ᠬᠦᠷᠢᠶ᠎ᠡ ᠬᠤᠰᠢᠭᠤ᠄ ᠤᠯᠠᠨ ᠠᠷᠭ᠎ᠠ ᠭᠡᠮᠵᠢᠶ᠎ᠠ ᠶᠢ ᠵᠡᠷᠭᠡ ᠪᠠᠷ ᠭᠡᠷᠡᠭᠵᠢᠬᠦᠯᠦᠨ ᠮᠠᠯᠴᠢᠨ ᠲᠠᠷᠢᠶᠠᠴᠢᠨ ᠢ ᠪᠠᠶᠠᠵᠢᠭᠤᠯᠤᠨ᠎ᠠ
ᠨᠡᠶᠢᠲᠡᠯᠡᠭᠰᠡᠨ ᠴᠠᠭ᠄
2021/10/8
     ᠬᠥᠷᠢᠶ᠎ᠡ ᠬᠤᠰᠢᠭᠤ ᠠᠵᠤ ᠥᠢᠯᠡᠰ ᠤᠨ ᠪᠥᠲᠥᠴᠡ ᠳᠡᠭᠡᠨ ᠪᠥᠲᠥᠮᠵᠢᠲᠠᠢ ᠲᠤᠬᠢᠷᠠᠭᠤᠯᠤᠯᠲᠠ ᠬᠢᠵᠤ᠂ ᠨᠤᠲᠤᠬ ᠤᠨ ᠤᠨᠴᠠ ᠭᠠᠷᠤᠯᠲᠠ ᠶᠢ ᠳᠤᠪᠤᠶᠢᠯᠭᠠᠨ᠂ ᠮᠠᠯ ᠠᠵᠤ ᠠᠬᠤᠢ ᠶᠢ ᠴᠢᠬᠤᠯᠠᠴᠢᠯᠠᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠢ ᠨᠡᠮᠡᠭᠳᠡᠭᠦᠯᠥᠨ ᠪᠡᠶᠡᠵᠢᠯ ᠤᠨ ᠵᠠᠮ ᠢᠶᠠᠷ ᠭᠥᠲᠥᠯᠥᠨ ᠵᠢᠯᠤᠭᠤᠳᠴᠥ ᠪᠠᠶᠢᠨ᠎ᠠ᠃      ᠨᠤᠲᠤᠬ ᠤᠨ ᠣᠨᠴᠠ ᠭᠠᠷᠤᠯᠲᠠ ᠶᠢ ᠬᠥᠭᠵᠢᠭᠦᠯᠥᠨ ᠣᠷᠣᠯᠭ᠎ᠠ ᠡᠬᠦᠳᠪᠡ᠃ ᠲᠣᠰ ᠬᠤᠰᠢᠭᠤ ︽ᠡᠮᠥᠨ᠎ᠡ ᠪᠠᠶ᠎ᠠ ᠪᠠᠷ ᠭᠤᠤ ᠤᠯᠠᠨ ᠲᠠᠢ᠂ ᠬᠤᠶᠢᠳᠤ ᠬᠡᠰᠡᠭ ᠲᠤ ᠡᠯᠡᠰᠦ ᠠᠷᠪᠢᠠ︾ ᠭᠠᠵᠠᠷ ᠤᠨ ᠪᠠᠶᠢᠷᠢᠰᠢᠯ ᠤᠨ ᠣᠨᠴᠠᠯᠢᠭ ᠲᠠᠭᠠᠨ ᠵᠤᠬᠢᠴᠠᠭᠤᠯᠵᠥ᠂ ︽ᠵᠠᠬᠢᠶᠠᠯᠠᠭ᠎ᠠ ᠶᠢᠨ ᠬᠡᠯᠪᠡᠷᠢ︾ ᠶᠢᠨ ᠡᠷᠦᠬᠡ ᠳᠤ ᠬᠦᠷᠴᠦ ᠶᠠᠳᠠᠭᠤ ᠶᠢ ᠲᠡᠳᠬᠦᠬᠦ ᠵᠠᠭᠪᠤᠷ ᠢᠶᠠᠷ ᠰᠠᠭᠠᠭ᠂ ᠢᠳᠡᠰᠢᠨ ᠨᠣᠭᠤᠭ᠎ᠠ᠂ ᠢᠳᠡᠰᠢᠨ ᠮᠥᠭᠦ᠂ ᠮᠣᠩᠭᠤᠯ ᠬᠢᠲᠠᠳ ᠡᠮ ᠤᠨ ᠮᠠᠲ᠋ᠧᠷᠢᠶᠠᠯ ᠲᠡᠷᠢᠬᠤ ᠵᠡᠷᠭᠡ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠪᠠ᠃ ᠣᠳᠣ ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ ᠢ 47.5 ᠲᠦᠮᠡᠨ ᠮᠦ᠂ ᠨᠡᠷᠡᠨ ᠭᠡᠷᠡᠯᠳᠥ ᠬᠦᠯᠡᠮᠵᠢ ᠶᠢ 25 ᠰᠠᠭᠤᠷᠢ ᠪᠥᠲᠥᠭᠡᠨ ᠪᠠᠶᠢᠭᠤᠯᠵᠤ᠂ ᠰᠠᠭᠠᠭ ᠪᠠ ᠡᠯᠳᠡᠪ ᠠᠮᠤ ᠪᠤᠷᠴᠠᠭ ᠢᠶᠠᠷ ᠭᠤᠣᠯ ᠪᠣᠯᠭᠠᠭᠰᠠᠨ ᠣᠨᠴᠠᠯᠢᠭᠲᠤ ᠲᠠᠷᠢᠮᠠᠯ ᠤᠨ ᠲᠠᠷᠢᠬᠤ ᠲᠠᠯᠠᠪᠠᠢ ᠶᠢ 66 ᠲᠦᠮᠡᠨ ᠮᠦ ᠳᠤ ᠬᠦᠷᠭᠡᠵᠦ᠂ ᠬᠡᠮᠡᠷᠯᠢᠭ ᠬᠠᠶᠢᠲᠠᠩ ᠢ 6 ᠲᠦᠮᠡᠨ ᠰᠠᠭᠤᠷᠢ ᠵᠠᠶᠢᠯᠠᠵᠠᠢ᠃ ᠡᠶᠢᠨ ᠬᠦ ᠲᠤᠰ ᠬᠤᠰᠢᠭᠤᠨ ᠤ ᠣᠨᠴᠠᠯᠢᠭᠲᠤ ᠠᠵᠤ ᠦᠢᠯᠡᠰ ᠢᠶᠠᠷ ᠬᠠᠪᠰᠤᠷᠤᠨ ᠲᠡᠳᠬᠦᠭᠰᠡᠨ ᠬᠥᠮᠦᠨ 1.77 ᠲᠦᠮᠡ ᠳᠤ ᠬᠦᠷᠴᠦ᠂ ᠬᠥᠮᠦᠨ ᠳᠤᠮᠳᠠᠴᠢ ᠶᠢᠨ ᠣᠷᠣᠯᠭ᠎ᠠ 4000 ᠲᠥᠭᠦᠷᠢᠭ ᠠᠴᠠ ᠳᠡᠭᠡᠭᠰᠢ ᠨᠡᠮᠡᠭᠳᠡᠪᠡ᠃      ᠮᠠᠯ ᠠᠵᠤ ᠠᠬᠤᠢ ᠶᠢ ᠴᠢᠬᠤᠯᠠᠴᠢᠯᠠᠨ ᠣᠷᠣᠯᠭ᠎ᠠ ᠶᠢ ᠨᠡᠮᠡᠭᠳᠡᠭᠦᠯᠪᠡ᠃ ︽ᠠᠵᠤ ᠠᠬᠤᠶᠢᠯᠠᠯ + ᠳᠤᠰᠬᠠᠢ ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠬᠡ︾ ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠠᠶᠢᠭᠤᠯᠵᠤ᠂ ︽ᠲᠠᠷᠢᠶᠠᠯᠠᠩ ᠤᠨ ᠦᠢᠯᠡᠳᠪᠤᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠮᠡᠷᠭᠡᠵᠢᠯ ᠤᠨ ᠵᠢᠯᠣᠭᠤᠳᠣᠯᠭ᠎ᠠ᠂ ᠶᠠᠰᠤ ᠴᠢᠨᠠᠷ ᠤᠨ ᠪᠠᠷᠢᠮᠵᠢᠶ᠎ᠠ᠂ ᠪᠥᠲᠥᠭᠡᠭᠳᠡᠭᠦᠨ ᠢ ᠡᠭᠡᠭᠦᠯᠦᠨ ᠬᠤᠷᠢᠶᠠᠬᠤ᠂ ᠨᠠᠷᠠᠲᠤ ᠲᠥᠷᠥᠯ ᠲᠡᠮᠳᠡᠭ ᠡᠭᠦᠳᠬᠦ︾ ᠵᠡᠷᠬᠡ 5 ᠲᠠᠯ᠎ᠠ ᠪᠠᠷ ᠨᠢᠭᠡᠳᠦᠯᠲᠡᠶ ᠬᠠᠮᠢᠶᠠᠷᠴᠤ ᠨᠢᠭᠡᠳᠦᠯᠲᠡᠶ ᠲᠡᠭᠡᠭᠡᠪᠦᠷᠢᠯᠡᠬᠦ ᠶᠢ ᠬᠡᠷᠡᠭᠵᠢᠭᠦᠯᠪᠠ᠃ ᠣᠳᠣ ᠲᠤᠰ ᠬᠤᠰᠢᠭᠤᠨ ᠤ ᠮᠠᠯ ᠤᠨ ᠲᠤᠭ᠎ᠠ 77 ᠲᠦᠮᠡ ᠳᠤ ᠬᠦᠷᠴᠡᠢ᠂ ᠡᠭᠦᠨ ᠳᠤ ᠰᠠᠭᠤᠷᠢ ᠡᠬᠡ ᠮᠠᠯ ᠲᠦᠮᠡ ᠶᠢ ᠳᠠᠪᠠᠭᠰᠠᠨ 6 ᠰᠤᠮᠤ ᠰᠢᠶᠠᠩ ᠪᠠᠯᠭᠠᠰᠤ᠂ ᠮᠢᠩᠭ᠎ᠠ ᠶᠢ ᠳᠠᠪᠠᠭᠰᠠᠨ 126 ᠭᠠᠴᠠᠭ᠎ᠠ ᠲᠣᠰᠬᠤᠨ᠂ ᠵᠠᠭᠤ ᠶᠢ ᠳᠠᠪᠠᠭᠰᠠᠨ ᠲᠡᠵᠢᠭᠡᠨ ᠦᠷᠡᠵᠢᠭᠦᠯᠬᠦ 64 ᠲᠠᠯᠠᠪᠠᠢ᠂ ᠡᠷᠦᠬᠡ ᠪᠦᠷᠢ ᠳᠤᠮᠳᠠᠴᠢ ᠪᠠᠷ 15 ᠠᠴᠠ ᠳᠡᠭᠡᠭᠰᠢ ᠰᠠᠭᠤᠷᠢ ᠡᠬᠡ ᠮᠠᠯ ᠮᠠᠯᠵᠢᠵᠥ ᠪᠠᠶᠢᠭ᠎ᠠ 8500 ᠵᠢᠱᠢᠶ᠎ᠡ ᠦᠵᠡᠭᠦᠯᠬᠦ ᠡᠷᠦᠬᠡ᠂ ᠬᠥᠮᠦᠨ ᠮᠠᠯ ᠢ ᠰᠠᠯᠭᠠᠭᠰᠠᠨ ᠦᠬᠡᠷ ᠮᠠᠯᠵᠢᠬᠤ ᠵᠢᠱᠢᠶ᠎ᠡ ᠦᠵᠡᠭᠦᠯᠬᠦ ᠲᠣᠭᠤᠷᠢᠭ 19 ᠪᠤᠢ᠃ ᠪᠠᠰᠠ 187 ᠭᠠᠴᠠᠭ᠎ᠠ ᠲᠣᠰᠬᠤᠨ ᠢ ᠳᠠᠶᠢᠴᠢᠯᠠᠨ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 10 ᠲᠦᠮᠡᠨ ᠲᠥᠭᠦᠷᠢᠭ ᠠᠴᠠ ᠲᠡᠪᠠᠭᠤᠯᠤᠭᠰᠠᠠ ᠪᠠᠶᠢᠨ᠎ᠠ᠃      ᠠᠰᠢᠭ ᠲᠤᠰᠠ ᠶᠢᠨ ᠬᠤᠯᠪᠣᠭ᠎ᠠ ᠶᠢ ᠴᠢᠩᠭᠠᠳᠬᠠᠨ ᠣᠷᠣᠯᠭ᠎ᠠ ᠶᠢ ᠪᠠᠲᠤᠯᠠᠪᠠ᠃ ᠵᠠᠬᠢᠶᠠᠯᠠᠭ᠎ᠠ ᠶᠢᠨ ᠲᠠᠷᠢᠶᠠᠯᠠᠩ᠂ ᠭᠠᠵᠠᠷ ᠰᠢᠷᠣᠶ ᠶᠢ ᠡᠷᠭᠢᠯᠲᠤᠬᠦᠯᠤᠠ ᠡᠵᠡᠩᠨᠡᠬᠦ ᠵᠡᠷᠭᠡ ᠣᠯᠠᠨ ᠵᠦᠢᠯ ᠤᠨ ᠳᠠᠶᠢᠴᠢᠯᠠᠬᠤ ᠠᠷᠭ᠎ᠠ ᠮᠠᠶ᠋ᠢᠭ ᠢᠶᠠᠷ 1200 ᠬᠥᠮᠦᠨ ᠢ ᠬᠠᠪᠰᠤᠷᠤᠨ ᠲᠡᠳᠬᠦᠪᠠ᠃ ᠣᠳᠣ ᠵᠠᠬᠢᠶᠠᠯᠠᠭ᠎ᠠ ᠶᠢᠨ ᠲᠠᠷᠢᠶᠠᠯᠠᠩ ᠢ 20 ᠲᠦᠮᠡᠨ ᠮᠥ ᠬᠥᠭᠵᠢᠭᠦᠯᠵᠦ᠂   22.48 ᠲᠦᠮᠡᠨ ᠮᠥ ᠭᠠᠵᠠᠷ ᠰᠢᠷᠣᠶ ᠶᠢ ᠡᠷᠭᠢᠯᠳᠤᠬᠦᠯᠤᠠ ᠡᠵᠡᠩᠨᠡᠵᠥ᠂ ᠮᠥ ᠨᠢᠬᠡᠴᠢ ᠶᠢᠨ ᠭᠠᠵᠠᠷ ᠰᠢᠷᠣᠶ ᠶᠢᠨ ᠡᠷᠭᠢᠯᠲᠡ ᠠᠴᠠ 500 ᠲᠥᠭᠦᠷᠢᠭ ᠤᠨ ᠨᠡᠮᠡᠭᠳᠡᠯ ᠣᠷᠣᠯᠭ᠎ᠠ ᠡᠬᠦᠳᠴᠠᠢ︔ ᠵᠡᠬᠡᠯᠢ ᠴᠡᠪᠡᠷᠯᠡᠭᠴᠢ᠂ ᠣᠶ ᠬᠠᠮᠠᠭᠠᠯᠠᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ 1150 ᠲᠣᠬᠢᠷᠠᠭᠤᠯᠵᠤ᠂ ᠬᠥᠮᠦᠨ ᠳᠤᠮᠳᠠᠴᠢ ᠶᠢᠨ ᠵᠢᠯ ᠤᠨ ᠴᠠᠯᠢᠩ ᠢ 4000 ᠲᠥᠭᠦᠷᠢᠭ ᠠᠴᠠ ᠳᠠᠪᠠᠭᠤᠯᠪᠡ︔ ᠡᠭᠦᠨ ᠤ ᠬᠠᠮᠲᠤ ᠤᠯᠤᠰ ᠤᠨ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠠᠰᠢᠭᠲᠠᠶ ᠠᠵᠠ ᠲᠣᠬᠢᠶᠠᠯ ᠢ ᠡᠵᠡᠮᠳᠠᠵᠥ᠂ 2.33 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ 1 ᠰᠠᠭᠤᠷᠢ ᠲᠥᠪᠯᠡᠷᠡᠩᠭᠦᠶ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ᠂ 23 ᠲᠣᠰᠬᠤᠨ ᠤ ᠲᠠᠰ ᠤᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ ᠪᠠᠶᠢᠭᠤᠯᠵᠤ᠂ ᠪᠦᠬᠦᠨ ᠢ ᠲᠤᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ 4026 ᠬᠥᠳᠡᠯᠮᠦᠷᠢᠯᠡᠬᠦ ᠴᠢᠳᠠᠪᠤᠷᠢ ᠥᠬᠡᠶ ᠪᠠ ᠬᠥᠳᠡᠯᠮᠦᠷᠢᠯᠡᠬᠦ ᠴᠢᠳᠠᠪᠤᠷᠢ ᠠᠨᠠᠢ ᠬᠥᠮᠦᠰ ᠤᠨ ᠵᠢᠯ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ 3000 ᠲᠥᠭᠦᠷᠢᠭ ᠨᠡᠮᠡᠭᠳᠡᠭᠦᠯᠬᠦ ᠶᠢ ᠪᠠᠳᠤᠯᠠᠬᠰᠠᠨ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号