ᠤᠷᠠᠳ ᠤᠨ ᠳᠤᠮᠳᠠᠳᠤ ᠬᠤᠰᠢᠭᠤ ᠲᠡᠷᠢᠮᠠᠯ ᠤᠨ ᠦᠷ᠎ᠡ ᠶᠢᠨ ᠦᠢᠯᠡᠤᠡᠪᠦᠷᠢᠯᠡᠯ ᠡᠵᠡᠩᠨᠡᠯᠲᠡ ᠶᠢᠨ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2021/10/9
     ᠦᠢᠷ᠎ᠡ ᠳᠤ᠂ ᠤᠷᠠᠳ ᠤᠨ ᠳᠤᠮᠳᠠᠳᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠬᠥᠭᠵᠢᠯᠲᠡ ᠶᠢᠨ ᠲᠥᠪ ᠠᠵᠢᠯᠲᠠᠳ ᠢ ᠵᠣᠬᠢᠶᠠᠨ ᠪᠠᠶᠢᠭᠤᠯᠵᠣ ᠬᠠᠷᠢᠶ᠎ᠠ ᠣᠷᠣᠨ ᠤ ᠪᠠᠨ ᠳᠣᠲᠣᠷᠠᠬᠢ ᠦᠷ᠎ᠡ ᠦᠢᠯᠡᠳᠪᠦᠷᠢᠯᠡᠵᠦ ᠡᠵᠡᠩᠨᠡᠬᠦ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠬᠢᠪᠠ᠃      ᠡᠨᠡ ᠤᠳᠠᠭᠠᠨ ᠤ ᠪᠠᠶᠢᠴᠠᠭᠠᠯᠳᠡ ᠳᠤ ᠨᠡᠶᠢᠲᠡ 1 ᠠᠵᠤ ᠠᠬᠤᠶᠢᠯᠠᠯ᠂ 12 ᠡᠵᠡᠩᠨᠡᠯᠲᠡ ᠶᠢᠨ ᠳᠡᠯᠭᠡᠭᠦᠷ ᠢ ᠰᠣᠩᠭᠤᠨ ᠦᠷ᠎ᠡ ᠦᠢᠯᠡᠳᠪᠦᠷᠢᠯᠡᠬᠦ ᠠᠵᠤ ᠠᠬᠤᠶᠢᠯᠠᠯ ᠢ ᠪᠠᠶᠢᠴᠠᠭᠠᠪᠡ᠃ ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠦᠢᠯᠡᠰ ᠤᠨ ᠬᠥᠭᠵᠢᠯᠲᠡ ᠶᠢᠨ ᠲᠥᠪ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠳ ᠥᠪᠥᠷ ᠮᠣᠩᠭᠤᠯ ᠤᠨ ᠵᠦᠩ ᠰᠢᠩ ᠲᠠᠷᠢᠮᠠᠯ ᠤᠨ ᠦᠢᠯᠡᠰ ᠤᠨ ᠲᠡᠯ ᠠᠭᠤᠯᠠ ᠶᠢᠨ ᠬᠤᠪᠢᠶᠠᠷᠢ ᠺᠣᠮᠫᠠᠨᠢ ᠳᠤ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠠᠶᠢᠭᠤᠯᠤᠭᠰᠠᠨ ᠡᠰᠡᠬᠦ᠂ ᠠᠶᠤᠯᠬᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠡᠰᠡᠬᠦ᠂ ᠬᠢᠨᠠᠨ ᠵᠥᠪᠰᠢᠶᠡᠷᠡᠵᠦ ᠳᠠᠩᠰᠠᠯᠠᠭᠤᠯᠬᠤ ᠭᠠᠷᠳᠠᠮ ᠨᠢ ᠪᠦᠷᠢᠨ ᠭᠦᠢᠴᠡᠳ ᠪᠠᠶᠢᠬᠤ ᠡᠰᠡᠬᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠤᠡᠬᠠᠯ ᠳᠤ ᠬᠠᠤᠯᠢ ᠶᠣᠰᠣᠭᠠᠷ ᠣᠷᠣᠯᠴᠠᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ ᠲᠡᠭᠦᠯᠳᠡᠷᠵᠢᠭᠦᠯᠦᠭᠰᠡᠨ ᠡᠰᠡᠬᠦ᠂ ᠠᠶᠤᠯᠬᠦᠢ ᠶᠢᠨ ᠬᠠᠮᠠᠭᠠᠯᠠᠯᠲᠠ ᠶᠢᠨ ᠬᠡᠷᠡᠭᠰᠡᠯ ᠢ ᠪᠦᠷᠢᠨ ᠭᠦᠢᠴᠡᠳ ᠲᠣᠬᠢᠷᠠᠭᠤᠯᠤᠭᠰᠠᠨ ᠡᠰᠡᠬᠦ ᠪᠠ ᠭᠠᠯ ᠤᠨᠲᠠᠷᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠳᠤ ᠨᠡᠶᠢᠳᠡᠮ ᠤᠨ ᠪᠠᠶᠢᠴᠠᠭᠠᠯᠲᠠ ᠬᠢᠪᠡ᠃      ᠦᠷ᠎ᠡ ᠶᠢᠨ ᠡᠵᠡᠩᠨᠡᠯᠲᠡ ᠶᠢᠨ 12 ᠳᠡᠯᠭᠡᠭᠦᠷ ᠲᠤ ᠱᠣᠰᠢᠭ᠎ᠠ ᠲᠡᠮᠳᠡᠭ᠂ ᠲᠠᠩᠰᠠ ᠡᠪᠬᠡᠮᠡᠯ ᠪᠠ ᠡᠵᠡᠩᠨᠡᠯᠲᠡ ᠶᠢᠨ ᠭᠤᠤᠯ ᠴᠣᠭᠴᠠ ᠶᠢᠨ ᠳᠠᠩᠰᠠᠯᠠᠭᠤᠯᠤᠭᠰᠠᠨ ᠪᠠᠶᠢᠳᠠᠯ᠂ ᠵᠠᠬ᠎ᠠ ᠳᠡᠯᠭᠡᠭᠦᠷ ᠤᠨ ᠪᠣᠷᠣᠯᠠᠭᠤᠯᠬᠤ ᠦᠷ᠎ᠡ ᠶᠢᠨ ᠱᠣᠰᠢᠭ᠎ᠠ ᠲᠡᠮᠳᠡᠭ᠂ ᠬᠡᠷᠡᠭᠯᠡᠬᠦ ᠲᠣᠳᠣᠷᠬᠠᠶᠢᠯᠠᠯᠲᠠ ᠵᠡᠷᠭᠡ ᠨᠢ ᠪᠦᠷᠢᠨ ᠭᠦᠢᠴᠡᠳ ᠪᠠᠶᠢᠬᠤ ᠡᠰᠡᠬᠦ᠂ ᠡᠵᠡᠩᠨᠡᠯᠲᠡ ᠶᠢᠨ ᠡᠭᠦᠳᠡᠨ ᠳᠡᠯᠭᠡᠭᠦᠷ ᠤᠨ ᠡᠬᠡ ᠲᠠᠩᠰᠠ ᠨᠢ ᠪᠦᠷᠢᠨ ᠬᠦᠢᠴᠡᠳ᠂ ᠵᠢᠷᠤᠮᠵᠢᠯ ᠲᠠᠢ ᠪᠠᠶᠢᠬᠤ ᠡᠰᠡᠬᠦ᠂ ᠭᠤᠤᠯ ᠴᠣᠭᠴᠠ ᠪᠠ ᠦᠢᠯᠡᠳᠬᠦᠨ ᠤ ᠳᠡᠩᠰᠡᠯᠡᠯᠲᠡ ᠨᠢ ᠪᠦᠷᠢᠨ ᠬᠦᠢᠴᠡᠳ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠯᠲᠠ ᠬᠢᠵᠤ᠂ ᠵᠠᠬ᠎ᠠ ᠳᠡᠯᠭᠡᠬᠦᠷ ᠤᠨ ᠠᠮᠤᠷ ᠲᠦᠪᠰᠢᠨ᠂ ᠡᠮᠬᠢ ᠲᠢᠭᠯᠢᠮ ᠢ ᠡᠷᠴᠢᠮᠳᠠᠢ ᠬᠠᠮᠠᠭᠠᠯᠠᠨ᠂ ᠭᠡᠷᠡᠭᠯᠡᠭᠴᠢᠳ ᠤᠨ ᠡᠷᠭᠡ ᠠᠰᠢᠬ ᠢ ᠪᠠᠳᠤᠯᠠᠵᠤ ᠪᠤᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号