ᠡᠯ ᠯᠦᠩ ᠳᠦᠨ ᠨᠠᠷᠢᠮᠦ ᠶᠢᠨ ᠦᠨᠦᠷ ᠲᠦᠷᠪᠡᠨ ᠵᠦᠭ ᠨᠢ᠋ᠮᠠᠨ ᠵᠤᠪᠬᠢᠰ ᠲᠤ ᠬᠠᠩᠬᠤᠯᠤᠨ᠎ᠠ
ᠨᠡᠶᠢᠲᠡᠯᠡᠭᠰᠡᠨ ᠴᠠᠭ᠄
2021/11/23
     ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠡᠯ ᠯᠦᠩ ᠳᠦᠨ ᠣᠷᠭᠠᠨᠢᠭ  ᠲᠠᠷᠢᠶᠠᠯᠠᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠡᠯ ᠯᠦᠩ ᠳᠦᠨ ᠨᠠᠷᠢᠮᠦ ᠪᠠᠨ ᠡᠯ᠎ᠡ ᠮᠤᠵᠢ ᠬᠤᠲᠠ ᠶᠢᠨ ᠬᠡᠷᠡᠭᠯᠡᠭᠴᠢᠳ ᠤᠨ ᠬᠤᠭᠤᠯᠠᠨ ᠰᠢᠷᠡᠭᠡᠨ ᠳᠤ ᠬᠦᠷᠭᠡᠨ᠎ᠡ᠃

 

     ︽ᠰᠠᠶᠢᠨ ᠪᠠᠶᠢᠵᠠᠭᠠᠨ᠎ᠠ ᠦᠦ᠂ ᠡᠯ ᠯᠦᠩ ᠳᠦᠨ ᠨᠠᠷᠢᠮᠤ ᠪᠤᠯ ᠡᠮᠡᠭᠲᠡᠶᠢᠴᠦᠳ ᠤᠨ ᠰᠠᠷ᠎ᠠ ᠰᠠᠭᠤᠬᠤ ᠳᠤ

ᠢᠳᠡᠳᠡᠭ ᠬᠠᠮᠤᠭ ᠰᠢᠮ᠎ᠠ ᠲᠠᠢ ᠬᠤᠨᠤᠭ ᠪᠤᠳᠠᠭ᠎ᠠ᠂ ᠤᠤᠯ ᠨᠢ ᠨᠢᠬᠡ ᠤᠭᠤᠳᠠ ᠶᠢ 88 ᠲᠥᠭᠦᠷᠢᠭ ᠢᠶᠠᠷ

ᠪᠤᠷᠤᠯᠠᠭᠤᠯᠵᠥ ᠪᠠᠶᠢᠭᠰᠠᠨ᠂ ᠥᠨᠥᠳᠦᠷ ᠰᠢᠭᠤᠳ ᠨᠡᠪᠲᠡᠷᠡᠭᠦᠯᠭᠡ ᠶᠢᠨ ᠲᠠᠰᠤᠭ ᠲᠤ 66 ᠲᠥᠭᠦᠷᠢᠭ ᠢᠶᠠᠷ

ᠬᠢᠮᠳᠠᠷᠠᠯ ᠲᠠᠢ ᠪᠤᠷᠤᠯᠠᠭᠤᠯᠤᠨ᠎ᠠ᠂ ᠴᠠᠭ ᠢ ᠠᠮᠵᠢᠨ ᠵᠠᠬᠢᠶᠠᠯᠠᠭᠠᠷᠠᠢ︾ ᠬᠡᠵᠥ ᠺᠣᠮᠫᠠᠨᠢ ᠶᠢᠨ ᠪᠣᠷᠣᠯᠠᠭᠤᠯᠭ᠎ᠠ ᠶᠢᠨ

ᠬᠡᠯᠲᠡᠰ ᠤᠨ ᠳᠠᠭᠠᠭᠠᠮᠠᠯ ᠹᠦ᠋ ᠶᠠ ᠵᠢᠩ ᠣᠷᠭᠠᠨᠢᠭ ᠨᠠᠷᠢᠮᠦ ᠪᠠᠨ ᠲᠠᠨᠢᠯᠴᠠᠭᠤᠯᠤᠨ᠎ᠠ᠃

     2016 ᠣᠨ ᠠᠴᠠ ᠨᠠᠭᠠᠰᠢ᠂ ᠲᠤᠰ ᠺᠣᠮᠫᠠᠨᠢ ᠡᠯ ᠯᠦᠩ ᠳᠦᠨ ᠨᠠᠷᠢᠮᠦ  ᠶᠢ ᠡᠯᠳᠡᠪ ᠠᠮᠤ ᠶᠢᠨ ᠠᠵᠤ

ᠦᠢᠯᠡᠰ ᠢ ᠬᠦᠭᠵᠢᠬᠦᠯᠬᠦ ᠪᠠᠶᠢᠯᠳᠤᠬᠤ ᠪᠣᠳᠣᠯᠭ᠎ᠠ ᠶᠢᠨ ᠬᠦᠭᠵᠢᠯᠲᠡ ᠶᠢᠨ ᠲᠤᠯᠭᠠᠭᠤᠷᠢ ᠠᠵᠤ ᠦᠢᠯᠡᠰ ᠤᠨ

ᠭᠤᠤᠯᠯᠠᠭᠴᠢ ᠪᠣᠯᠭᠠᠵᠤ᠂ ᠶᠠᠰᠤ ᠴᠢᠨᠠᠷ ᠢᠶᠠᠷ ᠭᠠᠷᠳᠠᠴᠠ ᠪᠣᠯᠭᠠᠨ᠂ ᠤᠯᠤᠰ ᠤᠨ ᠪᠠᠷᠢᠮᠵᠢᠶ᠎ᠠ ᠠᠴᠠ ᠥᠨᠳᠥᠷ ᠠᠵᠤ

ᠠᠬᠤᠶᠢᠯᠠᠯ ᠤᠨ ᠪᠠᠷᠢᠮᠵᠢᠶ᠎ᠠ ᠲᠣᠭᠲᠠᠭᠠᠵᠤ᠂ ᠤᠯᠠᠮᠵᠢᠯᠠᠯᠲᠤ ᠤᠷ᠎ᠠ ᠮᠠᠷᠬᠡᠵᠢᠯ ᠢᠶᠠᠷ ᠪᠤᠯᠪᠠᠰᠤᠷᠠᠭᠤᠯᠤᠠ ᠡᠳ᠋ᠰᠢᠬᠦᠯᠵᠥ᠂

︽ᠡᠯ ᠯᠦᠩ ᠳᠦᠨ ᠣᠷᠭᠠᠨᠢᠭ ᠨᠠᠷᠢᠮᠤ︾ ᠶᠢᠨ ᠲᠥᠷᠥᠯ ᠲᠡᠮᠳᠡᠭ ᠢ ᠡᠭᠦᠳᠪᠡ᠃

 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号