ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠢᠮᠠᠭᠠᠲᠤ ᠲᠣᠰᠬᠤᠨ ᠤ ᠬᠦᠯᠡᠮᠵᠢ ᠶᠢᠨ ᠦᠵᠦᠮ ᠪᠣᠯᠪᠠᠰᠤᠷᠠᠪᠠ
ᠨᠡᠶᠢᠲᠡᠯᠡᠭᠰᠡᠨ ᠴᠠᠭ᠄
2021/10/8

     10 ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠤᠨ ᠢᠮᠠᠭᠠᠲᠤ ᠲᠣᠰᠬᠤᠨ ᠤ

ᠠᠷᠠᠳ ᠵᠤᠤ ᠰᠢᠶᠠᠩ ᠮᠧᠢ ᠦᠵᠦᠮ ᠲᠡᠭᠦᠵᠦ ᠪᠠᠶᠢᠭ᠎ᠠ ᠨᠢ᠃ ᠣᠶᠢᠷ᠎ᠠ ᠳᠤ᠂ ᠬᠥᠬᠡᠬᠤᠲᠠ ᠶᠢᠨ ᠰᠢᠨ᠎ᠡ ᠬᠤᠲᠠ

ᠲᠣᠭᠤᠷᠢᠭ ᠤᠨ ᠢᠮᠠᠭᠠᠲᠤ ᠲᠣᠰᠬᠤᠨ ᠤ ᠬᠦᠯᠡᠮᠵᠢ ᠶᠢᠨ ᠦᠵᠦᠮ ᠪᠣᠯᠪᠠᠰᠤᠷᠠᠵᠤ᠂ ᠴᠥᠭᠡᠨ ᠪᠤᠰᠤ ᠬᠤᠲᠠ ᠶᠢᠨ

ᠠᠷᠠᠳ ᠤᠨ ᠠᠩᠬᠠᠷᠤᠯ ᠢ ᠳᠠᠳᠠᠪᠠ᠃ ᠢᠮᠠᠭᠠᠲᠤ ᠲᠣᠰᠬᠤᠨ ᠥᠪᠡᠷᠮᠢᠴᠡ ᠣᠨᠴᠠᠯᠢᠭ ᠪᠦᠬᠦᠢ ᠲᠡᠭᠦᠬᠦ ᠲᠦᠷᠦᠯ

ᠵᠦᠢᠯ ᠢ ᠡᠭᠦᠳᠴᠦ᠂ ᠠᠳᠠᠯᠢ ᠪᠤᠰᠤ ᠲᠦᠷᠦᠯ ᠵᠦᠢᠯ ᠤᠨ ᠵᠢᠮᠢᠰ ᠨᠣᠭᠤᠭ᠎ᠠ ᠲᠠᠷᠢᠵᠦ᠂ ᠬᠠᠪᠤᠷ ᠲᠠᠭᠠᠨ ᠢᠩᠲᠣᠣᠷ ᠲᠠᠢ᠂

ᠵᠤᠨ ᠳᠠᠭᠠᠨ ᠬᠠᠪᠳᠠᠭᠠᠢ ᠳᠤᠭᠤᠷ ᠲᠠᠢ᠂ ᠨᠠᠮᠤᠷ ᠲᠠᠭᠠᠨ ᠦᠵᠦᠮ ᠲᠠᠢ᠂ ᠡᠪᠦᠯ ᠳᠡᠭᠡᠨ ᠭᠦᠵᠡᠯᠵᠡᠭᠡᠨ᠎ᠡ ᠲᠠᠢ ᠪᠠᠶᠢᠵᠤ᠂

ᠪᠦᠬᠦ ᠤᠯᠠᠷᠢᠯ ᠳᠤ ᠵᠢᠮᠢᠰ ᠨᠣᠭᠤᠭ᠎ᠠ ᠳᠡᠬᠦᠵᠥ ᠪᠤᠯᠬᠤ ᠪᠤᠯᠤᠬᠰᠠᠨ ᠢᠶᠠᠷ ᠲᠣᠰᠬᠤᠨ ᠤ ᠠᠷᠠᠳ ᠤᠨ ᠣᠷᠣᠯᠭ᠎ᠠ ᠴᠤ

ᠵᠢᠯ ᠳᠠᠷᠠᠭᠠᠯᠠᠨ ᠨᠡᠮᠡᠭᠳᠡᠭᠰᠡᠨ ᠪᠠᠶᠢᠨ᠎ᠠ᠃

     ᠰᠤᠷᠪᠤᠯᠵᠢᠯᠠᠭᠴᠢ ᠮᠦᠩᠭᠡᠴᠢᠯᠠᠭᠤ ᠰᠡᠭᠦᠳᠡᠷᠯᠡᠪᠡ

 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号