︽ᠣᠩᠨᠢᠭᠤᠳ ᠲᠤᠲᠤᠷᠭ᠎ᠠ︾ LOGO ᠲᠠᠢ ᠪᠤᠯᠪᠠ
ᠨᠡᠶᠢᠲᠡᠯᠡᠭᠰᠡᠨ ᠴᠠᠭ᠄
2021/10/8
     9 ᠰᠠᠷ᠎ᠠ ᠶᠢᠨ 30 ᠤ ᠡᠳᠦᠷ᠂ ᠣᠩᠨᠢᠭᠤᠳ ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠳᠡᠭᠡ ᠠᠵᠤ ᠠᠬᠤᠢ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠵᠢᠴᠢ ︽ᠣᠩᠨᠢᠭᠤᠳ ᠲᠤᠲᠤᠷᠭ᠎ᠠ︾ ᠶᠢᠨ ᠲᠥᠷᠥᠯ ᠲᠡᠮᠳᠡᠭ ᠢ ᠡᠭᠦᠳᠦᠨ ᠪᠠᠶᠢᠭᠤᠯᠬᠤ ᠰᠤᠳᠤᠯᠤᠨ ᠶᠠᠷᠢᠯᠴᠠᠬᠤ ᠬᠤᠷᠠᠯ ᠣᠩᠨᠢᠭᠤᠳ ᠬᠤᠰᠢᠭᠤᠨ ᠳᠤ ᠬᠤᠷᠠᠯᠳᠤᠪᠠ᠃ ᠶᠠᠷᠢᠶᠠᠨ ᠤ ᠲᠠᠪᠴᠠᠩ ᠨᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ᠂ ᠠᠵᠤ ᠦᠢᠯᠡᠰ ᠲᠤ ᠬᠦᠳᠡᠯᠭᠡᠭᠴᠢ ᠬᠦᠴᠦᠨ ᠣᠯᠭᠤᠬᠤ︾ ᠪᠠᠷ ᠭᠤᠤᠯ ᠰᠡᠳᠦᠪ ᠪᠣᠯᠭᠠᠵᠤ᠂ ᠤᠯᠤᠰ ᠤᠨ ᠲᠤᠳᠤᠭᠠᠲᠤ ᠶᠢᠨ ᠬᠦᠳᠡᠭᠡ ᠠᠵᠤ ᠠᠬᠤᠢ ᠶᠢᠨ ᠲᠤᠰᠬᠠᠶ ᠮᠡᠷᠭᠡᠵᠢᠯᠲᠡᠳ ᠲᠤᠬᠠᠶ ᠶᠢᠨ ᠲᠠᠯᠠᠪᠠᠶ ᠳᠤ ᠣᠩᠨᠢᠭᠤᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠩᠨᠢᠭᠤᠳ ᠲᠤᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠳᠤ ᠠᠷᠭ᠎ᠠ ᠪᠣᠳᠣᠯᠭ᠎ᠠ ᠬᠠᠩᠭᠠᠵᠤ᠂ ︽ᠣᠩᠨᠢᠭᠤᠳ ᠲᠤᠲᠤᠷᠭ᠎ᠠ︾ ᠶᠢᠨ ᠲᠥᠷᠥᠯ ᠲᠡᠮᠳᠡᠭ ᠤᠨ ᠥᠷᠲᠡᠭ ᠢ ᠭᠦᠨᠵᠡᠭᠡᠶ ᠠᠭᠤᠳᠠᠯᠵᠤ᠂ ᠣᠩᠨᠢᠭᠤᠳ ᠤᠨ ᠪᠣᠬᠢᠷᠲᠤᠯ ᠥᠬᠡᠶ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭ ᠢ ᠡᠭᠦᠳᠬᠦ ᠪᠠᠷ ᠵᠤᠷᠢᠯᠳᠠ ᠪᠠᠨ ᠪᠤᠯᠭᠠᠵᠠᠢ᠃      ᠣᠩᠨᠢᠭᠤᠳ ᠬᠤᠰᠢᠭᠤ ᠪᠣᠯ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠪᠣᠯᠤᠨ᠎ᠠ᠂ ᠥᠨᠢ ᠤᠳᠠᠭᠠᠨ ᠬᠡᠷᠡᠯ ᠰᠠᠴᠤᠷᠠᠩᠭᠤᠶ ᠲᠠᠷᠢᠶᠠᠯᠠᠩ ᠤᠨ ᠪᠣᠯᠪᠠᠰᠤᠨ ᠲᠠᠢ᠂ ᠲᠠᠷᠢᠶᠠᠯᠠᠩ ᠮᠠᠯ ᠠᠵᠤ ᠠᠬᠤᠶ ᠨᠢ ᠴᠦ ᠪᠥᠬᠦ ᠬᠤᠰᠢᠭᠤᠨ ᠤ ᠭᠤᠤᠯᠯᠠᠬᠤ ᠠᠵᠤ ᠦᠢᠯᠡᠰ᠂ ᠲᠤᠯᠭᠠᠭᠤᠷᠢ ᠠᠵᠤ ᠦᠢᠯᠡᠰ ᠪᠣᠯᠤᠭᠰᠠᠭᠠᠷ ᠢᠷᠡᠵᠡᠶ᠃ ᠪᠥᠬᠦ ᠬᠤᠰᠢᠭᠤᠨ ᠤ ᠵᠢᠯ ᠤᠨ ᠠᠮᠤ ᠪᠤᠳᠠᠭᠠᠨ ᠤ ᠶᠡᠷᠦᠩᠬᠡᠶ ᠤᠨᠠᠯᠲᠠ 35 ᠳ᠋ᠦᠩᠰᠢᠭᠤᠷ ᠵᠢᠩ ᠢ ᠳᠠᠪᠠᠵᠤ᠂ ᠵᠢᠯ ᠤᠨ ᠬᠡᠷ ᠤᠨ ᠲᠡᠵᠢᠭᠡᠪᠦᠷᠢ ᠶᠢᠨ ᠲᠤᠭ᠎ᠠ ᠲᠣᠯᠣᠭᠠᠶ 260 ᠲᠦᠮᠡ ᠰᠢᠬᠠᠮ ᠪᠤᠯᠵᠠᠢ᠃ ᠣᠩᠨᠢᠭᠤᠳ ᠬᠤᠰᠢᠭᠤ ᠪᠣᠯ ᠪᠠᠰᠠ ᠤᠯᠠᠭᠠᠨᠬᠠᠳᠠ ᠬᠤᠲᠠ ᠶᠢᠨ ᠤᠰᠤᠨ ᠲᠤᠲᠤᠷᠭ᠎ᠠ ᠶᠢᠨ ᠭᠤᠤᠯ ᠭᠠᠷᠤᠯᠲᠠ ᠶᠢᠨ ᠣᠷᠣᠨ ᠪᠣᠯᠤᠨ᠎ᠠ᠂ ᠤᠰᠤᠨ ᠲᠤᠲᠤᠷᠭ᠎ᠠ ᠳᠠᠷᠢᠬᠤ ᠲᠠᠯᠠᠪᠠᠶ ᠨᠢ ᠪᠠᠷᠤᠭ 25 ᠲᠦᠮᠡᠨ ᠮᠥ ᠪᠠᠶᠢᠵᠤ᠂ ᠵᠢᠯ ᠤᠨ ᠲᠤᠲᠤᠷᠭ᠎ᠠ ᠶᠢᠨ ᠭᠠᠷᠤᠯᠲᠠ ᠨᠢ 12 ᠲᠦᠮᠡᠨ ᠲᠣᠨ ᠠᠴᠠ ᠳᠡᠭᠡᠭᠰᠢ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠶᠡᠭᠡ ᠤᠰᠤᠨ ᠲᠤᠲᠤᠷᠭ᠎ᠠ ᠶᠢᠨ ᠭᠠᠷᠤᠯᠲᠠ ᠶᠢᠨ ᠬᠤᠰᠢᠭᠤ ᠰᠢᠶᠠᠨ ᠪᠣᠯᠤᠨ᠎ᠠ᠃ ᠣᠳᠣᠬᠠᠨ ᠳᠤ᠂ ᠪᠥᠬᠦ ᠬᠤᠰᠢᠭᠤᠨ ᠤ ᠨᠢᠭᠡᠨᠲᠡ ᠭᠡᠷᠡᠴᠢᠯᠡᠭᠰᠡᠨ ᠣᠷᠭᠠᠨᠢᠭ ᠤᠰᠤᠨ ᠲᠤᠲᠤᠷᠭ᠎ᠠ ᠶᠢᠨ ᠭᠠᠷᠤᠯᠲᠠ ᠶᠢᠨ ᠲᠠᠯᠠᠪᠠᠶ 1.5 ᠲᠦᠮᠡᠨ ᠮᠥ ᠪᠠᠶᠢᠵᠤ᠂ ᠵᠢᠯ ᠳᠤ 0.6 ᠲᠦᠮᠡᠨ ᠲᠣᠨ ᠣᠷᠭᠠᠨᠢᠭ ᠲᠤᠲᠤᠷᠭ᠎ᠠ ᠭᠠᠷᠳᠠᠭ᠃ ︽ᠣᠩᠨᠢᠭᠤᠳ ᠲᠤᠲᠤᠷᠭ᠎ᠠ︾ ᠨᠢ ᠤᠯᠤᠰ ᠤᠨ ᠭᠠᠵᠠᠷ ᠵᠦᠢ ᠶᠢᠨ ᠢᠯᠡᠷᠭᠡᠶᠢᠯᠡᠯᠳᠦ ᠲᠠᠸᠠᠷ ᠤᠨ ᠲᠡᠮᠳᠡᠭᠲᠦ ᠶᠢᠨ ᠭᠡᠷᠡᠴᠢᠯᠡᠭᠡ ᠶᠢ ᠣᠯᠤᠭᠰᠠᠨ ᠪᠥᠭᠡᠳ ︽ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠤᠨ ᠵᠢᠭᠰᠠᠭᠠᠯᠲᠠ ᠳᠤ ᠣᠷᠣᠵᠠᠢ᠃      ᠶᠠᠷᠢᠶᠠᠨ ᠤ ᠲᠠᠪᠴᠠᠩ ᠳᠡᠭᠡᠷ᠎ᠡ᠂ ᠳᠤᠮᠳᠠᠳᠤ ᠤᠯᠤᠰ ᠤᠨ ᠬᠠᠮᠲᠤᠷᠠᠯᠴᠠᠭᠠᠨ ᠤ ᠠᠵᠤ ᠠᠬᠤᠢ ᠶᠢᠨ ᠨᠡᠶᠢᠭᠡᠮᠯᠢᠭ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠭᠠᠵᠠᠷ ᠤᠨ 8 ᠲᠤᠰᠬᠠᠢ ᠮᠡᠷᠭᠡᠵᠢᠯᠲᠡᠨ ᠲᠦᠷᠦ ᠶᠢᠨ ᠪᠤᠳᠤᠯᠭ᠎ᠠ ᠶᠢᠨ ᠬᠠᠨᠳᠤᠰᠢ᠂ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠲᠦᠷᠦᠯ ᠲᠡᠮᠳᠡᠭ ᠤᠨ ᠰᠣᠶᠣᠯ ᠵᠡᠷᠭᠡ ᠭᠤᠷᠪᠠᠨ ᠶᠡᠭᠡ ᠲᠠᠯ᠎ᠠ ᠶᠢᠨ ᠲᠣᠭᠤᠷᠢᠨ ᠳᠤ ᠭᠤᠣᠯ ᠰᠡᠳᠦᠪᠲᠦ ᠮᠡᠳᠡᠭᠦᠯᠦᠯᠲᠡ ᠬᠢᠵᠦ᠂ ᠣᠩᠨᠢᠭᠤᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ︽ᠣᠩᠨᠢᠭᠤᠳ ᠲᠤᠲᠤᠷᠭ᠎ᠠ︾ ᠶᠢᠨ ᠠᠵᠤ ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠳᠡᠪᠰᠢᠭᠦᠯᠵᠦ᠂ ᠣᠩᠨᠢᠭᠤᠳ ᠬᠤᠰᠢᠭᠤᠨ ᠤ ᠤᠰᠤᠨ ᠲᠤᠳᠤᠷᠭ᠎ᠠ ᠶᠢᠨ ᠠᠵᠤ ᠦᠢᠯᠡᠰ ᠪᠠ ᠲᠤᠳᠤᠷᠭ᠎ᠠ ᠶᠢᠨ ᠨᠡᠷᠡᠲᠦ ᠲᠡᠮᠲᠡᠭᠲᠦ ᠶᠢᠨ ᠬᠦᠭᠵᠢᠯᠲᠡ ᠳᠤ ᠵᠠᠮ ᠵᠢᠭᠠᠵᠤ ᠦᠭᠪᠡ᠃  
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号