ᠲᠦᠩᠯᠢᠶᠣᠤ ᠪᠣᠭᠤᠮᠲᠠ ᠭᠠᠳᠠᠭᠠᠳᠤ ᠠᠴᠠ ᠣᠷᠣᠭᠤᠯᠬᠤ ᠠᠮᠤ ᠪᠤᠳᠠᠭ᠎ᠠ ᠶᠢ ᠡᠳ᠋ᠰᠢᠭᠦᠯᠬᠦ ᠠᠵᠤ ᠦᠢᠯᠡᠰ ᠤᠨ ᠬᠡᠪᠴᠢᠶᠡᠵᠢᠨ ᠥᠷᠭᠡᠳᠬᠦ ᠳᠤ ᠬᠦᠴᠦᠨ ᠨᠡᠮᠡᠷᠢᠯᠡᠵᠤ ᠪᠤᠢ
ᠨᠡᠶᠢᠲᠡᠯᠡᠭᠰᠡᠨ ᠴᠠᠭ᠄
2021/10/8
     ᠤᠯᠤᠰ ᠤᠨ ᠳᠣᠲᠣᠭᠠᠳᠤ ᠶᠢᠨ ᠡᠷᠳᠡᠨᠢ ᠰᠢᠰᠢ ᠶᠢᠨ ᠲᠦᠭᠦᠬᠡᠶ ᠮᠠᠲ᠋ᠧᠷᠢᠶᠠᠯ ᠤᠨ ᠦᠨ᠎ᠡ ᠬᠠᠨᠭ᠍ᠰᠢ ᠥᠨᠳᠥᠷ ᠪᠤᠯᠬᠤᠷ ᠲᠦᠩᠯᠢᠶᠣᠤ ᠬᠤᠲᠠ ᠶᠢᠨ ᠮᠧᠶ ᠬᠤᠸᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠲᠥᠯᠥᠭᠡᠯᠡᠭᠦᠯᠦᠭᠰᠡᠨ ᠡᠷᠳᠡᠨᠢ ᠰᠢᠰᠢ ᠡᠳ᠋ᠰᠢᠭᠦᠯᠬᠦ ᠠᠵᠤ ᠠᠬᠤᠶᠢᠯᠠᠯ ᠤᠳ ᠪᠠᠭ᠎ᠠ ᠪᠤᠰᠤ ᠦᠢᠯᠡᠳᠪᠦᠷᠢᠯᠡᠯ ᠤᠨ ᠥᠪᠡᠷ ᠤᠨ ᠥᠷᠲᠡᠭ ᠤᠨ ᠳᠠᠷᠤᠯᠲᠠ ᠳᠤ ᠲᠤᠯᠭᠠᠷᠠᠵᠤ ᠪᠤᠢ᠃ ᠠᠵᠤ ᠠᠬᠤᠶᠢᠯᠠᠯ ᠤᠨ ᠡᠨᠡ ᠬᠦ ᠬᠦᠴᠢᠷᠳᠡᠯ ᠢ ᠣᠶᠢᠯᠠᠭᠠᠵᠥ ᠮᠡᠳᠡᠭᠰᠠᠨ ᠤ ᠳᠠᠷᠠᠭ᠎ᠠ᠂ ᠲᠦᠩᠯᠢᠶᠣᠤ ᠪᠣᠭᠤᠮᠲᠠ ᠪᠠᠶᠢᠴᠠᠭᠠᠯᠲᠠ ᠰᠤᠳᠤᠯᠤᠯᠲᠠ ᠶᠢ ᠭᠥᠨᠵᠡᠭᠡᠢ ᠥᠷᠨᠢᠬᠦᠯᠵᠤ᠂ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠤᠨ᠂ ᠠᠵᠤ ᠠᠬᠤᠶᠢᠯᠠᠯ ᠢ ᠬᠠᠪᠰᠤᠷᠤᠨ ᠡᠳ᠋ᠰᠢᠭᠦᠯᠬᠦ ᠠᠷᠠᠯᠵᠢᠶ᠎ᠠ ᠶᠢᠨ ᠠᠷᠭ᠎ᠠ ᠮᠠᠶ᠋ᠢᠭ ᠢᠶᠠᠷ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠵᠤ᠂ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠪᠥᠲᠥᠮᠵᠢᠲᠠᠢ ᠰᠢᠢᠳᠪᠦᠷᠢᠯᠡᠭᠰᠡᠨ ᠪᠠᠶᠢᠨ᠎ᠠ᠃      ᠲᠣᠰ ᠪᠣᠭᠤᠮᠲᠠ ᠰᠠᠨᠠᠭᠠᠴᠢᠯᠠᠭ᠎ᠠ ᠠᠴᠠ ᠪᠠᠨ ᠠᠵᠤ ᠠᠬᠤ‍‌ᠵᠢᠯᠠᠯ ᠲᠠᠢ ᠵᠤᠯᠭᠠᠭᠤᠯᠵᠤ᠂ ᠢᠳᠡᠪᠬᠢᠳᠠᠢ ᠪᠠᠷ ᠠᠷᠭ᠎ᠠ ᠤᠬᠠᠭᠠᠨ ᠰᠦᠪᠡᠭᠴᠢᠯᠡᠨ᠂ ᠲᠦᠩᠯᠢᠶᠣᠤ ᠬᠤᠲᠠ ᠶᠢᠨ ᠮᠧᠶ ᠬᠤᠸᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠢᠷᠢ ᠬᠡᠮ ᠤᠯᠬᠤ᠂ ᠭᠠᠷ ᠳᠡᠪᠲᠡᠷ ᠤᠨ ᠭᠠᠷᠳᠠᠮ ᠢ  ᠭᠦᠢᠴᠡᠳᠭᠡᠬᠦ ᠵᠡᠷᠭᠡ ᠲᠠᠯ᠎ᠠ ᠪᠠᠷ ᠨᠠᠷᠢᠠ ᠨᠢᠮᠪᠠᠢ ᠵᠢᠯᠣᠭᠤᠳᠣᠯᠭ᠎ᠠ ᠬᠢᠵᠦ᠂ ᠠᠵᠤ ᠠᠬᠤᠶᠢᠯᠠᠯ ᠢ ᠬᠠᠪᠰᠤᠷᠤᠨ ᠪᠣᠭᠤᠮᠲᠠ ᠶᠢᠨ ᠡᠳ᠋ᠰᠢᠭᠦᠯᠬᠦ ᠠᠷᠠᠯᠵᠢᠶᠠᠨ ᠤ ᠬᠠᠮᠢᠶᠠᠷᠤᠯᠲᠠ᠂ ᠬᠢᠯᠢ ᠪᠠᠷ ᠣᠷᠣᠭᠤᠯᠬᠤ ᠠᠮᠤ ᠪᠤᠳᠠᠭ᠎ᠠ ᠶᠢᠨ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠲᠦᠷᠭᠡᠨ ᠡᠵᠡᠮᠰᠢᠭᠦᠯᠥᠨ᠂ ᠢᠯᠠᠩᠭᠤᠶ᠎ᠠ ᠠᠵᠤ ᠠᠬᠤᠶᠢᠯᠠᠯ ᠢ ᠢᠳᠡᠪᠬᠢᠲᠡᠶ ᠵᠢᠯᠣᠭᠤᠳᠴᠤ ᠪᠠᠶᠢᠭᠠᠳ ᠳᠡᠭᠡᠳᠦ ᠲᠠᠰ ᠤᠨ ᠭᠡᠷᠡᠴᠢᠯᠡᠯᠳᠥ ᠠᠵᠤ ᠠᠬᠤᠶᠢᠯᠠᠯ ᠤᠨ ᠬᠢᠷᠢ ᠬᠡᠮ ᠢ ᠤᠷᠤᠭᠰᠢᠲᠠᠶ ᠣᠯᠭᠤᠵᠤ᠂ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠠᠯᠢ ᠣᠯᠠᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠬᠦᠷᠳᠡᠬᠡᠵᠥ᠂ ︽ᠪᠠᠷᠠᠭ᠎ᠠ ᠢᠷᠡᠮᠡᠭᠴᠡ ᠪᠠᠶᠢᠴᠠᠭᠠᠬᠤ︾ ᠶᠢ ᠪᠤᠳᠠᠳᠠᠶᠢᠵᠢᠭᠤᠯᠪᠠ᠃ ᠡᠭᠦᠨ ᠤ ᠬᠠᠮᠲᠤ ᠠᠵᠤ ᠠᠬᠤᠶᠢᠯᠠᠯ ᠤᠨ ᠡᠳ᠋ᠰᠢᠭᠦᠯᠬᠦ ᠬᠢᠷᠢ ᠬᠡᠮ ᠭᠤᠶᠤᠴᠢᠯᠠᠬᠤ ᠶᠢ ᠵᠢᠯᠣᠭᠤᠳᠴᠤ᠂ ᠬᠢᠵᠢᠭ ᠢ ᠰᠡᠷᠭᠡᠶᠢᠯᠡᠬᠦ ᠰᠢᠰᠲ᠋ᠧᠮ ᠢ ᠪᠦᠷᠢᠨᠰᠢᠬᠦᠯᠤᠨ᠂ ᠲᠡᠭᠡᠭᠡᠪᠦᠷᠢᠯᠡᠬᠦ᠂ ᠠᠴᠢᠵᠤ ᠪᠠᠭᠤᠯᠭᠠᠬᠤ᠂ ᠦᠢᠯᠡᠳᠪᠦᠷᠢᠯᠡᠵᠦ ᠡᠳ᠋ᠰᠢᠭᠦᠯᠬᠦ᠂ ᠥᠯᠡᠳᠡᠪᠥᠷᠢ ᠲᠥᠬᠦᠬᠡᠢ ᠮᠠᠲ᠋ᠧᠷᠢᠶᠠᠯ ᠢ ᠰᠢᠢᠳᠪᠦᠷᠢᠯᠡᠬᠦ ᠵᠡᠷᠭᠡ ᠪᠥᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠢ ᠤᠨᠢᠨ ᠳᠡᠭᠡᠷ᠎ᠡ ᠨᠢ ᠬᠠᠪᠰᠤᠷᠴᠥ ᠪᠠᠶᠢᠭᠠᠳ ᠥᠨᠳᠥᠷ ᠪᠠᠷᠢᠮᠵᠢᠶᠠᠲᠤ ᠦᠢᠯᠡᠳᠪᠦᠷᠢᠯᠡᠵᠦ ᠡᠳ᠋ᠰᠢᠭᠦᠯᠬᠦ ᠶᠠᠪᠤᠴᠠ ᠶᠢ ᠪᠥᠷᠢᠯᠳᠥᠭᠦᠯᠵᠤ ᠥᠭᠭᠦᠭᠰᠡᠨ ᠪᠠᠶᠢᠨ᠎ᠠ᠃      ᠡᠨᠡ ᠵᠢᠯ ᠠᠴᠠ᠂ ᠲᠦᠩᠯᠢᠶᠣᠤ ᠬᠤᠲᠠ ᠶᠢᠨ ᠮᠧᠶ ᠬᠤᠸᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠡᠳ᠋ᠰᠢᠭᠦᠯᠬᠦ ᠠᠷᠠᠯᠵᠢᠶᠠᠨ ᠤ ᠠᠷᠭ᠎ᠠ ᠮᠠᠶ᠋ᠢᠭ ᠢᠶᠠᠷ 27 ᠲᠦᠮᠡᠨ ᠲᠣᠨ ᠡᠷᠳᠡᠨᠢ ᠰᠢᠰᠢ ᠶᠢ ᠭᠠᠳᠠᠭᠠᠳᠤ ᠠᠴᠠ ᠣᠷᠣᠭᠤᠯᠬᠤ ᠪᠠᠷ ᠲᠤᠬᠳᠠᠵᠤ᠂ ᠭᠡᠷ᠎ᠡ ᠶᠢᠨ ᠵᠣᠭᠤᠰ ᠤᠨ ᠲᠤᠭ᠎ᠠ 7200 ᠲᠦᠮᠡᠨ ᠳ᠋ᠣᠯᠯᠠᠷ ᠲᠤ ᠬᠦᠷᠴᠦ᠂ ᠣᠳᠣ 21 ᠲᠦᠮᠡᠨ ᠲᠣᠨ ᠢ ᠠᠰᠢᠬᠯᠠᠯᠳᠠ ᠳᠤ ᠣᠷᠣᠭᠤᠯᠥᠨ᠂ ᠡᠳ᠋ᠰᠢᠭᠦᠯᠥᠭᠰᠡᠨ ᠥᠢᠯᠡᠳᠭᠦᠨ ᠢ ᠭᠠᠳᠠᠭᠠᠳᠤ ᠳᠤ 13 ᠲᠦᠮᠡᠨ ᠲᠣᠨ ᠭᠠᠷᠭᠠᠵᠤ᠂ ᠠᠵᠤ ᠠᠬᠤᠶᠢᠯᠠᠯ ᠳᠤ 7000 ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠵᠤ ᠦᠭᠭᠦᠭᠰᠡᠨ ᠪᠠᠶᠢᠨ᠎ᠠ᠃    
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号