ᠦᠨᠳᠡᠭᠡᠨ ᠤ ᠬᠦᠨᠳᠦ ᠶᠢ ᠡᠵᠡᠮᠰᠢᠵᠦ ᠮᠡᠳᠡᠬᠦ
ᠨᠡᠶᠢᠲᠡᠯᠡᠭᠰᠡᠨ ᠴᠠᠭ᠄
2021/10/26
     ᠦᠨᠳᠡᠭᠡᠨ ᠤ ᠬᠦᠨᠳᠦ ᠶᠢ ᠨᠦᠯᠦᠭᠡᠯᠡᠬᠦ ᠬᠦᠴᠦᠨ ᠵᠦᠢᠯ ᠨᠡᠯᠢᠶᠡᠳ ᠣᠯᠠᠨ ᠪᠠᠶᠢᠳᠠᠭ᠃ ᠡᠭᠦᠨ ᠳᠤ ᠪᠦᠳᠦᠭᠦᠯᠢᠭ ᠠᠷᠭ᠎ᠠ ᠪᠠᠷ ᠡᠷᠬᠡᠰᠢᠶᠡᠵᠦ ᠪᠣᠯᠬᠤ ᠬᠦᠴᠦᠨ ᠵᠦᠢᠯ ᠳᠤ ᠳᠣᠣᠷᠠᠬᠢ ᠮᠡᠲᠦ ᠬᠡᠳᠦᠨ ᠲᠠᠯ᠎ᠠ ᠪᠣᠢ᠃       ︵ᠨᠢᠭᠡ︶ ᠡᠬᠢᠯᠡᠵᠦ ᠦᠨᠳᠡᠭᠡᠯᠡᠬᠦ ᠬᠤᠨᠤᠭ ᠨᠠᠰᠤ      ᠲᠠᠬᠢᠶᠠᠨ ᠤ ᠡᠬᠢᠯᠡᠵᠦ ᠦᠨᠳᠡᠭᠡᠯᠡᠬᠦ ᠬᠤᠨᠤᠭ ᠨᠠᠰᠤ ᠨᠢ ᠦᠨᠳᠡᠭᠡᠯᠡᠬᠦ ᠬᠤᠭᠤᠴᠠᠭᠠᠨ ᠳᠤ ᠪᠠᠶᠢᠭ᠎ᠠ ᠲᠠᠬᠢᠶ᠎ᠠ ᠶᠢᠨ ᠦᠨᠳᠡᠭᠡᠨ ᠤ ᠬᠦᠨᠳᠦ ᠶᠢ ᠰᠢᠭᠤᠳ ᠨᠦᠯᠦᠭᠡᠯᠡᠳᠡᠭ᠃ ᠲᠠᠬᠢᠶᠠᠨ ᠤ ᠡᠬᠢᠯᠡᠵᠦ ᠦᠨᠳᠡᠭᠡᠯᠡᠬᠦ ᠨᠢ ᠬᠡᠳᠦᠢ ᠣᠷᠤᠢ ᠪᠣᠯ ᠦᠨᠳᠡᠭᠡᠯᠡᠯᠲᠡ ᠶᠢᠨ ᠡᠬᠢᠨ ᠤ ᠬᠤᠭᠤᠴᠠᠭ᠎ᠠ ᠪᠠ ᠪᠦᠬᠦ ᠬᠤᠭᠤᠴᠠᠭᠠᠨ ᠤ ᠦᠨᠳᠡᠭᠡᠨ ᠬᠦᠨᠳᠦ ᠨᠢ ᠲᠡᠳᠦᠢ ᠲᠣᠮᠤ ᠪᠠᠶᠢᠳᠠᠭ ᠶᠤᠮ᠃ ᠹᠷᠠᠨᠼᠢ ᠶᠢᠨ ᠢᠰᠢᠶᠠ ᠬᠦᠷᠡᠩ ᠬᠠᠯᠢᠰᠤᠲᠦ ᠦᠨᠳᠡᠭᠡᠨ ᠲᠠᠬᠢᠶᠠᠨ ᠤ ᠮᠠᠲ᠋ᠧᠷᠢᠶᠠᠯ ᠢ ᠦᠨᠳᠦᠰᠦᠯᠡᠪᠡᠯ᠂ ᠡᠬᠢᠯᠡᠵᠦ ᠦᠨᠳᠡᠭᠡᠯᠡᠬᠦ ᠬᠤᠨᠤᠭ ᠨᠠᠰᠤ ᠨᠢ ᠨᠢᠭᠡ ᠡᠳᠦᠷ ᠬᠤᠶᠢᠰᠢᠯᠠᠪᠠᠯ ᠦᠨᠳᠡᠭᠡᠨ ᠤ ᠳᠤᠮᠳᠠᠴᠢ ᠬᠦᠨᠳᠦ ᠶᠢᠨ ᠬᠡᠮᠵᠢᠶ᠎ᠡ ᠨᠢ 0.15 ᠭᠷᠡᠮ ᠨᠡᠮᠡᠭᠳᠡᠬᠦ ᠪᠣᠯᠤᠨ᠎ᠠ᠃ ᠣᠳᠤᠬᠠᠨ ᠬᠦᠮᠦᠰ ᠣᠯᠠᠨ ᠵᠦᠢᠯ ᠤᠨ ᠠᠷᠠᠴᠢᠯᠠᠭ᠎ᠠ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠂ ᠲᠠᠬᠢᠶᠠᠨ ‍ᠤ‌ᠡᠬᠢᠯᠡᠵᠦ ᠦᠨᠳᠡᠭᠡᠯᠡᠬᠦ ᠬᠤᠨᠤᠭ ᠨᠠᠰᠤ ᠶᠢ ᠡᠷᠬᠡᠰᠢᠶᠡᠵᠦ᠂ ᠲᠣᠮᠣ ᠵᠢᠵᠢᠭ ᠨᠢ ᠲᠤᠬᠢᠷᠠᠮᠵᠢᠲᠡᠢ ᠦᠨᠳᠡᠭᠡ ᠶᠢ ᠭᠠᠷᠭᠠᠨ ᠠᠪᠴᠤ ᠪᠠᠶᠢᠭ᠎ᠠ ᠪᠦᠭᠡᠳ ᠪᠦᠬᠦᠯᠢ ᠵᠢᠯ ᠤᠨ ᠶᠡᠷᠦᠩᠭᠡᠢ ᠦᠨᠳᠡᠭᠡᠨ ᠬᠦᠨᠳᠦ ᠶᠢ ᠬᠤᠪᠢᠷᠠᠭᠠᠬᠤ ᠦᠭᠡᠢ ᠵᠣᠷᠢᠯᠭ᠎ᠠ ᠳᠠᠭᠠᠨ ᠬᠦᠷᠴᠦ ᠪᠠᠶᠢᠨ᠎ᠠ᠃       ︵ᠬᠤᠶᠠᠷ︶ ᠲᠠᠬᠢᠶᠠᠨ ᠤ ᠪᠡᠶ᠎ᠡ ᠶᠢᠨ ᠬᠦᠨᠳᠦ      ᠦᠨᠳᠡᠭᠡᠨ ᠬᠦᠨᠳᠦ ᠶᠢᠨ ᠪᠠᠷᠢᠮᠵᠢᠶ᠎ᠠ ᠳᠤ ᠬᠦᠷᠬᠦ ᠨᠢᠭᠡᠨ ᠴᠢᠬᠤᠯᠠ ᠬᠦᠴᠦᠨ ᠵᠦᠢᠯ ᠪᠣᠯ ᠳᠠᠷᠤᠢ ᠡᠮᠡᠭᠴᠢᠨ ᠲᠠᠬᠢᠶᠠᠨ ᠤ ᠪᠡᠯᠭᠡ ᠪᠣᠯᠪᠠᠰᠤᠷᠠᠬᠤ ᠦᠶ᠎ᠡ ᠪᠡᠶ᠎ᠡ ᠶᠢᠨ ᠬᠦᠨᠳᠦ ᠶᠢ ᠡᠷᠭᠡᠰᠢᠶᠡᠵᠦ ᠳᠡᠶᠢᠯᠬᠦ ᠡᠰᠡᠬᠦ ᠳᠤ ᠪᠠᠶᠢᠳᠠᠭ᠃ ᠡᠨᠡ ᠦᠶ᠎ᠡ ᠳᠠᠬᠢ ᠪᠡᠶ᠎ᠡ ᠶᠢᠨ ᠬᠦᠨᠳᠦ ᠨᠢ ᠦᠨᠳᠡᠭᠡᠯᠡᠬᠦ ᠡᠬᠢᠨ ᠤ ᠬᠤᠭᠤᠴᠠᠭᠠᠨ ᠤ ᠦᠨᠳᠡᠭᠡᠨ ᠬᠦᠨᠳᠦ ᠶᠢ ᠨᠦᠯᠦᠭᠡᠯᠡᠬᠦ ᠪᠠᠷ ᠪᠠᠷᠠᠬᠤ ᠦᠭᠡᠢ ᠨᠡᠩ ᠴᠢᠨᠠᠭᠰᠢᠯᠠᠪᠠᠯ ᠪᠦᠬᠦᠶᠢᠯᠡ ᠦᠨᠳᠡᠭᠡᠯᠡᠬᠦ ᠬᠤᠭᠤᠴᠠᠭᠠᠨ ᠤ ᠦᠨᠳᠡᠭᠡᠨ ᠬᠦᠨᠳᠦ ᠶᠢ ᠴᠦ ᠨᠦᠯᠦᠭᠡᠯᠡᠵᠦ ᠮᠡᠳᠡᠬᠦ ᠶᠤᠮ᠃       ᠬᠦᠰᠦᠨᠦᠭᠲᠦ 1 - 7 ᠳᠠᠬᠢ ᠲᠤᠭ᠎ᠠ ᠪᠠᠷᠢᠮᠲᠠ ᠶᠢᠨ ᠢᠯᠡᠳᠭᠡᠵᠦ ᠪᠠᠶᠢᠬᠤ ᠪᠠᠷ ᠪᠣᠯ ᠦᠨᠳᠡᠭᠡᠯᠡᠵᠦ ᠪᠠᠶᠢᠭ᠎ᠠ ᠬᠤᠭᠤᠴᠠᠭᠠᠨ ᠳᠤ ᠠᠳᠠᠯᠢᠬᠠᠨ ᠬᠤᠨᠤᠭ ᠤᠨ ᠪᠣᠷᠳᠤᠭ᠎ᠠ ᠪᠠᠷ ᠲᠡᠵᠢᠭᠡᠬᠦ ᠳᠤ 18 ᠭᠠᠷᠠᠭ ᠨᠠᠰᠤᠨ ᠳᠤ ᠬᠦᠷᠦᠭᠰᠡᠨ ᠪᠡᠯᠡᠳᠭᠡᠯ ᠡᠮᠡᠭᠴᠢᠨ ᠲᠠᠬᠢᠶᠠᠨ ᠤ ᠪᠡᠶ᠎ᠡ ᠶᠢᠨ ᠬᠦᠨᠳᠦ ᠨᠢ ᠪᠦᠬᠦᠶᠢᠯᠡ ᠦᠨᠳᠡᠭᠡᠯᠡᠵᠦ ᠪᠠᠶᠢᠭ᠎ᠠ ᠬᠤᠭᠤᠴᠠᠭᠠᠨ ᠳᠤ ᠪᠦᠷ ᠬᠦᠩᠭᠡᠨ ᠪᠠᠶᠢᠳᠠᠭ ᠮᠦᠷᠳᠡᠭᠡᠨ ᠦᠨᠳᠡᠭᠡ ᠨᠢ ᠴᠦ ᠬᠦᠩᠭᠡᠨ ᠪᠠᠶᠢᠳᠠᠭ᠃ ᠡᠶᠢᠮᠦ ᠠᠴᠠ ᠦᠨᠳᠡᠭᠡᠯᠡᠬᠦ ᠬᠤᠭᠤᠴᠠᠭᠠᠨ ᠤ ᠰᠡᠭᠦᠯᠴᠢ ᠶᠢᠨ ᠦᠶ᠎ᠡ ᠳᠤ ᠦᠨᠳᠡᠭᠡ ᠶᠢᠨ ᠬᠦᠨᠳᠦ ᠶᠢ ᠡᠵᠡᠮᠰᠢᠬᠦ ᠭᠡᠪᠡᠯ ᠬᠤᠨᠤᠭ ᠤᠨ ᠪᠤᠷᠳᠤᠭᠠᠨ ᠳᠤᠲᠤᠷᠠᠬᠢ ᠤᠭᠤᠷᠠᠭ ᠤᠨ ᠬᠡᠮᠵᠢᠶ᠎ᠡ ᠶᠢ ᠪᠠᠭᠠᠰᠬᠠᠵᠤ᠂ ᠪᠡᠶ᠎ᠡ ᠶᠢᠨ ᠬᠦᠨᠳᠦ ᠶᠢᠨ ᠨᠡᠮᠡᠭᠳᠡᠯ ᠢ ᠬᠢᠵᠠᠭᠠᠷᠯᠠᠬᠤ ᠭᠡᠷᠡᠭᠲᠡᠢ᠃

      ︵ᠭᠤᠷᠪᠠ︶ ᠡᠳᠦᠷ ᠤᠨ ᠲᠡᠵᠢᠭᠡᠯ ᠪᠤᠷᠳᠤᠭᠠᠨ ᠳᠠᠬᠢ ᠳᠤᠲᠠᠭᠤ ᠦᠭᠡᠭᠦᠨ ᠬᠦᠴᠢᠯ ᠤᠨ ᠠᠭᠤᠯᠤᠭᠳᠠᠴᠠ

     ᠳᠤᠲᠠᠭᠤ ᠦᠭᠡᠭᠦᠨ ᠬᠦᠴᠢᠯ ᠨᠢ ᠦᠭᠡᠬᠦ ᠶᠢᠨ ᠰᠤᠯᠢᠯᠴᠠᠭ᠎ᠠ ᠳᠤ ᠣᠷᠤᠯᠴᠠᠬᠤ ᠪᠣᠯᠬᠤᠷ ᠲᠡᠭᠦᠨ ᠤ ᠦᠨᠳᠡᠭᠡᠨ

ᠰᠢᠷ᠎ᠠ ᠳᠤ ᠦᠵᠡᠬᠦᠯᠬᠦ ᠨᠦᠯᠦᠭᠡ ᠪᠠᠷ ᠳᠠᠮᠵᠢᠵᠦ ᠦᠨᠳᠡᠭᠡᠨ ᠤ ᠲᠣᠮᠣ ᠵᠢᠵᠢᠭ ᠢ ᠨᠦᠯᠦᠭᠡᠯᠡᠳᠡᠭ᠂ ᠬᠤᠨᠤᠭ ᠤᠨ

ᠪᠤᠷᠳᠤᠭᠠᠨ ᠳᠠᠬᠢ ᠦᠨᠳᠡᠭᠡᠨ ᠬᠦᠨᠳᠦ ᠶᠢ ᠬᠠᠮᠤᠭ ᠠᠴᠠ ᠪᠠᠲᠤᠯᠠᠵᠤ ᠴᠢᠳᠠᠬᠤ ᠳᠤᠲᠠᠭᠤ ᠦᠭᠡᠭᠦᠨ ᠬᠦᠴᠢᠯ ᠤᠨ

ᠬᠡᠮᠵᠢᠶ᠎ᠡ ᠶᠢ ᠣᠳᠤᠬᠠᠨ ᠳᠤ 1.5% ᠭᠡᠵᠤ ᠬᠦᠮᠦᠰ ᠨᠡᠶᠢᠳᠡᠮ ᠦᠵᠡᠵᠦ ᠪᠣᠢ᠃

      ︵ᠳᠦᠷᠪᠡ︶ ᠬᠤᠨᠤᠭ ᠤᠨ ᠲᠡᠵᠢᠭᠡᠯ ᠪᠤᠷᠳᠤᠭᠠᠨ ᠳᠠᠬᠢ ᠡᠨᠧᠷᠬᠢ ᠶᠢᠨ ᠬᠡᠮᠵᠢᠶ᠎ᠡ

     ᠪᠡᠯᠡᠳᠭᠡᠯ ᠡᠮᠡᠭᠴᠢᠨ ᠲᠠᠬᠢᠶᠠᠨ ᠤ ᠦᠰᠦᠯᠲᠡ ᠨᠢ ᠬᠤᠨᠤᠭ ᠤᠨ ᠪᠤᠷᠳᠤᠭᠠᠨ ᠳᠠᠬᠢ ᠡᠨᠧᠷᠬᠢ ᠶᠢᠨ

ᠦᠳᠭᠡᠴᠡ ᠳᠤ ᠬᠠᠮᠤᠭ ᠤᠨ ᠰᠤᠷᠭᠤᠭ ᠪᠠᠶᠢᠳᠠᠭ᠃ ᠡᠭᠦᠨ ᠳᠤ᠂ 14 ~ 20 ᠭᠠᠷᠠᠭ ᠨᠠᠰᠤᠨ ᠳᠤ ᠬᠦᠷᠦᠭᠰᠡᠨ

ᠪᠡᠯᠡᠳᠭᠡᠯ ᠲᠠᠬᠢᠶᠠᠨ ᠤ ᠦᠰᠦᠯᠲᠡ ᠨᠢ ᠡᠨᠧᠷᠬᠢ ᠶᠢᠨ ᠢᠳᠡᠰᠢᠯᠡᠯᠲᠡ ᠶᠢᠨ ᠬᠡᠮᠵᠢᠶᠡᠨ ᠤ ᠨᠦᠯᠦᠭᠡ ᠶᠢ ᠬᠦᠷᠲᠡᠬᠦ ᠨᠢ

ᠨᠡᠩ ᠶᠡᠭᠡ ᠪᠠᠶᠢᠳᠠᠭ ᠶᠤᠮ᠃ ᠪᠣᠶᠢᠵᠢᠯᠲᠡ ᠶᠢᠨ ᠪᠡᠶ᠎ᠡ ᠶᠢᠨ ᠬᠦᠨᠳᠦ ᠨᠢ ᠨᠡᠯᠢᠶᠡᠳ ᠶᠡᠭᠡ ᠡᠮᠡᠭᠴᠢᠨ ᠲᠠᠬᠢᠶᠠᠨ ᠤ

ᠡᠬᠢᠯᠡᠵᠦ ᠦᠨᠳᠡᠭᠡᠯᠡᠬᠦ ᠦᠶ᠎ᠡ ᠶᠢᠨ ᠪᠡᠶ᠎ᠡ ᠶᠢᠨ ᠬᠦᠨᠳᠦ ᠪᠠᠷ ᠦᠨᠳᠡᠭᠡᠨ ᠬᠦᠨᠳᠦ ᠶᠢᠨ ᠶᠡᠭᠡ ᠪᠠᠭ᠎ᠠ ᠶᠢ ᠰᠢᠢᠳᠪᠦᠷᠢᠯᠡᠬᠦ

ᠴᠢᠬᠤᠯᠠ ᠬᠦᠴᠦᠨ ᠵᠦᠢᠯ ᠪᠣᠯ ᠡᠨᠧᠷᠬᠢ ᠤᠨ ᠢᠳᠡᠰᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃

ᠵᠣᠬᠢᠴᠠᠩᠭᠤᠢ ᠨᠦᠬᠦᠴᠡᠯ ︵ᠪᠠᠶᠢᠷᠢ ᠶᠢᠨ ᠳᠤᠯᠠᠭᠠᠨ ᠤ ᠬᠡᠮᠵᠢᠶ᠎ᠡ 20℃ ᠣᠷᠴᠢᠮ︶ ᠳᠤᠤᠷᠠᠬᠢ

ᠦᠨᠳᠡᠭᠡᠯᠡᠯᠲᠡ ᠶᠢᠨ ᠬᠤᠭᠤᠴᠠᠭ᠎ᠠ ᠳᠠᠬᠢ ᠬᠦᠩᠭᠡᠨ ᠬᠡᠪᠰᠢᠯᠲᠦ ᠪᠠ ᠳᠤᠮᠳᠠ ᠬᠡᠪᠰᠢᠯᠲᠦ ᠦᠨᠳᠡᠭᠡᠨ ᠲᠠᠬᠢᠶ᠎ᠠ

ᠪᠦᠷᠢ ᠶᠢᠨ ᠡᠳᠦᠷ ᠲᠤ ᠰᠤᠯᠢᠯᠴᠠᠬᠤ ᠡᠨᠧᠷᠬᠢ ᠨᠢ ᠪᠠᠷᠤᠭ 1235 ᠺᠠᠯᠤᠷᠢ ᠪᠠ 1339 ~ 464 ᠺᠠᠯᠤᠷᠢ

ᠪᠣᠯᠤᠨ᠎ᠠ᠃ ᠬᠤᠨᠤᠭ ᠤᠨ ᠪᠣᠷᠳᠤᠭᠠᠨ ᠳᠠᠬᠢ ᠡᠨᠧᠷᠬᠢ ᠶᠢᠨ ᠬᠡᠮᠵᠢᠶᠡᠨ ᠤ ᠦᠨᠳᠡᠭᠡᠨ ᠬᠦᠨᠳᠦ ᠳᠤ ᠦᠭᠬᠦ ᠨᠦᠯᠦᠭᠡ ᠨᠢ

ᠪᠣᠷᠳᠤᠭ᠎ᠠ ᠢᠳᠡᠬᠦ ᠬᠡᠮᠵᠢᠶ᠎ᠡ ᠪᠠᠷ ᠲᠣᠭᠲᠠᠭᠠᠭᠳᠠᠳᠠᠭ᠃ ᠦᠨᠳᠡᠭᠡᠨ ᠬᠡᠷᠡᠭᠴᠡᠭᠡᠲᠦ ᠲᠠᠬᠢᠶ᠎ᠠ ᠶᠢᠨ ᠡᠳᠦᠷ ᠪᠦᠷᠢ ᠶᠢᠨ

ᠡᠨᠧᠷᠬᠢ ᠬᠦᠷᠲᠡᠬᠦ ᠬᠡᠮᠵᠢᠶ᠎ᠡ ᠨᠢ ᠬᠡᠷᠪᠡ ᠳᠡᠭᠡᠷᠡᠬᠢ ᠳᠤᠷᠠᠳᠤᠭᠰᠠᠨ ᠲᠤᠭ᠎ᠠ ᠪᠠᠷᠢᠮᠲᠠ ᠠᠴᠠ ᠳᠤᠤᠷ᠎ᠠ ᠪᠣᠯ

ᠦᠨᠳᠡᠭᠡ ᠶᠢᠨ ᠭᠠᠷᠤᠯᠲᠠ ᠪᠠ ᠦᠨᠳᠡᠭᠡᠨ ᠤ ᠬᠦᠨᠳᠦ ᠶᠢ ᠶᠡᠭᠡ ᠪᠠᠷ ᠨᠦᠯᠦᠭᠡᠯᠡᠬᠦ ᠪᠣᠯᠤᠨ᠎ᠠ᠃

      ︵ᠲᠠᠪᠤ︶ ᠬᠤᠨᠤᠭ ᠤᠨ ᠪᠤᠷᠳᠤᠭᠠᠨ ᠳᠠᠬᠢ ᠤᠭᠤᠷᠠᠭ ᠤᠨ ᠠᠭᠤᠯᠤᠭᠳᠠᠴᠠ

     ᠬᠤᠨᠤᠭ ᠤᠨ ᠪᠤᠷᠳᠤᠭᠠᠨ ᠳᠠᠬᠢ ᠤᠭᠤᠷᠠᠭ ‍ᠤᠨ‌‍ᠬᠡᠮᠵᠢᠶ᠎ᠡ ᠪᠣᠯ ᠦᠨᠳᠡᠭᠡᠨ ᠤ ᠶᠡᠭᠡ ᠪᠠᠭ᠎ᠠ ᠶᠢ ᠨᠦᠯᠦᠭᠡᠯᠡᠬᠦ

ᠰᠢᠮ᠎ᠡ ᠲᠡᠵᠢᠭᠡᠯ ᠤᠨ ᠭᠤᠣᠯ ᠡᠯᠧᠮᠧᠨ᠋ᠲ ᠪᠣᠯᠬᠤ ᠶᠤᠮ᠃ ᠦᠨᠳᠡᠭᠡᠯᠡᠵᠦ ᠪᠠᠶᠢᠭ᠎ᠠ ᠡᠮᠡᠭᠴᠢᠨ ᠲᠠᠬᠢᠶ᠎ᠠ ︵ᠢᠯᠠᠩᠭᠤᠶ᠎ᠠ

ᠯᠧᠩᠭᠤᠷᠢᠨ ᠬᠡᠪᠰᠢᠯᠲᠦ ᠲᠠᠬᠢᠶ᠎ᠠ︶ ᠲᠤ ᠡᠳᠦᠷ ᠪᠦᠷᠢ 17 ᠭᠷᠡᠮ ᠠᠮᠢᠨᠤ᠋ ᠬᠦᠴᠢᠯ ᠤᠨ ᠤᠭᠤᠷᠠᠭ ᠣᠯᠭᠤᠵᠤ

ᠪᠠᠶᠢᠪᠠᠯ᠂ ᠦᠨᠳᠡᠭᠡᠯᠡᠯᠲᠡ ᠶᠢᠨ ᠰᠡᠭᠦᠯᠴᠢ ᠶᠢᠨ ᠬᠤᠭᠤᠴᠠᠭᠠᠨ ᠳᠤ ᠤᠭᠤᠷᠠᠭ ᠤᠨ ᠬᠡᠮᠵᠢᠶ᠎ᠡ ᠶᠢ ᠨᠢ ᠬᠡᠳᠦᠨ ᠭᠷᠡᠮ

ᠬᠠᠰᠤᠭᠰᠠᠨ ᠴᠦ ᠦᠨᠳᠡᠭᠡ ᠶᠢᠨ ᠭᠠᠷᠤᠯᠲᠠ ᠶᠢ ᠨᠦᠯᠦᠭᠡᠯᠡᠬᠦ ᠦᠭᠡᠢ ᠶᠤᠮ᠃

     ᠲᠤᠷᠰᠢᠯᠲᠠ ᠬᠢᠭᠰᠡᠨ ᠦᠷ᠎ᠡ ᠳ᠋ᠦᠩ ᠠᠴᠠ ᠦᠵᠡᠪᠡᠯ᠂ ᠦᠨᠳᠡᠭᠡᠯᠡᠵᠦ ᠪᠠᠶᠢᠭ᠎ᠠ ᠲᠠᠬᠢᠶ᠎ᠠ ᠶᠢᠨ ᠡᠷᠲᠡ

ᠦᠶ᠎ᠡ ᠳᠠᠬᠢ ᠬᠦᠨᠳᠦ ᠶᠢᠨ ᠬᠡᠮᠵᠢᠶ᠎ᠡ ᠨᠢ ᠬᠡᠷᠪᠡ ᠪᠠᠷᠢᠮᠵᠢᠶ᠎ᠠ ᠬᠦᠨᠳᠦ ᠳᠤ ᠬᠦᠷᠬᠦ ᠦᠭᠡᠢ ᠪᠣᠯ ᠠᠮᠢᠨᠤ᠋ ᠬᠦᠴᠢᠯ ᠤᠨ

ᠬᠡᠮᠵᠢᠶ᠎ᠡ ᠶᠢ ᠨᠡᠮᠡᠭᠳᠡᠭᠦᠯᠪᠡᠯ ᠬᠦᠨᠳᠦ ᠶᠢᠨ ᠬᠡᠮᠵᠢᠶ᠎ᠡ ᠨᠢ ᠨᠡᠮᠡᠭᠳᠡᠴᠢᠬᠡᠳᠡᠭ᠃ ᠵᠢᠱᠢᠶᠡᠯᠡᠪᠡᠯ᠂ ᠵᠢᠶᠠᠰᠠ ᠬᠦᠷᠡᠩ

ᠬᠠᠯᠢᠰᠤᠲᠦ ᠦᠨᠳᠡᠭᠡᠨ ᠲᠠᠬᠢᠶ᠎ᠠ ᠳᠤ ᠤᠤᠯ ᠤᠨ ᠪᠠᠷᠢᠮᠵᠢᠶ᠎ᠠ ᠬᠡᠮᠵᠢᠶ᠎ᠡ ᠶᠢ ᠨᠢ ᠡᠳᠦᠷ ᠪᠦᠷᠢ 410 ᠮᠢᠯᠢᠭᠷᠡᠮ ᠠᠴᠠ

450 ᠮᠢᠯᠢᠭᠷᠡᠮ ᠬᠦᠷᠲᠡᠯ᠎ᠡ ᠨᠡᠮᠡᠭᠳᠡᠭᠦᠯᠪᠡᠯ ᠦᠨᠳᠡᠭᠡᠨ ᠤ ᠬᠦᠨᠳᠦ ᠶᠢᠨ ᠬᠡᠮᠵᠢᠶ᠎ᠡ ᠨᠢ ᠪᠠᠷᠢᠮᠵᠢᠶ᠎ᠠ ᠳᠤ ᠬᠦᠷᠴᠢᠭᠡᠳᠡᠭ᠃

     ᠳᠡᠭᠡᠷᠡᠬᠢ ᠶᠠᠷᠢᠭᠰᠠᠨ ᠢ ᠬᠤᠷᠢᠶᠠᠩᠭᠤᠶᠢᠯᠠᠭᠠᠳ ᠬᠡᠯᠡᠪᠡᠯ᠂ ᠦᠨᠳᠡᠭᠡᠨ ᠤ ᠶᠡᠭᠡ ᠪᠠᠭ᠎ᠠ᠂ ᠬᠦᠨᠳᠦ ᠬᠦᠩᠭᠡᠨ ᠢ

ᠪᠦᠷ ᠲᠤᠬᠢᠷᠠᠭᠤᠯᠵᠤ ᠪᠤᠯᠬᠤ ᠶᠤᠮ᠃ ᠡᠮᠡᠭᠴᠢᠨ ᠲᠠᠬᠢᠶᠠᠨ ᠤ ᠡᠬᠢᠯᠡᠵᠦ ᠦᠨᠳᠡᠭᠡᠯᠡᠬᠦ ᠦᠶ᠎ᠡ ᠶᠢᠨ ᠨᠠᠰᠤ᠂ ᠪᠡᠶ᠎ᠡ ᠶᠢᠨ

ᠬᠦᠨᠳᠦ ᠪᠠ ᠤᠭᠤᠷᠠᠭ᠂ ᠡᠨᠧᠷᠬᠢ ᠵᠡᠷᠭᠡ ᠰᠢᠮ᠎ᠡ ᠲᠡᠵᠢᠭᠡᠯᠲᠦ ᠡᠳ᠋ ᠤᠨ ᠬᠡᠮᠵᠢᠶ᠎ᠡ ᠪᠠᠷ ᠦᠨᠳᠡᠭᠡᠨ ᠤ ᠶᠡᠭᠡ ᠪᠠᠭ᠎ᠠ᠂

ᠬᠦᠨᠳᠦ ᠬᠦᠩᠭᠡᠨ ᠢ ᠡᠵᠡᠮᠰᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ᠂ ᠠᠵᠤ ᠠᠬᠤᠢ ᠶᠢᠨ ᠦᠷ᠎ᠡ

ᠠᠰᠢᠭ ᠢ ᠶᠡᠭᠡ ᠪᠠᠷ ᠣᠯᠵᠤ ᠪᠣᠯᠬᠤ ᠶᠤᠮ᠃

︵ᠢᠷᠡᠯᠲᠡ᠄ ᠵᠢᠷᠭᠠᠯ ᠡᠷᠬᠢᠯᠡᠨ ᠨᠠᠶᠢᠷᠠᠭᠤᠯᠤᠭᠰᠠᠨ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ ᠮᠡᠷᠭᠡᠵᠢᠯ︾

ᠭᠡᠬᠦ ᠨᠣᠮ ᠠᠴᠠ ᠰᠤᠩᠭᠤᠨ ᠰᠡᠶᠢᠷᠡᠭᠦᠯᠪᠠ᠃︶

 
ᠢᠷᠡᠯᠲᠡ᠄ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号