ᠨᠠᠶᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠤᠨ ᠭᠡᠰᠢᠭᠦᠨ ᠢ ᠳᠠᠩᠰᠠᠯᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/11/17
ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠪᠣᠯ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠵᠢᠴᠢ ᠬᠤᠯᠪᠣᠭᠳᠠᠬᠤ ᠨᠢᠭᠡᠴᠢ ᠨᠦᠭᠦᠳ ᠤᠨ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠤᠭᠰᠠᠨ ᠪᠦᠬᠦ ᠣᠷᠣᠨ ᠤ ᠴᠢᠨᠠᠷᠲᠠᠶ᠂ ᠡᠷᠳᠡᠮ ᠰᠢᠨᠵᠢᠯᠡᠭᠡᠨ ᠤ ᠴᠢᠨᠠᠷᠲᠠᠶ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠬᠠᠤᠯᠢ ᠶᠢᠨ ᠡᠷᠬᠡᠲᠡᠨ ᠤ ᠨᠡᠶᠢᠭᠡᠮ ᠤᠨ ᠪᠦᠯᠬᠦᠮ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ  ᠤᠨ ᠪᠦᠯᠬᠦᠮ ᠤᠨ ᠭᠡᠰᠢᠭᠦᠨ ᠪᠣᠯᠬᠤ ᠪᠥᠭᠡᠳ ᠨᠠᠮ ᠪᠣᠯᠤᠨ ᠵᠠᠰᠠᠭ ᠤᠨ ᠣᠷᠳᠣᠨ ᠤ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠪᠣᠯᠤᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ 1964 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠡᠭᠡᠳᠦ ᠱᠠᠲᠤᠨ ᠤ ᠤᠳᠤᠷᠢᠳᠤᠯᠭ᠎ᠠ ᠪᠣᠯᠤᠨ ᠪᠦᠬᠦ ᠭᠡᠰᠢᠭᠦᠳ ᠤᠨ ᠬᠠᠮᠲᠤ ᠶᠢᠨ ᠴᠢᠷᠮᠠᠶᠢᠯᠭ᠎ᠠ ᠪᠠᠷ᠂ ᠵᠣᠬᠢᠬᠤ ᠬᠡᠮᠵᠢᠶᠡᠨ ᠤ ᠠᠵᠢᠯ ᠤᠨ ᠠᠮᠵᠢᠯᠲᠠ ᠣᠯᠵᠤ᠂ ᠮᠠᠨ ᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯ᠂ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠨᠢᠭᠡᠴᠢ ᠪᠣᠯᠤᠨ ᠥᠷᠭᠡᠨ ᠤᠯᠠᠨ ᠨᠡᠶᠢᠭᠡᠮᠯᠢᠭ ᠤᠨ ᠭᠡᠰᠢᠭᠦᠳ ᠤᠨ ᠤᠯᠤᠯᠴᠠᠭ᠎ᠠ ᠪᠣᠯᠣᠨ ᠰᠣᠯᠢᠯᠴᠠᠭ᠎ᠠ ᠬᠢᠬᠦ ᠲᠠᠪᠴᠠᠩ ᠪᠣᠯᠤᠭᠰᠠᠨ ᠪᠠᠶᠢᠨ᠎ᠠ᠃ ︽ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠤᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ 2021 ᠣᠨ ᠤ ᠡᠴᠦᠰ ᠲᠤ ᠬᠤᠭᠤᠴᠠᠭ᠎ᠠ ᠰᠣᠯᠢᠬᠤ ᠠᠵᠢᠯ ᠥᠷᠨᠢᠭᠦᠯᠬᠦ ᠪᠠᠷ ᠲᠣᠭᠲᠠᠪᠠ︔ ᠣᠳᠣᠬᠠᠨ ᠤ ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠤᠨ ᠥᠭᠡᠷᠡᠴᠢᠯᠡᠯᠲᠡ ᠬᠢᠭᠡᠳ ᠭᠡᠰᠢᠭᠦᠨ ᠨᠢᠭᠡᠴᠢ᠂ ᠭᠡᠰᠢᠭᠦᠨ ᠤ ᠬᠤᠪᠢᠷᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠡᠶᠢᠭᠡᠮᠯᠢᠭ ᠲᠤ ᠣᠷᠣᠬᠤ ᠨᠥᠬᠦᠴᠡᠯ ᠳᠤ ᠨᠡᠶᠢᠴᠡᠬᠦ ᠨᠡᠶᠢᠭᠡᠮ ᠤᠨ ᠬᠠᠮᠢᠶ᠎ᠠ ᠪᠦᠬᠦᠢ ᠨᠢᠭᠡᠴᠢ ᠪᠣᠯᠤᠨ ᠬᠤᠪᠢ ᠬᠥᠮᠦᠨ ᠢ ᠲᠤᠰ ᠨᠡᠶᠢᠭᠡᠮᠯᠢᠭ ᠲᠤ ᠳᠠᠬᠢᠵᠤ ᠳᠠᠩᠰᠠᠯᠠᠨ ᠲᠡᠮᠳᠡᠭᠯᠡᠵᠦ ᠣᠷᠣᠭᠤᠯᠤᠨ᠎ᠠ᠃ ᠪᠣᠳᠠᠲᠠᠶ ᠠᠵᠢᠯ ᠤᠨ ᠳᠡᠰ ᠳᠠᠷᠠᠭᠠᠯᠠᠯ ᠨᠢ ᠳᠣᠣᠷᠠᠬᠢ ᠮᠡᠲᠦ᠄      ᠨᠢᠭᠡ᠂ ᠨᠠᠶᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠲᠤ ︽ᠨᠢᠭᠡᠴᠢ ᠶᠢᠨ ᠭᠡᠰᠢᠭᠦᠨ︾ ᠪᠠ ︽ᠬᠤᠪᠢ ᠬᠥᠮᠦᠨ ᠤ ᠭᠡᠰᠢᠭᠦᠨ︾ ᠢ ᠲᠣᠬᠢᠷᠠᠭᠤᠯᠤᠨ᠎ᠠ︔ ᠡᠭᠦᠨ ᠳᠤ᠄ ᠬᠤᠪᠢ ᠬᠥᠮᠦᠨ ᠤ ᠭᠡᠰᠢᠭᠦᠨ ᠳᠤ ᠡᠩ ᠤᠨ ᠭᠡᠰᠢᠭᠦᠨ᠂ ᠳᠡᠭᠡᠳᠦ ᠵᠡᠷᠭᠡ ᠶᠢᠨ ᠭᠡᠰᠢᠭᠦᠨ᠂ ᠭᠠᠳᠠᠭᠠᠳᠤ ᠶᠢᠨ ᠬᠠᠷᠢᠶ᠎ᠠ ᠲᠠᠢ ᠭᠡᠰᠢᠭᠦᠨ ᠭᠡᠵᠦ ᠢᠯᠭᠠᠬᠤ ᠦᠭᠡᠢ᠃      ᠬᠤᠶᠠᠷ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠬᠢᠵᠦ ᠪᠠᠶᠢᠭ᠎ᠠ ᠨᠢᠭᠡᠴᠢ ᠪᠠ ᠬᠤᠪᠢ ᠬᠥᠮᠦᠨ ᠪᠦᠬᠦᠨ ᠰᠠᠶᠢᠨ ᠳᠤᠷ᠎ᠠ ᠶᠢᠨ ᠪᠠᠶᠢᠬᠤ ᠵᠠᠷᠴᠢᠮ ᠶᠣᠰᠣᠭᠠᠷ᠂ ᠲᠡᠷᠡᠴᠢᠯᠡᠨ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠪᠠᠯ᠂ ᠴᠥᠮ ︽ᠳᠠᠭᠠᠯᠳᠤᠭᠤᠯᠤᠯ 1︾᠂ ︽ᠳᠠᠭᠠᠯᠳᠤᠭᠤᠯᠤᠯ 2︾  ᠢ ᠲᠤᠰ ᠲᠤᠰ ᠲᠠᠭᠯᠠᠨ ᠮᠡᠳᠡᠭᠦᠯᠵᠦ ᠳᠠᠩᠰᠠᠯᠠᠭᠤᠯᠤᠭᠠᠳ᠂ ᠵᠦᠪᠰᠢᠶᠡᠷᠡᠭᠦᠯᠦᠭᠰᠡᠨ ᠤ ᠲᠠᠷᠠᠭ᠎ᠠ ︽ᠨᠢᠭᠡᠴᠢ ᠶᠢᠨ ᠭᠡᠰᠢᠭᠦᠨ︾ ᠪᠠ ︽ᠬᠤᠪᠢ ᠬᠥᠮᠦᠨ ᠤ ᠭᠡᠰᠢᠭᠦᠨ︾ ᠪᠤᠯᠵᠤ ᠪᠣᠯᠤᠨ᠎ᠠ᠃ ᠨᠢᠭᠡᠴᠢ ᠶᠢᠨ ᠭᠡᠰᠢᠭᠦᠨ ᠢ ᠭᠤᠶᠤᠴᠢᠯᠠᠨ ᠮᠡᠳᠡᠭᠦᠯᠦᠭᠰᠡᠨ ᠲᠤᠰ ᠨᠢᠭᠡᠴᠢ ᠶᠢᠨ ᠠᠵᠢᠯᠲᠡᠨ ᠬᠡᠷᠪᠡ ᠬᠤᠪᠢ ᠬᠥᠮᠦᠨ ᠤ ᠭᠡᠰᠢᠭᠦᠨ ᠢ ᠭᠤᠶᠤᠴᠢᠯᠠᠨ ᠮᠡᠳᠡᠭᠦᠯᠬᠦ ᠬᠦᠰᠡᠯ ᠲᠠᠢ ᠪᠠᠶᠢᠪᠠᠯ ᠪᠠᠰᠠ ︽ᠳᠠᠭᠠᠯᠳᠤᠭᠤᠯᠤᠯ 1︾ ᠶᠢ ᠲᠠᠭᠯᠠᠬᠤ ᠬᠡᠷᠡᠭᠲᠡᠢ᠃      1.ᠬᠤᠪᠢ ᠬᠥᠮᠦᠨ ᠤ ᠭᠡᠰᠢᠭᠦᠨ      ᠳᠣᠣᠷᠠᠬᠢ ᠨᠥᠬᠦᠴᠡᠯ ᠤᠳ ᠠᠴᠠ ᠨᠢᠭᠡ ᠶᠢ ᠪᠦᠷᠢᠯᠳᠦᠭᠦᠯᠦᠭᠰᠡᠨ ᠪᠠᠶᠢᠪᠠᠯ ᠴᠥᠮ ᠲᠤᠰ ᠨᠡᠶᠢᠭᠡᠮᠯᠢᠭ ᠤᠨ ︽ᠬᠤᠪᠢ ᠬᠥᠮᠦᠨ ᠤ ᠭᠡᠰᠢᠭᠦᠨ︾ ᠢ ᠭᠤᠶᠤᠴᠢᠯᠠᠵᠤ ᠪᠣᠯᠤᠨ᠎ᠠ᠃       ︵1︶ ᠲᠣᠰ ᠰᠢᠨᠵᠢᠯᠡᠭᠡᠨ ᠤ ᠳᠤᠮᠳᠠ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠪᠠ ᠮᠠᠰᠲ᠋ᠧᠷ ᠴᠣᠯᠠ ᠣᠯᠤᠭᠰᠠᠨ ᠵᠢᠴᠢ ᠶᠠᠭ ᠡᠷᠳᠡᠮ ᠤᠨ ᠴᠣᠯᠠ ᠬᠠᠮᠠᠭᠠᠯᠠᠬᠤ ᠪᠠᠷ ᠰᠤᠷᠤᠯᠴᠠᠵᠤ ᠪᠠᠶᠢᠭ᠎ᠠ ᠠᠰᠫᠢᠷᠠᠨᠲ᠃      ︵2︶ ᠰᠢᠨᠵᠢᠯᠡᠬᠦ ᠤᠬᠠᠭᠠᠨ ᠤ ᠰᠤᠳᠤᠯᠤᠯ᠂ ᠵᠢᠭᠠᠨ ᠰᠤᠷᠭᠠᠯᠲᠠ᠂ ᠦᠢᠯᠡᠳᠪᠦᠷᠢᠯᠡᠯ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰ ᠰᠢᠨᠵᠢᠯᠡᠭᠡᠨ ᠤ ᠠᠵᠢᠯ ᠢ ᠭᠤᠷᠪᠠᠨ ᠵᠢᠯ ᠠᠴᠠ ᠳᠡᠭᠡᠭᠰᠢ ᠬᠢᠭᠰᠡᠨ ᠪᠥᠭᠡᠳ ᠪᠣᠳᠠᠲᠠᠢ ᠠᠵᠢᠯ ᠤᠨ ᠲᠤᠷᠰᠢᠯᠭ᠎ᠠ ᠲᠠᠢ ᠲᠡᠷᠡᠴᠢᠯᠡᠨ ᠵᠣᠬᠢᠬᠤ ᠡᠷᠳᠡᠮ ᠰᠢᠨᠵᠢᠯᠡᠭᠡᠨ ᠤ ᠬᠢᠷᠢ ᠬᠡᠮᠵᠢᠶ᠎ᠡ ᠲᠠᠢ ᠬᠥᠮᠦᠰ︔ ᠡᠰᠡᠬᠦᠯ᠎ᠡ ᠨᠢᠭᠡᠨᠲᠡ ᠣᠯᠠᠨ ᠵᠢᠯ ᠠᠵᠢᠯᠯᠠᠭᠰᠠᠨ ᠪᠥᠭᠡᠳ ᠲᠤᠰ ᠵᠤᠷᠪᠤᠰ ᠲᠤ ᠲᠣᠭᠲᠠᠭᠠᠭᠰᠠᠨ ᠡᠷᠳᠡᠮ ᠰᠢᠨᠵᠢᠯᠡᠭᠡᠨ ᠤ ᠬᠢᠷᠢ ᠬᠡᠮᠵᠢᠶ᠎ᠡ ᠪᠠ ᠠᠵᠢᠯ ᠤᠨ ᠲᠤᠷᠰᠢᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠪᠠ ᠮᠡᠷᠭᠡᠵᠢᠯ ᠤᠨ ᠰᠢᠨᠡᠴᠢᠯᠡᠯᠲᠡ ᠶᠢᠨ ᠴᠢᠳᠠᠪᠤᠷᠢᠲᠠᠨ᠃       ︵3︶ ᠨᠡᠶᠢᠭᠡᠮᠯᠢᠭ ᠤᠨ ᠠᠵᠢᠯ ᠢ ᠬᠠᠯᠠᠭᠤᠨ ᠢᠶᠠᠷ ᠳᠡᠮᠵᠢᠬᠦ ᠶᠢᠨ ᠬᠠᠮᠲᠤ ᠲᠠᠷᠢᠶᠠᠯᠠᠩ ᠮᠠᠯ ᠠᠵᠤ ᠠᠬᠤᠶ  ᠶᠢᠨ ᠮᠠᠰᠢᠨ ᠤ ᠦᠢᠯᠡᠰ ᠢ ᠡᠷᠬᠢᠯᠡᠵᠦ ᠪᠠᠶᠢᠭ᠎ᠠ ᠡᠯ᠎ᠡ ᠱᠠᠲᠤᠨ ᠤ ᠬᠠᠮᠢᠶᠠᠷᠤᠯᠲᠠ ᠶᠢᠨ ᠺᠠᠳ᠋ᠷ᠃       ︵4︶ ᠨᠡᠶᠢᠭᠡᠮᠯᠢᠭ ᠤᠨ ᠠᠵᠢᠯ ᠢ ᠣᠯᠠᠨ ᠵᠢᠯ ᠬᠢᠵᠦ᠂ ᠨᠡᠶᠢᠭᠡᠮᠯᠢᠭ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠳ᠃      2. ᠨᠢᠭᠡᠴᠢ ᠶᠢᠨ ᠭᠡᠰᠢᠭᠦᠨ      ᠲᠤᠰ ᠨᠡᠶᠢᠭᠡᠮᠯᠢᠭ ᠤᠨ ᠲᠤᠰᠬᠠᠶ ᠮᠡᠷᠭᠡᠵᠢᠯ ᠤᠨ ᠬᠦᠷᠢᠶ᠎ᠡ ᠬᠡᠪᠴᠢᠶ᠎ᠡ ᠲᠠᠢ ᠬᠤᠯᠪᠣᠭ᠎ᠠ ᠲᠠᠢ ᠪᠥᠭᠡᠳ ᠵᠣᠬᠢᠬᠤ ᠲᠣᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠲᠠᠢ ᠪᠠᠶᠢᠵᠤ᠂ ᠲᠤᠰ ᠨᠡᠶᠢᠭᠡᠮᠯᠢᠭ ᠤᠨ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠬᠤ ᠳᠤᠷᠠᠲᠠᠶ ᠮᠦᠷᠲᠡᠭᠡᠨ ᠲᠤᠰ ᠨᠡᠶᠢᠭᠡᠮᠯᠢᠭ ᠤᠨ ᠠᠵᠢᠯ ᠢ ᠳᠡᠮᠵᠢᠳᠡᠭ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠰᠢᠨᠵᠢᠯᠡᠬᠦ ᠤᠬᠠᠭᠠᠨ ᠤ ᠰᠤᠳᠤᠯᠤᠯ᠂ ᠦᠶᠯᠡᠳᠪᠦᠷᠢᠯᠡᠯ᠂ ᠵᠢᠭᠠᠨ ᠰᠤᠷᠭᠠᠯᠲᠠ᠂ ᠡᠵᠡᠩᠨᠡᠯᠲᠡ ᠪᠠ ᠬᠠᠮᠢᠶᠠᠷᠤᠯᠲᠠ ᠵᠡᠷᠭᠡ ᠶᠢ ᠡᠷᠬᠢᠯᠡᠵᠦ ᠪᠠᠶᠢᠭ᠎ᠠ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠵᠢᠴᠢ ᠬᠠᠤᠯᠢ ᠶᠣᠰᠣᠭᠠᠷ ᠳᠠᠩᠰᠠᠯᠠᠭᠤᠯᠤᠭᠰᠠᠨ ᠡᠷᠳᠡᠮ ᠰᠢᠨᠵᠢᠯᠡᠭᠡᠨ ᠤ ᠴᠢᠨᠠᠷᠲᠠᠶ ᠨᠡᠶᠢᠭᠡᠮ  ᠤᠨ ᠪᠦᠯᠬᠦᠮ ᠴᠥᠮ ᠲᠤᠰ ᠨᠡᠶᠢᠭᠡᠮᠯᠢᠭ ᠤᠨ ︽ᠨᠢᠭᠡᠴᠢ ᠶᠢᠨ ᠭᠡᠰᠢᠭᠦᠨ︾ ᠪᠣᠯᠬᠤ ᠪᠠᠷ ᠭᠤᠶᠤᠴᠢᠯᠠᠵᠤ ᠪᠣᠯᠤᠨ᠎ᠠ᠃      ᠭᠤᠷᠪᠠ᠂ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠤᠨ ᠨᠠᠷᠢᠨ ᠪᠢᠴᠢᠭ ᠤᠨ ᠭᠠᠵᠠᠷ ᠢ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠲᠥᠪ ᠤᠨ ᠲᠠᠷᠢᠶᠠᠯᠠᠩ ᠤᠨ ᠮᠠᠰᠢᠨ ᠤ ᠭᠠᠵᠠᠷ︾ ᠲᠤ ᠲᠣᠬᠢᠷᠠᠭᠤᠯᠪᠠ︔ 2021 ᠣᠨ ᠤ 11 ᠰᠠᠷ᠎ᠠ ᠶᠢᠨ 22 ᠤᠨ ᠡᠳᠦᠷ ᠠᠴᠠ ᠡᠮᠦᠨ᠎ᠡ᠂ ︽ᠨᠠᠶᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠤᠨ ᠭᠡᠰᠢᠭᠦᠨ ᠤ ᠭᠤᠶᠤᠴᠢᠯᠠᠯ ᠤᠨ ᠬᠦᠰᠦᠨᠦᠭᠲᠦ︾ ᠵᠢᠴᠢ ︽ᠨᠠᠶᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠤᠨ ᠨᠢᠭᠡᠴᠢ ᠶᠢᠨ ᠭᠡᠰᠢᠭᠦᠨ ᠤ ᠭᠤᠶᠤᠴᠢᠯᠠᠯ ᠤᠨ ᠬᠦᠰᠦᠨᠦᠭᠲᠦ︾ ᠶᠢᠨ ᠴᠠᠭᠠᠰᠤᠨ ᠬᠡᠪᠯᠡᠯ ᠤᠨ ᠨᠢᠭᠡ ᠬᠡᠯᠪᠡᠷᠢ ᠶᠢ ᠬᠤᠶᠠᠷ ᠬᠤᠪᠢ ᠭᠠᠷᠭᠠᠵᠤ᠂ ᠭᠤᠶᠤᠴᠢᠯᠠᠭᠰᠠᠨ ᠭᠡᠰᠢᠭᠦᠨ ᠨᠢ ᠣᠶᠢᠷ᠎ᠠ ᠶᠢᠨ ᠬᠤᠭᠤᠴᠠᠭᠠᠨ ᠤ ᠬᠤᠪᠢ ᠬᠥᠮᠦᠨ ᠤ ᠬᠤᠶᠠᠷ ᠢᠮᠠᠬᠤ ᠶᠢᠨ ᠲᠦᠪ ᠬᠡᠷᠡᠯ ᠵᠢᠷᠤᠭ ᠢ ᠬᠤᠶᠠᠷ ᠬᠤᠪᠢ ᠬᠠᠩᠭᠠᠵᠤ᠂ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠤᠨ ᠨᠠᠷᠢᠨ ᠪᠢᠴᠢᠭ ᠤᠨ ᠭᠠᠵᠠᠷ ᠲᠤ ᠰᠢᠦᠳᠠᠨ ᠢᠶᠠᠷ ᠢᠯᠡᠭᠡᠨ᠎ᠡ︔ ᠡᠭᠦᠨ ᠤ ᠬᠠᠮᠲᠤ ᠡᠯᠧᠺᠲᠷᠣᠨ ᠬᠡᠪᠯᠡᠯ ︵word ᠬᠡᠪᠯᠡᠯ︶ ᠢ njc4314387@163.com  ᠳᠤ ᠢᠯᠡᠭᠡᠨ᠎ᠡ᠃      ᠬᠤᠭᠤᠴᠠᠭ᠎ᠠ ᠰᠣᠯᠢᠬᠤ ᠶᠡᠭᠡ ᠬᠤᠷᠠᠯ ᠢ ᠨᠡᠶᠢᠭᠡᠮ ᠤᠨ ᠪᠦᠯᠬᠦᠮ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠴᠤᠬᠤᠯᠠᠪᠤᠷᠢᠯᠠᠭᠤᠯᠤᠭᠰᠠᠨ ᠤ ᠳᠠᠷᠠᠭ᠎ᠠ᠂ ᠬᠤᠷᠠᠯᠳᠤᠭᠤᠯᠬᠤ ᠪᠣᠳᠠᠲᠠᠢ ᠴᠠᠭ ᠢ ᠠᠰᠲᠠᠭᠠᠨ ᠲᠣᠭᠲᠠᠭᠠᠬᠤ ᠬᠠᠮᠲᠦ ᠳᠤᠨᠢ ᠮᠡᠳᠡᠭᠳᠡᠯ ᠦᠭᠭᠦᠨ᠎ᠡ᠃       ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ  ᠤᠨ ᠣᠷᠳᠣᠰ ᠵᠡᠭᠦᠨ ᠵᠡᠭᠡᠯᠢ ᠶᠢᠨ 60 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠭᠠᠵᠠᠷ      ᠰᠢᠦᠳᠠᠨ ᠳ᠋ᠤᠭᠠᠷ᠄ 010010      ᠬᠠᠷᠢᠯᠴᠠᠬᠤ ᠬᠥᠮᠦᠨ᠄ ᠵᠣᠣ ᠰᠢᠶᠤᠤ ᠹᠧᠩ᠂ ᠵᠣᠣ ᠸᠧᠶ ᠢᠦᠢ      ᠤᠲᠠᠰᠤ᠄ 0471 - 4314387᠂ 13848157682᠂ 0471 - 5103642      ᠢᠮᠧᠯ᠄ njc4314387@163.com      ᠳᠠᠭᠠᠯᠳᠤᠭᠤᠯᠤᠯ 1᠄ ᠨᠠᠶᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠤᠨ ᠭᠡᠰᠢᠭᠦᠨ ᠤ ᠭᠤᠶᠤᠴᠢᠯᠠᠯ ᠤᠨ ᠬᠦᠰᠦᠨᠦᠭᠲᠦ      ᠳᠠᠭᠠᠯᠳᠤᠭᠤᠯᠤᠯ 2᠄ ᠨᠠᠶᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ ᠤᠨ ᠨᠢᠭᠡᠴᠢ ᠶᠢᠨ ᠭᠡᠰᠢᠭᠦᠨ ᠤ ᠭᠤᠶᠤᠴᠢᠯᠠᠯ ᠤᠨ ᠬᠦᠰᠦᠨᠦᠭᠲᠦ                                 ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠨᠡᠶᠢᠭᠡᠮᠯᠢᠭ                                 2021 ᠣᠨ ᠤ 11 ᠰᠠᠷ᠎ᠠ ᠶᠢᠨ 12 ᠤᠨ ᠡᠳᠦᠷ  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号