﹃ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠠᠩᠬᠠᠷᠴᠤ᠂ ᠪᠦᠬᠦ ᠨᠡᠶᠢᠭᠡᠮ ᠤᠨ ᠵᠡᠮᠳᠡᠭ ᠪᠣᠯᠬᠤ ᠠᠴᠠ | ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠶ᠎ᠡ ﹄ | ︽ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠤᠨ ᠦᠨᠳᠦᠰᠦᠯᠡᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠢᠯᠡᠳᠭᠡᠯ ᠳᠤ ︽ᠵᠡᠮᠳᠡᠭᠴᠦᠳ ᠤᠨ ᠦᠢᠯᠡᠰ ᠢ ᠬᠥᠭᠵᠢᠭᠦᠯᠵᠦ᠂ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠢ | ᠴᠢᠩᠭᠠᠳᠬᠠᠬᠤ ᠬᠡᠷᠡᠭᠲᠡᠢ︾ ᠭᠡᠵᠦ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠠᠴᠠ ︽ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠡᠮᠳᠡᠭᠴᠦᠳ ᠤᠨ ᠦᠢᠯᠡᠰ ᠪᠠ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠠᠵᠢᠯ ᠪᠦᠬᠦᠨ ᠲᠡᠭᠦᠨ ᠤ ᠴᠢᠬᠤᠯᠠ ᠪᠦᠷᠢᠯᠳᠦᠭᠦᠨ ᠬᠡᠰᠡᠭ ᠪᠣᠯᠣᠨ᠎ᠠ︾ ᠭᠡᠵᠦ ᠭᠦᠨᠵᠡᠭᠡᠢ ᠵᠢᠭᠠᠵᠤ | ᠭᠠᠷᠭᠠᠭᠰᠠᠨ ᠪᠦᠭᠡᠳ ︽ᠪᠦᠬᠦ ᠨᠡᠶᠢᠭᠡᠮ ᠤᠨ ᠵᠡᠮᠳᠡᠭ ᠪᠣᠯᠬᠤ ᠠᠴᠠ ᠰᠡᠷᠭᠡᠶᠢᠯᠡᠬᠦ ᠦᠵᠡᠯ ᠤᠬᠠᠮᠰᠠᠷ ᠢ ᠨᠢ | ᠳᠡᠭᠡᠭᠰᠢᠯᠡᠭᠦᠯᠵᠦ᠂ ᠵᠡᠮᠳᠡᠭᠴᠦᠳ ᠤᠨ ᠡᠷᠡᠭᠦᠯ ᠮᠡᠨᠳᠦ ᠶᠢ ᠴᠢᠬᠤᠯᠠᠴᠢᠯᠠᠨ᠂ ᠵᠡᠮᠳᠡᠭᠴᠦᠳ ᠲᠤ ︿ᠬᠦᠮᠦᠨ ᠪᠦᠬᠦᠨ | ᠡᠷᠡᠭᠦᠯᠵᠢᠭᠦᠯᠬᠦ ᠦᠢᠯᠡᠴᠢᠯᠡᠭᠡᠨ ᠣᠯᠵᠤ ᠬᠦᠷᠲᠡᠭᠡᠬᠦ﹀ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ︾ ᠭᠡᠵᠦ | ᠴᠢᠩᠭᠠᠳᠬᠠᠪᠠ᠃ ᠶᠡᠷᠦᠩᠬᠡᠢ ᠰᠠᠶᠢᠳ ᠯᠢ ᠺᠧ ᠴᠢᠶᠠᠩ ᠠᠴᠠ ︽ᠨᠡᠩ ᠪᠤᠲᠠᠲᠠᠢ᠂ ᠨᠡᠩ ᠴᠢᠭᠯᠡᠭᠦᠯᠦᠯᠲᠦ ᠴᠢᠨᠠᠷᠲᠠᠢ᠂ | ᠨᠡᠩ ᠬᠦᠮᠦᠨᠴᠢ ᠬᠠᠯᠠᠮᠵᠢᠯᠠᠯ ᠤᠨ ᠠᠷᠭ᠎ᠠ ᠬᠡᠮᠵᠢᠶ᠎ᠡ ᠨᠦᠭᠦᠳ ᠢ ᠠᠪᠴᠤ ᠪᠠᠶᠢᠭᠠᠳ ᠡᠯ᠎ᠡ ᠲᠦᠷᠦᠯ ᠤᠨ | ᠵᠡᠮᠳᠡᠭᠴᠦᠳ ᠤᠨ ᠪᠡᠶ᠎ᠡ ᠮᠠᠬᠠᠪᠤᠳ ᠤᠨ ᠡᠷᠡᠭᠦᠯᠵᠢᠯ᠂ ᠰᠤᠷᠭᠠᠨ ᠬᠦᠮᠦᠵᠢᠯ ᠠᠵᠢᠯ ᠣᠯᠭᠤᠯᠲᠠ᠂ ᠡᠷᠬᠡ ᠠᠰᠢᠭ ᠤᠨ | ᠪᠠᠲᠤᠯᠠᠭ᠎ᠠ ᠵᠡᠷᠭᠡ ᠲᠠᠯ᠎ᠠ ᠪᠠᠷ ᠣᠷᠤᠰᠢᠵᠤ ᠪᠠᠶᠢᠭ᠎ᠠ ᠬᠦᠴᠢᠷᠳᠡᠯ ᠢ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ︾ | ᠭᠡᠵᠦ ᠱᠠᠭᠠᠷᠳᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠴᠢᠩᠭᠠᠳᠬᠠᠬᠤ ᠶᠢᠨ ᠲᠤᠰᠠᠳᠠ᠂ 2020 | ᠣᠨ ᠤ 7 ᠳ᠋ᠤᠭᠠᠷ ᠰᠠᠷ᠎ᠠ ᠶᠢᠨ 31 ᠤ ᠡᠳᠦᠷ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠭᠢᠮ ᠠᠴᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ | 〖 ᠠᠰᠠᠭᠤᠯᠲᠠ ᠬᠠᠷᠢᠭᠤᠯᠬᠤ ᠬᠡᠰᠡᠭ 〗 | ◆ ᠨᠢᠭᠡ᠂ ︽ᠠᠷᠭ᠎ᠠ︾ ᠶᠢ ᠨᠡᠶᠢᠲᠡᠯᠡᠭᠰᠡᠨ ᠤ ᠵᠣᠷᠢᠯᠭ᠎ᠠ ᠨᠢ ᠶᠠᠭᠤ ᠪᠣᠢ︖ | ᠮᠠᠨ ᠤ ᠣᠷᠣᠨ ᠳᠤ ᠵᠡᠮᠳᠡᠭ ᠬᠦᠮᠦᠨ ᠣᠳᠣ 158.58 ᠲᠦᠮᠡ ᠪᠠᠶᠢᠨ᠎ᠠ᠃ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ | ᠵᠡᠮᠳᠡᠭᠴᠦᠳ ᠢ ᠴᠢᠨᠡᠭᠡᠯᠢᠭ ᠪᠣᠯᠭᠠᠬᠤ ᠨᠢ ᠳᠤᠳᠠᠭᠳᠠᠵᠤ ᠪᠣᠯᠣᠰᠢ ᠦᠭᠡᠢ ᠨᠢᠭᠡ ᠬᠡᠰᠡᠭ ᠪᠣᠯᠣᠨ᠎ᠠ᠃ ᠵᠡᠮᠳᠡᠭ | ᠪᠤᠯᠬᠤ ᠠᠴᠠ ᠪᠦᠲᠦᠮᠵᠢᠲᠡᠶ ᠰᠡᠷᠭᠡᠶᠢᠯᠡᠵᠦ᠂ ᠵᠡᠮᠳᠡᠭ ᠪᠣᠯᠬᠤ ᠪᠠᠶᠢᠳᠠᠯ ᠢ ᠪᠠᠭᠠᠰᠬᠠᠬᠤ ᠶᠢᠨ ᠲᠤᠰᠠᠳᠠ᠂ | ᠵᠡᠮᠳᠡᠭᠴᠦᠳ ᠢ ᠬᠠᠪᠰᠤᠷᠴᠤ ᠬᠦᠴᠦᠨ ᠴᠢᠳᠠᠮᠵᠢ ᠶᠢ ᠨᠢ ᠰᠡᠷᠭᠦᠭᠡᠬᠦ ᠪᠤᠶᠤ ᠨᠥᠬᠦᠪᠦᠷᠢᠯᠡᠨ᠂ ᠵᠡᠮᠳᠡᠭᠴᠦᠳ ᠤᠨ ᠡᠷᠬᠡ | ᠲᠡᠭᠰᠢ ᠪᠠᠷ ᠨᠡᠶᠢᠭᠡᠮ ᠤᠨ ᠠᠮᠢᠳᠤᠷᠠᠯ ᠳᠤ ᠭᠦᠢᠴᠡᠳ ᠣᠷᠣᠯᠴᠠᠬᠤ ᠶᠢ ᠠᠬᠢᠭᠤᠯᠵᠤ᠂ ᠮᠠᠨ ᠤ ᠣᠷᠣᠨ ᠤ ᠵᠡᠮᠳᠡᠭ | ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ | ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠲᠤᠰ ︽ᠠᠷᠭ᠎ᠠ︾ ᠶᠢ ᠲᠣᠭᠲᠠᠭᠠᠪᠠ᠃ | 〖 ᠲᠠ ᠠᠰᠠᠭᠤᠵᠤ ᠪᠢ ᠬᠠᠷᠢᠭᠤᠯᠤᠶ᠎ᠠ 〗 | ◆ ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ ᠨᠢ ᠶᠠᠭᠤ ᠶᠠᠭᠤ ᠪᠠᠶᠢᠬᠤ ᠪᠣᠢ︖ | ︽ᠠᠷᠭ᠎ᠠ︾ ᠳᠤ ᠶᠡᠷᠦᠩᠬᠡᠢ ᠳᠦᠷᠢᠮ᠂ ᠵᠡᠮᠳᠡᠭ ᠪᠣᠯᠬᠤ ᠠᠴᠠ ᠰᠡᠷᠭᠡᠶᠢᠯᠡᠬᠦ᠂ ᠡᠷᠡᠭᠦᠯᠵᠢᠭᠦᠯᠬᠦ ᠦᠢᠯᠡᠴᠢᠯᠡᠭᠡ᠂ | ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠳᠠᠭᠠᠯᠳᠤᠭᠤᠯᠤᠯ ᠳᠦᠷᠢᠮ ᠵᠡᠷᠭᠡ ᠲᠠᠪᠤᠨ ᠲᠠᠯ᠎ᠠ ᠶᠢᠨ ᠠᠭᠤᠯᠭ᠎ᠠ ᠪᠠᠭᠲᠠᠵᠤ | ᠪᠣᠢ᠃ | ◆ ᠭᠤᠷᠪᠠ᠂ ᠵᠡᠮᠳᠡᠭ ᠪᠣᠯᠬᠤ ᠠᠴᠠ ᠰᠡᠷᠭᠡᠶᠢᠯᠡᠬᠦ ᠭᠡᠳᠡᠭ ᠨᠢ ᠶᠠᠭᠤ ᠶᠢ ᠬᠡᠯᠡᠵᠦ ᠪᠠᠶᠢᠬᠤ ᠪᠣᠢ︖ | ᠲᠣᠰ ᠠᠷᠭ᠎ᠠ ᠳᠤ ᠬᠡᠯᠡᠵᠦ ᠪᠠᠶᠢᠭ᠎ᠠ ᠵᠡᠮᠳᠡᠭ ᠪᠣᠯᠬᠤ ᠠᠴᠠ ᠰᠡᠷᠭᠡᠶᠢᠯᠡᠬᠦ ᠭᠡᠳᠡᠭ ᠨᠢ ᠡᠯ᠎ᠡ ᠵᠦᠢᠯ ᠤᠨ ᠵᠡᠮᠳᠡᠭ | ᠡᠭᠦᠰᠭᠡᠬᠦ ᠡᠯᠧᠮᠧᠨ᠋ᠲ ᠲᠤ ᠴᠢᠭᠯᠡᠭᠦᠯᠦᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠤᠪᠢ ᠪᠡᠶ᠎ᠡ ᠶᠢᠨ ᠬᠢᠨᠢ | ᠰᠡᠳᠬᠢᠴᠡ᠂ ᠮᠠᠬᠠᠪᠣᠳ᠂ ᠪᠡᠶ᠎ᠡ ᠮᠠᠬᠠᠪᠤᠳ ᠤᠨ ᠪᠦᠲᠦᠴᠡ ᠶᠢᠨ ᠲᠠᠯ᠎ᠠ ᠪᠠᠷ ᠬᠢ ᠶᠠᠮᠠᠷ ᠨᠢᠭᠡᠨ ᠨᠡᠬᠡᠳᠡᠰᠦ᠂ ᠬᠦᠴᠦᠨ | ᠴᠢᠳᠠᠮᠵᠢ ᠨᠢ ᠮᠠᠭᠤᠳᠠᠬᠤ ᠪᠤᠶᠤ ᠬᠡᠪ ᠤᠨ ᠪᠤᠰᠤ ᠪᠠᠶᠢᠳᠠᠯ ᠭᠠᠷᠬᠤ ᠠᠴᠠ ᠵᠠᠶᠢᠳᠠᠭᠤᠯᠵᠤ᠂ ᠨᠡᠶᠢᠭᠡᠮ ᠤᠨ | ᠠᠵᠢᠯᠯᠠᠭ᠎ᠠ ᠳᠤ ᠬᠡᠪ ᠤᠨ ᠪᠠᠶᠢᠳᠠᠯ ᠢᠶᠠᠷ ᠣᠷᠣᠯᠴᠠᠬᠤ ᠴᠢᠳᠠᠪᠤᠷᠢ ᠪᠠᠨ ᠪᠦᠬᠦᠨ ᠢ ᠪᠤᠶᠤ ᠬᠡᠰᠡᠭ ᠲᠠᠯ᠎ᠠ ᠪᠠᠷ | ᠠᠯᠳᠠᠬᠤ ᠠᠴᠠ ᠰᠡᠷᠭᠡᠶᠢᠯᠡᠬᠦ ᠶᠢ ᠵᠢᠭᠠᠵᠤ ᠪᠣᠢ᠃ | ◆ ᠳᠥᠷᠪᠡ᠂ ᠵᠡᠮᠳᠡᠭᠴᠦᠳ ᠢ ᠡᠷᠡᠭᠦᠯᠵᠢᠭᠦᠯᠬᠦ ᠭᠡᠳᠡᠭ ᠨᠢ ᠶᠠᠭᠤ ᠶᠢ ᠬᠡᠯᠡᠵᠦ ᠪᠠᠶᠢᠬᠤ ᠪᠣᠢ︖ | ᠲᠤᠰ ᠠᠷᠭ᠎ᠠ ᠳᠤ ᠬᠡᠯᠡᠵᠦ ᠪᠠᠶᠢᠭ᠎ᠠ ᠵᠡᠮᠳᠡᠭᠴᠦᠳ ᠢ ᠡᠷᠡᠭᠦᠯᠵᠢᠭᠦᠯᠬᠦ ᠭᠡᠳᠡᠭ ᠨᠢ ᠵᠡᠮᠳᠡᠭ ᠪᠣᠯᠤᠭᠰᠠᠨ ᠤ | ᠳᠠᠷᠠᠭ᠎ᠠ ᠠᠨᠠᠭᠠᠬᠤ ᠤᠬᠠᠭᠠᠨ᠂ ᠰᠤᠷᠭᠠᠨ ᠬᠥᠮᠦᠵᠢᠯ᠂ ᠠᠵᠢᠯ ᠮᠡᠷᠭᠡᠵᠢᠯ᠂ ᠨᠡᠶᠢᠭᠡᠮ᠂ ᠰᠡᠳᠬᠢᠴᠡ ᠪᠠ ᠲᠤᠰᠠᠯᠠᠬᠤ | ᠪᠠᠭᠠᠵᠢ ᠬᠡᠷᠡᠭᠰᠡᠯ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠵᠡᠮᠳᠡᠭᠴᠦᠳ ᠢ ᠬᠠᠪᠰᠤᠷᠴᠤ ᠬᠦᠴᠦᠨ | ᠴᠢᠳᠠᠮᠵᠢ ᠶᠢ ᠨᠢ ᠰᠡᠷᠭᠦᠭᠡᠬᠦ ᠪᠤᠶᠤ ᠨᠥᠬᠦᠪᠥᠷᠢᠯᠡᠵᠤ᠂ ᠬᠦᠴᠦᠨ ᠴᠢᠳᠠᠮᠵᠢ ᠶᠢᠨ ᠲᠠᠯ᠎ᠠ ᠪᠠᠷ ᠬᠢ ᠰᠠᠭᠠᠲᠠᠯ ᠢ ᠨᠢ | ᠬᠦᠩᠭᠡᠷᠡᠭᠦᠯᠦᠨ᠂ ᠠᠮᠢᠳᠤᠷᠠᠯ ᠢᠶᠠᠨ ᠥᠪᠡᠰᠦᠪᠡᠨ ᠠᠷᠭᠠᠴᠠᠭᠠᠬᠤ ᠪᠠ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ | ᠴᠢᠳᠠᠪᠤᠷᠢ ᠶᠢ ᠨᠢ ᠨᠡᠮᠡᠭᠳᠡᠭᠦᠯᠬᠦ ᠶᠢ ᠵᠢᠭᠠᠵᠤ ᠪᠣᠢ᠃ | 〖 ᠮᠡᠳᠡᠯᠭᠡ ᠶᠢᠨ ᠬᠢᠴᠢᠶᠡᠯ 〗 | ◆ ᠲᠠᠪᠤ᠂ ︽ᠠᠷᠭ᠎ᠠ︾ ᠳᠤ ᠲᠣᠭᠲᠠᠭᠠᠭᠰᠠᠨ ᠢᠶᠠᠷ ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠢ ᠬᠡᠷᠬᠢᠨ | ᠰᠠᠶᠢᠲᠤᠷ ᠬᠢᠬᠦ ᠪᠣᠢ︖ | ᠵᠡᠮᠳᠡᠭ ᠪᠣᠯᠬᠤ ᠠᠴᠠ ᠰᠡᠷᠭᠡᠶᠢᠯᠡᠬᠦ ᠠᠵᠢᠯ ᠳᠤ ᠪᠦᠬᠦ ᠬᠥᠮᠦᠰ ᠪᠠ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭ᠎ᠠ ᠶᠢ ᠬᠠᠮᠤᠷᠬᠤ ᠬᠡᠷᠡᠭᠲᠡᠶ᠃ ᠨᠡᠶᠢᠳᠡᠮ ᠳᠤ ᠨᠢ ᠰᠡᠷᠭᠡᠶᠢᠯᠡᠬᠦ ᠪᠠ ᠭᠤᠤᠯᠳᠠᠯᠭ᠎ᠠ ᠲᠠᠢ ᠰᠡᠷᠭᠡᠶᠢᠯᠡᠨ | ᠡᠵᠡᠮᠳᠡᠬᠦ ᠶᠢ ᠤᠶᠠᠯᠳᠤᠭᠤᠯᠬᠤ ᠪᠠᠨ ᠪᠠᠷᠢᠮᠲᠠᠯᠠᠵᠤ᠂ ᠬᠠᠷᠢᠴᠠᠭᠤᠯᠵᠤ ᠪᠣᠯᠬᠤ ᠲᠥᠷᠥᠯ ᠤᠨ ᠵᠡᠮᠳᠡᠭ ᠪᠣᠯᠤᠭᠰᠠᠨ | ᠨᠣᠷᠮ᠎ᠠ ᠶᠢ ᠠᠳᠠᠯᠢ ᠣᠷᠣᠯᠭ᠎ᠠ ᠲᠠᠢ ᠭᠠᠵᠠᠷ ᠣᠷᠣᠨ ᠳᠤ ᠨᠡᠯᠢᠶᠡᠳ ᠳᠣᠤᠷ᠎ᠠ ᠲᠦᠪᠰᠢᠨ ᠳᠤ ᠪᠠᠶᠢᠯᠭᠠᠬᠤ ᠪᠠᠷ | ᠬᠠᠷᠠᠯᠲᠠ ᠪᠣᠯᠭᠠᠵᠤ᠂ ᠨᠡᠶᠢᠭᠡᠮ ᠲᠣᠭᠤᠷᠢᠭ ᠪᠠ ᠭᠡᠷ ᠪᠦᠯᠢ ᠪᠠᠷ ᠰᠠᠭᠤᠷᠢ ᠪᠣᠯᠭᠠᠨ᠂ ᠵᠡᠮᠳᠡᠭ ᠪᠣᠯᠬᠤ ᠶᠢ ᠨᠢᠭᠡᠳᠦᠭᠡᠷ | ᠳᠡᠰ ᠤᠨ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠭᠰᠠᠨ ᠭᠤᠷᠪᠠᠳᠤᠭᠠᠷ ᠳᠡᠰ ᠤᠨ ᠰᠡᠷᠭᠡᠶᠢᠯᠡᠬᠦ ᠠᠵᠢᠯ ᠢ ᠥᠷᠨᠢᠭᠦᠯᠵᠦ᠂ | ᠵᠡᠮᠳᠡᠭ ᠪᠣᠯᠬᠤ ᠨᠤᠷᠮ᠎ᠠ ᠶᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠥᠬᠦᠶ | ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠶᠢ ᠵᠣᠬᠢᠶᠠᠨ ᠪᠠᠶᠢᠭᠤᠯᠵᠤ ᠵᠡᠮᠳᠡᠭ ᠪᠣᠯᠬᠤ ᠠᠴᠠ | ᠰᠡᠷᠭᠡᠶᠢᠯᠡᠬᠦ ᠠᠵᠢᠯ ᠢ ᠦᠷᠨᠢᠭᠦᠯᠬᠦ ᠶᠢᠨ ᠠᠭᠤᠯᠭ᠎ᠠ ᠪᠠ ᠱᠠᠭᠠᠷᠳᠠᠯᠭ᠎ᠠ ᠶᠢ ᠨᠢ ᠲᠤᠳᠤᠷᠬᠠᠶᠢᠯᠠᠪᠠ᠃ | ︽ᠠᠷᠭ᠎ᠠ︾ ᠳᠤ ᠡᠭᠦᠨ ᠤ ᠲᠤᠬᠠᠢ 10 ᠵᠦᠢᠯ ᠤᠨ ᠱᠠᠭᠠᠷᠳᠠᠯᠭ᠎ᠠ ᠳᠤᠷᠠᠳᠪᠠ᠄ | 1.ᠡᠷᠡᠮᠳᠡᠭ ᠬᠡᠦᠬᠡᠳ ᠲᠦᠷᠦᠭᠦ ᠪᠠ ᠦᠰᠦᠨ ᠪᠤᠶᠢᠵᠢᠬᠤ ᠶᠢᠨ ᠰᠠᠭᠠᠲᠠᠯ ᠢ ᠪᠠᠭᠠᠰᠬᠠᠬᠤ ᠬᠡᠷᠡᠭᠲᠡᠢ᠃ | 2.ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠳᠠᠷᠤᠬᠤ ᠬᠡᠷᠡᠭᠲᠡᠢ᠃ | 3.ᠤᠵᠢᠭ ᠡᠪᠡᠳᠴᠢᠨ ᠤ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃ | 4.ᠣᠶᠣᠨ ᠮᠡᠳᠡᠷᠡᠯ ᠤᠨ ᠰᠠᠭᠠᠲᠠᠯ ᠤᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃ | 5.ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | 6.ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | 7.ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠢ᠃ | 8.ᠤᠤᠭᠤᠬᠤ ᠤᠰᠤ ᠪᠠ ᠠᠭᠠᠷ ᠤᠨ ᠪᠣᠬᠢᠷᠲᠤᠯ ᠢ ᠵᠠᠰᠠᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃ | 9.ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠴᠢᠩᠭᠠᠷᠠᠭᠤᠯᠬᠤ ᠬᠡᠷᠡᠭᠲᠡᠢ᠃ | 10.ᠰᠠᠨᠠᠭᠠᠨ ᠳᠤ ᠦᠭᠡᠢ ᠪᠠᠷ ᠰᠢᠷᠬᠠᠲᠤᠬᠤ ᠶᠢ ᠪᠠᠭᠠᠰᠬᠠᠬᠤ ᠬᠡᠷᠡᠭᠲᠡᠢ᠃ | ◆ᠵᠢᠷᠭᠤᠭ᠎ᠠ᠂ ︽ᠠᠷᠭ᠎ᠠ︾ ᠳᠤ ᠲᠣᠭᠲᠠᠭᠠᠭᠰᠠᠨ ᠢᠶᠠᠷ ᠡᠷᠡᠭᠦᠯᠵᠢᠭᠦᠯᠬᠦ ᠦᠢᠯᠡᠴᠢᠯᠡᠭᠡ ᠶᠢᠨ ᠠᠵᠢᠯ ᠢ | ᠬᠡᠷᠬᠢᠨ ᠰᠠᠶᠢᠲᠤᠷ ᠬᠢᠬᠦ ᠪᠣᠢ︖ | ︽ᠠᠷᠭ᠎ᠠ︾ ᠳᠤ ᠲᠣᠭᠲᠠᠭᠠᠭᠰᠠᠨ ᠢᠶᠠᠷ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠨᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠭᠤᠷᠢ ᠠᠴᠠ ᠨᠢ ᠳᠠᠭᠠᠭᠠᠨ ᠪᠠᠲᠤᠯᠠᠬᠤ᠂ | ᠨᠢᠭᠲᠠ ᠬᠤᠯᠪᠣᠨ ᠵᠣᠯᠭᠠᠯᠳᠤᠭᠤᠯᠬᠤ᠂ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠵᠣᠬᠢᠰᠲᠠᠶ | ᠪᠠᠶᠢᠷᠢᠯᠠᠭᠤᠯᠵᠤ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠪᠠᠷ ᠰᠠᠭᠤᠷᠢ ᠪᠣᠯᠭᠠᠭᠰᠠᠨ᠂ ᠡᠷᠡᠭᠦᠯᠵᠢᠭᠦᠯᠬᠦ | ᠪᠠᠶᠢᠭᠤᠯᠤᠮᠵᠢ ᠪᠠᠷ ᠭᠤᠤᠯᠯᠠᠭᠴᠢ ᠪᠣᠯᠭᠠᠭᠰᠠᠨ᠂ ᠵᠡᠮᠳᠡᠭᠴᠦᠳ ᠤᠨ ᠭᠡᠷ ᠪᠦᠯᠢ ᠪᠠᠷ ᠲᠦᠰᠢᠭ ᠪᠣᠯᠭᠠᠭᠰᠠᠨ | ᠵᠡᠮᠳᠡᠭᠴᠦᠳ ᠤᠨ ᠡᠷᠡᠭᠦᠯᠵᠢᠭᠦᠯᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠠᠢ | ᠬᠡᠷᠡᠭᠯᠡᠭᠡᠨ ᠤ᠂ ᠲᠥᠬᠦᠮ ᠬᠢᠯᠪᠠᠷᠬᠠᠨ᠂ ᠠᠰᠢᠭ ᠶᠡᠬᠡᠲᠡᠢ ᠡᠷᠡᠭᠦᠯᠵᠢᠭᠦᠯᠬᠦ ᠠᠭᠤᠯᠭ᠎ᠠ ᠪᠠᠷ ᠭᠤᠤᠯᠳᠠᠯᠭ᠎ᠠ ᠪᠣᠯᠭᠠᠨ᠂ | ᠵᠡᠮᠳᠡᠭᠴᠦᠳ ᠲᠤ ᠶᠡᠷᠦᠩᠬᠡᠶᠢᠯᠡᠭᠰᠡᠨ ᠴᠢᠨᠠᠷᠲᠠᠶ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠬᠡᠷᠡᠭᠲᠡᠢ᠃ ᠵᠡᠮᠳᠡᠭ | ᠬᠡᠤᠬᠡᠳ ᠤᠨ ᠡᠷᠡᠭᠦᠯᠵᠢᠭᠦᠯᠬᠦ ᠠᠵᠢᠯ ᠢ ᠤᠷᠢᠳ ᠢᠶᠠᠷ ᠥᠷᠨᠢᠭᠦᠯᠵᠦ᠂ ᠡᠷᠡᠭᠦᠯᠵᠢᠭᠦᠯᠬᠦ ᠪᠠ ᠰᠤᠷᠭᠠᠨ | ᠬᠥᠮᠦᠵᠢᠭᠦᠯᠬᠦ ᠶᠢ ᠤᠶᠠᠯᠳᠤᠭᠤᠯᠤᠨ ᠬᠡᠷᠡᠭᠵᠢᠭᠦᠯᠬᠦ ᠬᠡᠷᠡᠭᠲᠡᠢ᠃ ᠡᠷᠡᠭᠦᠯᠵᠢᠭᠦᠯᠬᠦ ᠪᠠᠶᠢᠭᠤᠯᠤᠮᠵᠢ ᠬᠢᠭᠡᠳ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠢᠭᠲᠠ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠡᠬᠢ ᠪᠠᠶᠠᠯᠢᠭ ᠢ | ᠬᠠᠮᠲᠤ ᠳᠤ ᠪᠠᠨ ᠬᠦᠷᠲᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠰᠢᠯᠵᠢᠭᠦᠯᠦᠨ ᠲᠠᠨᠢᠯᠴᠠᠭᠤᠯᠬᠤ ᠨᠢ | ᠰᠢᠭᠤᠳ ᠰᠢᠯᠤᠭᠤᠨ ᠪᠠᠶᠢᠬᠤ ᠲᠣᠭᠲᠠᠴᠠ ᠶᠢ ᠪᠠᠶᠢᠭᠤᠯᠤᠨ᠂ ᠵᠡᠮᠳᠡᠭᠴᠦᠳ ᠤᠨ ᠡᠷᠡᠭᠦᠯᠵᠢᠬᠦ ᠦᠢᠯᠡᠴᠢᠯᠡᠭᠡᠨ ᠤ | ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ᠵᠡᠮᠳᠡᠭᠴᠦᠳ ᠤᠨ ᠡᠷᠡᠭᠦᠯᠵᠢᠬᠦ ᠦᠨᠳᠦᠰᠦᠨ | ᠦᠢᠯᠡᠴᠢᠯᠡᠭᠡ ᠶᠢ ᠲᠡᠩᠴᠡᠭᠦᠨ ᠪᠣᠯᠭᠠᠬᠤ ᠶᠢ ᠠᠯᠬᠤᠮ ᠠᠯᠬᠤᠮ ᠢᠶᠠᠷ ᠠᠬᠢᠭᠤᠯᠤᠨ᠂ ᠵᠡᠮᠳᠡᠭᠴᠦᠳ ᠤᠨ | ᠡᠷᠡᠭᠦᠯᠵᠢᠬᠦ ᠶᠢ ᠨᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ︽ᠠᠷᠭ᠎ᠠ︾ ᠳᠤ ᠡᠭᠦᠨ ᠤ ᠲᠣᠬᠠᠢ 6 ᠵᠦᠢᠯ ᠤᠨ ᠱᠠᠭᠠᠷᠳᠠᠯᠭ᠎ᠠ ᠳᠤᠷᠠᠳᠪᠠ᠄ | 1.ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠷᠡᠭᠦᠯᠵᠢᠭᠦᠯᠬᠦ | ᠪᠠᠶᠢᠭᠤᠯᠤᠮᠵᠢ ᠪᠠᠶᠢᠷᠢᠯᠠᠭᠤᠯᠬᠤ ᠲᠥᠯᠥᠪᠵᠢᠭᠦᠯᠭᠡ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠡᠷᠡᠭᠦᠯᠵᠢᠭᠦᠯᠬᠦ ᠪᠠᠶᠢᠭᠤᠯᠤᠮᠵᠢ ᠡᠷᠬᠢᠯᠡᠨ᠂ ᠡᠷᠡᠭᠦᠯᠵᠢᠭᠦᠯᠬᠦ ᠪᠠᠶᠢᠭᠤᠯᠤᠮᠵᠢ ᠪᠠᠶᠢᠷᠢᠯᠠᠭᠤᠯᠬᠤ ᠠᠵᠢᠯ ᠢ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃ | 2.ᠡᠷᠡᠭᠦᠯᠵᠢᠭᠦᠯᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠬᠤ ᠪᠠᠷᠢᠮᠵᠢᠶ᠎ᠠ᠂ ᠦᠢᠯᠡᠴᠢᠯᠡᠬᠦ ᠵᠢᠷᠤᠮᠵᠢᠯ᠂ | ᠬᠠᠮᠢᠶᠠᠷᠬᠤ ᠱᠠᠭᠠᠷᠳᠠᠯᠭ᠎ᠠ ᠶᠢ ᠵᠢᠷᠤᠮᠵᠢᠭᠤᠯᠬᠤ ᠬᠡᠷᠡᠭᠲᠡᠢ᠃ | 3.ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠡᠮᠳᠡᠭᠴᠦᠳ ᠤᠨ ᠭᠡᠷ ᠪᠦᠯᠢ ᠶᠢᠨ | ᠡᠮᠴᠢ ᠲᠠᠢ ᠭᠡᠷ᠎ᠡ ᠲᠣᠭᠲᠠᠵᠤ ᠦᠢᠯᠡᠴᠢᠯᠡᠬᠦ ᠠᠵᠢᠯ ᠢ ᠬᠠᠷᠢᠭᠤᠴᠠᠬᠤ ᠬᠡᠷᠡᠭᠲᠡᠢ ᠭᠡᠵᠦ ᠲᠣᠭᠲᠠᠭᠠᠪᠠ᠃ | 4.ᠵᠡᠮᠳᠡᠭᠴᠦᠳ ᠤᠨ ᠡᠷᠡᠭᠦᠯᠵᠢᠬᠦ ᠲᠠᠯ᠎ᠠ ᠪᠠᠷ ᠬᠢ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠩᠭᠠᠨ᠎ᠠ᠃ | 5.ᠵᠡᠮᠳᠡᠭᠴᠦᠳ ᠲᠤ ᠡᠷᠡᠭᠦᠯᠵᠢᠭᠦᠯᠬᠦ ᠦᠢᠯᠡᠴᠢᠯᠡᠭᠡ ᠬᠢᠵᠦ ᠪᠠᠶᠢᠭ᠎ᠠ ᠬᠥᠮᠦᠰ ᠲᠠᠬᠢ ᠱᠠᠭᠠᠷᠳᠠᠯᠭ᠎ᠠ ᠶᠢ | ᠬᠠᠩᠭᠠᠨ᠎ᠠ᠃ | 6.ᠡᠷᠡᠭᠦᠯᠵᠢᠭᠦᠯᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠬᠦ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ | 〖 ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ 〗 | ◆ ᠳᠤᠯᠤᠭ᠎ᠠ᠂ ︽ᠠᠷᠭ᠎ᠠ︾ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠤᠳᠤᠷᠬᠠᠶᠢᠯᠠᠭᠰᠠᠨ | ᠪᠣᠢ︖ | ︽ᠠᠷᠭ᠎ᠠ︾ ᠳᠤ ᠡᠭᠦᠨ ᠤ ᠲᠣᠬᠠᠢ 9 ᠵᠦᠢᠯ ᠤᠨ ᠠᠷᠭ᠎ᠠ ᠬᠡᠮᠵᠢᠶ᠎ᠡ ᠳᠤᠷᠠᠳᠪᠠ᠄ | 1.ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠡᠶᠢᠭᠡᠮ ᠤᠨ ᠳᠠᠭᠠᠳᠬᠠᠯ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠵᠡᠮᠳᠡᠭᠴᠦᠳ ᠢ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠡᠪᠴᠢᠶᠡᠨ ᠳᠤ | ᠣᠷᠤᠭᠤᠯᠬᠤ ᠬᠡᠷᠡᠭᠲᠡᠢ᠃ | 2.ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠠᠵᠢᠯ ᠢ ᠴᠢᠩᠭᠠᠳᠬᠠᠬᠤ ᠬᠡᠷᠡᠭᠲᠡᠢ᠃ | 3.ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠡᠮᠡᠭᠦᠷᠢ ᠥᠭᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ | | 4.ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠤᠨ ᠡᠷᠡᠭᠦᠯᠵᠢᠭᠦᠯᠬᠦ ᠪᠡᠯᠡ ᠮᠦᠩᠭᠦ ᠶᠢ | ᠴᠤᠭᠯᠠᠭᠤᠯᠬᠤ ᠪᠠ ᠪᠠᠲᠤᠯᠠᠬᠤ ᠬᠡᠷᠡᠭᠲᠡᠢ᠃ | 5.ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠬᠢᠵᠦ ᠪᠠᠶᠢᠭ᠎ᠠ | ᠪᠠᠶᠢᠭᠤᠯᠤᠮᠵᠢ ᠳᠤ ᠭᠠᠶᠢᠯᠢ ᠲᠠᠲᠠᠪᠤᠷᠢ ᠶᠢᠨ ᠬᠤᠯᠪᠣᠭᠳᠠᠯ ᠪᠦᠬᠦᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠬᠠᠤᠯᠢ | ᠶᠣᠰᠣᠭᠠᠷ ᠬᠦᠷᠲᠡᠭᠡᠬᠦ ᠬᠡᠷᠡᠭᠲᠡᠢ᠃ | 6.ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ᠃ | 7.ᠲᠤᠰᠠᠯᠠᠬᠤ ᠪᠠᠭᠠᠵᠢ ᠬᠡᠷᠡᠭᠰᠡᠯ ᠤᠨ ᠰᠤᠳᠤᠯᠤᠨ ᠨᠡᠭᠡᠭᠡᠬᠦ᠂ ᠳᠡᠯᠭᠡᠷᠡᠭᠦᠯᠬᠦ ᠪᠠ ᠬᠡᠷᠡᠭᠯᠡᠬᠦ ᠶᠢ ᠳᠡᠮᠵᠢᠬᠦ | ᠬᠡᠷᠡᠭᠲᠡᠶ᠃ | 8.ᠦᠨᠳᠦᠰᠦᠨ ᠬᠡᠯᠪᠡᠷᠢ ᠪᠦᠬᠦᠢ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠳᠤ ᠨᠡᠮᠡᠭᠦᠷᠢ ᠣᠯᠭᠤᠬᠤ | ᠬᠡᠷᠡᠭᠲᠡᠢ᠃ | 9.ᠵᠡᠮᠳᠡᠭ ᠪᠣᠯᠬᠤ ᠠᠴᠠ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠵᠢᠯᠲᠠᠨ ᠤ ᠣᠯᠭᠤᠮᠵᠢ ᠶᠢ | ᠪᠠᠲᠤᠯᠠᠬᠤ ᠬᠡᠷᠡᠭᠲᠡᠶ᠃ | ◆ ᠨᠠᠢᠮᠠ᠂ ︽ᠠᠷᠭ᠎ᠠ︾ ᠶᠢ ᠬᠡᠵᠢᠶ᠎ᠡ ᠠᠴᠠ ᠡᠬᠢᠯᠡᠨ ᠬᠡᠷᠡᠭᠵᠢᠭᠦᠯᠬᠦ ᠪᠣᠢ︖ | ︽ᠠᠷᠭ᠎ᠠ︾ ᠶᠢ 2020 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠲᠡᠭᠦᠰᠭᠡᠯ ᠤᠨ ᠦᠭᠡ | ᠬᠦᠮᠦᠨ ᠪᠣᠯᠭᠠᠨ ᠳᠤ ᠵᠡᠮᠳᠡᠭ ᠪᠣᠯᠬᠤ ᠲᠥᠭᠰᠢᠭᠦᠷᠢ ᠣᠷᠤᠰᠢᠵᠤ ᠪᠠᠶᠢᠬᠤ ᠪᠣᠯᠬᠤᠷ ᠵᠡᠮᠳᠡᠭ ᠪᠣᠯᠬᠤ ᠠᠴᠠ | ᠰᠡᠷᠭᠡᠶᠢᠯᠡᠬᠦ ᠨᠢ ᠬᠤᠪᠢ ᠬᠦᠮᠦᠨ ᠤ ᠡᠷᠡᠭᠦᠯ ᠮᠡᠨᠳᠦ᠂ ᠭᠡᠷ ᠪᠦᠯᠢ ᠶᠢᠨ ᠵᠣᠯ ᠵᠢᠷᠭᠠᠯ᠂ ᠠᠵᠤ ᠠᠬᠤᠢ ᠨᠡᠶᠢᠭᠡᠮ ᠤᠨ | ᠡᠷᠡᠭᠦᠯ ᠢᠶᠠᠷ ᠬᠥᠭᠵᠢᠬᠦ ᠯᠦᠭᠡ ᠮᠠᠰᠢ ᠨᠢᠭᠲᠠ ᠬᠠᠷᠢᠴᠠᠭ᠎ᠠ ᠬᠤᠯᠪᠣᠭ᠎ᠠ ᠲᠠᠢ ᠶᠤᠮ᠃ ᠮᠠᠨ ᠤ ᠣᠷᠣᠨ ᠬᠦᠮᠦᠨ | ᠠᠮᠠ ᠶᠢᠨ ᠨᠠᠰᠤᠵᠢᠯᠲᠠ᠂ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ ᠶᠢᠨ ᠶᠠᠪᠤᠴᠠ ᠳᠤ ᠪᠠᠨ ᠪᠣᠢ᠂ | ᠡᠭᠦᠨ ᠳᠤ ᠤᠳᠤᠮᠰᠢᠯ ᠤᠨ ᠴᠢᠨᠠᠷᠲᠠᠢ᠂ ᠲᠦᠷᠦᠯᠬᠢ ᠴᠢᠨᠠᠷᠲᠠᠢ ᠵᠡᠮᠳᠡᠭ ᠪᠣᠯᠬᠤ ᠶᠢ ᠬᠠᠷᠠᠬᠠᠨ ᠪᠦᠲᠦᠮᠵᠢᠲᠡᠢ ᠡᠵᠡᠮᠳᠡᠨ | ᠬᠢᠵᠠᠭᠠᠷᠯᠠᠵᠤ ᠴᠢᠳᠠᠭᠠᠳᠤᠢ᠂ ᠤᠵᠢᠭ ᠡᠪᠡᠳᠴᠢᠨ᠂ ᠤᠶᠤᠨ ᠮᠡᠳᠡᠷᠡᠯ ᠤᠨ ᠰᠠᠭᠠᠲᠠᠯ᠂ ᠰᠠᠨᠠᠭᠠᠨ ᠳᠤ ᠦᠭᠡᠢ ᠪᠠᠷ | ᠰᠢᠷᠬᠠᠲᠤᠬᠤ ᠵᠡᠷᠭᠡ ᠠᠴᠠ ᠪᠣᠯᠵᠤ ᠵᠡᠮᠳᠡᠭ ᠪᠣᠯᠬᠤ ᠲᠥᠭᠰᠢᠭᠦᠷᠢ ᠮᠦᠨ ᠬᠦ ᠨᠡᠮᠡᠭᠳᠡᠵᠦ ᠪᠠᠶᠢᠭ᠎ᠠ ᠶᠤᠮ᠃ ᠡᠶᠢᠮᠦ ᠠᠴᠠ | ᠰᠡᠷᠭᠡᠶᠢᠯᠡᠬᠦ ᠶᠢ ᠴᠢᠩᠭᠠᠳᠬᠠᠬᠤ ᠪᠠᠷ ᠳᠠᠮᠵᠢᠭᠠᠳ ᠵᠡᠮᠳᠡᠭ ᠪᠣᠯᠬᠤ ᠶᠢ ᠪᠠᠭᠠᠰᠬᠠᠵᠤ᠂ ᠡᠷᠡᠭᠦᠯᠵᠢᠭᠦᠯᠬᠦ ᠠᠵᠢᠯ ᠢ | ᠰᠠᠶᠢᠲᠤᠷ ᠬᠢᠵᠦ ᠪᠠᠶᠢᠭᠠᠳ ᠵᠡᠮᠳᠡᠭᠴᠦᠳ ᠢ ᠬᠠᠪᠰᠤᠷᠴᠤ ᠬᠦᠴᠦᠨ ᠴᠢᠳᠠᠮᠵᠢ ᠶᠢ ᠨᠢ ᠰᠡᠷᠭᠦᠭᠡᠨ ᠨᠦᠬᠦᠪᠦᠷᠢᠯᠡᠬᠦ ᠨᠢ | ᠲᠡᠳᠡᠨᠦᠰ ᠤᠨ ᠦᠪᠡᠷ ᠢ ᠪᠠᠨ ᠬᠥᠭᠵᠢᠭᠦᠯᠬᠦ ᠪᠠ ᠨᠡᠶᠢᠭᠡᠮ ᠳᠤ ᠣᠷᠤᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠳᠤ | ᠠᠰᠢᠭᠲᠠᠢ ᠮᠦᠷᠲᠡᠭᠡᠨ ᠠᠵᠤ ᠠᠬᠤᠢ ᠨᠡᠶᠢᠭᠡᠮ ᠤᠨ ᠪᠠᠶᠢᠭᠤᠯᠤᠯᠲᠠ ᠳᠤ ᠣᠷᠤᠯᠴᠠᠬᠤ ᠢᠲᠡᠭᠡᠯ ᠪᠠ ᠨᠦᠬᠦᠴᠡᠯ ᠢ ᠨᠢ | ᠨᠡᠩ ᠭᠦᠢᠴᠡᠳ ᠲᠡᠭᠦᠯᠳᠡᠷ ᠪᠣᠯᠭᠠᠵᠤ᠂ ᠪᠦᠬᠦ ᠣᠷᠣᠨ ᠤ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ | ᠪᠦᠲᠦᠭᠡᠨ ᠪᠠᠶᠢᠭᠤᠯᠵᠤ ᠦᠷ᠎ᠡ ᠪᠦᠲᠦᠮᠵᠢ ᠶᠢ ᠬᠠᠮᠲᠤ ᠳᠤ ᠪᠠᠨ ᠬᠦᠷᠲᠡᠬᠦ ᠪᠣᠯᠭᠠᠨ᠎ᠠ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠦᠢᠯᠡᠳᠪᠡ | | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠮᠡᠳᠡᠭᠡ |