ᠪᠥᠬᠦ ᠤᠯᠤᠰ ᠤᠨ ᠠᠮᠤ ᠪᠤᠳᠠᠭᠠᠨ ᠤ ᠦᠶᠯᠡᠳᠪᠦᠷᠢᠯᠡᠯ ᠤᠨ ᠲᠡᠷᠢᠭᠦᠨ ᠤ ᠬᠤᠪᠢ ᠬᠥᠮᠦᠨ ᠢᠶᠠᠷ ᠲᠠᠨᠢᠯᠴᠠᠭᠤᠯᠬᠤ ᠭᠡᠵᠦ ᠪᠠᠶᠢᠭ᠎ᠠ ᠬᠦᠮᠦᠨ ᠢ ᠳᠠᠷᠠᠭᠠᠯᠠᠨ ᠨᠥᠬᠦᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2021/11/13
     ︽ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠬᠠᠮᠲᠤ ᠨᠡᠶᠢᠲᠡ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠠᠵᠢᠯ ᠢ ᠥᠷᠨᠢᠭᠦᠯᠬᠦ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠲᠠᠷᠢᠶᠠᠯᠠᠩ ᠠᠯᠪᠠᠨ ᠲᠠᠷᠢᠶᠠᠯᠠᠩ ﹇2021﹈ 20 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ 34 ᠨᠡᠷᠡᠰ ᠲᠡᠷᠢᠭᠦᠨ ᠤ ᠬᠤᠪᠢ ᠬᠥᠮᠦᠨ ᠢ ᠨᠢᠭᠡᠨᠲᠡ ᠲᠣᠭᠲᠠᠭᠠᠪᠠ᠃ ᠢᠯᠡ ᠨᠡᠶᠢᠲᠡᠯᠡᠬᠦ ᠬᠤᠭᠤᠴᠠᠭᠠᠨ ᠳᠤ ᠨᠢᠭᠡ ᠬᠥᠮᠦᠨ ᠭᠤᠶᠤᠴᠢᠯᠠᠨ ᠮᠡᠳᠡᠭᠦᠯᠬᠦ ᠪᠠᠨ ᠪᠣᠯᠢᠭᠰᠠᠨ ᠠᠴᠠ᠂ ᠰᠤᠳᠤᠯᠬᠤ ᠪᠠᠷ ᠳᠡᠮᠵᠢᠨ᠂ ᠳ᠋ᠦᠩ ᠴᠢᠩ ᠵᠢᠶᠦ᠋ᠨ ︵ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠮᠤᠤ ᠱᠧᠩ ᠶᠤᠸᠠᠨ ᠲᠠᠷᠢᠶᠠᠯᠠᠩ ᠤᠨ ᠮᠠᠰᠢᠨ ᠢᠶᠠᠷ ᠳᠠᠷᠢᠬᠤ ᠲᠤᠰᠬᠠᠶ ᠬᠤᠷᠰᠢᠶ᠎ᠠ︶ ᠢ ᠰᠣᠩᠭᠤᠨ ᠲᠠᠨᠢᠯᠴᠠᠭᠤᠯᠬᠤ ᠪᠠᠷ ᠪᠠᠶᠢᠭ᠎ᠠ ᠬᠦᠬᠢᠭᠦᠯᠦᠨ ᠰᠠᠶᠢᠰᠢᠶᠠᠬᠤ ᠬᠤᠪᠢ ᠬᠥᠮᠦᠨ ᠢᠶᠠᠷ ᠳᠠᠷᠠᠭᠠᠯᠠᠨ ᠨᠥᠬᠦᠵᠦ᠂ ᠡᠳᠦᠭᠡ ᠢᠯᠡ ᠨᠡᠶᠢᠲᠡᠯᠡᠪᠡ᠂ ᠨᠡᠶᠢᠭᠡᠮ ᠤᠨ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃      ᠢᠯᠡ ᠨᠡᠶᠢᠲᠡᠯᠡᠬᠦ ᠬᠤᠭᠤᠴᠠᠭ᠎ᠠ ᠨᠢ 2021 ᠣᠨ ᠤ 11 ᠰᠠᠷ᠎ᠠ ᠶᠢᠨ 11 ᠤ ᠡᠳᠦᠷ ᠠᠴᠠ 17 ᠤ ᠡᠳᠦᠷ ᠪᠣᠯᠲᠠᠯ᠎ᠠ ᠪᠣᠯᠤᠨ᠎ᠠ᠃ ᠲᠠᠨᠢᠯᠴᠠᠭᠤᠯᠬᠤ ᠪᠠᠷ ᠪᠠᠶᠢᠭ᠎ᠠ ᠬᠦᠮᠦᠨ ᠳᠤ ᠣᠨᠳᠣᠣ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠬᠠᠮᠲᠤ ᠨᠡᠶᠢᠲᠡ ᠪᠣᠯᠤᠨ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠤᠲᠠᠰᠤ᠂ ᠵᠠᠬᠢᠳᠠᠯ᠂ ᠢᠮᠧᠯ ᠤᠨ ᠬᠡᠯᠪᠡᠷᠢ ᠪᠠᠷ ᠳᠤᠰᠬᠠᠭᠠᠷᠠᠢ᠂ ᠵᠠᠬᠢᠳᠠᠯ ᠪᠣᠯ ᠬᠦᠷᠦᠭᠰᠡᠨ ᠡᠳᠦᠷ ᠤᠨ ᠰᠢᠦᠳᠠᠨ ᠤ ᠲᠠᠮᠠᠭ᠎ᠠ ᠪᠠᠷ ᠪᠠᠷᠢᠮᠵᠢᠶ᠎ᠠ ᠪᠣᠯᠭᠠᠨ᠎ᠠ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠮᠠᠲ᠋ᠧᠷᠢᠶᠠᠯ ᠳᠤ ᠨᠢᠭᠡᠴᠢ ᠶᠢᠨ ᠠᠯᠪᠠᠨ ᠲᠠᠮᠠᠭ᠎ᠠ ᠳᠠᠷᠤᠬᠤ ᠴᠢᠬᠤᠯᠠᠲᠠᠢ᠂ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠮᠠᠲ᠋ᠧᠷᠢᠶᠠᠯ ᠳᠤ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ ᠬᠠᠩᠭᠠᠬᠤ ᠬᠡᠷᠡᠭᠲᠡᠢ᠃      ᠬᠠᠷᠢᠯᠴᠠᠬᠤ ᠤᠲᠠᠰᠤ᠄ 0471 - 6651053      ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ  ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ      ᠢᠮᠧᠯ᠄ li3li9@126.com                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ                        ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠬᠠᠮᠲᠤ ᠨᠡᠶᠢᠲᠡ ᠶᠢᠨ                        ᠪᠣᠯᠤᠨ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ                        ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ                        2021 ᠣᠨ ᠤ 11 ᠰᠠᠷ᠎ᠠ ᠶᠢᠨ 11 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号