ᠵᠢᠵᠢᠭ ᠵᠦᠢᠯᠡᠰ ᠢᠶᠠᠷ ᠶᠡᠭᠡ ᠬᠠᠶᠢᠷ᠎ᠠ ᠶᠢ ᠬᠠᠷᠠᠭᠤᠯᠵᠤ ᠡᠶ᠎ᠡ ᠵᠣᠬᠢᠴᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2021/10/8
     ︽ᠡᠨᠡ ᠥᠷᠭᠡᠰᠥᠳᠥ ᠬᠡᠮᠬᠡ᠂ ᠲᠥᠪᠡᠳ ᠬᠠᠰᠢ᠂ ᠤᠷᠲᠤ ᠪᠤᠷᠴᠠᠭ᠂ ᠲᠣᠮᠣ ᠨᠠᠩᠭᠤᠸᠠ ᠶᠢ ᠬᠠᠷᠠᠭᠠᠴᠢ᠂ ᠮᠠᠨ ᠤ ᠢᠳᠠᠵᠤ ᠪᠠᠶᠢᠭ᠎ᠠ ᠡᠳᠡᠭᠡᠷ ᠢᠳᠡᠰᠢᠨ ᠨᠤᠭᠤᠭ᠎ᠠ ᠴᠦᠮ ᠤᠷᠭᠠᠨᠢᠭ ᠪᠤᠬᠢᠷᠳᠤᠯ ᠥᠭᠡᠢ ᠢᠳᠡᠬᠡᠨ ᠰᠢᠦ︾ ᠭᠡᠵᠤ ᠨᠣᠭᠤᠭ᠎ᠠ ᠶᠢᠨ ᠬᠦᠷᠢᠶᠡᠯᠡᠩ ᠠᠴᠠ ᠪᠠᠨ ᠰᠠᠬᠰᠤ ᠳᠥᠭᠦᠷᠡᠩ ᠢᠳᠡᠰᠢᠨ ᠨᠣᠭᠤᠭ᠎ᠠ ᠲᠡᠭᠦᠭᠰᠠᠨ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ ᠶᠢᠨ ᠠᠵᠢᠯᠲᠠᠨ ᠵᠠᠩ ᠴᠧᠩ ᠸᠧᠨ ᠪᠠᠶᠠᠷ ᠲᠠᠢ ᠶᠠᠷᠢᠨ᠎ᠠ᠃      ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ ︽ᠨᠠᠮ ᠤᠨ ᠲᠡᠦᠬᠡ ᠶᠢ ᠰᠤᠷᠤᠯᠴᠠᠵᠤ ᠪᠣᠳᠠᠲᠤ ᠶᠠᠪᠤᠳᠠᠯ ᠬᠢᠬᠦ︾ ᠪᠠᠷ ᠠᠵᠠ ᠲᠣᠬᠢᠶᠠᠯ ᠪᠣᠯᠭᠠᠵᠤ᠂ ︽ᠠᠵᠤ ᠠᠬᠤᠶᠢᠯᠠᠯ ᠬᠢᠭᠡᠳ ᠠᠵᠢᠯᠲᠠᠨ ᠠᠵᠢᠯᠴᠢᠨ ᠤ ᠬᠤᠪᠢ ᠵᠠᠶᠠᠭᠠᠨ ᠤ ᠬᠠᠮᠲᠤ ᠴᠣᠭᠴᠠ︾ ᠶᠢ ᠪᠠᠶᠢᠭᠤᠯᠵᠤ᠂ ᠠᠵᠢᠯᠲᠠᠨ ᠠᠵᠢᠯᠴᠢᠨ ᠳᠤ ᠪᠣᠳᠠᠲᠤ ᠶᠠᠪᠤᠳᠠᠯ ᠬᠢᠵᠤ ᠥᠭᠬᠦ ᠪᠠᠷ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠢᠯᠲᠠᠨ ᠠᠵᠢᠯᠴᠢᠨ ᠤ ᠢᠳᠡᠰᠢᠨ ᠨᠣᠭᠤᠭ᠎ᠠ ᠶᠢᠨ ᠬᠦᠷᠢᠶᠡᠯᠡᠩ ᠢ ᠪᠠᠶᠢᠭᠤᠯᠵᠠᠢ᠃      ᠲᠤᠰ ᠺᠣᠮᠫᠠᠨᠢ ᠶᠢᠨ ᠰᠠᠬᠢᠯᠭ᠎ᠠ ᠪᠠᠲᠤ ᠪᠠᠶᠢᠴᠠᠭᠠᠬᠤ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠵᠢᠶᠤᠤ ᠬᠤᠩ ᠮᠢᠨ᠄ ︽ᠡᠨᠡ ᠢᠳᠡᠰᠢᠨ ᠨᠣᠭᠤᠭ᠎ᠠ ᠶᠢᠨ ᠬᠦᠷᠢᠶᠡᠯᠡᠩ ᠢ ᠪᠠᠶᠢᠭᠤᠯᠤᠬᠰᠡᠨ ᠨᠢ ᠮᠠᠨ ᠤ ᠺᠤᠮᠫᠠᠨᠢ ᠶᠢᠨ ︿ᠪᠢ ᠤᠯᠠᠨ ᠲᠦᠮᠡᠨ ᠳᠤ ᠪᠣᠳᠠᠳᠤ ᠶᠠᠪᠤᠳᠠᠯ ᠬᠢᠵᠦ ᠥᠭᠬᠦ﹀ 38 ᠵᠦᠢᠯ ᠤᠨ ᠨᠠᠷᠢᠨ ᠲᠠᠩᠰᠠ ᠶᠢᠨ ᠨᠢᠭᠡ ᠠᠭᠤᠯᠭ᠎ᠠ ᠪᠤᠯᠤᠨ᠎ᠠ᠂ ᠠᠵᠢᠯᠲᠠᠨ ᠠᠵᠢᠯᠴᠢᠨ ᠤ ᠤᠷᠭᠠᠨᠢᠭ ᠪᠤᠬᠢᠷᠳᠤᠯ ᠦᠬᠡᠢ ᠢᠳᠡᠰᠢᠨ ᠨᠤᠭᠤᠭ᠎ᠠ ᠤᠯᠵᠤ ᠢᠳᠡᠬᠦ ᠶᠢ ᠰᠢᠢᠳᠪᠦᠷᠢᠯᠡᠭᠰᠡᠨ ᠮᠥᠷᠲᠡᠭᠡᠨ ᠠᠵᠢᠯᠳᠠᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠵᠢᠯᠲᠠᠨ ᠠᠵᠢᠯᠴᠢᠨ ᠤ ᠵᠤᠯ ᠵᠢᠷᠭᠠᠯᠲᠤ ᠲᠥᠷᠥᠭᠳᠡᠯ ᠪᠠ ᠬᠥᠷᠳᠡᠮᠵᠢ ᠶᠢᠨ ᠲᠥᠷᠥᠭᠳᠡᠯ ᠢ ᠨᠡᠮᠡᠭᠳᠡᠭᠦᠯᠪᠡ︾ ᠭᠡᠪᠠ᠃      ᠠᠵᠢᠯᠲᠠᠨ ᠠᠵᠢᠯᠴᠢᠨ ᠤ ᠪᠠᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠲᠡᠳᠡ ᠨᠡᠷ ᠲᠤ ᠰᠢᠨ᠎ᠡ ᠰᠣᠷᠭᠤᠭ ᠪᠣᠬᠢᠷᠲᠤᠯ ᠥᠬᠡᠶ ᠢᠳᠡᠰᠢᠨ ᠨᠣᠭᠤᠭ᠎ᠠ ᠢᠳᠡᠭᠦᠯᠬᠦ ᠶᠢᠨ ᠲᠥᠯᠥᠭᠡ᠂ ᠺᠣᠮᠫᠠᠨᠢ ᠠᠴᠠ ᠰᠤᠯᠠ ᠪᠠᠶᠢᠭ᠎ᠠ ᠭᠠᠵᠠᠷ ᠢ ᠲᠤᠰ ᠲᠤᠰ ᠤᠨ ᠣᠨᠴᠠᠯᠢᠭ ᠲᠠᠢ ᠢᠳᠡᠰᠢᠨ ᠨᠣᠭᠤᠭ᠎ᠠ ᠶᠢᠨ ᠵᠢᠵᠢᠭ ᠬᠦᠷᠢᠶᠡᠯᠡᠩ ᠪᠣᠯᠭᠠᠨ ᠨᠡᠭᠡᠭᠡᠵᠦ᠂ ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ᠂ ᠲᠠᠷᠢᠵᠤ ᠠᠷᠠᠴᠢᠯᠠᠬᠤ᠂ ᠤᠰᠤᠯᠠᠬᠤ ᠲᠥᠬᠦᠭᠡᠷᠦᠮᠵᠢ ᠶᠢ ᠨᠢᠭᠡᠳᠦᠯᠲᠡᠶ ᠲᠣᠬᠢᠷᠠᠭᠤᠯᠤᠨ ᠥᠭᠴᠦ᠂ ᠺᠣᠮᠫᠠᠨᠢ ᠶᠢᠨ 4 ᠦᠢᠯᠡᠳᠪᠦᠷᠢ ᠶᠢᠨ ᠮᠢᠩᠭ᠎ᠠ ᠭᠠᠷᠤᠶ ᠠᠵᠢᠯᠲᠠᠨ ᠠᠵᠢᠯᠴᠢᠳ ᠠᠵᠢᠯ ᠤᠨ ᠴᠢᠯᠥᠭᠡᠨ ᠤ ᠴᠠᠭ ᠢᠶᠠᠨ ᠠᠰᠢᠬᠯᠠᠨ ᠢᠳᠡᠰᠢᠨ ᠨᠣᠭᠤᠭ᠎ᠠ ᠶᠢᠨ ᠵᠢᠵᠢᠭ ᠬᠦᠷᠢᠶᠡᠯᠡᠩ ᠢ ᠠᠷᠠᠴᠢᠯᠠᠪᠠ᠃ ᠣᠳᠣᠬᠠᠨ ᠳᠤ᠂ ᠢᠳᠡᠰᠢᠨ ᠨᠣᠭᠤᠭ᠎ᠠ ᠶᠢᠨ ᠵᠢᠵᠢᠭ ᠬᠦᠷᠢᠶᠡᠯᠡᠩ ᠨᠢ ᠠᠵᠢᠯᠲᠠᠨ ᠠᠵᠢᠯᠴᠢᠨ ᠤ ᠢᠳᠡᠰᠢᠨ ᠨᠤᠭᠤᠭ᠎ᠠ ᠶᠢ ᠬᠠᠩᠭᠠᠵᠤ ᠪᠠᠶᠢᠬᠤ ᠪᠠᠷ ᠪᠠᠷᠠᠬᠤ ᠥᠬᠡᠶ᠂ ᠪᠠᠰᠠ ᠣᠯᠠᠨ ᠤ ᠲᠤᠭᠤᠷᠢᠨ ᠰᠡᠯᠡᠬᠦᠴᠡᠬᠦ ᠲᠤᠬᠢᠳᠠᠢ ᠭᠠᠵᠠᠷ ᠪᠣᠯᠤᠭᠰᠠᠨ ᠪᠠᠶᠢᠨ᠎ᠠ᠃      ᠨᠠᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠥᠨ᠎ᠡ᠂ ᠤᠳᠤ ᠦᠶ᠎ᠡ ᠶᠢᠨ ᠮᠠᠯ ᠠᠵᠤ ᠠᠬᠤᠢ ︵ᠲᠦᠩᠯᠢᠶᠣᠤ︶ ᠶᠢᠨ ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠬᠢᠨ ᠴᠠᠭ ᠨᠡᠮᠡᠨ ᠠᠵᠢᠯᠯᠠᠵᠤ ᠠᠵᠢᠯᠳᠠᠨ ᠠᠵᠢᠯᠴᠢᠨ ᠳᠠᠭᠠᠨ ᠪᠠᠶᠠᠷ ᠤᠨ ᠡᠳᠦᠷ ᠤᠨ ᠪᠡᠯᠡᠭ ᠪᠡᠯᠡᠳᠬᠡᠵᠦ ᠥᠭᠪᠡ᠄ ᠭᠤᠶᠢᠳᠠ ᠪᠤᠭᠤᠳᠠᠯ ᠲᠠᠢ ᠪᠢᠰᠢᠯᠠᠭ᠂ ᠬᠡᠬᠡᠨᠴᠢᠷ ᠬᠠᠶᠢᠷᠴᠠᠬᠯᠠᠬᠰᠠᠨ ᠶᠧᠪᠡᠩ᠂ ᠵᠢᠮᠢᠰ᠂ ᠤᠮᠳᠠᠭᠠᠨ᠂ ᠦᠨᠢᠶᠡᠨ ᠰᠦ᠂ ᠪᠠᠰᠠ ᠬᠥᠮᠦᠨ ᠪᠦᠷᠢ ᠳᠤ 200 ᠲᠥᠭᠦᠷᠢᠭ ᠤᠨ ᠪᠡᠯᠡᠨ ᠵᠣᠭᠤᠰ᠃ ︽ᠤᠳᠤᠬᠠᠨ ᠳᠤ᠂ ᠶᠠᠭ ᠺᠣᠮᠫᠠᠨᠢ ᠶᠢᠨ ᠬᠥᠭᠡ ᠳᠠᠷᠤᠰᠢ ᠬᠤᠳᠠᠯᠳᠤᠨ ᠠᠪᠴᠥ ᠪᠠᠶᠢᠭ᠎ᠠ ᠵᠠᠩᠭᠢᠯᠠᠭ᠎ᠠ ᠶᠢᠨ ᠴᠠᠬ ᠪᠣᠯᠤᠨ᠎ᠠ᠂ ᠡᠮᠥᠨ᠎ᠡ ᠹᠷᠣᠨᠲ ᠤᠨ ᠠᠵᠢᠯᠲᠠᠨ ᠠᠵᠢᠯᠴᠢᠨ ᠤ ᠪᠠᠶᠠᠷ ᠤᠨ ᠡᠳᠦᠷ ᠢᠶᠠᠨ ᠵᠢᠷᠭᠠᠯᠳᠠᠢ ᠥᠩᠭᠡᠷᠡᠭᠡᠵᠦ᠂ ᠠᠵᠢᠯ ᠤᠨ ᠢᠳᠡᠪᠬᠢᠵᠢᠯ ᠢ ᠨᠢ ᠳᠠᠶᠢᠴᠢᠯᠠᠬᠤ ᠶᠢᠨ ᠲᠥᠯᠥᠭᠡ᠂ ᠺᠣᠮᠫᠠᠨᠢ ᠠᠴᠠ ᠠᠵᠢᠯᠳᠠᠨ ᠠᠵᠢᠯᠴᠢᠳ ᠲᠠᠭᠠᠨ ᠲᠡᠷᠭᠡᠯ ᠪᠠᠶᠠᠷ ᠤᠨ ᠪᠡᠯᠡᠭ ᠭᠠᠷᠳᠠᠭᠤᠯᠬᠤ ᠶᠢᠨ ᠬᠠᠮᠲᠤ ᠪᠠᠰᠠ ᠦᠨ᠎ᠡ ᠲᠥᠯᠥᠪᠦᠷᠢ ᠥᠬᠡᠶ ᠬᠤᠭᠤᠯᠠ ᠬᠠᠩᠭᠠᠵᠤ᠂ ᠠᠵᠢᠯᠲᠠᠨ ᠠᠵᠢᠯᠴᠢᠨ ᠵᠢᠴᠢ ᠳᠡᠳᠡ ᠨᠡᠷ ᠤᠨ ᠭᠡᠷ ᠪᠥᠯᠢ ᠳᠤ ᠺᠣᠮᠫᠠᠨᠢ ᠶᠢᠨ ᠬᠠᠶᠢᠷ᠎ᠠ ᠬᠠᠯᠠᠮᠵᠢ ᠶᠢ ᠬᠦᠷᠬᠡᠪᠡ︾ ᠭᠡᠵᠤ ᠲᠤᠰ ᠺᠤᠮᠫᠠᠨᠢ ᠶᠢᠨ ᠠᠵᠢᠯᠴᠢᠨ ᠤ ᠡᠪᠯᠡᠯ ᠤᠨ ᠳᠡᠳ᠋ ᠳᠡᠷᠢᠭᠦᠯᠡᠭᠴᠢ ᠰᠥᠩ ᠯᠢ ᠶᠢᠩ ᠲᠠᠨᠢᠯᠴᠠᠭᠤᠯᠤᠨ᠎ᠠ᠃      ᠣᠶᠢᠯᠠᠭᠠᠭᠰᠠᠨ ᠢᠶᠠᠷ᠂ ᠲᠦᠩᠯᠢᠶᠣᠤ ᠬᠤᠲᠠ ᠡᠮᠬᠢ ᠵᠢᠷᠤᠮ ᠲᠠᠢ᠂ ᠲᠥᠪ ᠭᠤᠤᠯᠴᠢ᠂ ᠵᠦᠶ ᠵᠣᠬᠢᠰᠲᠠᠶ᠂ ᠬᠠᠷᠢᠯᠴᠠᠨ ᠠᠰᠢᠭᠲᠠᠶ ᠬᠠᠮᠲᠤ ᠪᠠᠷ ᠠᠰᠢᠬ ᠭᠥᠷᠳᠡᠬᠦ᠂ ᠡᠶ᠎ᠡ ᠵᠣᠬᠢᠴᠠᠩᠭᠤᠢ ᠪᠥᠭᠡᠳ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ ᠬᠥᠳᠡᠯᠮᠦᠷᠢ ᠶᠢᠨ ᠬᠠᠷᠢᠴᠠᠭ᠎ᠠ ᠶᠢᠨ ︽ᠭᠤᠷᠪᠠᠨ ᠲᠠᠯ᠎ᠠ ᠶᠢᠨ ᠲᠣᠭᠲᠠᠴᠠ︾ ᠶᠢᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ᠂ ᠠᠵᠢᠯᠴᠢᠨ ᠤ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠯ᠎ᠡ ᠪᠦᠷᠢᠯᠳᠦᠬᠦᠨ ᠰᠠᠯᠠᠭ᠎ᠠ ᠮᠥᠴᠢᠷ ᠤᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠦᠨᠡᠨ ᠬᠦ ᠪᠠᠲᠤᠯᠠᠪᠠ᠃ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ ᠬᠥᠳᠡᠯᠮᠦᠷᠢ ᠶᠢᠨ ᠬᠠᠷᠢᠴᠠᠭ᠎ᠠ ᠶᠢᠨ ᠭᠤᠷᠪᠠᠨ ᠲᠠᠯ᠎ᠠ ᠶᠢ ᠵᠣᠬᠢᠴᠠᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢᠨ ᠨᠡᠷᠡᠳᠥ ᠵᠣᠬᠢᠴᠠᠭᠤᠯᠤᠭᠴᠢ ᠶᠢ ᠰᠣᠩᠭᠤᠵᠤ ᠬᠥᠮᠥᠵᠢᠭᠦᠯᠥᠨ᠂ ᠬᠥᠳᠡᠯᠮᠦᠷᠢ ᠶᠢᠨ ᠬᠠᠷᠢᠴᠠᠭ᠎ᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠢ ᠪᠤᠯᠭᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠵᠢᠯᠣᠭᠤᠳᠬᠤ ᠲᠥᠯᠥᠪᠯᠡᠭᠡ ᠶᠢ ᠬᠡᠷᠡᠭᠵᠢᠭᠦᠯᠥᠨ᠂ ᠠᠵᠤ ᠠᠬᠤᠶᠢᠯᠠᠯ ᠤᠨ ᠴᠠᠯᠢᠩ ᠬᠥᠯᠥᠰᠥ ᠶᠢ ᠵᠢᠯᠣᠭᠤᠳᠬᠤ ᠲᠥᠯᠥᠪᠯᠡᠭᠡ ᠶᠢ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠵᠠᠢ᠃ ᠠᠵᠢᠯᠴᠢᠨ ᠤ ᠡᠪᠯᠡᠯ ᠨᠢ ︽ᠠᠵᠢᠯᠴᠢᠨ ᠬᠡᠷᠡᠭᠯᠡᠬᠦ ᠳᠤ ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ ᠬᠢᠬᠦ︾ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠲᠦᠷᠢᠮ ᠲᠣᠭᠲᠠᠭᠠᠯ᠂ ᠠᠵᠢᠯᠴᠢᠨ ᠬᠡᠷᠡᠭᠯᠡᠬᠦ᠂ ᠴᠠᠯᠢᠩ ᠣᠯᠭᠤᠮᠵᠢ᠂ ᠳᠠᠭᠠᠤᠡᠬᠠᠯ ᠬᠠᠷᠠᠭᠠᠯᠵᠠᠯ᠂ ᠠᠮᠠᠷᠠᠯᠲᠠ ᠪᠠ ᠴᠢᠯᠥᠭᠡ᠂ ᠬᠥᠳᠡᠯᠮᠦᠷᠢ ᠶᠢᠨ ᠬᠠᠮᠠᠭᠠᠯᠠᠯᠲᠠ᠂ ᠠᠮᠤᠷ ᠲᠦᠪᠰᠢᠨ ᠪᠠ ᠡᠷᠡᠭᠦᠯ ᠬᠠᠮᠠᠭᠠᠯᠠᠯ ᠵᠡᠷᠭᠡ ᠠᠵᠢᠯᠲᠠᠨ ᠠᠵᠢᠯᠴᠢᠨ ᠤ ᠦᠨᠳᠦᠰᠤᠨ ᠠᠰᠢᠭ ᠲᠤᠰᠠ ᠳᠤ ᠬᠤᠯᠪᠣᠭᠳᠠᠬᠤ ᠬᠠᠮᠢᠶ᠎ᠠ ᠪᠥᠬᠦᠶ ᠠᠰᠠᠭᠤᠳᠠᠯ ᠳᠤ ︽ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ︾ ᠬᠢᠬᠦ ᠶᠢ ᠬᠠᠷᠢᠭᠤᠴᠠᠪᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠬᠠᠤᠯᠢᠴᠢ ᠶᠢᠨ ᠦᠢᠯᠡᠴᠢᠯᠡᠭᠡᠨ ᠤ ᠪᠦᠯᠬᠦᠮ ᠪᠣᠯᠤᠨ ᠬᠤᠳᠠᠯᠳᠤᠭᠠᠴᠢᠳ ᠤᠨ ᠡᠪᠯᠡᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠨ᠎ᠡ ᠵᠠᠰᠠᠬᠴᠢᠳ ᠢ ᠬᠥᠮᠦᠵᠢᠭᠦᠯᠦᠨ ᠵᠢᠯᠣᠭᠤᠳᠴᠤ ᠬᠥᠳᠡᠯᠮᠦᠷᠢ ᠶᠢᠨ ᠬᠠᠤᠯᠢ ᠴᠠᠭᠠᠵᠠ ᠲᠥᠷᠢᠮ ᠲᠣᠭᠲᠠᠭᠠᠯ ᠢ ᠵᠥᠪ ᠥᠢᠯᠠᠭᠠᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠤᠬᠠᠮᠰᠠᠷ ᠢ ᠨᠢ ᠴᠢᠩᠭᠠᠤᠡᠬᠠᠨ᠂ ᠠᠵᠢᠯᠲᠠᠨ ᠠᠵᠢᠯᠴᠢᠨ ᠢ ᠤᠬᠠᠮᠰᠠᠷ ᠠᠴᠠ ᠪᠠᠨ ᠬᠠᠯᠠᠮᠵᠢᠯᠠᠨ ᠬᠠᠶᠢᠷᠠᠯᠠᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠠᠵᠤ ᠠᠬᠤᠶᠢᠯᠠᠯ ᠬᠢᠭᠡᠳ ᠠᠵᠢᠯᠲᠠᠨ ᠠᠵᠢᠯᠴᠢᠨ ᠵᠥᠪᠳᠡᠯᠴᠡᠵᠤ ᠬᠠᠮᠲᠤᠷᠠᠨ ᠠᠵᠢᠯᠯᠠᠬᠤ᠂ ᠲᠣᠭᠲᠠᠴᠠ ᠶᠢ ᠬᠠᠮᠲᠤ ᠪᠠᠷ ᠪᠠᠶᠢᠭᠤᠯᠬᠤ᠂ ᠦᠷ᠎ᠡ ᠠᠰᠢᠭ ᠢ ᠬᠠᠮᠲᠤ ᠪᠠᠷ ᠡᠭᠦᠳᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号