ᠪᠠᠶᠠᠨᠮᠠᠩᠬ᠎ᠠ ᠰᠤᠮᠤᠨ ᠳᠤ ᠬᠦᠷᠢᠶ᠎ᠠ ᠬᠠᠰᠢᠶᠠᠨ ᠤ ᠠᠵᠤ ᠠᠬᠤᠢ ᠬᠦᠭᠵᠢᠵᠦ ᠪᠠᠶᠢᠨ᠎ᠠ
ᠨᠡᠶᠢᠲᠡᠯᠡᠭᠰᠡᠨ ᠴᠠᠭ᠄
2021/10/8
     ᠾᠸᠤ ᠠᠷᠢᠶᠠᠵᠠᠪ ᠤᠨ ᠬᠢᠨ ᠪᠤᠯ ᠬᠦᠷᠢᠶ᠎ᠡ ᠬᠠᠰᠢᠶᠠᠨ ᠤ ᠠᠵᠤ ᠠᠬᠤᠢ ᠠᠴᠠ ᠠᠰᠢᠭ ᠬᠦᠷᠳᠡᠵᠤ ᠪᠠᠶᠢᠭ᠎ᠠ ᠡᠷᠦᠭᠡ ᠶᠢᠨ ᠨᠢᠭᠡ ᠪᠤᠯᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤᠨ ᠤ ᠪᠠᠶ᠋ᠬᠠᠦ᠋ᠨᠳᠦᠷ ᠭᠠᠴᠠᠭᠠᠨ ᠳᠤ ᠨᠤᠲᠤᠭᠲᠠᠢ᠃ ᠡᠳᠡᠨ ᠤ ᠬᠢᠨ 6 ᠠᠮᠠ ᠪᠦᠯᠢ ᠠᠮᠢᠳᠤᠷᠠᠵᠤ ᠪᠤᠢ᠂ ᠭᠡᠷᠭᠡᠢ ᠨᠢ ᠵᠢᠷᠦᠬᠡᠨ ᠡᠪᠡᠳᠴᠢᠨ ᠲᠠᠢ᠂ ᠬᠤᠶᠠᠷ ᠬᠡᠤᠬᠡᠳ ᠨᠢ ᠰᠤᠷᠭᠠᠭᠤᠯᠢ ᠳᠤ ᠰᠠᠭᠤᠵᠤ ᠪᠠᠶᠢᠭ᠎ᠠ ᠪᠤᠯᠬᠤᠷ ᠠᠷᠢᠶᠠᠵᠠᠪ ᠭᠤᠸᠠᠢ ᠭᠡᠷ ᠭᠠᠳᠠᠨᠠᠬᠢ ᠶᠢᠨ ᠠᠵᠢᠯ ᠳᠠᠭᠠᠨ ᠭᠠᠭᠴᠠᠭᠠᠷ ᠢᠶᠠᠨ ᠶᠠᠭᠠᠷᠠᠳᠠᠭ ᠠᠵᠢ᠃      ᠬᠡᠳᠦᠨ ᠵᠢᠯ ᠤᠨ ᠡᠮᠦᠨ᠎ᠡ ᠾᠸᠤ ᠠᠷᠢᠶᠠᠵᠠᠪ ᠭᠤᠸᠠᠢ ᠤᠯᠠᠮᠵᠢᠯᠠᠯᠳᠤ ᠠᠷᠭ᠎ᠠ ᠪᠠᠷ ᠡᠷᠳᠡᠨᠢ ᠰᠢᠰᠢ ᠳᠠᠷᠢᠵᠤ ᠦᠬᠡᠷ ᠮᠠᠯ ᠳᠡᠵᠢᠭᠡᠭᠦ ᠪᠠᠷ ᠤᠷᠤᠯᠳᠤᠵᠤ ᠦᠡᠭᠭᠡᠷᠡᠪᠡ᠂ ᠭᠡᠪᠡᠴᠤ ᠬᠦᠳᠡᠯᠮᠦᠷᠢ ᠬᠦᠴᠤ ᠬᠦᠷᠦᠯᠴᠡᠭᠦ ᠦᠭᠡᠢ ᠠᠴᠠ ᠪᠤᠯᠵᠤ ᠡᠨᠡ ᠬᠦ ᠬᠦᠰᠡᠯ ᠨᠢ ᠪᠡᠶᠡᠯᠡᠭᠳᠡᠭᠡ ᠦᠭᠡᠢ᠃ 2018 ᠤᠨ ᠳᠤ᠂ ᠬᠢᠩᠭᠠᠨ ᠠᠶᠢᠮᠠᠭ ᠤᠨ ᠦᠯᠵᠡᠶᠢᠳᠤ ᠠᠶᠢᠯ ᠳᠠᠷᠢᠶᠠᠯᠠᠩ ᠤᠨ ᠬᠦᠭᠵᠢᠭᠦᠯᠤᠯᠳᠠ ᠶᠢᠨ ᠬᠢᠵᠠᠭᠠᠷᠳᠤ ᠺᠤᠮᠫᠠᠨᠢ ᠠᠴᠠ ᠪᠠᠶᠠᠨᠮᠠᠩᠬ᠎ᠠ ᠰᠤᠮᠤᠨ ᠤ ᠡᠯ᠎ᠡ ᠭᠠᠴᠠᠭᠠᠨ ᠤ ᠳᠠᠷᠢᠶᠠᠴᠢᠳ ᠤᠨ ᠬᠦᠷᠢᠶ᠎ᠡ ᠬᠠᠰᠢᠶᠠᠨ ᠳᠤᠨᠢ ᠪᠤᠷᠴᠠᠭ ᠳᠠᠷᠢᠭᠤᠯᠤᠨ᠎ᠠ ᠭᠡᠰᠡᠨ ᠲᠠᠶᠢᠴᠢᠯᠠᠭ᠎ᠠ ᠲᠡᠮᠵᠢᠯᠭᠡ ᠨᠢ ᠾᠸᠤ ᠠᠷᠢᠶᠠᠵᠠᠪ ᠤᠨ ᠬᠦᠷᠢᠶ᠎ᠠ ᠬᠠᠰᠢᠶᠠᠨ ᠤ ᠠᠵᠤ ᠠᠬᠤᠢ ᠡᠷᠬᠢᠯᠡᠭᠦ ᠤᠷᠮ᠎ᠠ ᠶᠢ ᠨᠢ ᠬᠦᠭᠵᠢᠭᠡᠵᠤ ᠪᠢᠯᠡ᠃ ᠲᠡᠷᠡ ᠬᠠᠮᠢᠶ᠎ᠠ ᠪᠦᠬᠦᠢ ᠬᠠᠷᠢᠭᠤᠴᠠᠯᠭᠠᠳᠠᠨ ᠤ ᠬᠠᠪᠰᠤᠷᠤᠯᠭ᠎ᠠ ᠵᠢᠯᠤᠭᠤᠳᠤᠯᠭ᠎ᠠ ᠪᠠᠷ 4 ᠮᠦ ᠪᠤᠷᠴᠠᠭ ᠳᠠᠷᠢᠪᠠ᠃ ᠡᠨᠡ ᠲᠤᠬᠠᠢ ᠪᠠᠨ ᠾᠸᠦ ᠠᠷᠢᠶᠠᠵᠠᠪ᠄ ︽ᠦᠩᠭᠡᠷᠡᠭᠰᠡᠨ ᠳᠤ ᠬᠦᠷᠢᠶ᠎ᠡ ᠬᠠᠰᠢᠶᠠᠨ ᠤ ᠠᠵᠤ ᠠᠬᠤᠢ ᠭᠡᠳᠡᠭ ᠢ ᠤᠢᠢᠯᠠᠭᠠᠬᠤ ᠴᠤ ᠦᠭᠡᠢ᠃ ᠦᠯᠵᠡᠶᠢᠳᠤ ᠠᠶᠢᠯ ᠳᠠᠷᠢᠶᠠᠯᠠᠩ ᠤᠨ ᠬᠦᠭᠵᠢᠭᠦᠯᠤᠯᠳᠠ ᠶᠢᠨ ᠬᠢᠵᠠᠭᠠᠷᠳᠤ ᠺᠤᠮᠫᠠᠨᠢ ᠪᠤᠷᠴᠠᠭ ᠲᠠᠷᠢᠭᠤᠯᠤᠬᠰᠡᠨ ᠠᠴᠠ ᠳᠠᠷᠢᠵᠤ ᠤᠷᠭᠤᠭᠤᠯᠬᠤ ᠮᠡᠷᠭᠡᠵᠢᠯ ᠡᠵᠡᠮᠰᠢᠭᠰᠡᠨ ᠢᠶᠠᠷ ᠪᠠᠷᠠᠬᠤ ᠦᠭᠡᠢ ᠤᠷᠤᠯᠭ᠎ᠠ ᠴᠤ ᠨᠡᠮᠡᠭᠳᠡᠯ᠎ᠡ᠃ ᠡᠨᠡ ᠵᠢᠯ ᠪᠢ ᠪᠤᠷᠴᠠᠭ ᠠᠴᠠ ᠪᠠᠨ ᠠᠳᠠᠭ ᠲᠠᠭᠠᠨ 3 ᠲᠦᠮᠡᠨ ᠲᠦᠭᠦᠷᠢᠭ ᠤᠯᠤᠨ᠎ᠠ︾ ᠭᠡᠵᠤ ᠪᠠᠶᠠᠷᠯᠡᠨ ᠶᠠᠷᠢᠵᠤ ᠪᠠᠶᠢᠯ᠎ᠠ᠃ ᠤᠲᠤ ᠪᠠᠶᠠᠨᠮᠠᠩᠬ᠎ᠠ ᠰᠤᠮᠤᠨ ᠤ ᠳᠠᠷᠢᠶᠠᠴᠢᠳ ᠬᠦᠷᠢᠶ᠎ᠠ ᠬᠠᠰᠢᠶᠠᠨ ᠤ ᠠᠵᠤ ᠠᠬᠤᠢ ᠡᠷᠬᠢᠯᠡᠭᠡᠳ ᠮᠦ ᠲᠤᠮᠳᠠᠴᠢ ᠶᠢᠨ ᠤᠷᠤᠯᠭ᠎ᠠ ᠨᠢ 1 ᠲᠦᠮᠡᠨ ᠲᠦᠭᠦᠷᠢᠭ ᠲᠤ ᠬᠦᠷᠴᠤ ᠪᠤᠢ᠃      ᠬᠢᠩᠭᠠᠨ ᠠᠶᠢᠮᠠᠭ ᠤᠨ ᠦᠯᠵᠡᠶᠢᠳᠤ ᠠᠶᠢᠯ ᠳᠠᠷᠢᠶᠠᠯᠠᠩ ᠤᠨ ᠬᠦᠭᠵᠢᠭᠦᠯᠤᠯᠳᠠ ᠶᠢᠨ ᠬᠢᠵᠠᠭᠠᠷᠳᠤ ᠺᠤᠮᠫᠠᠨᠢ 2015 ᠤᠨ ᠳᠤ ᠪᠠᠶᠢᠭᠤᠯᠤᠭᠳᠠᠵᠤ᠂ ᠤᠷᠭᠠᠨᠢᠭ ᠨᠤᠭᠤᠭ᠎ᠠ ᠶᠢ ᠬᠠᠭᠰᠠᠭᠠᠵᠤ ᠬᠠᠳᠠᠭᠠᠬᠤ ᠪᠠᠷ ᠭᠤᠤᠯᠳᠠᠵᠤ ᠪᠠᠶᠢᠳᠠᠭ᠃ ᠳᠤᠰ ᠺᠤᠮᠫᠠᠨᠢ ︽ᠺᠤᠮᠫᠠᠨᠢ + ᠰᠠᠭᠤᠷᠢᠨ + ᠲᠠᠷᠢᠶᠠᠯᠠᠬᠤ ᠡᠷᠦᠬᠡ︾ ᠶᠢᠨ ᠵᠠᠬᠪᠤᠷ ᠢᠶᠠᠷ ᠲᠠᠷᠢᠶᠠᠯᠠᠬᠤ ᠡᠷᠦᠭᠡ ᠶᠢᠨ ᠡᠵᠡᠩᠨᠡᠯᠳᠠ ᠶᠢᠨ ᠬᠡᠯᠪᠡᠷᠢ ᠶᠢ ᠬᠤᠪᠢᠷᠠᠭᠤᠯᠤᠨ᠂ ᠤᠷᠤᠯᠭ᠎ᠠ ᠶᠢ ᠨᠢ ᠨᠡᠮᠡᠭᠳᠡᠭᠦᠯᠵᠤ ᠪᠤᠢ᠃ ᠡᠨᠡ ᠵᠢᠯ ᠲᠤᠰ ᠺᠤᠮᠫᠠᠨᠢ 300 ᠮᠦ ᠪᠤᠷᠴᠠᠭ ᠳᠠᠷᠢᠪᠠ᠂ 100 ᠮᠦ ᠶᠢ ᠨᠢ ᠺᠤᠮᠫᠠᠨᠢ ᠦᠪᠡᠰᠦᠪᠡᠨ ᠡᠵᠡᠩᠨᠡᠬᠦ ᠳᠤᠷᠰᠢᠯᠳᠠ ᠶᠢᠨ ᠰᠠᠭᠤᠷᠢᠨ ᠪᠤᠯᠭᠠᠵᠤ᠂ 200 ᠮᠦ ᠶᠢ ᠨᠢ ᠲᠠᠷᠢᠶᠠᠯᠠᠬᠤ ᠡᠷᠦᠬᠡ ᠲᠠᠢ ᠭᠡᠷ᠎ᠡ ᠳᠤᠭᠳᠠᠨ ᠳᠠᠷᠢᠭᠤᠯᠪᠠ᠃ ᠤᠳᠤᠬᠠᠨ ᠪᠤᠯᠳᠠᠯ᠎ᠠ ᠲᠤᠰ ᠺᠤᠮᠫᠠᠨᠢ ᠪᠠᠶᠠᠨᠮᠠᠩᠬ᠎ᠠ ᠰᠤᠮᠤ ᠵᠢᠴᠢ ᠡᠷᠭᠢᠨ ᠳᠤᠭᠤᠷᠢᠨ ᠤ ᠭᠠᠵᠠᠷ ᠤᠷᠤᠨ ᠤ 325 ᠲᠠᠷᠢᠶᠠᠯᠠᠬᠤ ᠡᠷᠦᠬᠡ ᠶᠢ ᠳᠠᠶᠢᠴᠢᠯᠠᠨ ᠬᠦᠷᠢᠶ᠎ᠠ ᠬᠠᠰᠢᠶᠠᠨ ᠤ ᠠᠬᠤᠢ ᠶᠢᠨ ᠡᠵᠡᠩᠨᠡᠯᠳᠠ ᠳᠤ ᠤᠷᠤᠯᠴᠠᠭᠤᠯᠤᠬᠰᠡᠨ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号