ᠮᠠᠨ ᠤ ᠤᠷᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠤᠷᠵᠢᠭᠤᠯᠤᠭᠰᠠᠨ ᠬᠠᠮᠢᠶᠠᠷᠤᠯᠳᠠ ᠶᠢ ᠬᠡᠷᠡᠭᠵᠢᠭᠦᠯᠵᠤ ᠡᠬᠢᠯᠡᠪᠡ
ᠨᠡᠶᠢᠲᠡᠯᠡᠭᠰᠡᠨ ᠴᠠᠭ᠄
2021/10/8
     ᠤ‍‌ᠵᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠳᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢ ᠪᠦᠬᠦᠨ ᠢ ᠬᠠᠮᠤᠷᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠤᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ︽ᠡᠴᠦᠰ ᠤᠨ ᠨᠢᠭᠡ ᠺᠢᠯᠦᠮᠧᠲᠷ︾ ᠢ ᠨᠡᠪᠳᠡᠷᠡᠬᠦᠯᠵᠤ ᠡᠬᠢᠯᠡᠪᠡ᠃      ︽ᠲᠥᠰᠦᠯ︾ ᠳᠤ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠨᠢ ︽ᠥᠪᠥᠷ ᠮᠣᠩᠭᠤᠯ ᠤᠨ ᠤᠶᠤᠨᠲᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠤᠨ ᠮᠡᠳᠡᠭᠡ ᠵᠠᠩᠭᠢᠴᠢᠯᠠᠯᠳᠠ ᠶᠢᠨ ᠠᠷᠭ᠎ᠠ ᠪᠠᠷᠢᠯ ᠢ ᠭᠦᠢᠴᠡᠳ ᠠᠰᠢᠬᠯᠠᠵᠤ᠂ ᠡᠨᠡ ᠵᠢᠯ ᠪᠥᠬᠦ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠣᠷᠣᠨ ᠪᠦᠰᠡ ᠶᠢ ᠲᠣᠭᠲᠠᠭᠠᠬᠤ᠂ ᠲᠣᠤᠷᠵᠢᠭᠤᠯᠤᠨ ᠬᠠᠮᠢᠶᠠᠷᠬᠤ ᠬᠥᠮᠦᠨ ᠬᠠᠷ᠎ᠠ ᠶᠢ ᠲᠣᠭᠲᠠᠭᠠᠬᠤ᠂ ᠠᠵᠢᠯᠲᠠᠨ ᠤ ᠬᠠᠷᠢᠭᠤᠴᠠᠯᠭ᠎ᠠ ᠶᠢ ᠲᠣᠭᠲᠠᠭᠠᠬᠤ ᠪᠠ ᠨᠡᠷᠡᠰ ᠤᠨ ᠵᠢᠭᠰᠠᠭᠠᠯᠲᠠ ᠶᠢ ᠲᠡᠭᠦᠯᠳᠡᠷᠵᠢᠭᠦᠯᠬᠦ ᠠᠵᠢᠯ ᠢ ᠪᠡᠶᠡᠯᠡᠭᠦᠯᠤᠨ᠎ᠡ︔ 2022 — 2024 ᠣᠨ ᠳᠤ᠂ ︽ᠰᠤᠮᠤ ᠰᠢᠶᠠᠩ ᠪᠠᠯᠭᠠᠰᠤ ᠶᠢᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠪᠤᠯᠤᠨ ︽ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠵᠢᠯᠣᠭᠤᠳᠤᠮᠵᠢ︾ ᠶᠣᠰᠣᠭᠠᠷ᠂ ᠪᠥᠬᠦ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠦᠬᠦᠨ ᠳᠤ ᠬᠠᠷᠢᠶ᠎ᠠ ᠣᠷᠣᠨ ᠤ ᠳᠣᠲᠣᠷᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶ᠎ᠠ ᠪᠥᠬᠦᠶ ᠠᠵᠢᠯ ᠢ ᠥᠷᠨᠢᠭᠦᠯᠤᠨ᠎ᠠ︔ 2025 ᠣᠨ ᠳᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ — ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ — ᠦᠢᠯᠡᠳᠪᠦᠷᠢᠯᠡᠯ ᠤᠨ ᠭᠤᠤᠯ ᠴᠣᠭᠴᠠ ᠶᠢᠨ ᠪᠦᠷᠢᠨ ᠪᠦᠲᠦᠨ᠂ ᠨᠠᠷᠢᠨ ᠲᠣᠳᠣᠷᠬᠠᠶ ᠲᠣᠤᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠣᠶ ᠪᠣᠯᠭᠠᠵᠤ᠂ ᠭᠤᠤᠯᠳᠠᠯᠭ᠎ᠠ ᠲᠠᠢ ᠠᠵᠢᠯ ᠳᠤ ᠴᠢᠭᠯᠡᠭᠦᠯᠦᠨ ᠦᠷᠭᠦᠯᠵᠢᠯᠡᠨ ᠬᠦᠴᠦᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠥᠬᠦ ᠠᠷᠠᠳ ᠢᠶᠠᠷ ᠢᠶᠠᠨ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠭᠦ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠦᠨ᠎ᠡ ᠭᠡᠵᠤ ᠳᠤᠳᠤᠷᠬᠠᠢ ᠳᠤᠷᠠᠳᠤᠭᠰᠠᠨ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号