ᠵᠢᠩ ᠳ᠋ᠦᠡᠭ ᠰᠦᠯᠵᠢᠶᠡᠨ ᠳᠤ ᠬᠠᠯᠠᠮᠰᠢᠯ ᠪᠤᠷᠤᠯᠠᠭᠤᠯᠭ᠎ᠠ ᠲᠠᠢ ︽ᠰᠢᠯᠢ ᠶᠢᠨ ᠭᠤᠤᠯ ᠬᠤᠨᠢ︾
ᠨᠡᠶᠢᠲᠡᠯᠡᠭᠰᠡᠨ ᠴᠠᠭ᠄
2021/10/8
     ᠠᠯᠳᠠᠨ ᠨᠠᠮᠤᠷ ᠤᠨ ᠲᠠᠩᠰᠤᠭ ᠤᠯᠠᠷᠢᠯ ᠪᠤᠯ ᠮᠠᠯ ᠰᠦᠷᠦᠭ ᠦᠭᠡᠬᠦ ᠪᠠᠷ ᠪᠦᠮᠪᠦᠭᠡᠯᠡᠵᠦ ᠲᠠᠷᠭᠤ ᠬᠦᠴᠤ ᠪᠦᠷᠢᠳᠦᠭᠰᠡᠨ ᠦᠭᠭᠢᠶᠡᠮᠦᠷ ᠰᠠᠶᠢᠬᠠᠨ ᠤᠯᠠᠷᠢᠯ ᠪᠢᠯᠡ᠃ 9 ᠰᠠᠷ᠎ᠠ ᠶᠢᠨ 24 ᠤ ᠡᠳᠦᠷ᠂ ᠤᠳᠠᠯ ᠦᠭᠡᠢ ᠤᠯᠤᠰ ᠤᠨ ᠪᠠᠶᠠᠷ ᠤᠨ ᠠᠮᠠᠷᠠᠯᠳᠠ ᠬᠦᠷᠴᠤ ᠢᠷᠡᠬᠦ ᠪᠤᠯᠤᠭᠰᠠᠨ ᠲᠠᠰᠢᠷᠠᠮ ᠳᠤ ᠰᠢᠯᠢ ᠶᠢᠨ ᠭᠤᠤᠯ ᠠᠶᠢᠮᠠᠭ ᠪᠤᠯᠤᠨ ᠵᠢᠩ ᠳ᠋ᠦᠩ ᠪᠦᠯᠦᠭᠯᠡᠯ ᠬᠠᠮᠳᠤᠷᠠᠯᠴᠠᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠪᠠᠷ ︽ᠵᠢᠩ ᠳ᠋ᠦᠩ · ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠤᠯᠠᠨ ᠨᠡᠶᠢᠳᠡ ᠳᠤ ᠲᠠᠨᠢᠯᠴᠠᠭᠤᠯᠬᠤ ᠠᠵᠢᠯᠯᠠᠭ᠎ᠠ︾ ᠬᠦᠰᠢᠭᠡ ᠪᠠᠨ ᠰᠡᠬᠦᠯ᠎ᠡ᠃      ᠣᠷᠣᠶ ᠶᠢᠨ 6 ᠴᠠᠭ ᠬᠠᠭᠠᠰ ᠲᠤ᠂ ᠰᠢᠯᠢᠩᠬᠤᠲᠠ ᠶᠢᠨ ᠬᠤᠲᠠ ᠶᠢᠨ ᠵᠣᠴᠢᠯᠠᠬᠤ ᠲᠢᠩᠬᠢᠮ ᠤᠨ ᠮᠣᠩᠭᠤᠯ ᠭᠡᠷ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠬᠤᠭᠤᠷ ᠴᠤᠭᠤᠷ ᠤᠨ ᠤᠶᠠᠩᠭᠠᠲᠤ ᠡᠬᠡᠰᠢᠭ ᠬᠠᠨᠭ᠍ᠭᠢᠨᠠᠵᠤ᠂ ᠨᠡᠷᠡᠲᠦ ᠲᠡᠮᠳᠡᠭᠲᠤ ᠪᠦᠲᠦᠭᠡᠭᠳᠡᠬᠦᠨ ᠤ ᠭᠤᠶᠢᠳᠠ ᠰᠠᠶᠢᠬᠠᠨ ᠤᠬᠠᠭᠤᠯᠭ᠎ᠠ ᠶᠢᠨ ᠹᠢᠯᠢᠮ ᠬᠦᠮᠦᠰ ᠤᠨ ᠠᠩᠬᠠᠷᠤᠯ ᠢ ᠤᠨᠴᠠ ᠲᠠᠳᠠᠵᠤ ᠪᠠᠶᠢᠯ᠎ᠠ᠃ ᠰᠢᠭᠤᠳ ᠨᠡᠪᠲᠡᠷᠡᠭᠦᠯᠭᠡ ᠳᠤ ᠰᠦᠯᠵᠢᠶᠡᠨ ᠤᠳᠤᠨ ᠤᠶᠠᠩᠭ᠎ᠠ᠂ ᠰᠢᠯᠢ ᠶᠢᠨ ᠭᠤᠣᠯ ᠠᠶᠢᠮᠠᠭ ᠤᠨ ᠲᠦᠷᠦᠯ ᠲᠡᠮᠳᠡᠭ ᠤᠨ ᠲᠥᠪ᠂ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠷᠢᠭᠤᠴᠠᠯᠭᠠᠳᠠᠨ ᠪᠣᠯᠤᠨ ᠦᠢᠯᠡᠳᠪᠦᠷᠢ ᠬᠤᠳᠠᠯᠳᠤᠭᠠᠨ ᠤ ᠲᠥᠯᠦᠭᠡᠯᠡᠭᠴᠢ ᠬᠠᠮᠲᠤ ᠪᠠᠷ ᠦᠷᠭᠡᠨ ᠤᠯᠠᠨ ᠰᠦᠯᠵᠢᠶᠡᠨ ᠠᠨᠳᠠ ᠯᠤᠭ᠎ᠠ ᠶᠠᠷᠢᠯᠴᠠᠵᠤ᠂ ᠲᠡᠳᠡ ᠨᠡᠷ ᠲᠤ ᠰᠢᠯᠢ ᠶᠢᠨ ᠭᠤᠣᠯ ᠬᠤᠨᠢᠨ ᠤ ᠲᠦᠷᠦᠯ ᠲᠡᠮᠳᠡᠭ ᠤᠨ ᠦᠯᠢᠭᠡᠷ ᠢ ᠶᠠᠷᠢᠵᠤ ᠦᠭᠬᠦᠨ᠎ᠠ᠃      ᠠᠮᠢ ᠠᠬᠤᠢ ᠶᠢᠨ ᠨᠣᠭᠤᠭᠠᠨ ᠥᠩᠭᠡ ᠪᠣᠯ ᠰᠢᠯᠢ ᠶᠢᠨ ᠭᠤᠤᠯ ᠤᠨ ᠬᠠᠮᠤᠭ ᠤᠨ ᠦᠵᠡᠰᠬᠦᠯᠡᠩᠲᠦ ᠰᠠᠶᠢᠬᠠᠨ ᠳᠡᠪᠢᠰᠬᠡᠷ ᠥᠩᠭᠡ᠂ ᠪᠠᠶᠢᠭᠠᠯᠢ ᠡᠵᠢ ᠶᠢᠨ ᠦᠭᠭᠢᠶᠡᠮᠦᠷ ᠬᠡᠰᠢᠭ ᠪᠤᠯᠬᠤ ︽ᠰᠢᠯᠢ ᠶᠢᠨ ᠭᠤᠤᠯ ᠬᠤᠨᠢ︾ ᠪᠣᠯ ᠶᠤᠰᠤᠳᠠᠢ ᠨᠡᠷ᠎ᠡ ᠨᠢᠳᠡᠷ ᠲᠡᠭᠡᠨ ᠨᠡᠶᠢᠴᠡᠭᠰᠡᠨ ᠲᠠᠯ᠎ᠠ ᠨᠤᠲᠤᠭ ᠤᠨ ᠤᠨᠴᠠ ᠭᠠᠷᠤᠯᠳᠠ ᠮᠥᠨ ᠪᠥᠭᠡᠳ ᠰᠢᠯᠢ ᠶᠢᠨ ᠭᠤᠤᠯ ᠤᠨ ᠬᠠᠮᠤᠭ ᠤᠨ ᠲᠤᠳᠤ ᠲᠤᠪᠤᠭᠤᠷ ᠨᠡᠷ᠎ᠡ ᠶᠢᠨ ᠬᠠᠭᠤᠳᠠᠰᠤ ᠮᠥᠨ᠃ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠯᠢ ᠶᠢᠨ ᠭᠤᠣᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠭᠦᠳᠬᠦ ᠪᠣᠯ ᠰᠢᠯᠢ ᠶᠢᠨ ᠭᠤᠣᠯ ᠠᠶᠢᠮᠠᠭ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠴᠢᠨᠠᠷ ᠰᠠᠶᠢᠲᠠᠢ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠨᠤᠲᠤᠭ ᠪᠡᠯᠴᠢᠭᠡᠷ ᠤᠨ ᠠᠮᠢ ᠠᠬᠤᠢ ᠶᠢ ᠰᠠᠶᠢᠵᠢᠷᠠᠭᠤᠯᠬᠤ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠭᠤᠳᠠᠮ ᠰᠠᠷᠠᠭᠤᠯ ᠰᠢᠯᠢ ᠶᠢᠨ ᠭᠤᠤᠯ ᠤᠤᠯ ᠠᠴᠠ ᠪᠠᠨ ᠤᠨᠠᠭᠠᠨ ᠪᠠᠶᠢᠭᠠᠯᠢ ᠪᠠᠶᠠᠨ ᠰᠦᠷᠦᠭ ᠢᠶᠠᠷ ᠢᠶᠠᠨ ᠠᠯᠳᠠᠷ ᠮᠠᠨᠳᠤᠭᠰᠠᠨ ᠭᠠᠵᠠᠷ ᠪᠢᠯᠡ᠃ ᠡᠨᠡ ᠨᠤᠲᠤᠭ ᠤᠰᠤᠨ ᠤ ᠪᠠᠶᠠᠨ ᠬᠡᠰᠢᠭ᠂ ᠬᠦᠳᠡᠯᠮᠦᠷᠢᠴᠢ ᠡᠵᠡᠳ ᠤᠨ ᠤᠢᠢᠭ᠎ᠠ ᠦᠭᠡᠢ ᠴᠢᠷᠮᠠᠶᠢᠯᠭ᠎ᠠ ᠪᠠᠶᠢᠭᠰᠠᠨ ᠢᠶᠠᠷ ᠰᠠᠶ᠋ᠢ ︽ᠰᠢᠯᠢ ᠶᠢᠨ ᠭᠤᠣᠯ ᠬᠤᠨᠢ︾᠂ ᠲᠠᠷᠤᠢ ᠵᠢᠩᠬᠢᠨᠢ ᠪᠠᠶᠢᠭᠠᠯᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠤᠨᠢ ᠶᠢ ᠪᠤᠶᠢᠵᠢᠭᠤᠯᠵᠠᠢ᠃ ᠤᠢᠢᠷ᠎ᠠ ᠶᠢᠨ ᠵᠢᠯ᠂ ᠰᠢᠯᠢ ᠶᠢᠨ ᠭᠤᠣᠯ ᠠᠶᠢᠮᠠᠭ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠦᠲᠦᠭᠡᠭᠳᠡᠬᠦᠨ ᠤ ᠶᠠᠰᠤ ᠴᠢᠨᠠᠷ ᠢ ᠡᠬᠢ ᠡᠭᠦᠰᠦᠯ ᠠᠴᠠ ᠨᠢ ᠪᠠᠲᠤᠯᠠᠬᠤ ᠶᠢᠨ ᠲᠥᠯᠥᠭᠡ ᠨᠢᠭᠡ ᠲᠠᠯ᠎ᠠ ᠪᠠᠷ ᠲᠦᠷᠦᠯ ᠲᠡᠮᠳᠡᠭ ᠤᠨ ᠪᠠᠶᠢᠭᠤᠯᠤᠯᠳᠠ ᠶᠢ ᠠᠳᠬᠤᠵᠤ᠂ ᠨᠦᠬᠦᠭᠡ ᠲᠠᠯ᠎ᠠ ᠪᠠᠷ ᠪᠦᠬᠦ ᠠᠵᠤ ᠦᠢᠯᠡᠰ ᠤᠨ ᠬᠡᠯᠬᠢᠶᠡᠵᠢᠯ ᠤᠨ ᠶᠠᠰᠤ ᠴᠢᠨᠠᠷ ᠢ ᠪᠦᠬᠦ ᠶᠠᠪᠤᠴᠠ ᠳᠤ ᠮᠥᠷᠳᠡᠵᠦ᠂ ᠶᠠᠰᠤ ᠴᠢᠨᠠᠷ ᠢ ᠴᠢᠩᠭ᠎ᠠ ᠬᠢᠨᠠᠨ ᠡᠵᠡᠮᠳᠡᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ︽ᠬᠤᠤᠰ ᠠᠷᠪᠠᠨ ᠨᠢᠭᠡᠨ︾ ᠤ ᠰᠦᠯᠵᠢᠶᠡᠨ ᠤ ᠬᠦᠭᠵᠢᠶᠡᠨᠳᠦ ᠪᠠᠶᠠᠷ ᠬᠦᠷᠲᠡᠯ᠎ᠡ ᠦᠷᠭᠦᠯᠵᠢᠯᠡᠵᠦ᠂ ᠡᠨᠡ ᠬᠤᠭᠤᠴᠠᠭᠠᠨ ᠳᠤ ᠵᠢᠩ ᠳ᠋ᠦᠩ ᠤᠨ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠬᠤᠰᠢᠭᠤᠴᠢ ᠳᠡᠯᠭᠡᠭᠦᠷ ᠵᠢᠩ ᠳ᠋ᠦᠩ ᠲᠠᠪᠴᠠᠩ ᠤᠨ ᠡᠯ᠎ᠡ ᠲᠥᠷᠥᠯ ᠤᠨ ᠳᠡᠯᠭᠡᠷᠡᠭᠦᠯᠬᠦ ᠠᠵᠢᠯᠯᠠᠭ᠎ᠠ ᠳᠤ ᠣᠷᠣᠯᠴᠠᠬᠤ ᠶᠢᠨ ᠬᠠᠮᠲᠤ ᠨᠠᠷᠠᠲᠤ ᠲᠥᠷᠥᠯ ᠲᠡᠮᠳᠡᠭᠲᠦ ᠶᠢᠨ ᠦᠢᠯᠡᠳᠭᠦᠨ ᠤ ᠬᠠᠷᠠᠭᠠᠯᠵᠠᠯ ᠲᠠᠢ ᠪᠠᠷ ᠪᠣᠷᠣᠯᠠᠭᠤᠯᠭ᠎ᠠ ᠶᠢ ᠠᠬᠢᠭᠤᠯᠬᠤ ᠪᠣᠯᠤᠨ᠎ᠠ᠃  
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号