᠣᠯᠠᠭᠤᠯᠬᠤ ᠵᠠᠭᠪᠤᠷ ᠢ ᠬᠥᠭᠵᠢᠭᠦᠯᠦᠨ᠂ ᠫᠠᠰᠳ᠋ᠸᠦ᠋ᠷ ᠤᠨ ᠠᠷᠭ᠎ᠠ ᠪᠠᠷ | ᠪᠠᠺᠲ᠋ᠧᠷᠢ ᠤᠰᠠᠳᠬᠠᠭᠰᠠᠨ ᠰᠦ ᠬᠡᠷᠡᠭᠯᠡᠭᠰᠡᠳ ᠢ ᠪᠣᠢ ᠪᠣᠯᠭᠠᠨ᠎ᠠ᠃ ᠰᠠᠭᠠᠯᠢ ᠶᠢᠨ ᠢᠮᠠᠭᠠᠨ ᠤ ᠵᠡᠷᠭᠡ ᠣᠨᠴᠠᠯᠢᠭ ᠲᠠᠢ | ᠴᠠᠭᠠᠨ ᠢᠳᠡᠭᠡ ᠶᠢ ᠨᠡᠭᠡᠭᠡᠨ ᠬᠥᠭᠵᠢᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢ ᠨᠢ ᠥᠷᠭᠡᠳᠬᠡᠨ᠎ᠡ᠃ 2022 | ᠣᠨ ᠪᠣᠯᠬᠤ ᠳᠤ᠂ ᠣᠷᠣᠨ ᠪᠦᠰᠡ ᠶᠢᠨ ᠣᠨᠴᠠᠯᠢᠭ ᠲᠠᠢ ᠰᠦ ᠴᠠᠭᠠᠨ ᠢᠳᠡᠭᠡ ᠪᠣᠯᠪᠠᠰᠤᠷᠠᠭᠤᠯᠬᠤ ᠨᠢᠭᠡ ᠪᠦᠯᠦᠭ | ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠪᠤᠢ ᠪᠣᠯᠭᠠᠵᠤ᠂ ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠪᠠᠨ | ᠨᠢᠭᠡ ᠴᠣᠭᠴᠠᠵᠢᠭᠤᠯᠬᠤ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12.ᠦᠨᠳᠦᠰᠦᠲᠡᠨ ᠤ ᠴᠠᠭᠠᠨ ᠢᠳᠡᠭᠡ ᠪᠠᠨ ᠣᠨᠴᠠᠯᠢᠬᠵᠢᠭᠤᠯᠤᠨ ᠬᠥᠭᠵᠢᠭᠦᠯᠬᠦ ᠶᠢ ᠵᠣᠷᠢᠬᠵᠢᠭᠤᠯᠤᠨ᠎ᠠ᠃ | ᠦᠨᠳᠦᠰᠦᠲᠡᠨ ᠤ ᠴᠠᠭᠠᠨ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠥᠪᠰᠢᠶᠡᠷᠡᠯ ᠲᠠᠢ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ᠃ ᠰᠠᠭᠠᠯᠢ ᠶᠢᠨ ᠮᠠᠯ ᠲᠡᠵᠢᠭᠡᠨ | ᠦᠷᠡᠵᠢᠭᠦᠯᠬᠦ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ᠂ ᠲᠡᠵᠢᠭᠡᠯ ᠡᠪᠡᠰᠦ ᠲᠠᠷᠢᠬᠤ᠂ ᠦᠢᠯᠡᠳᠪᠦᠷᠢᠯᠡᠵᠦ | ᠪᠣᠯᠪᠠᠰᠤᠷᠠᠭᠤᠯᠬᠤ᠂ ᠡᠵᠡᠩᠨᠡᠨ ᠪᠣᠷᠣᠯᠠᠭᠤᠯᠬᠤ᠂ ᠲᠡᠭᠡᠭᠡᠪᠦᠷᠢᠯᠡᠵᠦ ᠬᠠᠳᠠᠭᠠᠯᠠᠬᠤ ᠵᠡᠷᠭᠡ ᠶᠢ ᠨᠢᠭᠡ | ᠴᠣᠭᠴᠠᠵᠢᠭᠤᠯᠤᠭᠰᠠᠨ ᠪᠠᠷᠢᠮᠵᠢᠶ᠎ᠠ ᠶᠢᠨ ᠲᠣᠭᠲᠠᠯᠴᠠᠭ᠎ᠠ ᠲᠠᠢ ᠪᠣᠯᠭᠠᠨ᠎ᠠ᠃ ᠦᠨᠳᠦᠰᠦᠲᠡᠨ ᠤ ᠴᠠᠭᠠᠨ ᠢᠳᠡᠭᠡᠨ ᠤ | ᠪᠠᠷᠢᠮᠵᠢᠶᠠᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ | ᠪᠠ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠵᠤ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ 2022 ᠣᠨ | ᠪᠣᠯᠬᠤ ᠳᠤ᠂ ᠦᠨᠳᠦᠰᠦᠲᠡᠨ ᠤ ᠴᠠᠭᠠᠨ ᠢᠳᠡᠭᠡᠨ ᠤ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠵᠦ | ᠳᠠᠭᠤᠷᠢᠶᠠᠯ ᠪᠣᠯᠬᠤ ᠦᠢᠯᠡᠳᠪᠦᠷᠢ ᠶᠢ 300 ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠲᠠᠪᠤ︶ ᠲᠡᠷᠢᠭᠦᠨ ᠳᠡᠰ ᠤᠨ ᠪᠦᠲᠦᠬᠡᠭᠳᠡᠬᠦᠨ ᠢ ᠰᠠᠶᠢᠲᠤᠷ ᠪᠣᠯᠪᠠᠰᠤᠷᠠᠭᠤᠯᠤᠨ᠎ᠠ᠃ | 13.ᠰᠦ ᠴᠠᠭᠠᠨ ᠢᠳᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠦ ᠶᠢᠨ ᠦᠢᠯᠡᠰ ᠤᠨ | ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠪᠣᠬᠢᠷᠲᠤᠯ ᠥᠬᠡᠶ ᠥᠨᠳᠥᠷ | ᠪᠦᠲᠦᠮᠵᠢᠲᠡᠶ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠵᠦ᠂ ᠰᠦ ᠶᠢᠨ ᠪᠦᠲᠦᠬᠡᠭᠳᠡᠬᠦᠨ ᠤ ᠪᠥᠬᠦ | ᠶᠠᠪᠤᠴᠠ ᠳᠠᠬᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠮᠡᠷᠭᠡᠵᠢᠯ ᠤᠨ ᠲᠣᠭᠲᠠᠯᠴᠠᠭ᠎ᠠ ᠪᠠ ᠬᠠᠮᠢᠶᠠᠷᠤᠯᠲᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠤᠭ᠎ᠠ᠂ ᠰᠢᠨᠵᠢᠯᠡᠬᠦ | ᠤᠬᠠᠭᠠᠨᠴᠢ ᠪᠠᠷ ᠠᠷᠠᠴᠢᠯᠠᠨ ᠲᠡᠵᠢᠭᠡᠬᠦ ᠨᠠᠶᠢᠷᠠᠯᠭ᠎ᠠ᠂ ᠲᠡᠷᠢᠭᠦᠨ ᠤ ᠠᠷᠠᠴᠢᠯᠠᠨ ᠲᠡᠵᠢᠭᠡᠵᠦ ᠬᠠᠮᠢᠶᠠᠷᠤᠨ ᠠᠵᠢᠯᠯᠠᠬᠤ | ᠳᠦᠷᠢᠮᠯᠡᠯ ᠢ ᠬᠡᠷᠡᠭᠯᠡᠨ᠂ ᠰᠢᠨ᠎ᠡ ᠲᠦᠭᠦᠬᠡᠶ ᠰᠦ ᠶᠢᠨ ᠪᠠᠷᠢᠮᠵᠢᠶᠠᠵᠢᠭᠤᠯᠤᠨ ᠦᠢᠯᠡᠳᠪᠦᠷᠢᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ 2022 ᠣᠨ ᠪᠣᠯᠬᠤ ᠳᠤ᠂ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢᠨ ᠰᠢᠨ᠎ᠡ ᠲᠦᠭᠦᠬᠡᠢ | ᠰᠦ ᠶᠢᠨ ᠤᠭᠤᠷᠠᠭ ᠤᠨ ᠨᠣᠷᠮ᠎ᠠ ᠶᠢ 3.2% ᠪᠠ ᠰᠦ ᠶᠢᠨ ᠥᠭᠡᠬᠦ ᠶᠢᠨ ᠨᠣᠷᠮ᠎ᠠ ᠶᠢ 3.8% ᠪᠣᠯᠭᠠᠨ᠎ᠠ᠃ | ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 14. ᠰᠦ ᠴᠠᠭᠠᠨ ᠢᠳᠡᠭᠡᠨ ᠤ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠲᠡᠵᠢᠭᠡᠨ ᠦᠷᠡᠵᠢᠭᠦᠯᠬᠦ ᠭᠤᠭᠴᠣᠭᠠᠨ ᠳᠠᠬᠢ ᠪᠣᠷᠳᠤᠭ᠎ᠠ᠂ ᠮᠠᠯ ᠤᠨ ᠡᠮ ᠵᠡᠷᠭᠡ ᠬᠡᠷᠡᠭᠯᠡᠬᠦ ᠡᠳ᠋ ᠢ ᠬᠢᠨᠠᠨ | ᠬᠠᠮᠢᠶᠠᠷᠬᠤ ᠪᠠᠨ ᠴᠢᠩᠭᠠᠷᠠᠭᠤᠯᠤᠨ᠂ ᠭᠡᠮ ᠬᠢᠵᠢᠭ ᠢ ᠰᠡᠷᠭᠡᠶᠢᠯᠡᠵᠦ ᠳᠠᠷᠤᠬᠤ ᠡᠷᠴᠢᠮ ᠢᠶᠠᠨ ᠴᠢᠩᠭᠠᠳᠬᠠᠨ᠂ | ᠪᠷᠦ᠋ᠼᠧᠯ ᠡᠪᠡᠳᠴᠢᠨ ᠪᠠ ᠰᠦᠷᠢᠶ᠎ᠡ ᠡᠪᠡᠳᠴᠢᠨ ᠢ ᠠᠷᠢᠭᠤᠳᠬᠠᠨ ᠴᠡᠪᠡᠷᠰᠢᠭᠦᠯᠬᠦ ᠶᠢ ᠠᠬᠢᠭᠤᠯᠵᠤ᠂ ᠰᠢᠨ᠎ᠡ | ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠪᠠᠶᠢᠬᠤ ᠶᠢ ᠢᠷᠡᠯᠲᠡ ᠠᠴᠠ ᠨᠢ ᠪᠠᠲᠤᠯᠠᠨ᠎ᠠ᠃ ᠰᠢᠨ᠎ᠡ | ᠲᠦᠭᠦᠬᠡᠶ ᠰᠦ ᠬᠤᠳᠠᠯᠳᠤᠨ ᠠᠪᠬᠤ ᠥᠷᠲᠡᠭᠡ᠂ ᠲᠡᠭᠡᠭᠡᠪᠦᠷᠢ ᠶᠢᠨ ᠲᠡᠷᠭᠡ᠂ ᠰᠦ ᠴᠠᠭᠠᠨ ᠢᠳᠡᠭᠡᠨ ᠤ ᠠᠵᠤ | ᠠᠬᠤᠶᠢᠯᠠᠯ ᠳᠤ ᠣᠨᠣᠪᠴᠢᠲᠠᠶ ᠪᠠᠶᠢᠯᠭᠠᠬᠤ ᠪᠠ ᠬᠡᠵᠢᠶ᠎ᠡ ᠢᠮᠠᠭᠲᠠ ᠪᠠᠶᠢᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ | ᠬᠢᠷᠢ ᠲᠡᠩᠴᠡᠬᠦ ᠦᠭᠡᠢ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠶᠢ ᠬᠠᠤᠯᠢ ᠶᠣᠰᠣᠭᠠᠷ ᠬᠦᠴᠦᠨ ᠦᠭᠡᠢ | ᠪᠣᠯᠭᠠᠨ᠎ᠠ᠃ ᠰᠦ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠶᠢᠴᠠᠭᠠᠨ ᠰᠢᠯᠭᠠᠬᠤ | ᠲᠥᠯᠥᠪᠯᠡᠭᠡ ᠶᠢ ᠬᠡᠷᠡᠭᠵᠢᠭᠦᠯᠵᠦ᠂ ᠪᠠᠶᠢᠴᠠᠭᠠᠨ ᠰᠢᠯᠭᠠᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠥᠭᠡᠳ | ᠵᠣᠬᠢᠰᠲᠠᠶ ᠲᠣᠭᠲᠠᠭᠠᠨ᠂ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠠᠴᠠ ᠶᠠᠰᠤ ᠴᠢᠨᠠᠷ ᠤᠨ | ᠠᠮᠤᠷ ᠲᠦᠪᠰᠢᠨ ᠳᠤ ᠪᠠᠶᠢᠴᠠᠭᠠᠨ ᠰᠢᠯᠭᠠᠬᠤ ᠠᠵᠢᠯ ᠥᠷᠨᠢᠭᠦᠯᠬᠦ ᠶᠢ ᠳᠠᠮᠵᠢᠨ᠎ᠠ᠃ ᠦᠨᠳᠦᠰᠦᠲᠡᠨ ᠤ ᠤᠯᠠᠮᠵᠢᠯᠠᠯᠲᠤ | ᠴᠠᠭᠠᠨ ᠢᠳᠡᠭᠡ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠲᠠᠰᠤᠭ ᠪᠠᠶᠢᠭᠤᠯᠬᠤ ᠶᠢ | ᠳᠠᠮᠵᠢᠵᠤ᠂ ᠲᠦᠭᠦᠬᠡᠶ ᠰᠦ ᠵᠢᠴᠢ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠳᠤ ᠪᠠᠶᠢᠴᠠᠭᠠᠨ | ᠰᠢᠯᠭᠠᠬᠤ ᠠᠵᠢᠯ ᠢ ᠥᠷᠨᠢᠭᠦᠯᠦᠨ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠡᠷᠬᠢᠮᠯᠡᠪᠡᠰᠦ ᠵᠣᠬᠢᠬᠤ | ᠵᠦᠢᠯ ᠢ ᠰᠠᠶᠢᠲᠤᠷ ᠪᠠᠲᠤᠯᠠᠨ᠎ᠠ᠃ ᠬᠠᠤᠯᠢ ᠬᠡᠷᠡᠭᠵᠢᠭᠦᠯᠦᠨ ᠪᠠᠶᠢᠴᠠᠭᠠᠬᠤ ᠬᠢᠭᠡᠳ ᠬᠢᠨᠠᠯᠲᠠ ᠲᠠᠯᠪᠢᠵᠤ ᠪᠠᠶᠢᠴᠠᠭᠠᠨ | ᠰᠢᠯᠭᠠᠬᠤ ᠶᠢᠨ ᠬᠤᠯᠪᠣᠭᠠᠯᠠᠨ ᠬᠦᠳᠡᠯᠦᠯᠴᠡᠬᠦ ᠶᠢ ᠪᠠᠷᠢᠮᠲᠠᠯᠠᠨ᠂ ᠵᠠᠰᠠᠭ ᠵᠠᠬᠢᠷᠭᠠᠨ ᠬᠢᠭᠡᠳ ᠬᠠᠤᠯᠢ ᠴᠠᠭᠠᠵᠠ ᠶᠢ | ᠵᠣᠯᠭᠠᠯᠳᠤᠭᠤᠯᠵᠤ᠂ ᠬᠠᠤᠯᠢ ᠠᠴᠠ ᠵᠥᠷᠢᠴᠡᠨ ᠨᠡᠮᠡᠯᠲᠡ ᠡᠳ᠋ ᠬᠢᠵᠦ ᠣᠷᠣᠭᠤᠯᠬᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠬᠠᠷᠢᠭᠤᠯᠤᠭᠰᠠᠨ ᠰᠦ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠡᠮᠳᠡᠭ ᠬᠠᠳᠠᠵᠤ | ᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠲᠡᠷᠢᠭᠦᠨ ᠤ ᠨᠠᠷᠠᠲᠤ ᠲᠡᠮᠳᠡᠭ ᠢ ᠡᠭᠦᠳᠦᠨ᠎ᠠ᠃ | 15.ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠡᠷᠡᠲᠦ ᠲᠡᠮᠳᠡᠭ ᠢ ᠪᠤᠢ ᠪᠣᠯᠭᠠᠨ᠎ᠠ᠃ ᠰᠢᠯᠢ ᠶᠢᠨ ᠭᠤᠣᠯ ᠤᠨ ᠬᠤᠷᠤᠳ᠂ ᠬᠥᠯᠥᠨ ᠪᠤᠶᠢᠷ ᠤᠨ ᠦᠨᠢᠶᠡᠨ ᠰᠦ | ᠵᠡᠷᠭᠡ ᠣᠷᠣᠨ ᠨᠤᠲᠤᠭ ᠤᠨ ᠣᠨᠴᠠᠯᠢᠭ ᠢᠶᠠᠷ ᠢᠯᠡ ᠲᠣᠳᠣ᠂ ᠠᠵᠤ ᠦᠢᠯᠡᠰ ᠤᠨ ᠰᠠᠭᠤᠷᠢ ᠪᠠᠷ ᠰᠠᠶᠢᠨ ᠪᠠᠶᠢᠭ᠎ᠠ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠣᠢ ᠪᠣᠯᠭᠠᠨ ᠪᠣᠵᠠᠭᠠᠢᠢᠷᠠᠭᠤᠯᠵᠤ᠂ ᠰᠦ ᠶᠢᠨ | ᠳᠠᠪᠠᠭᠤᠯᠢᠭ ᠠᠵᠤ ᠦᠢᠯᠡᠰ ᠤᠨ ᠪᠦᠰᠡ᠂ ᠠᠵᠤ ᠦᠢᠯᠡᠰ ᠤᠨ ᠪᠦᠯᠦᠭᠵᠢᠯ ᠤᠨ ᠪᠥᠳᠥᠭᠡᠨ ᠪᠠᠶᠢᠭᠤᠯᠤᠯᠲᠠ ᠬᠢᠭᠡᠳ | ᠰᠦ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠵᠣᠬᠢᠴᠠᠯᠳᠤᠨ | ᠬᠥᠭᠵᠢᠬᠦ ᠶᠢ ᠠᠬᠢᠭᠤᠯᠤᠨ᠎ᠠ᠃ ᠭᠠᠵᠠᠷ ᠵᠦᠢ ᠶᠢᠨ ᠲᠡᠮᠳᠡᠭ ᠬᠠᠳᠠᠭᠰᠠᠨ ᠰᠦᠨ ᠤ ᠪᠦᠲᠦᠭᠡᠭᠳᠡᠬᠦᠨ ᠢᠶᠠᠨ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠂ ᠣᠷᠣᠨ ᠨᠤᠲᠤᠭ ᠵᠢᠴᠢ ᠠᠵᠢᠯ ᠲᠥᠷᠥᠯ ᠤᠨ ᠨᠡᠶᠢᠭᠡᠮᠯᠢᠭ ᠵᠡᠷᠭᠡ | ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭᠲᠦ ᠲᠠᠸᠠᠷ ᠤᠨ ᠲᠡᠮᠳᠡᠭ ᠳᠠᠩᠰᠠᠯᠠᠭᠤᠯᠬᠤ ᠪᠤᠶᠤ ᠭᠠᠵᠠᠷ | ᠵᠦᠶ ᠶᠢᠨ ᠲᠡᠮᠳᠡᠭ ᠲᠠᠢ ᠪᠦᠲᠦᠭᠡᠭᠳᠡᠬᠦᠨ ᠢᠶᠠᠨ ᠬᠠᠮᠠᠭᠠᠯᠠᠬᠤ ᠪᠠᠷ ᠭᠤᠶᠤᠴᠢᠯᠠᠬᠤ ᠶᠢ ᠨᠢ ᠵᠣᠷᠢᠬᠵᠢᠭᠤᠯᠵᠤ᠂ ︽ᠥᠪᠥᠷ | ᠮᠣᠩᠭᠤᠯ ᠨᠡᠷᠡᠮᠵᠢᠲᠦ︾ ᠭᠡᠷᠡᠴᠢᠯᠡᠯ ᠬᠢᠬᠦ ᠶᠢ ᠥᠷᠨᠢᠭᠦᠯᠦᠨ᠂ ᠭᠠᠵᠠᠷ ᠵᠦᠶ ᠶᠢᠨ ᠲᠡᠮᠳᠡᠭᠲᠦ ᠰᠦᠨ ᠤ | ᠪᠦᠲᠦᠬᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠰᠣᠳᠣᠨ ᠪᠣᠯᠭᠠᠵᠤ | ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 16.ᠠᠵᠤ ᠦᠢᠯᠡᠰ ᠤᠨ ᠣᠨᠴᠠᠯᠢᠭ ᠲᠤ ᠲᠦᠰᠢᠭᠯᠡᠨ ᠠᠵᠤ ᠠᠬᠤᠶᠢᠯᠠᠯ ᠤᠨ ᠨᠠᠷᠠᠲᠤ ᠲᠡᠮᠳᠡᠭ ᠢ ᠪᠣᠶ | ᠪᠣᠯᠭᠠᠨ᠎ᠠ᠃ ᠰᠦ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠢ ᠠᠵᠤ ᠠᠬᠤᠶᠢᠯᠠᠯ ᠤᠨ ᠨᠡᠷᠡᠲᠦ ᠲᠡᠮᠳᠡᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠤᠣᠯ ᠬᠦᠴᠦᠨ ᠪᠣᠯᠭᠠᠵᠤ᠂ ᠠᠵᠤ ᠠᠬᠤᠶᠢᠯᠠᠯ ᠤᠨ ᠠᠵᠤ | ᠦᠢᠯᠡᠰ ᠢᠶᠠᠨ ᠳᠡᠰ ᠳᠡᠪᠰᠢᠭᠦᠯᠬᠦ ᠶᠢ ᠨᠢ ᠳᠠᠮᠵᠢᠨ ᠵᠣᠷᠢᠬᠵᠢᠭᠤᠯᠵᠤ᠂ ᠪᠦᠲᠦᠬᠡᠭᠳᠡᠬᠦᠨ ᠤ ᠶᠠᠰᠤ ᠴᠢᠨᠠᠷ ᠢ ᠨᠢ | ᠳᠡᠭᠡᠭᠰᠢᠯᠡᠭᠦᠯᠦᠨ᠂ ᠲᠠᠸᠠᠷ ᠤᠨ ᠲᠡᠮᠳᠡᠭ ᠢ ᠨᠢ ᠳᠠᠩᠰᠠᠯᠠᠭᠤᠯᠵᠤ᠂ ᠨᠡᠷᠡᠲᠦ ᠲᠡᠮᠳᠡᠭ ᠢ ᠪᠤᠢ ᠪᠣᠯᠭᠠᠨ᠎ᠠ᠃ ᠳᠤᠮᠳᠠᠳᠤ | ᠤᠯᠤᠰ ᠤᠨ ᠨᠢᠯᠬ᠎ᠠ ᠨᠢᠷᠠᠶ ᠬᠡᠤᠬᠡᠳ ᠲᠤ ᠲᠣᠬᠢᠷᠠᠬᠤ ᠪᠦᠲᠥᠭᠡᠭᠳᠡᠬᠦᠨ ᠰᠤᠳᠤᠯᠤᠨ ᠨᠡᠭᠡᠭᠡᠬᠦ ᠶᠢ ᠵᠣᠷᠢᠬᠵᠢᠭᠤᠯᠵᠤ᠂ | ᠨᠢᠯᠬ᠎ᠠ ᠨᠢᠷᠠᠶ ᠬᠡᠤᠬᠡᠳ ᠲᠤ ᠵᠣᠷᠢᠭᠤᠯᠤᠭᠰᠠᠨ ᠨᠠᠶᠢᠷᠠᠯᠭ᠎ᠠ ᠲᠠᠢ ᠪᠠᠷ ᠤᠯᠤᠰ ᠲᠤ ᠪᠠᠨ ᠦᠢᠯᠡᠳᠪᠦᠷᠢᠯᠡᠵᠦ ᠪᠠᠶᠢᠭ᠎ᠠ | ᠳᠡᠯᠡᠬᠡᠶ ᠳᠡᠭᠡᠷ᠎ᠡ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠲᠠᠢ ᠰᠦᠨ ᠳᠠᠯᠬ᠎ᠠ ᠶᠢᠨ ᠨᠡᠷᠡᠲᠦ ᠲᠡᠮᠳᠡᠭ ᠢ | ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 17.ᠪᠣᠬᠢᠷᠲᠤᠯ ᠥᠬᠡᠶ ᠴᠢᠨᠠᠷ ᠰᠠᠶᠢᠲᠠᠶ ᠪᠠᠶᠢᠯᠭᠠᠬᠤ ᠳᠤ ᠠᠩᠬᠠᠷᠤᠯ ᠢᠶᠠᠨ ᠲᠦᠪᠯᠡᠷᠡᠭᠦᠯᠵᠦ | ᠪᠦᠲᠦᠬᠡᠭᠳᠡᠭᠦᠨ ᠤ ᠨᠠᠷᠠᠲᠤ ᠲᠡᠮᠳᠡᠭ ᠢ ᠪᠣᠶ ᠪᠣᠯᠭᠠᠨ᠎ᠡ᠃ ᠰᠦ ᠶᠢᠨ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠬᠦ | ᠭᠤᠣᠯ ᠴᠣᠭᠴᠠ ᠪᠠᠷ ᠳᠠᠪᠠᠭᠤᠯᠢᠭ ᠲᠠᠢ ᠣᠨᠴᠠᠯᠢᠭ ᠲᠠᠢ ᠰᠦᠨ ᠤ ᠪᠦᠲᠦᠭᠡᠭᠳᠡᠬᠦᠨ ᠳᠤ ᠵᠠᠬ᠎ᠠ ᠳᠡᠯᠭᠡᠭᠦᠷ ᠤᠨ ᠪᠠᠶᠢᠷᠢ | ᠲᠣᠭᠲᠠᠭᠠᠯᠲᠠ ᠬᠢᠬᠦ ᠶᠢ ᠵᠣᠷᠢᠬᠵᠢᠭᠤᠯᠵᠤ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ | ᠪᠦᠲᠦᠭᠡᠭᠳᠡᠬᠦᠨ ᠤ ᠭᠡᠷᠡᠴᠢᠯᠡᠯ ᠬᠢᠬᠦ ᠠᠵᠢᠯ ᠢ ᠥᠷᠨᠢᠭᠦᠯᠦᠨ᠂ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ | ᠡᠷᠴᠢᠮ ᠢᠶᠠᠨ ᠴᠢᠩᠭᠠᠷᠠᠭᠤᠯᠵᠤ᠂ ᠰᠢᠮ᠎ᠡ ᠴᠢᠨᠠᠷ ᠤᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠤᠨ᠂ ᠨᠥᠯᠥᠭᠡᠯᠡᠬᠦ | ᠬᠦᠴᠦᠨ ᠲᠠᠢ ᠪᠦᠲᠦᠬᠡᠭᠳᠡᠬᠦᠨ ᠤ ᠨᠡᠷᠡᠲᠦ ᠲᠡᠮᠳᠡᠭ ᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 18.︽ᠥᠪᠥᠷ ᠮᠣᠩᠭᠤᠯ ᠨᠡᠷᠡᠮᠵᠢᠲᠦ︾ ᠨᠠᠷᠠᠲᠤ ᠲᠡᠮᠳᠡᠭ ᠢᠶᠠᠨ ᠤᠬᠠᠭᠤᠯᠤᠨ ᠲᠠᠨᠢᠯᠴᠠᠭᠤᠯᠬᠤ | ᠠᠵᠢᠯᠯᠠᠭ᠎ᠠ ᠶᠢ ᠥᠷᠨᠢᠭᠦᠯᠦᠨ᠎ᠡ᠃ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠵᠡᠰᠬᠦᠯᠡᠩ ᠢ ᠵᠣᠬᠢᠶᠠᠨ ᠪᠠᠶᠢᠭᠤᠯᠵᠤ ᠡᠷᠬᠢᠯᠡᠬᠦ ᠪᠠ ︽ᠳᠤᠮᠳᠠᠳᠤ ᠤᠯᠤᠰ ᠤᠨ | ᠨᠡᠷᠡᠲᠦ ᠲᠡᠮᠳᠡᠭ ᠤᠨ ᠡᠳᠦᠷ︾ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠲᠦᠮᠡᠨ ᠭᠠᠵᠠᠷ ᠤᠨ ᠠᠶᠠᠯᠠᠯ︾ | ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠢᠶᠠᠷ ᠳᠠᠮᠵᠢᠭᠤᠯᠤᠨ᠂ ᠤᠯᠤᠰ ᠤᠨ ᠳᠣᠲᠣᠭᠠᠳᠤ ᠶᠢᠨ ᠪᠠ | ᠣᠯᠠᠨ ᠤᠯᠤᠰ ᠤᠨ ᠦᠵᠡᠰᠬᠦᠯᠡᠩ ᠵᠡᠷᠭᠡ ᠠᠵᠢᠯᠯᠠᠭ᠎ᠠ ᠳᠤ ᠣᠷᠣᠯᠴᠠᠵᠤ᠂ ᠨᠡᠷᠡᠲᠦ ᠲᠡᠮᠳᠡᠭ ᠤᠨ ᠨᠥᠯᠥᠭᠡᠯᠡᠬᠦ | ᠬᠦᠴᠦᠨ ᠢ ᠦᠷᠭᠦᠯᠵᠢᠯᠡᠨ ᠥᠷᠭᠡᠳᠬᠡᠨ᠎ᠡ᠃ ︽ᠥᠪᠥᠷ ᠮᠣᠩᠭᠤᠯ ᠢᠶᠠᠨ ᠬᠠᠶᠢᠷᠠᠯᠠᠬᠤ︾ ᠰᠢᠷᠢᠰ ᠤᠬᠠᠭᠤᠯᠬᠤ | ᠠᠵᠢᠯᠯᠠᠭ᠎ᠠ ᠲᠠᠢ ᠤᠶᠠᠯᠳᠤᠭᠤᠯᠤᠨ᠂ ᠰᠦᠯᠵᠢᠶ᠎ᠡ ᠪᠠᠷ ᠤᠬᠠᠭᠤᠯᠤᠨ ᠲᠠᠨᠢᠯᠴᠠᠭᠤᠯᠬᠤ ᠶᠢ ᠴᠢᠩᠭᠠᠷᠠᠭᠤᠯᠤᠨ᠎ᠠ᠃ | ᠨᠡᠷᠡᠲᠦ ᠲᠡᠮᠳᠡᠭ ᠤᠨ ᠸᠢᠳᠢᠣ᠋ ᠣᠬᠤᠷ ᠹᠢᠯᠢᠮ ᠪᠠ ︽ᠥᠪᠥᠷ ᠮᠣᠩᠭᠤᠯ ᠤᠨ ᠦᠨᠦᠷ ᠠᠮᠲᠠ ᠶᠢᠨ ᠲᠣᠭᠤᠭᠠᠨ ᠭᠡᠷ︾ | ᠲᠧᠯᠸᠢᠰ ᠫᠷᠤᠭ᠍ᠷᠠᠮ ᠢ ᠵᠣᠬᠢᠶᠠᠨ ᠦᠢᠯᠡᠳᠴᠦ᠂ ᠰᠦ ᠶᠢᠨ ᠦᠢᠯᠡᠰ ᠤᠨ ᠣᠨᠴᠠᠯᠢᠭ ᠲᠠᠢ ᠣᠬᠢ ᠰᠣᠳᠣᠨ | ᠦᠵᠡᠮᠵᠢ ᠶᠢᠨ ᠣᠷᠣᠨ ᠢ ᠡᠭᠦᠳᠬᠦ ᠠᠵᠢᠯᠯᠠᠭ᠎ᠠ ᠥᠷᠨᠢᠭᠦᠯᠦᠨ᠂ ᠴᠠᠭᠠᠨ ᠢᠳᠡᠭᠡᠨ ᠤ ᠨᠥᠯᠥᠭᠡᠯᠡᠬᠦ ᠬᠦᠴᠦᠨ ᠪᠠ | ᠠᠯᠳᠠᠷ ᠴᠣᠣ ᠶᠢ ᠮᠠᠨᠳᠤᠭᠤᠯᠵᠤ᠂ ︽ᠥᠪᠥᠷ ᠮᠣᠩᠭᠤᠯ ᠤᠨ ᠦᠨᠦᠷ ᠠᠮᠲᠠ︾ ᠶᠢ ᠲᠦᠮᠡᠨ ᠭᠠᠵᠠᠷ ᠳᠠᠭᠤᠷᠢᠰᠬᠠᠨ᠂ | ᠤᠯᠤᠰ ᠳᠠᠶᠠᠭᠠᠷ ᠪᠠ ᠳᠡᠯᠡᠬᠡᠢ ᠳ᠋ᠠᠬᠢᠨ ᠳᠤ ᠠᠯᠳᠠᠷᠰᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠂ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ ᠡᠯ᠎ᠡ | ᠵᠦᠢᠯ ᠤᠨ ᠭᠤᠤᠯᠳᠠᠯᠭ᠎ᠠ ᠲᠠᠢ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷᠯᠢᠭ ᠪᠥᠭᠡᠳ ᠪᠦᠷᠢᠨ | ᠭᠦᠢᠴᠡᠳ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ | ᠨᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ᠂ ᠪᠠᠯᠠ ᠮᠥᠩᠭᠦ ᠶᠢ ᠬᠡᠷᠡᠭᠯᠡᠬᠦ᠂ ᠬᠡᠷᠡᠭᠵᠢᠭᠦᠯᠬᠦ ᠶᠢ | ᠠᠬᠢᠭᠤᠯᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠲᠤᠰᠬᠠᠶ ᠪᠡᠯᠡ ᠮᠥᠩᠭᠦ ᠶᠢ ᠴᠠᠭ ᠲᠤᠬᠠᠶ ᠳᠤ ᠨᠢ ᠰᠠᠯᠭᠠᠨ | ᠥᠭᠴᠦ᠂ ᠬᠡᠷᠡᠭᠵᠢᠭᠦᠯᠦᠭᠰᠡᠨ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠵᠦ ᠵᠣᠬᠢᠶᠠᠨ | ᠪᠠᠶᠢᠭᠤᠯᠬᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠂ ᠱᠠᠩᠨᠠᠵᠤ ᠵᠠᠯᠬᠠᠭᠠᠬᠤ | ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠤ | ᠭᠠᠵᠠᠷ ᠲᠤ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠡᠳ᠋ ᠤᠨ ᠵᠠᠰᠠᠭ ᠤᠨ ᠪᠠᠯᠠ ᠮᠥᠩᠭᠦ ᠪᠠᠷ ᠳᠡᠮᠵᠢᠬᠦ ᠶᠢ ᠴᠢᠩᠭᠠᠷᠠᠭᠤᠯᠤᠨ᠎ᠠ᠃ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠡᠳ᠋ ᠤᠨ ᠵᠠᠰᠠᠭ ᠤᠨ ᠣᠷᠣᠭᠤᠯᠤᠯᠲᠠ ᠶᠢ ᠪᠠᠲᠤᠯᠠᠬᠤ ᠳᠦᠷᠢᠮ ᠢᠶᠠᠨ | ᠪᠦᠷᠢᠨᠰᠢᠭᠦᠯᠦᠨ᠂ ᠪᠡᠯᠡ ᠮᠥᠩᠭᠦ ᠣᠷᠣᠭᠤᠯᠬᠤ ᠲᠣᠭᠲᠠᠴᠠ ᠪᠠ ᠬᠡᠷᠡᠭᠯᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠥᠰᠦᠪ ᠤᠨ ᠠᠮᠵᠢᠯᠲᠠ | ᠪᠦᠲᠦᠮᠵᠢ ᠲᠠᠢ ᠬᠠᠮᠢᠶᠠᠷᠤᠯᠲᠠ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠬᠢᠭᠰᠡᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠬᠤ ᠬᠡᠷᠡᠭᠲᠡᠢ᠃ | ︵ᠭᠤᠷᠪᠠ︶ ᠭᠠᠵᠠᠷ ᠰᠢᠷᠣᠶ ᠬᠡᠷᠡᠭᠯᠡᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠠᠩᠭᠠᠵᠤ | ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ︽ᠪᠡᠯᠡᠳᠬᠡᠮᠵᠢᠲᠦ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠪᠠᠶᠢᠭᠠᠯᠢ | ᠡᠬᠢ ᠪᠠᠶᠠᠯᠢᠭ ᠦᠰᠦᠭ ︹2020︺ 310 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠤᠨ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠦᠷᠢᠶ᠎ᠡ ᠬᠡᠪᠴᠢᠶ᠎ᠡ᠂ | ᠭᠠᠵᠠᠷ ᠰᠣᠩᠭᠤᠬᠤ ᠪᠠ ᠭᠠᠵᠠᠷ ᠬᠡᠷᠡᠭᠯᠡᠬᠦ ᠪᠠᠷᠢᠮᠵᠢᠶ᠎ᠠ ᠵᠡᠷᠭᠡ ᠲᠠᠯ᠎ᠠ ᠪᠠᠷ ᠰᠦ ᠶᠢᠨ ᠦᠢᠯᠡᠰ ᠤᠨ ᠬᠥᠭᠵᠢᠯᠲᠡ ᠳᠤ | ᠳᠡᠮᠵᠢᠯᠭᠡ ᠦᠵᠡᠭᠦᠯᠵᠦ᠂ ᠡᠵᠡᠭᠦᠢ ᠠᠭᠤᠯᠠ ᠭᠤᠤ ᠲᠣᠪᠣᠴᠠᠭ ᠰᠠᠶᠢᠷᠭᠠᠯ ᠵᠢᠴᠢ ᠬᠥᠳᠡᠭᠡ ᠲᠣᠰᠬᠤᠨ ᠤ ᠬᠠᠮᠲᠤ ᠶᠢᠨ | ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠲᠤ ᠰᠠᠭᠠᠯᠢ ᠶᠢᠨ ᠮᠠᠯ ᠤᠨ ᠦᠢᠯᠡᠳᠪᠦᠷᠢᠯᠡᠯ ᠢ ᠲᠣᠬᠢᠷᠠᠭᠤᠯᠬᠤ | ᠬᠡᠷᠡᠭᠲᠡᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠮᠡᠳᠡᠭᠡ |