ᠵᠢᠵᠢᠭ ᠬᠦᠷᠢᠶ᠎ᠡ ᠬᠠᠰᠢᠶ᠎ᠠ ᠠᠴᠠ ᠮᠦᠩᠭᠦ ᠬᠤᠷᠮᠦ᠋ᠢᠯᠠᠭᠰᠠᠨ ᠲᠠᠷᠢᠶᠠᠴᠢᠳ
ᠨᠡᠶᠢᠲᠡᠯᠡᠭᠰᠡᠨ ᠴᠠᠭ᠄
2021/10/8
     ᠡᠨᠡ ᠵᠢᠯ ᠠᠷᠤ ᠬᠤᠷᠴᠢᠨ ᠬᠤᠰᠢᠭᠤᠨ ᠤ ᠤᠯᠠᠭᠠᠨᠬᠠᠳᠠ ᠰᠢᠶᠠᠩ ᠤᠨ ᠥᠨᠳᠥᠷᠬᠤᠰᠢᠭᠤ ᠲᠣᠰᠬᠤᠨ ᠤ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠪᠢᠯᠬᠠᠵᠤ᠂ ᠠᠶᠢᠯ ᠪᠤᠯᠭᠠᠨ ᠤ ᠨᠣᠭᠤᠭ᠎ᠠ ᠶᠢᠨ ᠬᠠᠰᠢᠶᠡᠨ ᠳᠠᠬᠢ ᠪᠤᠷᠴᠠᠭ᠂ ᠭᠡᠷ ᠤᠨ ᠢᠲᠡᠷ᠎ᠡ᠂ ᠰᠠᠷᠢᠮᠰᠠᠭ᠂ ᠬᠠᠰᠢ ᠵᠡᠷᠭᠡ ᠢᠳᠡᠰᠢᠨ ᠨᠣᠭᠤᠭ᠎ᠠ ᠶᠢᠨ ᠤᠷᠭᠤᠴᠠ ᠬᠥᠮᠦᠰ ᠢ ᠪᠠᠶᠠᠰᠬᠠᠨ᠎ᠠ᠃      ᠲᠣᠰᠬᠤᠨ ᠤ ᠵᠠᠬ᠎ᠠ ᠳᠤ ᠪᠠᠶᠢᠷᠢᠯᠠᠭ᠎ᠠ ᠶᠠᠩ ᠶᠠ ᠵᠦᠸᠧ ᠶᠢᠨ ᠬᠢᠨ ᠳᠤ ᠬᠦᠷᠬᠦ ᠳᠤ᠂ ᠬᠦᠷᠢᠶᠡᠨ ᠳᠡᠭᠡᠨ ᠬᠦᠷᠦᠭᠰᠡᠨ ᠰᠠᠷᠢᠮᠰᠠᠭ ᠢᠶᠠᠨ ᠡᠩᠨᠡᠭᠦᠯᠦᠨ ᠲᠠᠯᠪᠢᠵᠦ᠂ ᠰᠠᠷᠢᠮᠰᠠᠭ ᠢᠶᠠᠨ ᠤᠶᠠᠵᠤ ᠪᠠᠶᠢᠯ᠎ᠠ᠃ ︽ᠡᠨᠡ ᠰᠠᠷᠢᠮᠰᠠᠭ ᠲᠣᠮᠣ ᠮᠦᠷᠲᠡᠭᠡᠨ ᠬᠠᠯᠢᠰᠤ ᠨᠢ ᠨᠢᠮᠭᠡᠨ᠂ ᠨᠤᠲᠤᠭ ᠤᠨ ᠴᠣᠯᠤ ᠪᠠᠶᠢᠭᠠᠯᠢᠯᠢᠭ ᠪᠣᠬᠢᠷᠲᠤᠯ ᠦᠭᠡᠢ ᠪᠣᠷᠳᠣᠭᠤᠷ ᠵᠠᠷᠤᠭᠰᠡᠠ︾ ᠭᠡᠵᠦ ᠶᠠᠩ ᠶᠠ ᠵᠦᠸᠧ ᠲᠠᠨᠢᠯᠴᠠᠭᠤᠯᠤᠨ᠎ᠠ᠃      ᠲᠡᠷᠡ ᠰᠠᠷᠢᠮᠰᠠᠭ ᠢᠶᠠᠨ ᠬᠤᠳᠠᠯᠳᠤᠵᠦ ᠭᠠᠷᠬᠤ ᠦᠭᠡᠢ ᠬᠡᠵᠥ ᠵᠢᠭᠠᠬᠠᠨ ᠴᠤ ᠵᠣᠪᠠᠭ᠋ᠤ ᠦᠭᠡᠢ ᠪᠠᠶᠢᠯ᠎ᠠ᠂ ᠲᠡᠬᠦᠨ ᠢ ᠰᠠᠷᠢᠮᠰᠠᠭ ᠤᠨ ᠴᠢᠬᠢ ᠰᠠᠭᠤᠯᠭᠠᠮᠠᠭᠴᠠ ᠴᠢᠪᠠᠭ᠎ᠠ ᠪᠠᠯᠭᠠᠰᠤ᠂ ᠯᠢᠨᠳᠦ᠋ᠩ ᠪᠠᠯᠭᠠᠰᠤ ᠵᠡᠷᠭᠡ ᠭᠠᠵᠠᠷ ᠠᠴᠠ ᠬᠤᠳᠠᠯᠳᠤᠭᠠᠴᠢᠳ ᠢᠷᠡᠵᠦ ᠨᠢᠭᠡᠨᠲᠡ ᠵᠠᠬᠢᠶᠠᠯᠠᠭᠠᠳ ᠪᠠᠷᠠᠴᠢᠬᠠᠵᠠᠶ᠂ ᠡᠭᠦᠨ ᠤ ᠳᠡᠭᠡᠷ᠎ᠡ ᠪᠤᠰᠤᠳ ᠢᠳᠡᠰᠢᠨ ᠨᠣᠭᠤᠭ᠎ᠠ ᠶᠢᠨ ᠣᠷᠣᠯᠭ᠎ᠠ ᠶᠢ ᠨᠡᠮᠡᠪᠡᠯ᠂ ᠨᠢᠭᠡ ᠮᠦ ᠭᠠᠵᠠᠷ ᠤᠨ ᠴᠡᠪᠡᠷ ᠣᠷᠣᠯᠭ᠎ᠠ 1 ᠲᠦᠮᠡ ᠭᠠᠷᠤᠶ ᠲᠥᠭᠦᠷᠢᠭ ᠲᠤ ᠬᠦᠷᠴᠦ ᠪᠤᠢ ᠬᠡᠨ᠎ᠠ᠃      ᠵᠠᠩ ᠹᠧᠩ ᠰᠢᠶᠠ ᠪᠣᠯ ᠲᠤᠬᠠᠢ ᠶᠢᠨ ᠭᠠᠵᠠᠷ ᠤᠨ ᠢᠶᠠᠨ ᠲᠠᠷᠢᠮᠠᠯ ᠤᠨ ᠲᠤᠮᠤ ᠡᠷᠦᠬᠡ᠂ ᠲᠡᠷᠡ ᠥᠪᠡᠷ ᠤᠨ ᠬᠠᠰᠢᠶ᠎ᠠ ᠪᠠ 20 ᠭᠠᠷᠤᠢ ᠮᠦ ᠲᠠᠷᠢᠶᠠᠨ ᠭᠠᠵᠠᠷ ᠲᠠᠭᠠᠨ ᠪᠦᠷ ᠢᠳᠡᠰᠢᠨ ᠨᠣᠭᠤᠭ᠎ᠠ ᠲᠠᠷᠢᠭᠠᠳ ᠵᠢᠯ ᠤᠨ ᠣᠷᠣᠯᠭ᠎ᠠ ᠨᠢ 20 ᠭᠠᠷᠤᠢ ᠲᠦᠮᠡᠨ ᠲᠥᠭᠦᠷᠢᠭ ᠲᠤ ᠬᠦᠷᠴᠦ ᠪᠤᠢ᠃ ︽ᠡᠨᠡ ᠵᠢᠯ ᠪᠠᠰᠠ 50 ᠮᠦ ᠭᠠᠵᠠᠷ ᠳᠠᠭᠠᠭᠠᠴᠢᠯᠠᠵᠤ ᠯᠠᠵᠤᠤ᠂ ᠬᠠᠰᠢ ᠲᠠᠷᠢᠵᠠᠢ᠂ ᠬᠠᠰᠢᠶᠠᠨ ᠳᠤ ᠪᠠᠰᠠ ᠵᠢᠭᠠᠬᠠᠨ ᠰᠤᠯᠠ ᠭᠠᠵᠠᠷ ᠪᠠᠶᠢᠬᠤ ᠪᠤᠯᠬᠤᠷ ᠦᠬᠡᠷ᠂ ᠬᠤᠨᠢ᠂ ᠡᠯᠵᠢᠭᠡ ᠬᠤᠳᠠᠯᠳᠤᠨ ᠠᠪᠴᠤ ᠲᠡᠵᠢᠭᠡᠵᠦ᠂ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠦ ᠪᠠᠶᠢᠨ᠎ᠠ︾ ᠭᠡᠵᠦ ᠵᠠᠩ ᠹᠧᠩ ᠰᠢᠶᠠ ᠪᠠᠶᠠᠷᠯᠠᠨ᠎ᠡ᠃      ᠥᠨᠳᠥᠷᠬᠤᠰᠢᠭᠤ ᠲᠣᠰᠬᠤᠨ ᠤ ᠢᠳᠡᠰᠢᠨ ᠨᠣᠭᠤᠭ᠎ᠠ ᠳᠠᠷᠢᠬᠤ ᠦᠢᠯᠡᠰ ᠨᠢᠭᠡᠨᠲᠡ ᠣᠯᠠᠨ ᠵᠢᠯ ᠤᠨ ᠲᠡᠦᠬᠡ ᠲᠠᠢ ᠪᠣᠯᠵᠣ᠂ ᠬᠦᠷᠢᠶ᠎ᠡ ᠬᠠᠰᠢᠶᠠᠨ ᠳᠠᠭᠠᠨ ᠢᠳᠡᠰᠢᠨ ᠨᠣᠭᠤᠭ᠎ᠠ ᠳᠠᠷᠢᠬᠤ ᠲᠠᠯᠠᠪᠠᠶ 400 ᠮᠥ ᠬᠦᠷᠴᠤ᠂ 80% ᠠᠴᠠ ᠳᠡᠭᠡᠭᠰᠢᠬᠢ ᠲᠠᠷᠢᠶᠠᠴᠢᠨ ᠡᠷᠦᠬᠡ ᠪᠦ᠋ᠷ ᠢᠳᠠᠰᠢᠠ ᠨᠤᠭᠤᠭ᠎ᠠ ᠲᠡᠷᠢᠵᠥ᠂ ᠣᠯᠠᠨ ᠵᠢᠯ ᠤᠨ ᠲᠠᠷᠢᠵᠦ ᠠᠷᠠᠴᠢᠯᠠᠬᠤ ᠦᠢᠯᠡᠳᠦᠯᠭᠡ ᠪᠠᠷ ᠥᠪᠡᠷᠮᠢᠴᠡ ᠤᠨᠴᠠᠯᠢᠭ ᠪᠦᠬᠦᠢ ᠬᠦᠷᠢᠶ᠎ᠡ ᠬᠠᠰᠢᠶᠠᠨ ᠤ ᠠᠵᠤ ᠠᠬᠤᠶ ᠶᠢᠨ ᠵᠠᠭᠪᠤᠷ ᠲᠠᠢ ᠪᠣᠯᠵᠣ ᠬᠥᠭᠵᠢᠪᠡ᠃ ᠲᠠᠷᠢᠶᠠᠴᠢᠳ ᠬᠦᠷᠢᠶ᠎ᠠ ᠬᠠᠰᠢᠶ᠎ᠠ ᠪᠤᠯᠤᠠ ᠰᠤᠯᠠ ᠪᠠᠶᠢᠭ᠎ᠠ ᠣᠷᠣᠨ ᠰᠠᠭᠤᠴᠠ ᠪᠠᠨ ᠠᠰᠢᠬᠯᠠᠠ ᠰᠠᠷᠢᠮᠰᠠᠭ᠂ ᠪᠤᠷᠴᠠᠭ᠂ ᠰᠣᠩᠭᠢᠨ᠎ᠠ ᠵᠢᠴᠢ ᠦᠨᠦᠷᠲᠦ ᠨᠣᠭᠤᠭ᠎ᠠ ᠵᠡᠷᠭᠡ ᠢᠳᠡᠰᠢᠨ ᠨᠣᠭᠤᠭ᠎ᠠ ᠶᠢ ᠡᠭᠡᠯᠵᠢᠯᠡᠨ ᠳᠠᠷᠢᠵᠤ᠂ ᠵᠢᠯ ᠳᠤ ᠬᠤᠶᠠᠷ ᠤᠳᠠᠭ᠎ᠠ ᠬᠤᠷᠢᠶᠠᠵᠦ᠂ ᠬᠢᠵᠠᠭᠠᠷᠲᠠᠶ ᠭᠠᠵᠠᠷ ᠠᠴᠠ ᠪᠠᠨ ᠬᠠᠮᠤᠭ ᠤᠨ ᠶᠡᠭᠡ ᠦᠷ᠎ᠡ ᠠᠰᠢᠭ ᠬᠦᠷᠲᠡᠵᠦ᠂ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠢᠨᠢ 50% ᠢᠯᠡᠬᠦᠦ ᠶᠢ ᠡᠵᠡᠯᠡᠨ᠂ ᠢᠳᠡᠰᠢᠨ ᠨᠣᠭᠤᠭ᠎ᠠ ᠶᠢᠨ ᠮᠦ ᠨᠢᠬᠡᠴᠢ ᠶᠢᠨ ᠴᠡᠪᠡᠷ ᠣᠷᠣᠯᠭ᠎ᠠ ᠳᠤᠮᠳᠠᠴᠢ ᠪᠠᠷ 1.2 ᠲᠦᠮᠡᠨ ᠲᠥᠭᠦᠷᠢᠭ ᠬᠦᠷᠴᠤ ᠪᠠᠶᠢᠨ᠎ᠠ᠃      ᠣᠶᠢᠷ᠎ᠠ ᠶᠢᠨ ᠵᠢᠯ ᠠᠴᠠ᠂ ᠥᠨᠳᠥᠷᠬᠤᠰᠢᠭᠤ ᠲᠣᠰᠬᠤᠨ ᠨᠢᠭᠡᠨᠲᠡ ᠰᠠᠭᠤᠷᠢᠰᠢᠭᠰᠠᠠ ᠬᠦᠷᠢᠶ᠎ᠡ ᠬᠠᠰᠢᠶᠠᠨ ᠤ ᠠᠵᠤ ᠠᠬᠤᠶ ᠳᠠᠭᠠᠨ ᠲᠦᠰᠢᠭᠯᠡᠨ᠂ ᠠᠵᠤ ᠦᠶ᠋ᠯᠡᠰ ᠤᠨ ᠪᠦᠲᠦᠴᠡ ᠪᠠᠨ ᠲᠤᠬᠢᠷᠠᠭᠤᠯᠵᠥ ᠢᠳᠡᠰᠢᠨ ᠨᠣᠭᠤᠭ᠎ᠠ ᠳᠠᠷᠢᠬᠤ ᠬᠡᠪᠴᠢᠶ᠎ᠡ ᠪᠠᠨ ᠥᠷᠭᠡᠳᠬᠡᠠ᠂ 400 ᠮᠥ ᠬᠦᠷᠢᠶ᠎ᠡ ᠬᠠᠰᠢᠶᠠᠨ ᠤ ᠢᠳᠡᠰᠢᠨ ᠨᠣᠭᠤᠭ᠎ᠠ ᠳᠠᠷᠢᠬᠤ ᠲᠠᠯᠠᠪᠠᠶ ᠨᠢ ᠦᠢᠷ᠎ᠠ ᠬᠠᠪᠢ ᠳᠠᠭᠠᠨ ᠨᠦᠯᠦᠬᠡ ᠲᠤᠰᠬᠠᠯ ᠲᠠᠢ ᠪᠤᠯᠵᠥ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠨᠢ ᠴᠢᠩᠭᠠᠳᠪᠠ᠃      ᠤᠳᠤ ᠲᠤᠰ ᠲᠣᠰᠬᠤᠨ ᠤ ᠦᠨᠳᠦᠷᠭᠤᠤᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠦᠢᠯᠡᠴᠢᠯᠡᠭᠡᠨ ᠤ ᠲᠥᠪ ᠢ ᠪᠥᠲᠥᠭᠡᠨ ᠪᠠᠶᠢᠭᠤᠯᠵᠤ᠂ ᠲᠣᠰᠬᠤᠨ ᠨᠢ ︽ᠨᠢᠭᠡ ᠲᠣᠰᠬᠤᠨ ᠨᠢᠭᠡ ᠦᠢᠯᠡᠳᠭᠦᠨ︾ ᠤ ᠬᠥᠭᠵᠢᠯᠲᠡ ᠶᠢᠨ ᠲᠥᠯᠥᠪᠵᠢᠭᠦᠯᠭᠡ ᠶᠣᠰᠣᠭᠠᠷ ᠬᠦᠷᠢᠶ᠎ᠡ ᠬᠠᠰᠢᠶᠠᠨ ᠳᠠᠭᠠᠨ ᠢᠳᠡᠰᠢᠨ ᠨᠣᠭᠤᠭ᠎ᠠ ᠳᠠᠷᠢᠬᠤ ᠠᠵᠤ ᠦᠢᠯᠡᠰ ᠤᠨ ᠲᠣᠭᠤᠷᠢᠨ ᠳᠤ᠂ ᠢᠵᠢ ᠪᠦᠷᠢᠳᠦᠭᠦᠯᠬᠦ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠲᠡᠭᠦᠯᠳᠡᠷᠵᠢᠭᠦᠯᠵᠦ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠬᠥᠭᠵᠢᠭᠦᠯᠦᠨ᠂ ᠪᠣᠬᠢᠷᠲᠤᠯ ᠥᠬᠡᠶ ᠲᠥᠷᠥᠯ ᠲᠡᠮᠳᠡᠭ ᠵᠢᠴᠢ ᠰᠠᠭᠤᠷᠢᠨ ᠤ ᠭᠡᠷᠡᠴᠢᠯᠡᠯ ᠢ ᠭᠤᠶᠤᠴᠢᠯᠠᠵᠤ᠂ ᠣᠨᠴᠠᠯᠢᠭᠲᠤ ᠠᠵᠤ ᠦᠢᠯᠡᠰ ᠤᠨ ᠬᠦᠭᠵᠢᠯᠳᠠ ᠶᠢ ᠲᠦᠷᠭᠡᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠬᠦᠴᠦᠨ ᠢᠶᠠᠷ ᠠᠬᠢᠭᠤᠯᠵᠤ᠂ ᠲᠠᠷᠢᠶᠠᠴᠢᠨ ᠡᠷᠦᠬᠡ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠶᠢᠨ᠎ᠠ᠃    
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号