ᠣᠷᠠᠳ ᠤᠨ ᠳᠤᠮᠳᠠᠳᠤ ᠬᠤᠰᠢᠭᠤ ᠮᠠᠯᠵᠢᠬᠤ ᠣᠷᠣᠨ ᠤ ᠣᠳᠣᠬᠢᠴᠢᠯᠠᠭᠰᠠᠨ ᠮᠣᠩᠭᠤᠯ ᠠᠳᠤᠭᠤᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/10/8
     ᠠᠳᠤᠭᠤᠨ ᠤ ᠠᠵᠤ ᠦᠢᠯᠡᠰ ᠤᠨ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠮᠣᠩᠭᠤᠯ ᠠᠳᠤᠭᠤᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠪᠦᠯᠬᠦᠮ ᠤᠨ ᠬᠢᠨ ᠤᠢᠢᠷ᠎ᠠ ᠳᠤ ᠴᠣᠩᠵᠢ ᠰᠤᠮᠤᠨ ᠳᠤ ᠮᠣᠩᠭᠤᠯ ᠠᠳᠤᠭᠤᠨ ᠤ ᠰᠢᠮ᠎ᠡ ᠲᠡᠵᠢᠭᠡᠯ ᠤᠨ ᠲᠣᠬᠢᠷᠠᠭᠤᠯᠤᠯ ᠡᠵᠡᠮᠳᠡᠯ ᠤᠨ ᠮᠡᠷᠭᠡᠵᠢᠯ ᠤᠨ ᠪᠣᠯᠪᠠᠰᠤᠷᠠᠯ ᠡᠷᠬᠢᠯᠡᠪᠡ᠃      ᠪᠣᠯᠪᠠᠰᠤᠷᠠᠯ ᠳᠤ᠂ ᠤᠷᠠᠳ ᠤᠨ ᠳᠤᠮᠳᠠᠳᠤ ᠬᠤᠰᠢᠭᠤᠨ ᠤ ᠲᠠᠯ᠎ᠠ ᠨᠤᠲᠤᠭ ᠤᠨ ᠮᠣᠩᠭᠤᠯ ᠠᠳᠤᠭᠤᠨ ᠤ ᠬᠡᠬᠡᠯ ᠬᠠᠶᠠᠬᠤ ᠨᠣᠷᠮ᠎ᠠ ᠨᠡᠯᠢᠶᠡᠳ ᠥᠨᠳᠥᠷ ᠪᠠᠶᠢᠬᠤ ᠦᠵᠡᠭᠳᠡᠯ ᠢ ᠬᠠᠮᠤᠷᠴᠤ᠂ ᠠᠳᠤᠭᠤᠨ ᠤ ᠬᠡᠬᠡᠯ ᠤᠨ ᠬᠤᠭᠤᠴᠠᠭᠠᠨ ᠳᠠᠬᠢ ᠮᠣᠩᠭᠤᠯ ᠠᠳᠤᠭᠤᠨ ᠤ ᠪᠡᠯᠴᠢᠭᠡᠷᠯᠡᠭᠦᠯᠬᠦ ᠰᠢᠮ᠎ᠡ ᠲᠡᠵᠢᠭᠡᠯ ᠤᠨ ᠬᠡᠮᠵᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠰᠢᠮ᠎ᠡ ᠲᠡᠵᠢᠭᠡᠯ ᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠬᠡᠷᠡᠭᠯᠡᠨ ᠰᠢᠨᠵᠢᠯᠡᠬᠦ ᠤᠬᠠᠭᠠᠨᠴᠢ ᠪᠠᠷ ᠲᠡᠵᠢᠭᠡᠯ ᠨᠥᠬᠦᠪᠥᠷᠢᠯᠡᠬᠦ ᠠᠵᠢᠯ ᠢ ᠥᠷᠨᠢᠭᠦᠯᠪᠡ︔ ᠰᠦ ᠱᠦᠭᠦᠷᠡᠭᠦᠯᠬᠦ ᠬᠤᠭᠤᠴᠠᠭᠠᠨ ᠳᠤ᠂ ᠮᠣᠩᠭᠤᠯ ᠮᠣᠷᠢᠨ ᠤ ᠬᠤᠨᠤᠭ ᠤᠨ ᠲᠡᠵᠢᠭᠡᠯ ᠳᠠᠬᠢ ᠡᠨᠧᠷᠭᠢ ᠪᠠ ᠤᠭᠤᠷᠠᠭ ᠤᠨ ᠬᠡᠷᠡᠭᠴᠡᠭᠡᠨ ᠤ ᠬᠡᠮᠵᠢᠶ᠎ᠡ ᠶᠢ ᠭᠦᠢᠴᠡᠳ ᠬᠠᠩᠭᠠᠵᠣ᠂ ᠨᠢᠯᠬ᠎ᠠ ᠠᠳᠤᠭᠤ ᠶᠢ ᠲᠡᠵᠢᠭᠡᠯ ᠢᠶᠠᠷ ᠰᠦ ᠣᠷᠣᠯᠠᠭᠤᠯᠬᠤ ᠪᠠ ᠢᠳᠡᠭᠡᠨ ᠤ ᠪᠦᠲᠦᠭᠡᠭᠳᠡᠬᠦᠨ ᠢ ᠣᠷᠣᠯᠠᠭᠤᠯᠵᠣ᠂ ᠮᠣᠩᠭᠤᠯ ᠠᠳᠤᠭᠤᠨ ᠤ ᠡᠬᠢᠨ ᠤ ᠦᠶ᠎ᠡ ᠶᠢᠨ ᠪᠤᠶᠢᠵᠢᠭᠤᠯᠤᠯᠲᠠ ᠶᠢᠨ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠠᠭᠤᠯᠭ᠎ᠠ ᠶᠢ ᠪᠠᠭᠲᠠᠭᠠᠪᠠ᠃      ᠪᠣᠯᠪᠠᠰᠤᠷᠠᠯ ᠢᠶᠠᠷ ᠳᠡᠮᠵᠢᠨ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠵᠠᠭᠪᠤᠷ ᠢ ᠬᠤᠪᠢᠷᠠᠭᠤᠯᠵᠤ᠂ ᠡᠷᠴᠢᠮᠵᠢᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠪᠡᠶᠡᠯᠡᠭᠦᠯᠵᠦ᠂ ᠮᠠᠯᠴᠢᠳ ᠤᠨ ᠮᠠᠯ ᠤᠨ ᠲᠤᠭ᠎ᠠ ᠶᠢ ᠬᠥᠭᠡᠭᠡᠴᠡᠯᠳᠦᠵᠦ ᠪᠠᠶᠢᠬᠰᠠᠨ ᠠᠴᠠ ᠦᠷ᠎ᠡ ᠠᠰᠢᠭ ᠢ ᠬᠥᠭᠡᠭᠡᠴᠡᠯᠳᠦᠬᠦ ᠪᠤᠯᠤᠭᠰᠠᠨ ᠦᠵᠡᠯ ᠰᠠᠨᠠᠭᠠᠨ ᠤ ᠬᠤᠪᠢᠷᠠᠯᠲᠠ ᠶᠢ ᠲᠦᠷᠭᠡᠳᠬᠡᠵᠦ᠂ ᠲᠡᠵᠢᠭᠡᠨ ᠦᠷᠡᠵᠢᠭᠦᠯᠬᠦ ᠦᠢᠯᠡᠰ ᠤᠨ ᠦᠷ᠎ᠡ ᠠᠰᠢᠭ ᠢ ᠳᠡᠭᠡᠭᠰᠢᠯᠡᠬᠦᠯᠵᠦ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号