ᠥᠪᠥᠷ ᠵᠠᠰᠠᠭ ᠠᠯᠪᠠᠨ ᠲᠠᠷᠬᠠᠭᠠᠭᠰᠠᠨ︹2020︺50 ᠳ᠋ᠤᠭᠠᠷ ᠲᠣᠭᠠᠲᠤ | 2020 ᠣᠨ ᠤ 12 ᠳ᠋ᠤᠭᠠᠷ ᠰᠠᠷ᠎ᠠ ᠶᠢᠨ 21 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ︹2019︺ 28 ᠳ᠋ᠤᠭᠠᠷ | ᠲᠣᠭᠠᠲᠤ︶ ᠪᠣᠯᠣᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ | ᠠᠷᠪᠠᠨ ᠲᠠᠪᠤᠨ ᠶᠠᠮᠤᠨ ᠵᠦᠪᠯᠡᠯ ᠤᠨ ︽ᠣᠳᠣᠬᠠᠨ ᠤ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠵᠤ ᠦᠢᠯᠡᠰ | ᠪᠣᠰᠬᠠᠬᠤ ᠠᠵᠢᠯ ᠢ ᠰᠠᠶᠢᠲᠤᠷ ᠬᠢᠬᠦ ᠲᠤᠬᠠᠢ ᠰᠠᠨᠠᠯ︾ ︵ᠬᠦᠮᠦᠨ ᠨᠡᠶᠢᠭᠡᠮ ᠶᠠᠮᠤᠨ ᠲᠠᠷᠬᠠᠭᠠᠭᠰᠠᠨ ︹2020︺ | 61 ᠳ᠋ᠤᠭᠡᠷ ᠲᠣᠭᠠᠲᠤ︶᠂ ︽ᠨᠤᠲᠤᠭ ᠲᠤ ᠪᠠᠨ ᠪᠣᠴᠠᠵᠤ ᠭᠦᠷᠦᠭᠰᠡᠳ ᠤᠨ ᠦᠢᠯᠡᠰ ᠪᠣᠰᠬᠠᠬᠤ ᠠᠵᠢᠯ ᠢ ᠤᠯᠠᠮ | ᠨᠢᠭᠡ ᠠᠯᠬᠤᠮ ᠠᠬᠢᠭᠤᠯᠬᠤ ᠲᠤᠬᠠᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠡᠳ᠋ ᠤᠨ ᠵᠠᠰᠠᠭ ᠤᠨ ᠶᠠᠮᠤᠨ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ᠰᠠᠨᠠᠯ︾ ︵ᠬᠦᠮᠦᠨ ᠨᠡᠶᠢᠭᠡᠮ | ᠶᠠᠮᠤᠨ ᠲᠠᠷᠬᠠᠭᠠᠭᠰᠠᠨ ︹ 2019 ︺ 129 ᠳ᠋ᠤᠭᠡᠷ ᠲᠣᠭᠠᠲᠤ︶᠂ ︽︿ᠨᠤᠲᠤᠭ ᠲᠤ ᠪᠠᠨ ᠪᠤᠴᠠᠭᠰᠠᠨ ᠪᠠ | ᠨᠤᠲᠤᠭ ᠲᠤ ᠪᠠᠨ ᠬᠤᠴᠣᠷᠤᠭᠰᠠᠨ ᠲᠠᠷᠢᠶᠠᠴᠢᠨ ᠬᠦᠴᠦ ᠶᠠᠪᠤᠭᠰᠠᠳ ᠲᠤᠬᠠᠢ ᠶᠢᠨ ᠭᠠᠵᠠᠷ ᠪᠠ ᠲᠤᠬᠠᠢ ᠶᠢᠨ | ᠭᠠᠵᠠᠷ ᠤᠨ ᠤᠢᠢᠷ᠎ᠠ ᠬᠠᠪᠢ ᠳᠤ ᠪᠠᠨ ᠠᠵᠢᠯ ᠣᠯᠬᠤ ᠬᠡᠪᠴᠢᠶ᠎ᠡ ᠶᠢ ᠦᠷᠭᠡᠳᠭᠡᠬᠦ ᠶᠢᠨ ᠬᠡᠷᠡᠭᠵᠢᠭᠦᠯᠬᠦ ᠲᠥᠰᠥᠯ﹀ ᠢ | ᠳᠠᠷᠤᠮᠠᠯᠯᠠᠨ ᠶᠠᠪᠤᠭᠤᠯᠬᠤ ᠲᠤᠬᠠᠢ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ᠠᠯᠪᠠᠨ ᠲᠢᠩᠬᠢᠮ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ | ︵ᠲᠠᠷᠢᠶᠠᠯᠠᠩ ᠠᠯᠪᠠᠨ ᠲᠠᠷᠬᠠᠭᠠᠭᠰᠠᠨ ︹2020︺ 2 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ ︾ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠬᠤ ᠪᠠ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠵᠢᠴᠢ ᠬᠦᠳᠡᠭᠡ | ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠤᠨ ᠦᠢᠯᠡᠰ ᠪᠣᠰᠬᠠᠬᠤ ᠶᠢ ᠠᠬᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ | ᠡᠳᠦᠭᠡ ᠳᠣᠣᠷᠠᠬᠢ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠮᠠᠯᠵᠢᠬᠤ | ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠶᠢ ᠦᠷᠭᠡᠳᠭᠡᠬᠦ ᠪᠠ | ᠲᠣᠭᠲᠠᠭᠤᠨ ᠪᠣᠯᠭᠠᠬᠤ ᠪᠠᠷ ᠭᠠᠷᠳᠠᠴᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠂ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠨ᠂ ᠲᠠᠷᠢᠶᠠᠯᠠᠩ | ᠬᠦᠳᠡᠭᠡ ᠲᠤᠰᠬᠤᠨ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠷᠭᠠᠨᠢᠭ ᠢᠶᠠᠷ ᠵᠣᠯᠭᠠᠯᠳᠤᠭᠤᠯᠬᠤ ᠶᠢ | ᠠᠬᠢᠭᠤᠯᠤᠨ᠂ ᠠᠵᠢᠯ ᠣᠯᠭᠤᠵᠤ ᠦᠢᠯᠡᠰ ᠪᠣᠰᠬᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠤᠨ᠂ ᠠᠵᠢᠯ ᠣᠯᠭᠤᠯᠲᠠ ᠶᠢᠨ ᠴᠢᠨᠠᠷ | ᠴᠢᠨᠰᠠᠭ᠎ᠠ ᠶᠢ ᠲᠡᠭᠡᠭᠰᠢᠯᠡᠬᠦᠯᠵᠦ᠂ ᠣᠯᠠᠨ ᠠᠷᠭ᠎ᠠ ᠵᠠᠮ ᠢᠶᠠᠷ᠂ ᠣᠯᠠᠨ ᠲᠠᠯ᠎ᠠ ᠪᠠᠷ᠂ ᠣᠯᠠᠨ ᠬᠡᠯᠪᠡᠷᠢ ᠪᠠᠷ ᠮᠠᠯᠵᠢᠬᠤ | ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠠᠭᠤᠭᠠᠯᠢ ᠠᠷᠠᠳ ᠤᠨ | ᠠᠵᠢᠯ ᠣᠯᠬᠤ ᠶᠢ ᠪᠠᠲᠤᠯᠠᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃ | ︵ᠬᠤᠶᠠᠷ︶ ᠬᠠᠷᠠᠯᠲᠠᠲᠤ ᠡᠭᠦᠷᠭᠡ | — ᠬᠤᠲᠠ ᠬᠦᠳᠡᠭᠡ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ | ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠵᠣ | ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠪᠦᠷᠢᠨᠰᠢᠭᠦᠯᠵᠦ᠂ ᠲᠣᠬᠠᠶᠢᠯᠠᠭᠰᠠᠨ ᠠᠵᠢᠯ ᠢ ᠵᠢᠷᠤᠮᠵᠢᠭᠤᠯᠤᠨ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠨᠡᠯᠢᠶᠡᠳ ᠦᠨᠳᠦᠷ ᠪᠣᠯᠭᠠᠨ᠎ᠠ᠃ ᠬᠠᠤᠯᠢ ᠪᠠᠷ ᠲᠣᠭᠲᠠᠭᠰᠠᠨ | ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ᠂ ᠰᠢᠯᠵᠢᠵᠤ ᠠᠵᠢᠯ ᠣᠯᠬᠤ ᠬᠦᠰᠡᠯ ᠪᠣᠳᠣᠯ ᠲᠠᠢ | ᠮᠠᠯᠴᠢᠨ ᠲᠠᠷᠢᠶᠠᠴᠢᠨ ᠪᠦᠬᠦᠨ ᠳᠤ ᠠᠵᠢᠯ ᠣᠯᠭᠤᠬᠤ ᠶᠢ ᠪᠡᠶᠡᠯᠡᠭᠦᠯᠦᠨ᠎ᠡ︔ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠬᠦᠷᠲᠡᠬᠦ ᠬᠦᠰᠡᠯ ᠪᠣᠳᠣᠯ ᠲᠠᠢ ᠪᠣᠯ ᠨᠠᠭᠠᠲᠤ ᠵᠠᠬ᠎ᠠ ᠳᠤ ᠪᠠᠨ ᠨᠢᠭᠡ ᠲᠥᠷᠥᠯ ᠤᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠲᠥᠯᠥᠪᠦᠷᠢ ᠦᠭᠡᠢ ᠪᠠᠷ ᠬᠦᠷᠲᠡᠭᠡᠨ᠎ᠡ︔ ᠦᠢᠯᠡᠰ ᠪᠣᠰᠬᠠᠬᠤ ᠬᠦᠰᠡᠯ | ᠪᠣᠳᠣᠯ ᠲᠠᠢ ᠪᠠ ᠦᠢᠯᠡᠰ ᠪᠣᠰᠬᠠᠬᠤ ᠨᠦᠬᠦᠴᠡᠯ ᠲᠠᠢ ᠪᠣᠯ ᠦᠢᠯᠡᠰ ᠪᠣᠰᠬᠠᠬᠤ ᠶᠢ ᠨᠢ ᠴᠦᠮ ᠪᠡᠶᠡᠯᠡᠭᠦᠯᠬᠦ ᠪᠠᠷ | ᠴᠢᠷᠮᠠᠶᠢᠨ᠎ᠠ᠃ | — ᠦᠢᠯᠡᠰ ᠪᠣᠰᠬᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ 2025 | ᠣᠨ ᠪᠣᠯᠬᠤ ᠳᠤ᠂ ᠨᠤᠲᠤᠭ ᠲᠤ ᠪᠠᠨ ᠬᠤᠴᠤᠷᠤᠭᠰᠠᠨ ᠮᠠᠯᠴᠢᠨ ᠲᠠᠷᠢᠶᠠᠴᠢᠨ ᠪᠡᠶ᠎ᠡ ᠪᠠᠨ ᠳᠠᠭᠠᠭᠠᠵᠤ ᠦᠢᠯᠡᠰ | ᠪᠣᠰᠬᠠᠬᠤ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠳᠤ | ᠲᠥᠷᠥ ᠶᠢᠨ ᠪᠣᠳᠣᠯᠭ᠎ᠠ ᠲᠠᠢ᠂ ᠠᠴᠢᠶᠠᠯᠠᠪᠤᠷᠢ ᠲᠠᠢ ᠪᠦᠭᠡᠳ ᠣᠷᠴᠢᠨ ᠨᠦᠬᠦᠴᠡᠯ ᠲᠠᠢ ᠪᠠᠶᠢᠬᠤ ᠶᠢ ᠪᠠᠲᠤᠯᠠᠵᠤ᠂ | ᠰᠠᠭᠤᠷᠢ ᠪᠡᠯᠡᠳᠭᠡᠮᠵᠢ ᠶᠢ ᠢᠯᠡᠷᠬᠡᠢ ᠰᠠᠶᠢᠵᠢᠷᠠᠭᠤᠯᠤᠨ ᠪᠠᠶᠢᠵᠤ᠂ ᠦᠢᠯᠡᠰ ᠪᠣᠰᠬᠠᠬᠤ ᠶᠢ ᠡᠷᠬᠢᠮᠯᠡᠭᠰᠡᠨ᠂ ᠦᠢᠯᠡᠰ | ᠪᠣᠰᠬᠠᠬᠤ ᠶᠢ ᠳᠡᠳᠬᠦᠭᠰᠡᠨ ᠪᠠ ᠰᠠᠨᠠᠭᠠᠴᠢᠯᠠᠭ᠎ᠠ ᠠᠴᠠ ᠪᠠᠨ ᠦᠢᠯᠡᠰ ᠪᠣᠰᠬᠠᠭᠰᠠᠨ ᠮᠠᠰᠢ ᠰᠠᠶᠢᠨ ᠨᠡᠶᠢᠭᠡᠮ ᠤᠨ | ᠣᠷᠴᠢᠨ ᠪᠠᠶᠢᠳᠠᠯ ᠲᠠᠢ ᠪᠣᠯᠭᠠᠬᠤ ᠶᠢ ᠦᠨᠡᠨ ᠬᠦ ᠪᠠᠲᠤᠯᠠᠨ᠎ᠠ᠃ | — ᠦᠢᠯᠡᠰ ᠪᠣᠰᠬᠠᠬᠤ ᠶᠢᠨ ᠨᠡᠪᠴᠢᠭᠦᠯᠬᠦ ᠴᠢᠳᠠᠪᠤᠷᠢ ᠶᠢ ᠢᠯᠡᠷᠬᠡᠢ ᠴᠢᠩᠭᠠᠷᠠᠭᠤᠯᠤᠨ᠎ᠠ᠃ 2025 ᠣᠨ | ᠪᠣᠯᠬᠤ ᠳᠤ᠂ ᠨᠥᠬᠦᠴᠡᠯ ᠲᠠᠢ ᠪᠠ ᠴᠢᠳᠠᠪᠤᠷᠢ ᠲᠠᠢ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠨᠠᠭᠠᠲᠤ | ᠵᠠᠬ᠎ᠠ ᠳᠤ ᠪᠠᠨ ᠴᠢᠳᠠᠮᠵᠢ ᠪᠠᠷ ᠪᠦᠷᠢᠨ ᠲᠡᠭᠦᠯᠳᠡᠷ ᠪᠣᠯᠬᠤ ᠮᠠᠯᠴᠢᠨ ᠲᠠᠷᠢᠶᠠᠴᠢᠨ ᠤ ᠦᠢᠯᠡᠰ ᠪᠣᠰᠬᠠᠬᠤ ᠬᠦᠷᠢᠶᠡᠯᠡᠩ | ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠪᠣᠶᠤ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠬᠦᠷᠢᠶᠡᠯᠡᠩ | ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠨᠢᠭᠡ ᠪᠦᠲᠦᠭᠡᠨ ᠪᠠᠶᠢᠭᠤᠯᠤᠨ᠎ᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠢᠯ ᠣᠯᠭᠤᠵᠤ ᠦᠢᠯᠡᠰ ᠪᠣᠰᠬᠠᠬᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ | 1.ᠬᠤᠲᠠ ᠬᠦᠳᠡᠭᠡ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠠᠭᠦᠯᠳᠡᠷᠵᠢᠭᠦᠯᠦᠨᠡ᠃ ᠬᠤᠲᠠ ᠬᠦᠳᠡᠭᠡ ᠶᠢᠨ ᠬᠥᠳᠡᠯᠮᠦᠷᠢᠴᠢᠳ ᠤᠨ | ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ | ᠲᠠᠪᠤᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠪᠦᠷᠢᠨᠰᠢᠭᠦᠯᠦᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠣᠯᠠᠨ ᠨᠡᠶᠢᠲᠡ ᠶᠢᠨ | ᠠᠵᠢᠯ ᠣᠯᠭᠤᠬᠤ ᠪᠠ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠨᠢᠭᠡᠳᠦᠯᠲᠡᠢ ᠪᠠᠶᠢᠭᠤᠯᠤᠮᠵᠢ ᠶᠢ | ᠪᠠᠶᠢᠭᠤᠯᠤᠨ᠎ᠠ᠃ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠣᠷ ᠴᠡᠭ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠠᠵᠢᠯ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠨᠳᠦᠰᠦᠨ ᠦᠢᠯᠡᠴᠢᠯᠡᠭᠡᠨ ᠤ | ᠲᠡᠩᠴᠡᠭᠦᠷᠢᠰᠢᠯᠲᠡ ᠶᠢ ᠠᠬᠢᠭᠤᠯᠤᠨ᠎ᠠ᠃ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠪᠠᠶᠢᠭᠤᠯᠤᠮᠵᠢ ᠶᠢ ᠳᠡᠮᠵᠢᠵᠦ ᠪᠠᠶᠢᠭᠠᠳ ᠲᠤᠰᠬᠠᠶᠢᠵᠢᠭᠰᠠᠨ ᠣᠯᠠᠨ ᠨᠡᠶᠢᠲᠡ ᠶᠢᠨ ᠠᠵᠢᠯ ᠣᠯᠭᠤᠵᠤ | ᠦᠢᠯᠡᠰ ᠪᠣᠰᠬᠠᠬᠤ ᠦᠢᠯᠡᠴᠢᠯᠡᠭᠡ ᠬᠠᠩᠭᠠᠬᠤ ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠳᠡᠯᠮᠦᠷᠢ | ᠦᠢᠯᠡᠴᠢᠯᠡᠬᠡᠨ ᠤ ᠡᠷᠬᠢᠯᠡᠨ ᠵᠠᠭᠤᠴᠢᠯᠠᠭᠴᠢ ᠶᠢ ᠳᠡᠮᠵᠢᠵᠦ ᠪᠠᠶᠢᠭᠠᠳ ᠦᠨᠳᠦᠰᠦᠨ ᠱᠠᠲᠤᠨ ᠤ ᠣᠯᠠᠨ ᠨᠡᠶᠢᠲᠡ ᠶᠢᠨ | ᠠᠵᠢᠯ ᠣᠯᠭᠤᠵᠤ ᠦᠢᠯᠡᠰ ᠪᠣᠰᠬᠠᠬᠤ ᠦᠨᠳᠦᠰᠦᠨ ᠦᠢᠯᠡᠴᠢᠯᠡᠭᠡᠨ ᠢ ᠳᠠᠭᠠᠭᠠᠨ ᠵᠠᠯᠭᠠᠭᠤᠯᠬᠤ ᠪᠣᠯᠭᠠᠨ᠎ᠠ᠃ | ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠲᠠᠢ | ᠪᠠᠶᠢᠬᠤ ᠪᠦᠭᠡᠳ ᠠᠵᠢᠯ ᠦᠭᠡᠢ ᠪᠠᠶᠢᠳᠠᠯ ᠳᠤ ᠪᠠᠶᠢᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ | ᠬᠦᠴᠦᠨ ᠨᠢ ᠬᠤᠪᠢ ᠬᠥᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ ᠪᠣᠶᠤ ᠨᠡᠶᠢᠭᠡᠮ ᠤᠨ | ᠪᠠᠲᠤᠯᠠᠭ᠎ᠠ ᠶᠢᠨ ᠺᠠᠷᠲ ᠡᠰᠡᠭᠦᠯ᠎ᠡ ︽ᠠᠵᠢᠯ ᠣᠯᠵᠤ ᠦᠢᠯᠡᠰ ᠪᠣᠰᠬᠠᠬᠤ ᠦᠨᠡᠮᠯᠡᠯ︾︶᠂ ᠨᠤᠳᠤᠨᠨᠰᠢᠬᠤ ᠦᠨᠡᠮᠯᠡᠯ | ᠵᠡᠷᠭᠡ ᠶᠢ ᠠᠪᠴᠤ᠂ ᠪᠠᠶᠢᠩᠭᠤ ᠰᠠᠭᠤᠭ᠎ᠠ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠵᠤ ᠦᠢᠯᠡᠰ ᠪᠣᠰᠬᠠᠬᠤ | ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠵᠦ᠂ ᠣᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠨᠳᠦᠰᠦᠨ ᠦᠢᠯᠡᠴᠢᠯᠡᠭᠡᠨ ᠬᠦᠷᠲᠡᠬᠦ ᠪᠠᠷ ᠭᠤᠶᠤᠴᠢᠯᠠᠵᠤ ᠪᠣᠯᠣᠨ᠎ᠠ᠃ ᠮᠠᠯᠵᠢᠬᠤ | ᠲᠠᠷᠢᠶᠠᠯᠠᠬᠤ ᠣᠷᠣᠨ ᠤ ᠰᠢᠯᠵᠢᠵᠦ ᠠᠵᠢᠯ ᠤᠯᠤᠨᠨᠰᠠᠨ ᠬᠥᠳᠡᠯᠮᠦᠷᠢᠴᠢᠳ ᠠᠵᠢᠯ ᠣᠯᠣᠭᠰᠠᠨ ᠭᠠᠵᠠᠷ᠂ ᠠᠵᠢᠯ | ᠭᠤᠶᠤᠴᠢᠯᠠᠭᠰᠠᠨ ᠭᠠᠵᠠᠷ᠂ ᠭᠦᠷᠦᠭᠰᠡᠨ ᠬᠦᠳᠡᠭᠡ ᠲᠤᠰᠬᠤᠨ ᠳᠤ ᠪᠠᠨ ᠠᠵᠢᠯ ᠣᠯᠬᠤ ᠪᠠᠨ ᠵᠣᠭᠰᠣᠭᠠᠬᠤ ᠪᠣᠶᠤ | ᠨᠣᠲᠤᠭ ᠲᠤ ᠪᠠᠨ ᠪᠣᠴᠬᠠᠰᠠᠨ ᠪᠠ ᠬᠦᠳᠡᠭᠡ ᠲᠤᠰᠬᠤᠨ ᠳᠤ ᠭᠦᠷᠦᠭᠰᠡᠨ ᠢᠶᠠᠨ ᠳᠠᠩᠰᠠᠯᠠᠨ ᠲᠡᠮᠳᠡᠭᠯᠡᠭᠦᠯᠬᠦ ᠶᠢ | ᠵᠦᠪᠰᠢᠶᠡᠷᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ | ᠠᠷᠠᠳ ᠤᠨ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃ ᠨᠢᠭᠡᠳᠦᠭᠡᠷ ᠲᠤ | ᠵᠢᠭᠰᠠᠭᠠᠭᠳᠠᠭᠰᠠᠨ ᠢᠶᠠᠷ ᠲᠦᠷᠦᠭᠦᠯᠡᠬᠦ ᠨᠢᠭᠡᠴᠢ ᠪᠣᠯᠭᠠᠨ᠎ᠠ᠂ ᠳᠣᠷᠣᠭᠰᠢ ᠠᠳᠠᠯᠢ︶ | 2.ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ | ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠭᠤᠯᠤᠮᠵᠢ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠶᠢ | ᠠᠬᠢᠭᠤᠯᠬᠤ ᠪᠠ ᠬᠦᠳᠡᠭᠡ ᠲᠤᠰᠬᠤᠨ ᠳᠤ ᠭᠦᠷᠦᠭᠰᠡᠳ ︵ᠨᠢᠭᠡ ᠵᠦᠢᠯ ᠤᠨ ᠮᠡᠷᠭᠡᠵᠢᠯ ᠲᠠᠢ ᠪᠤᠶᠤ ᠬᠤᠰᠢᠭᠤᠷᠠᠯ | ᠪᠣᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠡᠵᠡᠮᠰᠢᠭᠰᠡᠨ ᠬᠦᠳᠡᠭᠡ ᠲᠤᠰᠬᠤᠨ ᠳᠤ ᠭᠦᠷᠴᠤ ᠦᠢᠯᠡᠰ | ᠪᠣᠰᠬᠠᠬᠤ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ | ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠵᠢᠭᠠᠵᠤ | ᠪᠣᠢ︶᠂ ᠨᠤᠲᠤᠭ ᠲᠤ ᠪᠠᠨ ᠬᠤᠴᠤᠷᠤᠭᠰᠠᠳ ︵ᠰᠢᠯᠵᠢᠵᠦ ᠠᠵᠢᠯ ᠬᠢᠭᠰᠡᠨ ᠦᠭᠡᠢ ᠨᠤᠲᠤᠭ ᠲᠤ ᠪᠠᠨ | ᠬᠤᠴᠤᠷᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠢ ᠵᠢᠭᠠᠵᠤ ᠪᠣᠢ︶ ᠵᠡᠷᠭᠡ ᠦᠢᠯᠡᠰ | ᠪᠣᠰᠬᠠᠭᠰᠠᠳ ᠤᠨ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ᠂ ᠭᠤᠶᠤᠴᠢᠯᠠᠨ | ᠭᠦᠢᠴᠡᠳᠭᠡᠬᠦ ᠴᠣᠪᠤᠷᠠᠯ᠂ ᠨᠡᠮᠡᠭᠦᠷᠢ ᠥᠭᠬᠦ ᠪᠠᠷᠢᠮᠵᠢᠶ᠎ᠠ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠵᠤ᠂ ᠠᠵᠢᠯ | ᠣᠯᠭᠤᠯᠲᠠ ᠶᠢᠨ ᠮᠡᠳᠡᠭᠡ ᠵᠠᠩᠭᠢ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ | ᠮᠡᠷᠭᠡᠵᠢᠯ ᠤᠨ ᠵᠢᠯᠣᠭᠤᠳᠤᠯᠭ᠎ᠠ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ᠂ ᠬᠥᠮᠥᠨ ᠤ ᠬᠥᠴᠦᠨ ᠤ ᠡᠬᠢ | ᠪᠠᠶᠠᠯᠢᠭ ᠤᠨ ᠰᠢᠯᠵᠢᠭᠦᠯᠦᠨ ᠠᠵᠢᠯ ᠣᠯᠭᠤᠬᠤ ᠶᠢ ᠨᠢ ᠳᠠᠩᠰᠠᠯᠠᠨ ᠲᠡᠮᠳᠡᠭᠯᠡᠬᠦ ᠦᠢᠯᠡᠴᠢᠯᠡᠭᠡ ᠶᠢ ᠴᠠᠭ | ᠲᠤᠬᠠᠢ ᠳᠤ ᠨᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠳᠤ ᠲᠥᠯᠥᠪᠦᠷᠢ ᠦᠭᠡᠢ ᠪᠠᠷ | ᠬᠠᠩᠭᠠᠨ ᠥᠭᠴᠦ᠂ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠪᠠᠨ | ᠪᠠᠲᠤᠯᠠᠨ᠎ᠠ᠃ ᠰᠦᠯᠵᠢᠶ᠎ᠡ ᠪᠠᠷ ᠬᠢ ᠪᠠ ᠰᠦᠯᠵᠢᠶᠡᠨ ᠠᠴᠠ ᠭᠠᠳᠠᠭᠤᠷᠬᠢ ᠣᠯᠠᠨ ᠡᠰᠢᠵᠢᠭᠰᠡᠨ ᠠᠵᠢᠯ ᠣᠯᠭᠤᠵᠤ | ᠦᠢᠯᠡᠰ ᠪᠣᠰᠬᠠᠬᠤ ᠲᠠᠯ᠎ᠠ ᠶᠢᠨ ᠵᠢᠭᠠᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠵᠦ ᠦᠷᠨᠢᠭᠦᠯᠦᠨ᠂ ᠠᠵᠢᠯ ᠤᠨ | ᠪᠠᠶᠢᠷᠢ ᠶᠢᠨ ᠮᠡᠳᠡᠭᠡ ᠵᠠᠩᠭᠢ ᠶᠢ ᠣᠯᠠᠨ ᠨᠡᠶᠢᠲᠡ ᠳᠤ ᠨᠡᠶᠢᠲᠡᠯᠡᠬᠦ ᠲᠠᠪᠴᠠᠩ ᠢᠶᠠᠨ ᠪᠦᠷᠢᠨᠰᠢᠭᠦᠯᠵᠦ᠂ ᠠᠵᠢᠯ ᠤᠨ | ᠪᠠᠶᠢᠷᠢ ᠶᠢᠨ ᠮᠡᠳᠡᠭᠡ ᠵᠠᠩᠭᠢ ᠶᠢ ᠰᠦᠯᠵᠢᠶ᠎ᠡ ᠪᠠᠷ ᠨᠡᠶᠢᠲᠡᠯᠡᠬᠦ ᠪᠠ ᠭᠠᠵᠠᠷ ᠣᠷᠣᠨ ᠠᠯᠤᠰᠯᠠᠨ ᠬᠠᠮᠲᠤ ᠳᠤ ᠪᠠᠨ | ᠬᠦᠷᠲᠡᠯᠴᠡᠬᠦ ᠶᠢ ᠪᠡᠶᠡᠯᠡᠭᠦᠯᠦᠨ᠂ ᠠᠵᠢᠯ ᠣᠯᠭᠤᠯᠲᠠ ᠶᠢᠨ ᠣᠨᠣᠪᠴᠢᠲᠠᠢ ᠲᠣᠬᠢᠷᠠᠯᠴᠠᠭᠤᠯᠬᠤ ᠬᠡᠮᠵᠢᠶ᠎ᠡ ᠪᠠᠨ | ᠳᠡᠭᠡᠭᠰᠢᠯᠡᠭᠦᠯᠦᠨ᠎ᠡ᠃ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠬᠦᠳᠡᠭᠡ ᠲᠤᠰᠬᠤᠨ ᠳᠤ ᠭᠦᠷᠦᠭᠰᠡᠨ ᠪᠠ ᠨᠤᠲᠤᠭ ᠲᠤ ᠪᠠᠨ ᠬᠤᠴᠤᠷᠤᠨ ᠦᠢᠯᠡᠰ ᠪᠣᠰᠬᠠᠭᠰᠠᠳ ᠲᠠᠢ ᠲᠤᠭᠲᠠᠭᠰᠠᠨ | ᠬᠤᠭᠤᠴᠠᠭ᠎ᠠ ᠲᠠᠢ ᠬᠠᠷᠢᠯᠴᠠᠬᠤ ᠬᠢᠭᠡᠳ ᠱᠠᠲᠤ ᠪᠠ ᠲᠥᠷᠥᠯ ᠬᠤᠪᠢᠶᠠᠨ ᠦᠢᠯᠡᠴᠢᠯᠡᠬᠦ ᠪᠠᠨ ᠴᠢᠩᠭᠠᠳᠬᠠᠵᠤ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ | ᠦᠢᠯᠡᠴᠢᠯᠡᠭᠡᠨ ᠤ ᠲᠣᠮᠤ ᠲᠢᠩᠬᠢᠮ ᠳᠤ ᠲᠦᠰᠢᠭᠯᠡᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ | ᠲᠤᠰᠬᠠᠢ ᠴᠤᠩᠬᠤᠪᠴᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤ ᠳᠤ ᠪᠠᠨ | ᠬᠡᠷᠡᠭᠯᠡᠵᠦ ᠬᠠᠮᠲᠤ ᠳᠤ ᠪᠠᠨ ᠬᠦᠷᠲᠡᠯᠴᠡᠬᠦ ᠶᠢ ᠠᠬᠢᠭᠤᠯᠵᠤ᠂ ᠨᠤᠲᠤᠭ ᠲᠤ ᠪᠠᠨ ᠪᠣᠴᠠᠭᠰᠠᠨ ᠮᠠᠯᠴᠢᠨ ᠲᠠᠷᠢᠶᠠᠴᠢᠨ | ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ | ᠦᠢᠯᠡᠰ ᠪᠣᠰᠬᠠᠭᠰᠠᠳ ᠲᠤ ᠲᠤᠬᠠᠢ ᠶᠢᠨ ᠭᠠᠵᠠᠷ ᠲᠤ ᠨᠢ ᠥᠢᠷ᠎ᠠ ᠬᠠᠪᠢ ᠳᠤ ᠨᠢ ᠲᠥᠷᠥ ᠶᠢᠨ ᠪᠣᠳᠣᠯᠭ᠎ᠠ ᠪᠠᠷ | ᠭᠤᠶᠤᠴᠢᠯᠠᠬᠤ᠂ ᠲᠥᠷᠥᠯ ᠵᠦᠢᠯ ᠤᠨ ᠲᠠᠨᠢᠯᠴᠠᠭᠤᠯᠭ᠎ᠠ᠂ ᠦᠢᠯᠡᠰ ᠪᠣᠰᠬᠠᠬᠤ ᠪᠣᠯᠪᠠᠰᠤᠷᠠᠯ ︵ᠳᠠᠳᠤᠯᠭ᠎ᠠ︶᠂ | ᠡᠵᠡᠩᠨᠡᠯᠲᠡ ᠪᠠᠨ ᠡᠬᠢᠯᠡᠭᠦᠯᠬᠦ ᠶᠣᠰᠤᠯᠠᠯ ᠤᠨ ᠵᠢᠭᠠᠨ ᠵᠢᠯᠣᠭᠤᠳᠤᠯᠭ᠎ᠠ᠂ ᠪᠡᠯᠡ ᠲᠣᠬᠢᠷᠠᠭᠤᠯᠬᠤ ᠦᠢᠯᠡᠴᠢᠯᠡᠭᠡ᠂ | ᠲᠥᠭᠰᠢᠭᠦᠷᠢ ᠶᠢᠨ ᠦᠨᠡᠯᠡᠯᠲᠡ᠂ ᠮᠦᠷᠲᠡᠵᠦ ᠵᠢᠭᠠᠨ ᠵᠢᠯᠣᠭᠤᠳᠬᠤ᠂ ᠨᠡᠶᠢᠭᠡᠮ ᠤᠨ ᠪᠠᠲᠤᠯᠠᠭ᠎ᠠ ᠪᠠᠨ | ᠦᠷᠭᠦᠯᠵᠢᠯᠡᠭᠦᠯᠬᠦ ᠵᠡᠷᠭᠡ ︽ᠨᠢᠭᠡ ᠦᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡ︾ ᠬᠠᠩᠭᠠᠨ᠎ᠠ᠃ ︵ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 3.ᠦᠢᠯᠡᠰ ᠪᠣᠰᠬᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠵᠠᠰᠠᠭ ᠢ | ᠴᠣᠮᠬᠠᠳᠬᠠᠵᠤ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ | ᠥᠭᠡᠷᠡᠴᠢᠯᠡᠯᠲᠡ ᠶᠢ ᠰᠢᠯᠢᠳᠡᠭᠵᠢᠭᠦᠯᠬᠦ ᠪᠠᠨ ᠥᠷᠭᠦᠯᠵᠢᠯᠡᠨ ᠠᠬᠢᠭᠤᠯᠵᠤ᠂ ᠦᠢᠯᠡᠰ ᠪᠣᠰᠬᠠᠬᠤ ᠣᠷᠴᠢᠨ ᠨᠦᠬᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠬᠦᠳᠡᠭᠡ ᠲᠤᠰᠬᠤᠨ ᠳᠤ ᠬᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ ᠦᠢᠯᠡᠰ | ᠪᠣᠰᠬᠠᠵᠤ ᠰᠢᠨ᠎ᠡ ᠶᠢ ᠡᠭᠦᠳᠬᠦ ᠶᠢ ᠨᠢ ᠵᠣᠷᠢᠬᠵᠢᠭᠤᠯᠤᠨ ᠳᠡᠮᠵᠢᠵᠦ᠂ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ | ᠵᠡᠷᠭᠡ ᠦᠢᠯᠡᠰ ᠪᠣᠰᠬᠠᠭᠰᠠᠳ ᠢ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠠᠷ | ᠳᠡᠳᠬᠦᠬᠦ ᠬᠡᠪᠴᠢᠶᠡᠨ ᠳᠤ ᠣᠷᠤᠭᠤᠯᠤᠨ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ ᠡᠭᠦᠳᠦᠨ | ᠪᠠᠶᠢᠭᠤᠯᠤᠭᠰᠠᠨ ᠦᠢᠯᠡᠰ ᠪᠣᠰᠬᠠᠬᠤ ᠬᠥᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠲᠣᠭᠲᠠᠭᠠᠯ | ᠶᠣᠰᠤᠭᠠᠷ ᠥᠪᠡᠷᠲᠡᠭᠡᠨ ᠵᠠᠰᠠᠬᠤ ᠣᠷᠣᠨ ᠤ ᠦᠢᠯᠡᠰ ᠪᠣᠰᠬᠠᠬᠤ ᠬᠥᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ | ᠭᠠᠵᠠᠷ︶ ᠤᠨ ︽ᠱᠠᠩᠨᠠᠬᠤ ᠪᠠᠷ ᠨᠦᠬᠦᠪᠦᠷᠢᠯᠡᠬᠦ ᠶᠢ ᠣᠷᠤᠯᠠᠭᠤᠯᠬᠤ︾ ᠲᠥᠷᠥᠯ ᠵᠦᠢᠯ ᠳᠤ ᠣᠷᠤᠭᠤᠯᠵᠤ ᠳᠡᠳᠭᠦᠨ᠎ᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠦᠢᠯᠡᠰ ᠪᠣᠰᠬᠠᠭᠰᠠᠨ ᠪᠦᠭᠡᠳ ᠬᠠᠮᠲᠤ ᠦᠢᠯᠡᠰ | ᠪᠣᠰᠬᠠᠬᠤ ᠳᠠᠭᠠᠭᠠᠯᠲᠠ ᠲᠠᠢ ᠵᠢᠭᠡᠯᠡᠯᠭᠡ ᠠᠪᠬᠤ ᠨᠥᠬᠦᠴᠡᠯ ᠳᠤ ᠨᠡᠶᠢᠴᠡᠭᠰᠡᠨ ᠦᠢᠯᠡᠰ ᠪᠣᠰᠬᠠᠭᠰᠠᠳ ᠨᠢ ᠡᠷᠦᠬᠡ | ᠠᠮᠠ ᠪᠠᠶᠢᠭ᠎ᠠ ᠭᠠᠵᠠᠷ ᠲᠤ ᠬᠢᠵᠠᠭᠠᠷᠯᠠᠭᠳᠠᠬᠤ ᠦᠭᠡᠢ᠂ ᠦᠢᠯᠡᠰ ᠪᠣᠰᠬᠠᠭᠰᠠᠨ ᠭᠠᠵᠠᠷ ᠲᠠᠬᠢ ᠦᠢᠯᠡᠰ ᠪᠣᠰᠬᠠᠬᠤ | ᠳᠠᠭᠠᠭᠠᠯᠲᠠ ᠲᠠᠢ ᠵᠢᠭᠡᠯᠡᠯᠭᠡ ᠪᠠᠷ ᠳᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠨ᠎ᠡ᠃ ︵ᠥᠪᠡᠷᠲᠡᠭᠡᠨ ᠵᠠᠰᠠᠬᠤ | ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 4.ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ | ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ | ᠬᠦᠴᠦᠨ ᠢ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ | ᠲᠣᠭᠲᠠᠯᠴᠠᠭ᠎ᠠ ᠳᠤ ᠣᠷᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠨᠢ ᠭᠠᠵᠠᠷ | ᠣᠷᠣᠨ ᠳᠤ ᠬᠢᠵᠠᠭᠠᠷᠯᠠᠭᠳᠠᠬᠤ ᠦᠭᠡᠢ᠂ ᠠᠵᠢᠯ ᠣᠯᠣᠭᠰᠠᠨ ᠭᠠᠵᠠᠷ ᠲᠤ ᠪᠠᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠪᠠ ᠦᠢᠯᠡᠰ ᠪᠣᠰᠬᠠᠬᠤ ᠪᠣᠯᠪᠠᠰᠤᠷᠠᠯ ᠳᠤ ᠣᠷᠣᠯᠴᠠᠵᠤ ᠪᠣᠯᠣᠨ᠎ᠠ᠂ ᠪᠣᠯᠪᠠᠰᠤᠷᠠᠯ | ᠬᠦᠷᠲᠡᠭᠰᠡᠨ ᠴᠠᠭ ᠢ ᠨᠢ ᠨᠡᠶᠢᠯᠡᠭᠦᠯᠦᠨ ᠪᠣᠳᠣᠵᠤ᠂ ᠨᠥᠬᠦᠴᠡᠯ ᠳᠤ ᠨᠡᠶᠢᠴᠡᠭᠰᠡᠨ ᠪᠣᠯ ᠬᠠᠮᠢᠶ᠎ᠠ ᠪᠦᠬᠦᠢ ᠲᠣᠭᠲᠠᠭᠠᠯ | ᠶᠣᠰᠤᠭᠠᠷ ᠠᠵᠢᠯ ᠮᠡᠷᠭᠡᠵᠢᠯ ᠤᠨ ᠪᠣᠯᠪᠠᠰᠤᠷᠠᠯ ᠤᠨ ᠨᠡᠮᠡᠭᠦᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ | ᠲᠣᠭᠲᠠᠭᠠᠯᠲᠠ ᠶᠢᠨ ᠨᠡᠮᠡᠭᠦᠷᠢ᠂ ᠦᠢᠯᠡᠰ ᠪᠣᠰᠬᠠᠬᠤ ᠪᠣᠯᠪᠠᠰᠤᠷᠠᠯ ᠤᠨ ᠨᠡᠮᠡᠭᠦᠷᠢ ᠥᠭᠬᠦ ᠬᠡᠷᠡᠭᠲᠡᠢ︔ ᠪᠣᠯᠪᠠᠰᠤᠷᠠᠯ ᠳᠤ | ᠬᠢᠷᠢ ᠲᠡᠩᠴᠡᠭᠰᠡᠨ ᠪᠣᠯ ᠲᠣᠨᠨᠳᠠᠭᠠᠯ ᠶᠣᠰᠣᠭᠠᠷ ᠠᠮᠢᠳᠤᠷᠠᠯ ᠤᠨ ᠰᠦᠢᠳᠭᠡᠯ ︵ᠵᠠᠮ ᠬᠠᠷᠢᠯᠴᠠᠭᠠᠨ ᠤ ᠰᠦᠢᠳᠭᠡᠯ | ᠪᠠᠭᠲᠠᠨ᠎ᠠ︶ ᠤᠨ ᠨᠡᠮᠡᠭᠦᠷᠢ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠥᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ | ᠬᠤᠷᠠᠯ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | ︵ᠬᠤᠶᠠᠷ︶ ᠠᠵᠢᠯ ᠣᠯᠭᠤᠯᠲᠠ ᠶᠢ ᠦᠷᠭᠡᠳᠭᠡᠬᠦ ᠪᠠ ᠲᠣᠭᠲᠠᠭᠤᠨ ᠪᠠᠶᠢᠯᠭᠠᠨ᠎ᠠ᠃ | 5.ᠬᠥᠮᠥᠨ ᠬᠡᠷᠡᠭᠯᠡᠬᠦ ᠨᠢᠭᠡᠴᠢ ᠳᠤ ᠨᠢᠭᠡ ᠪᠦᠯᠦᠭ ᠢ ᠨᠢ ᠲᠠᠲᠠᠵᠤ ᠣᠷᠣᠭᠤᠯᠤᠨ᠎ᠠ᠃ ᠲᠣᠮᠤ ᠬᠡᠯᠪᠡᠷᠢ ᠶᠢᠨ | ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠪᠠ ᠥᠭᠡᠷᠡᠴᠢᠯᠡᠨ ᠰᠢᠨᠡᠳᠭᠡᠵᠦ ᠥᠷᠭᠡᠳᠭᠡᠨ | ᠪᠠᠶᠢᠭᠤᠯᠵᠤ ᠪᠠᠶᠢᠭ᠎ᠠ ᠲᠥᠷᠥᠯ ᠵᠦᠢᠯ ᠢ ᠠᠩᠬᠠᠷᠴᠤ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠨᠢ | ᠬᠠᠨᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠢᠯᠠᠩᠭᠤᠶ᠎ᠠ ᠳᠠᠩᠰᠠ ᠪᠠ | ᠺᠠᠷᠲ ᠲᠠᠢ ᠶᠠᠳᠠᠭᠤ ᠬᠥᠴᠢᠷᠲᠡᠯᠲᠡᠢ ᠬᠥᠳᠡᠯᠮᠦᠷᠢ ᠶᠢᠨ ᠬᠥᠴᠦᠨ ᠢ ᠵᠣᠬᠢᠶᠠᠨ ᠪᠠᠶᠢᠭᠤᠯᠵᠤ ᠵᠠᠬᠢᠶᠠᠯᠠᠭ᠎ᠠ ᠪᠠ | ᠠᠵᠢᠯ ᠤᠨ ᠪᠠᠶᠢᠷᠢ ᠲᠣᠭᠲᠠᠭᠠᠨ ᠪᠣᠯᠪᠠᠰᠣᠷᠠᠯ ᠭᠦᠷᠳᠡᠬᠡᠵᠦ᠂ ᠠᠵᠤ ᠠᠬᠤᠶᠢᠯᠠᠯ ᠳᠤ ᠬᠢᠷᠢ ᠲᠡᠩᠴᠡᠭᠰᠡᠨ | ᠴᠢᠳᠠᠪᠦᠷᠢᠲᠡᠨ ᠢ ᠪᠣᠯᠪᠠᠰᠤᠷᠠᠭᠤᠯᠵᠤ ᠦᠭᠭᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠵᠤ᠂ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ᠂ ᠡᠳ᠋ ᠤᠨ | ᠵᠠᠰᠠᠭ ᠭᠠᠶᠢᠯᠢ ᠲᠠᠲᠠᠪᠤᠷᠢ ᠶᠢ ᠬᠠᠰᠤᠵᠤ ᠬᠡᠯᠲᠤᠷᠢᠭᠦᠯᠬᠦ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ᠵᠠᠰᠠᠭ ᠤᠨ ᠣᠷᠳᠣᠨ ᠬᠤᠳᠠᠯᠳᠤᠨ ᠠᠪᠬᠤ᠂ ᠠᠵᠢᠯᠯᠠᠬᠤ ᠪᠠᠷ ᠪᠣᠯᠪᠠᠰᠤᠷᠠᠯ ᠢ | ᠣᠷᠤᠯᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠣᠯᠬᠤ ᠠᠵᠢᠯ ᠤᠨ ᠪᠠᠶᠢᠷᠢ ᠶᠢ | ᠲᠣᠭᠲᠠᠭᠤᠨ ᠪᠠᠶᠢᠯᠭᠠᠬᠤ ᠪᠠ ᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ | ᠢᠯᠠᠩᠭᠤᠶ᠎ᠠ ᠳᠠᠩᠰᠠ ᠪᠠ ᠺᠠᠷᠲ ᠲᠠᠢ ᠶᠠᠳᠠᠭᠤ ᠬᠦᠴᠢᠷᠲᠡᠯᠲᠡᠢ ᠬᠥᠳᠡᠯᠮᠦᠷᠢ ᠶᠢᠨ ᠬᠦᠴᠦᠨ ᠢ ᠬᠦᠯᠢᠶᠡᠨ ᠠᠪᠴᠤ | ᠠᠵᠢᠯ ᠣᠯᠭᠤᠨ᠎ᠠ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠳᠡᠯᠭᠡᠬᠦ ᠴᠢᠳᠠᠪᠤᠷᠢ ᠶᠢ ᠪᠣᠢ ᠪᠣᠯᠭᠠᠵᠤ᠂ | ᠮᠡᠳᠡᠭᠡ ᠵᠠᠩᠭᠢ ᠶᠢᠨ ᠰᠥᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠭᠡᠮᠵᠢ ᠶᠢᠨ ᠪᠠᠶᠢᠭᠤᠯᠤᠯᠲᠠ ᠶᠢ | ᠲᠦᠷᠭᠡᠳᠭᠡᠨ᠂ ᠶᠠᠪᠤᠵᠤ ᠰᠠᠭᠤᠬᠤ ᠳᠤ ᠬᠠᠮᠲᠤ ᠳᠤ ᠪᠠᠨ ᠬᠦᠷᠲᠡᠬᠦ ᠠᠶᠠᠯᠠᠯ᠂ ᠨᠡᠶᠢᠭᠡᠮ ᠲᠣᠭᠤᠷᠢᠭ ᠬᠠᠮᠲᠤ ᠪᠠᠷ | ᠬᠤᠳᠠᠯᠳᠤᠨ ᠠᠪᠬᠤ ᠵᠡᠷᠭᠡ ᠡᠵᠡᠩᠨᠡᠯᠲᠡ ᠶᠢᠨ ᠰᠢᠨ᠎ᠡ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠵᠤ᠂ | ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ ᠶᠢᠨ ᠦᠢᠯᠡᠳᠪᠦᠷᠢᠯᠡᠯ ᠳᠠᠬᠢ ᠦᠵᠦᠭᠦᠷ ᠦᠢᠯᠡᠴᠢᠯᠡᠭᠡᠨ ᠤ | ᠡᠯᠧᠺᠳ᠋ᠷᠦᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠤᠨ᠂ ᠦᠢᠯᠡᠳᠪᠦᠷᠢᠯᠡᠬᠦ ᠪᠠ | ᠪᠣᠷᠤᠯᠠᠭᠤᠯᠬᠤ ᠶᠢ ᠵᠠᠯᠭᠠᠯᠳᠤᠭᠤᠯᠬᠤ ᠪᠠᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ | ᠣᠯᠬᠤ ᠰᠢᠨ᠎ᠡ ᠬᠦᠷᠢᠶ᠎ᠡ ᠴᠠᠷᠠᠭ᠎ᠠ ᠶᠢ ᠦᠷᠭᠡᠳᠭᠡᠨ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ᠂ ᠣᠢ ᠰᠢᠭᠤᠢ ᠪᠠ ᠨᠤᠲᠤᠭ ᠪᠠᠯᠴᠢᠭᠡᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠶᠠᠳᠠᠭᠤ ᠶᠢ ᠳᠡᠳᠬᠦᠬᠦ ᠨᠡᠬᠡᠭᠡᠯᠲᠡ ᠶᠢᠨ ᠠᠯᠪᠠᠨ ᠭᠡᠷ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ | ᠮᠦᠴᠢᠷ᠂ ᠨᠢᠭᠡᠴᠢ ᠬᠠᠷᠢᠭᠤᠴᠠᠨ᠎ᠠ︶ | 6.ᠦᠢᠯᠡᠰ ᠪᠣᠰᠬᠠᠬᠤ ᠶᠢ ᠳᠡᠳᠬᠦᠨ ᠳᠡᠮᠵᠢᠵᠦ ᠪᠠᠶᠢᠭᠠᠳ ᠨᠢᠭᠡ ᠪᠦᠯᠦᠭ ᠢ ᠨᠢ ᠲᠠᠶᠢᠴᠢᠯᠠᠨ᠎ᠡ᠃ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢ᠂ ᠬᠦᠳᠡᠭᠡ ᠲᠤᠰᠬᠤᠨ ᠳᠤ ᠭᠦᠷᠦᠭᠰᠡᠨ ᠪᠠ | ᠨᠤᠲᠤᠭ ᠲᠤ ᠪᠠᠨ ᠬᠤᠴᠣᠷᠤᠭᠰᠠᠨ ᠬᠦᠮᠦᠰ ᠵᠡᠷᠭᠡ ᠦᠢᠯᠡᠰ ᠪᠣᠰᠬᠠᠭᠰᠠᠳ ᠢ ᠵᠣᠷᠢᠬᠵᠢᠭᠤᠯᠵᠤ ᠬᠥᠲᠥᠯᠥᠨ | ᠵᠢᠯᠣᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ | ᠮᠠᠯᠴᠢᠨ ᠲᠠᠷᠢᠶᠠᠴᠢᠨ ᠤ ᠬᠤᠷᠰᠢᠶ᠎ᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠲᠠ ᠶᠢᠨ ᠬᠥᠲᠥᠴᠢ ᠠᠵᠤ ᠠᠬᠤᠶᠢᠯᠠᠯ᠂ ᠪᠦᠲᠦᠭᠡᠯᠴᠢ ᠲᠥᠰᠥᠪᠯᠡᠯ ᠤᠨ ᠲᠠᠷᠢᠶᠠᠯᠠᠩ | ᠮᠠᠯ ᠠᠵᠤ ᠠᠬᠤᠢ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ | ᠴᠣᠭᠴᠠ ᠶᠢ ᠡᠷᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠩ ᠣᠯᠠᠨ ᠬᠥᠳᠡᠯᠮᠦᠷᠢ ᠶᠢᠨ ᠬᠦᠴᠦᠨ ᠢ | ᠳᠠᠶᠢᠴᠢᠯᠠᠵᠤ ᠠᠵᠢᠯ ᠣᠯᠭᠤᠨ᠎ᠠ᠃ ᠵᠢᠵᠢᠭ ᠪᠢᠴᠢᠯ ᠠᠵᠤ ᠠᠬᠤᠶᠢᠯᠠᠯ ᠢ ᠠᠩᠬ᠎ᠠ ᠤᠳᠠᠭ᠎ᠠ ᠡᠷᠬᠢᠯᠡᠭᠰᠡᠨ ᠪᠣᠶᠤ | ᠬᠤᠪᠢ ᠶᠢᠨ ᠡᠵᠡᠩᠨᠡᠯᠲᠡ ᠶᠢ ᠡᠷᠬᠢᠯᠡᠵᠦ ᠬᠢᠭᠰᠡᠨ ᠮᠦᠷᠲᠡᠭᠡᠨ ᠡᠭᠦᠳᠦᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ | ᠪᠣᠶᠤ ᠬᠤᠪᠢ ᠶᠢᠨ ᠡᠵᠡᠩᠨᠡᠯᠲᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠨᠢ ᠳᠠᠩᠰᠠᠯᠠᠨ | ᠲᠡᠮᠳᠡᠭᠯᠡᠭᠦᠯᠦᠭᠰᠡᠨ ᠡᠳᠦᠷ ᠠᠴᠠ ᠡᠬᠢᠯᠡᠵᠦ 1 ᠵᠢᠯ ᠭᠠᠷᠤᠢ ᠬᠡᠪ ᠤᠨ ᠪᠠᠶᠢᠳᠠᠯ ᠢᠶᠠᠷ ᠡᠵᠡᠩᠨᠡᠭᠰᠡᠨ ᠪᠠᠶᠢᠪᠠᠯ᠂ ᠳᠠᠩᠰᠠ | ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠶᠢᠨ ᠬᠥᠴᠦᠨ ᠳᠤ ᠨᠢᠭᠡ ᠯᠡ ᠤᠳᠠᠭ᠎ᠠ ᠪᠠᠷ ᠦᠢᠯᠡᠰ | ᠪᠣᠰᠬᠠᠬᠤ ᠨᠡᠮᠡᠭᠦᠷᠢ ᠥᠭᠴᠦ᠂ ᠦᠢᠯᠡᠰ ᠪᠣᠰᠬᠠᠬᠤ ᠨᠡᠮᠡᠭᠦᠷᠢ ᠶᠢᠨ ᠪᠡᠯᠡ ᠮᠦᠩᠭᠦ ᠶᠢ ᠠᠵᠢᠯ ᠣᠯᠭᠤᠯᠲᠠ ᠶᠢᠨ | ᠨᠦᠬᠦᠪᠦᠷᠢ ᠶᠢᠨ ᠪᠡᠯᠡ ᠮᠦᠩᠭᠦ ᠠᠴᠠ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ | ᠳᠡᠳᠬᠦᠬᠦ ᠨᠡᠬᠡᠭᠡᠯᠲᠡ ᠶᠢᠨ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 7.ᠬᠥᠳᠡᠯᠮᠦᠷᠢ ᠦᠢᠯᠡᠴᠢᠯᠡᠭᠡ ᠶᠢ ᠭᠠᠳᠠᠭᠰᠢ ᠶᠠᠪᠤᠭᠤᠯᠬᠤ ᠪᠠᠷ ᠨᠢᠭᠡ ᠪᠥᠯᠥᠭ ᠢ ᠨᠢ ᠰᠢᠯᠵᠢᠭᠦᠯᠦᠨ᠎ᠡ᠃ | ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢ ᠵᠠᠯᠭᠠᠯᠳᠤᠭᠤᠯᠬᠤ᠂ ᠬᠦᠷᠰᠢ ᠵᠡᠷᠭᠡᠯᠡᠳᠡᠭᠡ ᠮᠣᠵᠢ ︵ | ᠣᠷᠣᠨ᠂ ᠬᠤᠲᠠ︶ ᠶᠢᠨ ᠬᠥᠳᠡᠯᠮᠦᠷᠢ ᠦᠢᠯᠡᠴᠢᠯᠡᠭᠡ ᠶᠢ ᠵᠠᠯᠭᠠᠯᠳᠤᠭᠤᠯᠬᠤ ᠪᠠ ︽ᠤᠷᠢᠬᠠᠨ ᠬᠠᠪᠤᠷ ᠤᠨ | ᠠᠵᠢᠯᠯᠠᠭ᠎ᠠ︾ ︽ᠥᠪᠥᠷ ᠮᠣᠩᠭᠤᠯ ᠤᠨ ᠰᠦᠯᠵᠢᠶ᠎ᠡ ᠪᠠᠷ ᠲᠣᠮᠣ ᠬᠡᠪᠴᠢᠶᠡᠨ ᠤ ᠡᠯᠰᠡᠵᠦ ᠤᠷᠢᠬᠤ ᠠᠵᠢᠯᠯᠠᠭ᠎ᠠ ᠶᠢᠨ | ᠰᠠᠷ᠎ᠠ︾ ᠵᠡᠷᠭᠡ ᠲᠤᠰᠬᠠᠢ ᠠᠵᠢᠯᠯᠠᠭ᠎ᠠ ᠶᠢ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ | ᠶᠠᠪᠤᠭᠤᠯᠬᠤ ᠪᠠᠨ ᠵᠣᠬᠢᠶᠠᠨ ᠪᠠᠶᠢᠭᠤᠯᠤᠯᠲᠠᠴᠢᠯᠠᠬᠤ ᠶᠢᠨ ᠬᠡᠮᠵᠢᠶ᠎ᠡ ᠶᠢ ᠪᠦᠲᠦᠮᠵᠢᠲᠠᠢ ᠳᠡᠭᠡᠭᠰᠢᠯᠡᠭᠦᠯᠦᠨ᠎ᠡ᠃ ᠬᠥᠮᠥᠨ ᠤ | ᠬᠥᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠶᠢᠨ ᠡᠷᠬᠢᠯᠡᠨ | ᠵᠠᠭᠤᠴᠢᠯᠠᠭᠴᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠬᠵᠢᠭᠤᠯᠵᠤ ᠪᠠᠶᠢᠭᠠᠳ ᠬᠥᠳᠡᠯᠮᠦᠷᠢ | ᠦᠢᠯᠡᠴᠢᠯᠡᠭᠡ ᠢ ᠭᠠᠳᠠᠭᠰᠢ ᠶᠠᠪᠤᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠤᠨ᠂ ᠠᠵᠢᠯ ᠣᠯᠭᠤᠵᠣ ᠦᠢᠯᠡᠰ | ᠪᠣᠰᠬᠠᠬᠤ ᠦᠢᠯᠡᠴᠢᠯᠡᠭᠡᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠤ ᠵᠣᠬᠢᠶᠠᠨ ᠪᠠᠶᠢᠭᠤᠯᠤᠯᠲᠠ ᠲᠠᠢ ᠪᠠᠷ ᠰᠢᠯᠵᠢᠭᠦᠯᠦᠨ ᠠᠵᠢᠯ | ᠣᠯᠭᠤᠬᠤ ᠶᠢ ᠠᠬᠢᠭᠤᠯᠤᠨ᠎ᠠ᠃ ᠭᠡᠷ ᠠᠬᠤᠢ ᠶᠢᠨ ᠦᠢᠯᠡᠴᠢᠯᠡᠭᠡ ᠶᠢᠨ ᠦᠢᠯᠡᠰ ᠢ ᠲᠥᠷᠥ ᠶᠢᠨ ᠪᠣᠳᠣᠯᠭ᠎ᠠ ᠪᠠᠷ | ᠳᠡᠳᠬᠦᠬᠦ ᠡᠷᠴᠢᠮ ᠢᠶᠠᠨ ᠴᠢᠩᠭᠠᠷᠠᠭᠤᠯᠤᠨ᠂ ᠭᠡᠷ ᠠᠬᠤᠢ ᠶᠢᠨ ᠦᠢᠯᠡᠴᠢᠯᠡᠭᠡᠨ ᠤ ᠪᠣᠯᠪᠠᠰᠤᠷᠠᠯ ᠤᠨ ᠰᠠᠭᠤᠷᠢᠨ | ᠭᠠᠵᠠᠷ ᠢ ᠳᠡᠮᠵᠢᠵᠦ ᠪᠠᠶᠢᠭᠠᠳ ᠭᠡᠷ ᠠᠬᠤᠢ ᠶᠢᠨ ᠦᠢᠯᠡᠴᠢᠯᠡᠭᠡᠨ ᠤ ᠵᠠᠯᠭᠠᠯᠳᠤᠭᠤᠯᠬᠤ ᠲᠠᠪᠴᠠᠩ ᠳᠤ ᠲᠦᠰᠢᠭᠯᠡᠨ | ᠬᠥᠳᠡᠯᠮᠦᠷᠢ ᠦᠢᠯᠡᠴᠢᠯᠡᠭᠡ ᠪᠠᠨ ᠭᠠᠳᠠᠭᠰᠢ ᠶᠠᠪᠤᠭᠤᠯᠬᠤ ᠶᠢ ᠦᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠶᠠᠳᠠᠭᠤ ᠶᠢ ᠳᠡᠳᠬᠦᠬᠦ ᠨᠡᠬᠡᠭᠡᠯᠲᠡ ᠶᠢᠨ ᠠᠯᠪᠠᠨ ᠭᠡᠷ᠂ | ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 8.ᠲᠤᠬᠠᠢ ᠶᠢᠨ ᠭᠠᠵᠠᠷ ᠲᠤ ᠨᠢ ᠪᠠ ᠥᠢᠷ᠎ᠠ ᠬᠠᠪᠢ ᠪᠠᠷ ᠨᠢᠭᠡ ᠪᠥᠯᠥᠭ ᠢ ᠨᠢ ᠲᠥᠪᠬᠢᠨᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠭᠡᠮᠵᠢ ᠶᠢᠨ ᠲᠥᠷᠥᠯ ᠵᠦᠢᠯ᠂ ᠮᠠᠯᠵᠢᠬᠤ ᠲᠠᠷᠢᠶᠠᠯᠠᠬᠤ ᠣᠷᠣᠨ ᠤ | ᠠᠵᠤ ᠦᠢᠯᠡᠰ ᠤᠨ ᠲᠥᠬᠦᠷ ᠰᠠᠭᠤᠷᠢ ᠪᠡᠯᠡᠳᠭᠡᠮᠵᠢ ᠶᠢᠨ ᠲᠥᠷᠥᠯ ᠵᠦᠢᠯ ᠪᠠ ᠣᠢ ᠰᠢᠭᠤᠢ ᠶᠢᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠶᠢ ᠬᠡᠷᠡᠭᠵᠢᠭᠦᠯᠬᠦ ᠪᠠᠷ ᠳᠠᠶᠢᠴᠢᠯᠠᠯᠲᠠ ᠪᠣᠯᠭᠠᠨ᠂ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠬᠤᠴᠤᠷᠤᠭᠰᠠᠳ | ᠵᠡᠷᠭᠡ ᠶᠢ ᠬᠦᠲᠦᠯᠦᠨ ᠵᠢᠯᠤᠭᠤᠳᠴᠤ ᠪᠠᠶᠢᠭᠠᠳ ︽ᠬᠦᠳᠡᠯᠮᠦᠷᠢᠯᠡᠬᠦ ᠪᠠᠷ ᠳᠡᠳᠭᠦᠮᠵᠢ ᠶᠢ ᠣᠷᠤᠯᠠᠭᠤᠯᠬᠤ︾ ᠠᠷᠭ᠎ᠠ | ᠮᠠᠶ᠋ᠢᠭ ᠢᠶᠠᠷ ᠳᠠᠮᠵᠢᠭᠤᠯᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠶᠢᠯ ᠲᠤᠰᠬᠤᠨ ᠤ ᠵᠠᠮ᠂ ᠣᠷᠣᠰᠢᠨ | ᠰᠠᠭᠤᠷᠢᠰᠢᠬᠤ ᠣᠷᠴᠢᠨ ᠤ ᠵᠠᠰᠠᠯᠲᠠ᠂ ᠬᠦᠳᠡᠭᠡ ᠲᠤᠰᠬᠤᠨ ᠤ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠤᠨ | ᠲᠥᠷᠥᠯ ᠵᠦᠢᠯ ᠢ ᠪᠦᠲᠦᠭᠡᠨ ᠪᠠᠶᠢᠭᠤᠯᠬᠤ ᠳᠤ ᠣᠷᠣᠯᠴᠠᠭᠤᠯᠵᠤ᠂ ᠲᠤᠬᠠᠢ ᠶᠢᠨ ᠭᠠᠵᠠᠷ ᠲᠤ ᠨᠢ ᠪᠠ ᠣᠶᠢᠷ᠎ᠠ | ᠬᠠᠪᠢ ᠪᠠᠷ ᠠᠵᠢᠯ ᠣᠯᠭᠤᠬᠤ ᠶᠢ ᠪᠠᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠠᠵᠢᠯ ᠣᠯᠬᠤ ᠳᠤ | ᠬᠦᠴᠢᠷᠲᠡᠢ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠢ ᠪᠣᠯ ᠡᠯ᠎ᠡ ᠲᠥᠷᠥᠯ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ ᠪᠠᠶᠢᠭᠠᠳ ᠬᠦᠳᠡᠭᠡ ᠲᠤᠰᠬᠤᠨ ᠤ ᠴᠡᠪᠡᠷᠯᠡᠭᠴᠢ᠂ ᠤᠰᠤ ᠬᠠᠮᠢᠶᠠᠷᠤᠭᠴᠢ ᠵᠠᠮ | ᠬᠠᠮᠠᠭᠠᠯᠠᠭᠴᠢ᠂ ᠠᠮᠢ ᠠᠬᠤᠢ ᠶᠢᠨ ᠣᠢ ᠶᠢᠨ ᠬᠠᠮᠠᠭᠠᠯᠠᠭᠴᠢ ᠵᠡᠷᠭᠡ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢ ᠨᠡᠬᠡᠬᠡᠨ ᠬᠦᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ | ᠬᠤᠴᠤᠷᠤᠭᠰᠠᠳ ᠵᠡᠷᠭᠡ ᠶᠢ ᠰᠠᠭᠤᠷᠢ ᠠᠴᠠ ᠨᠢ ᠪᠠᠲᠤᠯᠠᠵᠤ ᠲᠦᠪᠬᠢᠨᠡᠭᠦᠯᠬᠦ ᠪᠠᠷ ᠠᠵᠢᠯ ᠣᠯᠭᠤᠨ᠎ᠠ᠃ ︵ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ | ᠳᠡᠭᠡᠭᠡᠪᠦᠷᠢ ᠶᠢᠨ ᠲᠢᠩᠬᠢᠮ᠂ ᠬᠦᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠶᠠᠳᠠᠭᠤ ᠶᠢ ᠳᠡᠳᠬᠦᠬᠦ ᠨᠡᠬᠡᠬᠡᠯᠲᠡ ᠶᠢᠨ ᠠᠯᠪᠠᠨ ᠭᠡᠷ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 9.ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠨᠢᠭᠡ ᠪᠦᠯᠦᠭ ᠲᠤ ᠨᠢ ᠠᠵᠢᠯ ᠣᠯᠭᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠬᠦᠴᠦ ᠶᠠᠪᠤᠭᠰᠠᠳ ᠤᠨ ᠲᠥᠷ ᠴᠠᠭ ᠤᠨ ᠴᠢᠨᠠᠷᠲᠠᠢ᠂ ᠪᠦᠬᠦᠯᠢ ᠡᠳᠦᠷ ᠤᠨ ᠪᠣᠰᠤ | ᠳᠥᠷᠢᠮ ᠲᠠᠢ᠂ ᠤᠯᠠᠷᠢᠯ ᠤᠨ ᠴᠢᠨᠠᠷᠲᠠᠢ᠂ ᠬᠠᠷᠢᠮᠠᠬᠠᠢ ᠴᠢᠨᠠᠷᠲᠠᠢ ᠠᠵᠢᠯᠯᠠᠬᠤ ᠵᠡᠷᠭᠡ ᠣᠯᠠᠨ ᠵᠦᠢᠯ ᠤᠨ ᠬᠡᠯᠪᠡᠷᠢ | ᠮᠠᠶ᠋ᠢᠭ ᠢᠶᠠᠷ ᠳᠠᠮᠵᠢᠭᠤᠯᠤᠨ ᠠᠮᠢᠳᠤᠯᠢᠭ ᠢᠶᠠᠷ ᠠᠵᠢᠯ ᠣᠯᠬᠤ ᠶᠢ ᠨᠢ ᠳᠡᠮᠵᠢᠵᠤ᠂ ᠠᠮᠢᠳᠤᠯᠢᠭ ᠢᠶᠠᠷ ᠠᠵᠢᠯ ᠣᠯᠬᠤ | ᠲᠥᠷᠥ ᠶᠢᠨ ᠪᠣᠳᠣᠯᠭ᠎ᠠ ᠶᠢ ᠬᠤᠲᠠ ᠪᠠᠯᠭᠠᠰᠤᠨ ᠤ ᠡᠷᠦᠬᠡ ᠠᠮᠠ ᠲᠠᠢ ᠪᠠ ᠮᠠᠯᠵᠢᠬᠤ ᠲᠠᠷᠢᠶᠠᠯᠠᠬᠤ ᠣᠷᠣᠨ ᠤ ᠡᠷᠦᠬᠡ | ᠠᠮᠠ ᠲᠠᠢ ᠬᠥᠳᠡᠯᠮᠦᠷᠢᠴᠢᠨ ᠳᠤ ᠨᠢᠭᠡ ᠯᠡ ᠠᠳᠠᠯᠢ ᠬᠡᠷᠡᠭᠵᠢᠭᠦᠯᠦᠨ᠎ᠡ᠃ ᠲᠤᠬᠠᠢ ᠶᠢᠨ ᠭᠠᠵᠠᠷ ᠲᠤ ᠨᠢ | ᠲᠣᠬᠢᠷᠠᠭᠤᠯᠵᠤ ᠲᠦᠷ ᠴᠠᠭ ᠤᠨ ᠠᠵᠢᠯ ᠤᠨ ᠵᠠᠬ᠎ᠠ ᠳᠡᠯᠭᠡᠭᠦᠷ ᠪᠣᠶᠤ ᠬᠥᠳᠡᠯᠮᠦᠷᠢ ᠦᠢᠯᠡᠴᠢᠯᠡᠭᠡ ᠶᠢᠨ ᠵᠠᠬ᠎ᠠ | ᠳᠡᠯᠭᠡᠭᠦᠷ ᠢ ᠬᠥᠭᠵᠢᠭᠦᠯᠦᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠲᠠᠯ᠎ᠠ ᠪᠠᠷ ᠢᠯᠡᠭᠦᠳᠡᠬᠦ ᠪᠠ | ᠲᠣᠳᠠᠭᠤᠳᠠᠬᠤ ᠶᠢ ᠲᠣᠬᠢᠷᠠᠭᠤᠯᠬᠤ ᠲᠠᠪᠴᠠᠩ ᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠶᠢᠨ ᠬᠥᠴᠦᠨ ᠢ ᠵᠣᠷᠢᠬᠵᠢᠭᠤᠯᠵᠤ ᠪᠠᠶᠢᠭᠠᠳ ᠬᠤᠪᠢ ᠶᠢᠨ ᠡᠵᠡᠩᠨᠡᠯᠲᠡ ᠶᠢ ᠡᠷᠬᠢᠯᠡᠬᠦ ᠪᠠ | ᠣᠨᠴᠠᠯᠢᠭ ᠲᠠᠢ ᠵᠢᠵᠢᠭ ᠳᠡᠯᠭᠡᠭᠦᠷ ᠢ ᠨᠡᠬᠡᠬᠡᠨ ᠡᠷᠬᠢᠯᠡᠬᠦᠯᠵᠦ᠂ ᠨᠥᠬᠦᠴᠡᠯ ᠳᠤ ᠨᠡᠶᠢᠴᠡᠭᠰᠡᠨ ᠪᠠᠶᠢᠪᠠᠯ ᠲᠣᠭᠲᠠᠭᠠᠯ | ᠶᠣᠰᠤᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠪᠠ ᠲᠠᠯᠠᠪᠠᠢ ᠭᠠᠵᠠᠷ ᠤᠨ ᠳᠡᠮᠵᠢᠯᠭᠡ ᠦᠵᠡᠬᠦᠯᠬᠦ ᠵᠡᠷᠭᠡ | ᠲᠥᠷᠥ ᠶᠢᠨ ᠪᠣᠳᠣᠯᠭ᠎ᠠ ᠶᠢ ᠬᠠᠩᠭᠠᠵᠤ ᠥᠭᠭᠦᠨ᠎ᠡ᠃ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ ᠤᠨ | ᠲᠠᠪᠴᠠᠩ ᠤᠨ ᠦᠢᠯᠡᠴᠢᠯᠡᠭᠡᠨ ᠤ ᠰᠦᠢᠳᠭᠡᠯ᠂ ᠮᠡᠳᠡᠭᠡ ᠵᠠᠩᠭᠢ ᠶᠢᠨ ᠵᠠᠭᠤᠴᠢ ᠶᠢᠨ ᠰᠦᠢᠳᠭᠡᠯ᠂ ᠬᠤᠯᠪᠣᠭᠠᠯᠠᠯ ᠤᠨ | ᠬᠠᠮᠢᠶᠠᠷᠤᠯᠲᠠ ᠶᠢᠨ ᠰᠦᠢᠳᠭᠡᠯ ᠵᠡᠷᠭᠡ ᠵᠠᠷᠤᠳᠠᠯ ᠰᠦᠢᠳᠭᠡᠯ ᠤᠨ ᠪᠠᠷᠢᠮᠵᠢᠶ᠎ᠠ ᠪᠠᠨ ᠪᠠᠭᠤᠷᠠᠭᠤᠯᠬᠤ ᠶᠢ | ᠵᠣᠷᠢᠬᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠥᠴᠦᠨ ᠢ ᠳᠡᠮᠵᠢᠵᠦ ᠪᠠᠶᠢᠭᠠᠳ ᠰᠢᠭᠤᠳ | ᠨᠡᠪᠲᠡᠷᠡᠭᠦᠯᠭᠡ᠂ ᠰᠦᠯᠵᠢᠶ᠎ᠡ ᠪᠠᠷ ᠪᠣᠯᠵᠣᠵᠦ ᠲᠣᠬᠢᠷᠠᠭᠤᠯᠤᠨ ᠬᠦᠷᠭᠡᠬᠦ ᠵᠡᠷᠭᠡ ᠰᠢᠨ᠎ᠡ ᠠᠵᠢᠯ ᠣᠯᠭᠤᠯᠲᠠ ᠶᠢᠨ | ᠬᠡᠯᠪᠡᠷᠢ ᠪᠠᠶᠢᠳᠠᠯ ᠢ ᠡᠷᠬᠢᠯᠡᠨ ᠬᠢᠵᠦ ᠣᠷᠣᠯᠭ᠎ᠠ ᠪᠠᠨ ᠨᠡᠮᠡᠭᠳᠡᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ | ᠮᠦᠴᠢᠷ᠂ ᠨᠢᠭᠡᠴᠢ ᠬᠠᠷᠢᠭᠤᠴᠠᠨ᠎ᠠ︶ | ︵ᠭᠤᠷᠪᠠ︶ ᠦᠢᠯᠡᠰ ᠪᠣᠰᠬᠠᠬᠤ ᠪᠠ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠶᠢ ᠵᠣᠷᠢᠬᠵᠢᠭᠤᠯᠤᠨ᠎ᠠ᠃ | | 10.ᠦᠢᠯᠡᠰ ᠪᠣᠰᠬᠠᠬᠤ ᠬᠢᠵᠠᠭᠠᠷᠯᠠᠯ ᠢ ᠨᠢ ᠦᠨᠡᠨ ᠬᠦ ᠪᠠᠭᠠᠰᠬᠠᠨ᠎ᠠ᠃ ᠨᠤᠲᠤᠭ ᠲᠤ ᠪᠠᠨ ᠪᠤᠴᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ | ᠬᠤᠴᠤᠷᠤᠭᠰᠠᠳ ᠵᠡᠷᠭᠡ ᠬᠦᠮᠦᠰ ᠦᠢᠯᠡᠰ ᠪᠣᠰᠬᠠᠬᠤ ᠳᠤ᠂ ᠳᠠᠩᠰᠠᠯᠠᠨ ᠲᠡᠮᠳᠡᠭᠯᠡᠬᠦ ᠬᠢᠵᠠᠭᠠᠷᠯᠠᠯ ᠢ ᠨᠢ ᠪᠠᠭᠠᠰᠬᠠᠵᠤ᠂ | ᠦᠢᠯᠡᠴᠢᠯᠡᠭᠡᠨ ᠤ ᠴᠣᠪᠣᠷᠠᠯ ᠢ ᠨᠢ ᠴᠣᠮᠬᠠᠳᠬᠠᠨ᠂ ︽ᠣᠯᠠᠨ ᠦᠨᠡᠮᠯᠡᠯ ᠢ ᠨᠡᠶᠢᠯᠡᠬᠦᠯᠵᠦ ᠨᠢᠭᠡ ᠪᠤᠯᠭᠠᠬᠤ︾ ᠪᠠ | ︽ᠨᠢᠭᠡ ᠡᠵᠡᠩᠨᠡᠯᠲᠡ ᠶᠢᠨ ᠭᠠᠵᠠᠷ ᠲᠤ ᠣᠯᠠᠨ ᠦᠨᠡᠮᠯᠡᠯ ᠲᠠᠢ ᠪᠠᠶᠢᠯᠭᠠᠬᠤ︾᠂ ᠪᠥᠯᠥᠭᠵᠢᠨ ᠳᠠᠩᠰᠠᠯᠠᠬᠤ ᠵᠡᠷᠭᠡ | ᠳᠠᠩᠰᠠᠯᠠᠨ ᠲᠡᠮᠳᠡᠭᠯᠡᠬᠦ ᠠᠷᠭ᠎ᠠ ᠮᠠᠶ᠋ᠢᠭ ᠢ ᠠᠬᠢᠭᠤᠯᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠤᠨ ᠦᠢᠯᠡᠰ | ᠪᠣᠰᠬᠠᠬᠤ ᠲᠠᠯ᠎ᠠ ᠪᠠᠷ ᠬᠢ ᠵᠠᠰᠠᠭ ᠵᠠᠬᠢᠷᠭᠠᠨ ᠤ ᠵᠢᠴᠢ ᠵᠠᠰᠠᠭ ᠵᠠᠬᠢᠷᠭᠠᠨ ᠤ ᠪᠣᠰᠤ ᠵᠥᠪᠰᠢᠶᠡᠷᠡᠯ ᠤᠨ ᠬᠢᠨᠠᠨ | ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠨ᠂ ᠦᠢᠯᠡᠰ ᠪᠣᠰᠬᠠᠬᠤ ᠪᠡᠯᠡ ᠣᠷᠤᠭᠤᠯᠤᠯᠲᠠ ᠶᠢᠨ ᠲᠥᠷᠥᠯ | ᠵᠦᠢᠯ ᠳᠤ ᠤᠷᠢᠳᠠᠴᠢ ᠬᠢᠨᠠᠨ ᠵᠥᠪᠰᠢᠶᠡᠷᠡᠯ ᠬᠢᠬᠦ ᠶᠢ ᠪᠠᠭᠠᠰᠬᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ | ᠵᠡᠷᠭᠡ ᠦᠢᠯᠡᠰ ᠪᠣᠰᠬᠠᠭᠰᠠᠳ ᠤᠨ ᠭᠠᠵᠠᠷ ᠰᠢᠷᠤᠢ ︵ᠨᠤᠲᠤᠭ ᠪᠡᠯᠴᠢᠭᠡᠷ︶ ᠶᠢᠨ ᠳᠠᠭᠠᠭᠠᠴᠢᠯᠠᠨ ᠡᠵᠡᠩᠨᠡᠬᠦ ᠡᠷᠬᠡ᠂ | ᠣᠢ ᠰᠢᠭᠤᠢ ᠶᠢᠨ ᠡᠷᠬᠡ᠂ ᠦᠢᠯᠡᠳᠪᠦᠷᠢᠯᠡᠯ ᠮᠡᠷᠭᠡᠵᠢᠯ ᠵᠡᠷᠭᠡ ᠳᠤ ᠪᠠᠨ ᠥᠨ᠎ᠡ ᠲᠣᠭᠲᠠᠭᠠᠵᠤ ᠪᠡᠯᠡ ᠭᠠᠷᠭᠠᠬᠤ ᠪᠠᠷ | ᠳᠠᠮᠵᠢᠭᠤᠯᠤᠨ ᠮᠠᠯᠴᠢᠨ ᠲᠠᠷᠢᠶᠠᠴᠢᠨ ᠤ ᠬᠤᠷᠰᠢᠶ᠎ᠡ ᠪᠣᠶᠤ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ | ᠪᠠᠶᠢᠭᠤᠯᠬᠤ ᠶᠢ ᠵᠥᠪᠰᠢᠶᠡᠷᠡᠵᠦ᠂ ᠵᠣᠬᠢᠬᠤ ᠮᠠᠯᠵᠢᠯ ᠲᠠᠷᠢᠶᠠᠯᠠᠩ ᠤᠨ ᠲᠠᠯᠠᠪᠠᠢ ᠪᠠᠷ ᠢᠶᠠᠨ ᠰᠡᠯᠡᠭᠦᠴᠡᠨ ᠵᠤᠭᠠᠯᠠᠬᠤ | ᠦᠢᠯᠡᠴᠢᠯᠡᠭᠡ ᠶᠢ ᠬᠠᠪᠰᠤᠷᠭᠠᠨ ᠡᠵᠡᠩᠨᠡᠬᠦ ᠶᠢ ᠨᠢ ᠵᠥᠪᠰᠢᠶᠡᠷᠡᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ | ᠪᠣᠰᠬᠠᠭᠰᠠᠳ ᠬᠠᠮᠲᠤ ᠳᠤ ᠪᠠᠨ ᠡᠭᠦᠳᠬᠦ ᠶᠢ ᠵᠣᠷᠢᠬᠵᠢᠭᠤᠯᠤᠨ᠂ ᠬᠡᠪᠴᠢᠶᠡᠵᠢᠯ ᠲᠠᠢ ᠲᠠᠷᠢᠬᠤ ᠲᠡᠵᠢᠭᠡᠬᠦ ᠦᠷᠡᠵᠢᠭᠦᠯᠬᠦ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯᠵᠢᠬᠤ | ᠲᠠᠷᠢᠶᠠᠯᠠᠬᠤ ᠣᠷᠣᠨ ᠤ ᠦᠢᠯᠡᠴᠢᠯᠡᠭᠡᠨ ᠤ ᠦᠢᠯᠡᠰ ᠵᠢᠴᠢ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ | ᠳᠡᠯᠭᠡᠷᠡᠭᠦᠯᠬᠦ᠂ ᠣᠢ ᠶᠢᠨ ᠬᠤᠷᠮᠣᠢ ᠶᠢᠨ ᠠᠵᠤ ᠠᠬᠤᠢ᠂ ᠠᠷᠠᠯᠵᠢᠶᠠᠯᠠᠵᠤ ᠡᠵᠡᠩᠨᠡᠨ ᠪᠣᠷᠣᠯᠠᠭᠤᠯᠬᠤ᠂ ᠲᠠᠷᠢᠶᠠᠯᠠᠩ | ᠮᠠᠯ ᠠᠵᠤ ᠠᠬᠤᠢ ᠶᠢᠨ ᠬᠡᠷᠡᠭᠰᠡᠯ ᠢ ᠲᠣᠬᠢᠷᠠᠭᠤᠯᠤᠨ ᠬᠦᠷᠭᠡᠬᠦ᠂ ᠮᠡᠳᠡᠭᠡ ᠵᠠᠩᠭᠢ ᠶᠢᠨ ᠯᠠᠪᠯᠠᠭ᠎ᠠ ᠵᠡᠷᠭᠡ ᠶᠢᠨ | ᠲᠣᠭᠤᠷᠢᠨ ᠳᠤ ᠬᠤᠷᠰᠢᠯᠴᠠᠵᠤ ᠡᠵᠡᠩᠨᠡᠨ ᠪᠣᠷᠣᠯᠠᠭᠤᠯᠬᠤ ᠠᠷᠭ᠎ᠠ ᠵᠠᠮ ᠭᠠᠷᠭᠠᠵᠤ᠂ ᠣᠨᠴᠠᠯᠢᠭ ᠲᠠᠢ ᠨᠡᠷᠡᠲᠤ | ᠲᠡᠮᠳᠡᠭ ᠢ ᠬᠠᠮᠲᠤᠷᠠᠯᠴᠠᠨ ᠪᠠᠶᠢᠭᠤᠯᠬᠤ ᠪᠠ ᠵᠠᠬ᠎ᠠ ᠳᠡᠯᠭᠡᠭᠦᠷ ᠤᠨ ᠲᠥᠭᠰᠢᠭᠦᠷᠢ ᠶᠢ ᠲᠠᠷᠬᠠᠭᠠᠨ ᠵᠠᠶᠢᠯᠠᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ | ᠣᠷᠳᠣᠨ ᠬᠠᠷᠢᠭᠤᠴᠠᠨ᠎ᠠ︶ | 11.ᠦᠢᠯᠡᠰ ᠪᠣᠰᠬᠠᠭᠰᠠᠳ ᠤᠨ ᠭᠠᠵᠠᠷ ᠬᠡᠷᠡᠭᠯᠡᠬᠦ ᠳᠤ ᠳᠥᠭᠦᠮ ᠦᠵᠡᠭᠦᠯᠦᠨ᠎ᠡ᠃ ᠡᠯ᠎ᠡ ᠭᠠᠵᠠᠷ ᠣᠷᠣᠨ ᠨᠢ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ | ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠦᠢᠯᠡᠰ ᠪᠣᠰᠬᠠᠬᠤ ᠳᠤ ᠬᠡᠷᠡᠭᠯᠡᠬᠦ | ᠭᠠᠵᠠᠷ ᠢ ᠨᠢ ᠬᠤᠲᠠ ᠬᠦᠳᠡᠭᠡ ᠶᠢ ᠬᠥᠭᠵᠢᠭᠦᠯᠬᠦ᠂ ᠰᠢᠨ᠎ᠡ ᠬᠥᠳᠡᠭᠡ ᠲᠤᠰᠬᠤᠨ ᠢ ᠪᠦᠲᠦᠭᠡᠨ ᠪᠠᠶᠢᠭᠤᠯᠬᠤ ᠶᠡᠷᠦᠩᠬᠡᠢ | ᠲᠥᠯᠥᠪᠵᠢᠭᠦᠯᠭᠡ ᠪᠠ ᠲᠣᠰᠬᠤᠨ ᠪᠠᠯᠭᠠᠰᠣ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠳᠤ ᠣᠷᠤᠭᠤᠯᠤᠨ᠂ | ᠰᠠᠭᠤᠷᠢ ᠪᠠᠯᠡᠳᠭᠡᠮᠵᠢ ᠵᠢᠴᠢ ᠲᠥᠬᠦᠷᠵᠢᠭᠦᠯᠬᠦ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠦᠢᠯᠡᠰ ᠪᠣᠰᠬᠠᠬᠤ | ᠣᠷᠴᠢᠨ ᠨᠦᠬᠦᠴᠡᠯ ᠢ ᠨᠢ ᠢᠳᠡᠪᠬᠢᠲᠡᠢ ᠪᠠᠷ ᠰᠠᠶᠢᠵᠢᠷᠠᠭᠤᠯᠤᠨ᠎ᠠ᠃ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠰᠤᠯᠠᠯᠠᠵᠤ ᠭᠠᠷᠭᠠᠭᠰᠠᠨ | ᠭᠦᠢᠴᠡᠳᠭᠡᠯ ᠲᠤᠭ᠎ᠠ ᠶᠢ ᠨᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ | ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠦᠢᠯᠡᠰ | ᠪᠣᠰᠬᠠᠬᠤ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠳᠤ ᠬᠡᠷᠡᠭᠯᠡᠬᠦ ᠬᠡᠷᠡᠭᠲᠡᠢ︔ ᠨᠡᠮᠡᠭᠳᠡᠬᠦ ᠪᠠ | ᠬᠠᠰᠤᠭᠳᠠᠬᠤ ᠶᠢ ᠬᠤᠯᠪᠣᠭᠳᠠᠭᠤᠯᠬᠤ ᠳᠤ ᠰᠤᠯᠠᠯᠠᠵᠤ ᠭᠠᠷᠭᠠᠭᠰᠠᠨ ᠭᠦᠢᠴᠡᠳᠭᠡᠯ ᠲᠤᠭ᠎ᠠ ᠨᠢ ᠭᠦᠷᠦᠯᠴᠡᠬᠦ ᠦᠭᠡᠢ | ᠪᠠᠶᠢᠪᠠᠯ᠂ ᠪᠦᠲᠦᠭᠡᠨ ᠪᠠᠶᠢᠭᠤᠯᠬᠤ ᠳᠤ ᠬᠡᠷᠡᠭᠯᠡᠬᠦ ᠰᠢᠨ᠎ᠡ ᠨᠡᠮᠡᠭᠳᠡᠭᠰᠡᠨ ᠭᠦᠢᠴᠡᠳᠭᠡᠯ ᠲᠤᠭ᠎ᠠ ᠪᠠᠨ ᠨᠢᠭᠡᠳᠦᠯᠲᠡᠢ | ᠲᠥᠯᠥᠪᠯᠡᠨ ᠲᠣᠬᠢᠷᠠᠭᠤᠯᠵᠤ ᠪᠣᠯᠣᠨ᠎ᠠ︔ ᠠᠰᠢᠭᠯᠠᠭᠠᠳᠤᠢ ᠭᠠᠵᠠᠷ ᠢ ᠡᠵᠡᠯᠡᠨ ᠭᠡᠷᠡᠭᠯᠡᠵᠦ ᠪᠠᠶᠢᠭᠠᠳ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠪᠦᠲᠦᠭᠡᠨ | ᠪᠠᠶᠢᠭᠤᠯᠬᠤ ᠳᠤ᠂ ᠭᠠᠵᠠᠷ ᠰᠢᠷᠤᠢ ᠶᠢᠨ ᠲᠥᠯᠥᠪᠦᠷᠢᠲᠡᠢ ᠰᠢᠯᠵᠢᠭᠦᠯᠦᠭᠰᠡᠨ ᠪᠡᠯᠡ ᠮᠦᠩᠭᠦ ᠶᠢ ᠪᠠᠶᠢᠭ᠎ᠠ ᠣᠷᠣᠨ | ᠪᠦᠰᠡ ᠶᠢᠨ ᠭᠠᠵᠠᠷ ᠤᠨ ᠰᠠᠭᠤᠷᠢ ᠪᠠᠷᠢᠮᠵᠢᠶᠠᠲᠤ ᠥᠨ᠎ᠡ ᠪᠠ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ | ᠲᠥᠯᠥᠪᠦᠷᠢᠲᠡᠢ ᠰᠢᠯᠵᠢᠭᠦᠯᠵᠦ ᠪᠠᠶᠢᠬᠤ ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ ᠵᠡᠷᠭᠡ ᠪᠠᠷ ᠯᠠᠪᠯᠠᠯᠲᠠ ᠪᠣᠯᠭᠠᠨ | ᠲᠥᠯᠥᠪᠦᠷᠢᠲᠡᠢ ᠰᠢᠯᠵᠢᠭᠦᠯᠬᠦ ᠰᠠᠭᠤᠷᠢ ᠦᠨ᠎ᠡ ᠶᠢ ᠲᠣᠭᠲᠠᠭᠠᠵᠤ ᠪᠣᠯᠣᠨ᠎ᠠ᠃ ᠭᠠᠵᠠᠷ ᠲᠠᠷᠢᠶ᠎ᠠ ᠨᠤᠲᠤᠭ | ᠪᠡᠯᠴᠢᠭᠡᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠬᠢᠯᠳᠦᠭᠦᠯᠬᠦ ᠬᠡᠯᠪᠡᠷᠢ ᠮᠠᠶ᠋ᠢᠭ ᠲᠤ ᠰᠢᠨ᠎ᠡ ᠶᠢ ᠡᠭᠦᠳᠴᠦ᠂ | ᠮᠠᠯᠴᠢᠨ ᠲᠠᠷᠢᠶᠡᠴᠢᠳ ᠤᠨ ᠬᠠᠤᠯᠢ ᠶᠣᠰᠤᠭᠠᠷ ᠰᠢᠯᠵᠢᠭᠦᠯᠦᠨ ᠥᠭᠬᠦ᠂ ᠲᠥᠷᠢᠶᠡᠰᠦᠯᠡᠬᠦ ᠪᠠ ᠬᠤᠪᠢ ᠣᠷᠤᠭᠤᠯᠬᠤ | ᠬᠡᠯᠪᠡᠷᠢ ᠮᠠᠶ᠋ᠢᠭ ᠢᠶᠠᠷ ᠳᠠᠭᠠᠭᠠᠴᠢᠯᠠᠭᠰᠠᠨ ᠭᠠᠵᠠᠷ ᠲᠠᠷᠢᠶ᠎ᠠ ᠨᠤᠲᠤᠭ ᠪᠡᠯᠴᠢᠭᠡᠷ ᠢᠶᠠᠨ ᠰᠢᠯᠵᠢᠭᠦᠯᠦᠨ ᠡᠷᠬᠢᠯᠳᠦᠭᠦᠯᠬᠦ ᠶᠢ | ᠵᠣᠷᠢᠬᠵᠢᠭᠤᠯᠤᠨ᠂ ᠮᠠᠯᠴᠢᠨ ᠲᠠᠷᠢᠶᠠᠴᠢᠨ ᠤ ᠰᠠᠶᠢᠨ ᠳᠤᠷ᠎ᠠ ᠠᠴᠠ ᠪᠠᠶᠢᠬᠤ ᠤᠷᠢᠳᠠᠯ ᠳᠣᠣᠷ᠎ᠠ ᠭᠠᠵᠠᠷ ᠰᠢᠷᠤᠢ ᠪᠠᠨ | ᠬᠠᠷᠢᠯᠴᠠᠨ ᠰᠣᠯᠢᠯᠴᠠᠨ ᠨᠡᠶᠢᠯᠡᠭᠦᠯᠬᠦ ᠠᠷᠭ᠎ᠠ ᠮᠠᠶ᠋ᠢᠭ ᠢ ᠠᠪᠴᠤ ᠪᠠᠶᠢᠭᠠᠳ ᠳᠠᠭᠠᠭᠠᠴᠢᠯᠠᠭᠰᠠᠨ ᠭᠠᠵᠠᠷ ᠰᠢᠷᠤᠢ ᠶᠢᠨ | ᠬᠡᠰᠡᠭᠯᠡᠨ ᠬᠦᠷᠢᠶᠡᠯᠡᠵᠦ ᠪᠠᠶᠢᠭ᠎ᠠ ᠠᠰᠠᠭᠤᠳᠠᠯ ᠢᠶᠠᠨ ᠰᠢᠢᠳᠪᠦᠷᠢᠯᠡᠬᠦ ᠶᠢ ᠵᠣᠷᠢᠬᠵᠢᠭᠤᠯᠤᠨ᠎ᠠ᠃ ᠲᠥᠷᠢᠶᠡᠰᠦᠯᠡᠬᠦ ᠵᠡᠷᠭᠡ | ᠰᠢᠯᠵᠢᠭᠦᠯᠦᠨ ᠡᠷᠬᠢᠯᠳᠦᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠲᠤ ᠨᠡᠶᠢᠲᠡ ᠶᠢᠨ ᠭᠠᠵᠠᠷ ᠰᠢᠷᠤᠢ ᠶᠢᠨ | ᠡᠵᠡᠩᠨᠡᠯᠲᠡ ᠶᠢᠨ ᠡᠷᠬᠡ ᠶᠢ ᠣᠯᠵᠤ ᠲᠠᠷᠢᠵᠤ ᠲᠡᠵᠢᠭᠡᠬᠦ ᠦᠢᠯᠡᠰ ᠢ ᠬᠦᠭᠵᠢᠭᠦᠯᠬᠦ ᠳᠤ᠂ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠰᠢᠨᠵᠢ ᠴᠢᠨᠠᠷ ᠪᠠ ᠬᠡᠷᠡᠭᠴᠡᠭᠡ ᠶᠢ ᠨᠢ ᠦᠯᠦ ᠬᠤᠪᠢᠷᠠᠭᠤᠯᠤᠭᠰᠠᠨ ᠪᠣᠯ᠂ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠲᠥᠷᠥ ᠶᠢᠨ ᠪᠣᠳᠣᠯᠭ᠎ᠠ ᠶᠣᠰᠤᠭᠠᠷ ᠬᠠᠮᠢᠶ᠎ᠠ ᠪᠦᠬᠦᠢ ᠬᠤᠷᠢᠶᠠᠬᠤ ᠰᠦᠢᠳᠭᠡᠯ ᠢ ᠨᠢ ᠬᠡᠯᠲᠦᠷᠢᠭᠦᠯᠦᠨ᠎ᠡ᠃ | ᠭᠠᠴᠠᠭ᠎ᠠ ᠲᠤᠰᠬᠤᠨ ᠤ ᠬᠠᠮᠲᠤ ᠶᠢᠨ ᠬᠢᠨ ᠤ ᠬᠠᠤᠯᠢ ᠪᠠ ᠲᠣᠭᠲᠠᠭᠠᠯ ᠶᠣᠰᠤᠭᠠᠷ ᠮᠠᠯᠵᠢᠬᠤ ᠲᠠᠷᠢᠶᠠᠯᠠᠬᠤ ᠣᠷᠣᠨ ᠤ | ᠰᠤᠯᠠ ᠲᠠᠯᠪᠢᠭ᠎ᠠ ᠭᠡᠷ ᠪᠠᠶᠢᠰᠢᠩ᠂ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠠᠲᠠᠷ ᠭᠠᠵᠠᠷ᠂ | ᠣᠶᠢᠲᠤ ᠭᠠᠵᠠᠷ ᠪᠠ ᠤᠰᠤ ᠵᠡᠷᠭᠡ ᠶᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ | ᠤᠷᠢᠳ ᠢᠶᠠᠷ ᠳᠠᠭᠠᠭᠠᠴᠢᠯᠠᠭᠤᠯᠵᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ | ᠭᠤᠣᠯ ᠴᠣᠭᠴᠠ ᠡᠷᠬᠢᠯᠡᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ | ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | 12.ᠦᠢᠯᠡᠰ ᠪᠣᠰᠬᠠᠬᠤ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠦᠵᠡᠬᠦᠯᠬᠦ ᠪᠠᠨ ᠴᠢᠩᠭᠠᠷᠠᠭᠤᠯᠤᠨ᠎ᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ | ᠵᠡᠷᠭᠡ ᠶᠢᠨ ᠦᠢᠯᠡᠰ ᠪᠣᠰᠬᠠᠬᠤ ᠶᠢ ᠨᠢ ᠳᠡᠮᠵᠢᠨ᠎ᠠ᠃ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠢ ᠶᠡᠬᠡᠪᠡᠷ ᠳᠡᠯᠭᠡᠷᠡᠭᠦᠯᠦᠨ᠂ ︽ᠵᠠᠰᠠᠭ ᠤᠨ ᠣᠷᠳᠣᠨ + ᠪᠠᠩᠭᠢ + ᠳᠠᠭᠠᠳᠬᠠᠯ︾ ᠵᠡᠷᠭᠡ | ᠪᠡᠯᠡ ᠲᠣᠬᠢᠷᠠᠭᠤᠯᠬᠤ ᠬᠡᠪ ᠵᠠᠭᠪᠤᠷ ᠢ ᠰᠥᠪᠡᠭᠴᠢᠯᠡᠵᠦ᠂ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ | ᠲᠥᠷᠥ ᠶᠢᠨ ᠪᠣᠳᠣᠯᠭ᠎ᠠ ᠶᠢ ᠥᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠪᠡᠯᠡ ᠲᠣᠬᠢᠷᠠᠭᠤᠯᠬᠤ ᠳᠤ ᠳᠠᠭᠠᠭᠠᠯᠲᠠ ᠬᠢᠬᠦ | ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠦᠨ᠂ ᠳᠠᠭᠠᠭᠠᠯᠲᠠ ᠬᠢᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠭᠡᠳᠡᠷᠭᠦ ᠳᠠᠭᠠᠭᠠᠯᠲᠠ ᠬᠢᠬᠦ ᠬᠢᠵᠠᠭᠠᠷᠯᠠᠯ ᠢ ᠪᠠᠭᠠᠰᠬᠠᠨ᠎ᠠ᠃ ᠨᠦᠬᠦᠴᠡᠯ ᠳᠤ ᠨᠡᠶᠢᠴᠡᠭᠰᠡᠨ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ | ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ | ᠭᠤᠶᠤᠴᠢᠯᠠᠬᠤ ᠳᠤ᠂ ᠵᠢᠭᠡᠯᠡᠯᠭᠡ ᠶᠢᠨ ᠵᠣᠭᠤᠰ ᠨᠢ ᠬᠠᠮᠤᠭ ᠤᠨ ᠦᠨᠳᠦᠷ ᠲᠤ ᠪᠠᠨ 20 ᠲᠦᠮᠡᠨ ᠲᠥᠭᠦᠷᠢᠭ ᠠᠴᠠ | ᠬᠡᠲᠦᠷᠡᠵᠦ ᠪᠣᠯᠬᠤ ᠦᠭᠡᠢ᠂ ᠵᠢᠭᠡᠯᠡᠯᠭᠡ ᠠᠪᠤᠭᠰᠠᠨ ᠴᠠᠭ ᠬᠤᠭᠤᠴᠠᠭ᠎ᠠ ᠨᠢ 3 ᠵᠢᠯ ᠠᠴᠠ ᠬᠡᠲᠦᠷᠡᠵᠦ ᠪᠣᠯᠬᠤ ᠦᠭᠡᠢ᠃ | ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠵᠣᠭᠤᠰ | ᠵᠢᠭᠡᠯᠡᠭᠰᠡᠳ ᠬᠤᠷᠰᠢᠯᠴᠠᠵᠤ ᠦᠢᠯᠡᠰ ᠪᠣᠰᠬᠠᠬᠤ ᠪᠣᠯ ᠬᠤᠷᠰᠢᠯᠴᠠᠵᠤ ᠦᠢᠯᠡᠰ ᠪᠣᠰᠬᠠᠬᠤ ᠬᠦᠮᠦᠨ ᠤ ᠲᠤᠭ᠎ᠠ ᠶᠢ ᠨᠢ | ᠦᠨᠳᠦᠰᠦᠯᠡᠨ ᠵᠢᠭᠡᠯᠡᠯᠭᠡ ᠶᠢᠨ ᠵᠣᠭᠤᠰᠤᠨ ᠤ ᠲᠤᠭ᠎ᠠ ᠶᠢ ᠨᠢ ᠵᠣᠬᠢᠰᠲᠠᠢ ᠪᠠᠷ ᠳᠡᠭᠡᠭᠰᠢᠯᠡᠭᠦᠯᠦᠨ ᠥᠭᠴᠦ ᠪᠣᠯᠣᠨ᠎ᠠ᠂ | ᠬᠠᠮᠤᠭ ᠦᠨᠳᠦᠷ ᠲᠤ ᠪᠠᠨ ᠨᠦᠬᠦᠴᠡᠯ ᠳᠤ ᠨᠡᠶᠢᠴᠡᠭᠰᠡᠨ ᠬᠤᠪᠢ ᠬᠦᠮᠦᠨ ᠤ ᠵᠢᠭᠡᠯᠡᠯᠭᠡ ᠶᠢᠨ ᠵᠣᠭᠤᠰᠤᠨ ᠤ ᠪᠦᠬᠦ | ᠲᠤᠭ᠎ᠠ ᠶᠢᠨ 10% ᠠᠴᠠ ᠬᠡᠲᠦᠷᠡᠭᠦᠯᠵᠦ ᠪᠣᠯᠬᠤ ᠦᠭᠡᠢ᠃ ᠰᠢᠨ᠎ᠡ ᠣᠯᠭᠤᠵᠤ ᠥᠭᠭᠦᠭᠰᠡᠨ 10 ᠲᠦᠮᠡᠨ | ᠲᠥᠭᠦᠷᠢᠭ ᠵᠢᠴᠢ ᠲᠡᠭᠦᠨ ᠠᠴᠠ ᠪᠠᠭ᠎ᠠ ᠪᠠᠶᠢᠬᠤ ᠬᠤᠪᠢ ᠬᠦᠮᠦᠨ ᠤ ᠦᠢᠯᠡᠰ ᠪᠣᠰᠬᠠᠬᠤ ᠳᠠᠭᠠᠭᠠᠯᠲᠠ ᠲᠠᠢ | ᠵᠢᠭᠡᠯᠡᠯᠭᠡ ᠶᠢᠨ ᠵᠣᠭᠤᠰ ᠵᠢᠴᠢ ᠪᠦᠬᠦ ᠤᠯᠤᠰ ᠤᠨ ᠦᠢᠯᠡᠰ ᠪᠣᠰᠬᠠᠬᠤ ᠨᠡᠪᠴᠢᠭᠦᠯᠦᠭᠦᠷ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠣᠶᠤ ᠢᠲᠡᠭᠡᠮᠵᠢᠲᠦ ᠨᠡᠶᠢᠭᠡᠮ ᠲᠣᠭᠤᠷᠢᠭ ︵ᠰᠢᠶᠠᠩ ᠲᠤᠰᠬᠤᠨ︶ ᠤᠨ ᠲᠠᠨᠢᠯᠴᠠᠭᠤᠯᠤᠭᠰᠠᠨ | ᠦᠢᠯᠡᠰ ᠪᠣᠰᠬᠠᠬᠤ ᠲᠥᠷᠥᠯ ᠵᠦᠢᠯ᠂ ᠠᠶᠢᠮᠠᠭ ᠬᠤᠲᠠ ᠶᠢᠨ ᠳᠡᠰ ᠠᠴᠠ ᠳᠡᠭᠡᠭᠰᠢᠬᠢ ᠢᠷᠠᠭᠤ ᠠᠯᠳᠠᠷ ᠤᠨ ᠴᠤᠯᠠ | ᠣᠯᠣᠭᠰᠠᠨ ᠦᠢᠯᠡᠰ ᠪᠣᠰᠬᠠᠭᠴᠢ᠂ ᠦᠢᠯᠡᠰ ᠪᠣᠰᠬᠠᠬᠤ ᠲᠥᠷᠥᠯ ᠵᠦᠢᠯ᠂ ᠦᠢᠯᠡᠰ ᠪᠣᠰᠬᠠᠬᠤ ᠠᠵᠤ ᠠᠬᠤᠶᠢᠯᠠᠯ᠂ | ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠦᠨᠡᠯᠡᠨ ᠵᠢᠱᠢᠯᠲᠡ ᠬᠢᠯᠭᠡᠵᠦ ᠮᠠᠭᠠᠳᠯᠠᠨ ᠲᠣᠭᠲᠠᠭᠠᠯᠭᠠᠭᠰᠠᠨ | ᠢᠲᠡᠭᠡᠮᠵᠢᠲᠦ ᠵᠢᠵᠢᠭ ᠪᠢᠴᠢᠯ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ᠂ ᠲᠠᠷᠢᠶᠠᠴᠢᠨ ᠡᠷᠦᠬᠡ᠂ | ᠡᠵᠡᠩᠨᠡᠯᠲᠡ ᠨᠢ ᠲᠣᠭᠲᠠᠭᠤᠨ ᠪᠦᠭᠡᠳ ᠢᠲᠡᠭᠡᠮᠵᠢᠲᠡᠢ ᠪᠠᠶᠢᠬᠤ ᠬᠤᠶᠠᠳᠠᠭᠢ ᠤᠳᠠᠭ᠎ᠠ ᠦᠢᠯᠡᠰ ᠪᠣᠰᠬᠠᠭᠰᠠᠳ ᠵᠡᠷᠭᠡ | ᠣᠨᠴᠠᠭᠠᠢ ᠬᠥᠮᠦᠰ ᠤᠨ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠨᠢ ᠬᠦᠴᠦᠨ ᠦᠭᠡᠢ ᠪᠣᠯᠭᠠᠨ᠎ᠠ᠃ | ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | | 13.ᠨᠡᠶᠢᠭᠡᠮ ᠤᠨ ᠪᠠᠲᠤᠯᠠᠭ᠎ᠠ ᠪᠠ ᠴᠢᠳᠠᠪᠤᠷᠢᠲᠠᠨ ᠤ ᠳᠡᠮᠵᠢᠯᠭᠡ ᠶᠢ ᠴᠢᠩᠭᠠᠳᠬᠠᠨ᠎ᠠ᠃ ᠣᠷᠣᠨ | ᠰᠠᠭᠤᠴᠠ ᠪᠠᠷ ᠲᠤᠰᠠᠯᠠᠵᠤ ᠬᠠᠪᠰᠤᠷᠬᠤ ᠪᠠ ᠣᠷᠣᠨ ᠰᠠᠭᠤᠴᠠ ᠶᠢᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ | ᠤᠯᠤᠰ ᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠭᠡᠬᠦ | ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠨᠤᠲᠤᠭ ᠲᠤ ᠪᠠᠨ ᠪᠤᠴᠠᠭᠰᠠᠨ ᠪᠠ ᠨᠤᠲᠤᠭ ᠲᠤ ᠪᠠᠨ ᠬᠤᠴᠣᠷᠴᠤ ᠦᠢᠯᠡᠰ | ᠪᠣᠰᠬᠠᠭᠰᠠᠳ ᠢ ᠲᠤᠰ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠨᠢ | ᠥᠭᠡᠷᠡᠴᠢᠯᠡᠨ ᠰᠢᠨᠡᠳᠭᠡᠬᠦ ᠬᠦᠮᠦᠰ ᠢᠶᠠᠷ ᠵᠢᠭᠰᠠᠭᠠᠨ ᠣᠷᠤᠭᠤᠯᠤᠨ᠎ᠠ︔ ᠬᠤᠲᠠ ᠪᠠᠯᠭᠠᠰᠤᠨ ᠳᠤ ᠠᠵᠢᠯ ᠣᠯᠵᠤ | ᠦᠢᠯᠡᠰ ᠪᠣᠰᠬᠠᠭᠰᠠᠨ ᠨᠤᠲᠤᠭ ᠲᠤ ᠪᠠᠨ ᠪᠤᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ | ᠬᠦᠴᠦᠨ ᠨᠢ ᠲᠤᠰ ᠭᠠᠵᠠᠷ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠦᠬᠦᠴᠡᠯ ᠳᠤ ᠨᠡᠶᠢᠴᠡᠭᠰᠡᠨ ᠪᠣᠯ ᠬᠤᠲᠠ | ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠤᠨ᠎ᠠ᠂ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠪᠠ ᠡᠩ ᠤᠨ ᠲᠠᠸᠠᠷ ᠤᠨ ᠭᠡᠷ ᠬᠤᠳᠠᠯᠳᠤᠨ ᠠᠪᠤᠭᠰᠠᠨ ᠪᠣᠯ ᠭᠡᠷᠡᠲᠦ ᠭᠠᠶᠢᠯᠢ᠂ ᠲᠡᠮᠳᠡᠭᠲᠦ ᠶᠢᠨ | ᠭᠠᠶᠢᠯᠢ ᠶᠢ ᠨᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠤᠭᠠᠷ | ᠨᠠᠶᠢᠳᠠᠪᠤᠷᠢᠵᠢᠭᠤᠯᠤᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ | ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠣᠭᠰᠠᠳ ᠵᠡᠷᠭᠡ ᠦᠢᠯᠡᠰ ᠪᠣᠰᠬᠠᠭᠰᠠᠳ ᠤᠨ | ᠲᠥᠪᠯᠡᠷᠡᠭᠰᠡᠨ ᠡᠯ᠎ᠡ ᠲᠥᠷᠥᠯ ᠤᠨ ᠠᠵᠤ ᠦᠢᠯᠡᠰ ᠤᠨ ᠬᠥᠷᠢᠶᠡᠯᠡᠩ ᠲᠣᠭᠤᠷᠢᠭ ᠲᠤ ᠲᠥᠷᠢᠶᠡᠰᠦᠯᠡᠬᠦ ᠬᠡᠯᠪᠡᠷᠢ ᠶᠢᠨ | ᠪᠠᠲᠤᠯᠠᠭᠠᠲᠤ ᠭᠡᠷ ᠪᠠᠶᠢᠰᠢᠩ ᠪᠠᠷᠢᠬᠤ ᠶᠢ ᠳᠡᠮᠵᠢᠨ᠎ᠡ᠃ ᠨᠡᠶᠢᠭᠡᠮ ᠤᠨ ᠳᠠᠭᠠᠳᠬᠠᠯ ᠤᠨ ᠭᠦᠢᠴᠡᠳᠭᠡᠬᠦ ᠴᠤᠪᠤᠷᠠᠯ ᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠭᠦᠢᠴᠡᠳᠭᠡᠬᠦ ᠴᠠᠭ ᠢ ᠨᠢ ᠪᠣᠭᠤᠨᠢᠰᠬᠠᠵᠤ᠂ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ | ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ ᠨᠡᠶᠢᠭᠡᠮ ᠤᠨ ᠳᠠᠭᠠᠳᠬᠠᠯ ᠤᠨ | ᠬᠠᠷᠢᠴᠠᠭ᠎ᠠ ᠪᠠᠨ ᠰᠢᠯᠵᠢᠭᠦᠯᠵᠦ ᠦᠷᠭᠦᠯᠵᠢᠯᠡᠭᠦᠯᠬᠦ ᠳᠤ ᠴᠠᠭ ᠲᠤᠬᠠᠢ ᠳᠤ ᠨᠢ ᠬᠦᠴᠦᠨ ᠪᠦᠬᠦᠢ ᠦᠢᠯᠡᠴᠢᠯᠡᠭᠡ ᠶᠢ | ᠬᠠᠩᠭᠠᠨ᠂ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠪᠠᠶᠢᠭᠠᠳ ᠠᠵᠢᠯᠲᠠᠳ ᠢᠶᠠᠨ ᠠᠵᠢᠯ ᠠᠴᠠ ᠪᠣᠯᠣᠭᠰᠠᠨ | ᠭᠡᠮᠳᠦᠯ ᠤᠨ ᠳᠠᠭᠠᠳᠬᠠᠯ ᠳᠤ ᠬᠠᠤᠯᠢ ᠲᠣᠭᠲᠠᠭᠠᠯ ᠶᠣᠰᠤᠭᠠᠷ ᠣᠷᠣᠯᠴᠠᠭᠤᠯᠤᠨ᠎ᠠ᠃ ᠠᠵᠤ ᠦᠢᠯᠡᠳᠪᠦᠷᠢ | ᠬᠤᠳᠠᠯᠳᠤᠭᠠᠨ ᠤ ᠬᠦᠷᠦᠩᠭᠡ ᠶᠢ ᠵᠣᠷᠢᠬᠵᠢᠭᠤᠯᠵᠤ ᠪᠠᠶᠢᠭᠠᠳ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ | ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ | ᠦᠢᠯᠡᠰ ᠪᠣᠰᠬᠠᠬᠤ ᠶᠢ ᠨᠢ ᠳᠡᠮᠵᠢᠬᠦ ᠳᠤ ᠣᠷᠣᠯᠴᠠᠭᠤᠯᠤᠨ᠎ᠠ᠃ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠪᠠ ᠦᠨᠳᠦᠷ ᠤᠷ᠎ᠠ ᠴᠢᠳᠠᠪᠤᠷᠢ ᠶᠢᠨ ᠴᠢᠳᠠᠪᠤᠷᠢᠲᠠᠨ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠣᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ | ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠳᠤ ᠠᠵᠢᠯ ᠣᠯᠬᠤ ᠪᠣᠶᠤ | ᠲᠤᠰᠢᠶᠠᠯ ᠬᠠᠪᠰᠤᠷᠭᠠᠬᠤ ᠶᠢ ᠵᠣᠷᠢᠬᠵᠢᠭᠤᠯᠬᠤ ᠪᠠ ᠬᠥᠲᠥᠯᠥᠨ ᠵᠢᠯᠣᠭᠤᠳᠤᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | | 14.ᠦᠢᠯᠡᠰ ᠪᠣᠰᠬᠠᠬᠤ ᠦᠢᠯᠡᠴᠢᠯᠡᠭᠡᠨ ᠤ ᠳᠥᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠦᠢᠯᠡᠰ | ᠪᠣᠰᠬᠠᠬᠤ ᠵᠢᠯᠣᠭᠤᠳᠤᠭᠴᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯᠲᠠᠨ᠂ | ᠰᠢᠨᠵᠢᠯᠡᠬᠦ ᠤᠬᠠᠭᠠᠨ ᠤ ᠲᠧᠭᠨᠢᠭ ᠮᠡᠷᠭᠡᠵᠢᠯ ᠤᠨ ᠠᠵᠢᠯᠲᠡᠳ᠂ ᠦᠢᠯᠡᠰ ᠪᠣᠰᠬᠠᠵᠤ ᠠᠮᠵᠢᠯᠲᠠ ᠣᠯᠣᠭᠰᠠᠳ | ᠵᠡᠷᠭᠡ ᠶᠢ ᠦᠢᠯᠡᠰ ᠪᠣᠰᠬᠠᠬᠤ ᠦᠢᠯᠡᠴᠢᠯᠡᠭᠡᠨ ᠤ ᠲᠤᠰᠬᠠᠢ ᠮᠡᠷᠭᠡᠵᠢᠯᠲᠡᠨ ᠤ ᠪᠥᠯᠬᠦᠮ ᠪᠣᠯᠣᠨ ᠮᠠᠯᠵᠢᠬᠤ ᠲᠠᠷᠢᠶᠠᠯᠠᠬᠤ | ᠣᠷᠣᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠯᠣᠭᠤᠳᠤᠭᠴᠢ ᠪᠠᠭᠰᠢ ᠶᠢᠨ ᠡᠩᠨᠡᠭᠡ ᠶᠢ ᠵᠣᠬᠢᠶᠠᠨ | ᠪᠠᠶᠢᠭᠤᠯᠵᠤ ᠵᠣᠬᠢᠴᠠᠭᠤᠯᠵᠤ ᠪᠠᠶᠢᠭᠠᠳ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ | ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ ᠡᠵᠡᠩᠨᠡᠯᠲᠡ ᠪᠠᠨ ᠡᠬᠢᠯᠡᠭᠦᠯᠭᠦ ᠳᠤ ᠵᠢᠯᠣᠭᠤᠳᠤᠯᠭ᠎ᠠ ᠬᠢᠬᠦ ᠵᠡᠷᠭᠡ | ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | | 15.ᠭᠠᠶᠢᠯᠢ ᠵᠠᠷᠤᠳᠠᠯ ᠢ ᠨᠢ ᠭᠦᠩᠬᠡᠯᠡᠵᠦ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠶᠢ ᠬᠠᠤᠯᠢ ᠶᠣᠰᠤᠭᠠᠷ ᠭᠦᠢᠴᠡᠳᠭᠡᠭᠰᠡᠨ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ | ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠵᠤ ᠡᠷᠬᠢᠯᠡᠭᠰᠡᠨ ᠠᠵᠤ | ᠠᠬᠤᠶᠢᠯᠠᠯ ᠪᠠ ᠭᠡᠷ ᠪᠦᠯᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠪᠠᠭ᠎ᠠ ᠬᠡᠪᠴᠢᠶᠡᠨ ᠤ ᠭᠠᠶᠢᠯᠢ | ᠲᠤᠰᠢᠶᠠᠭᠴᠢ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠤᠭᠠᠷ ᠵᠢᠵᠢᠭ ᠪᠢᠴᠢᠯ ᠠᠵᠤ | ᠠᠬᠤᠶᠢᠯᠠᠯ ᠤᠨ ᠭᠠᠶᠢᠯᠢ ᠵᠠᠷᠤᠳᠠᠯ ᠢ ᠨᠢ ᠭᠦᠩᠬᠡᠯᠡᠵᠦ ᠬᠡᠯᠲᠦᠷᠢᠭᠦᠯᠬᠦ ᠪᠠ ᠦᠢᠯᠡᠰ ᠪᠣᠰᠬᠠᠬᠤ ᠶᠢ ᠨᠢ ᠳᠡᠳᠬᠦᠬᠦ | ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠨᠦᠬᠦᠴᠡᠯ ᠳᠤ ᠨᠡᠶᠢᠴᠡᠵᠦ ᠪᠠᠶᠢᠭ᠎ᠠ ᠨᠤᠲᠤᠭ ᠲᠤ ᠪᠠᠨ ᠪᠤᠴᠠᠭᠰᠠᠨ | ᠮᠠᠯᠴᠢᠨ ᠲᠠᠷᠢᠶᠠᠴᠢᠨ ᠬᠦᠴᠦ ᠶᠠᠪᠣᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ | ᠬᠤᠴᠤᠷᠤᠭᠰᠠᠳ ᠵᠡᠷᠭᠡ ᠦᠢᠯᠡᠰ ᠪᠣᠰᠬᠠᠭᠴᠢᠳ ᠲᠤ ᠲᠣᠭᠲᠠᠭᠠᠯ ᠶᠣᠰᠤᠭᠠᠷ ᠭᠠᠶᠢᠯᠢ ᠵᠠᠷᠤᠳᠠᠯ ᠢ ᠨᠢ ᠬᠦᠩᠭᠡᠷᠡᠭᠦᠯᠵᠦ | ᠬᠡᠯᠲᠦᠷᠢᠭᠦᠯᠬᠦ᠂ ᠦᠢᠯᠡᠰ ᠪᠣᠰᠬᠠᠬᠤ ᠨᠡᠮᠡᠭᠦᠷᠢ ᠥᠭᠬᠦ᠂ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠲᠠᠯᠪᠢᠬᠤ | ᠵᠢᠴᠢ ᠳᠠᠮ ᠬᠦᠦ ᠮᠦᠩᠭᠦ ᠥᠭᠬᠦ ᠵᠡᠷᠭᠡ ᠦᠢᠯᠡᠰ ᠪᠣᠰᠬᠠᠬᠤ ᠶᠢ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ | ᠣᠯᠭᠤᠨ᠎ᠠ᠂ ᠡᠭᠦᠨ ᠳᠤ᠂ ᠠᠩᠬ᠎ᠠ ᠤᠳᠠᠭ᠎ᠠ ᠦᠢᠯᠡᠰ ᠪᠣᠰᠬᠠᠵᠦ ᠪᠠᠶᠢᠭ᠎ᠠ ᠮᠦᠷᠲᠡᠭᠡᠨ ᠬᠡᠪ ᠤᠨ ᠪᠠᠶᠢᠳᠠᠯ ᠢᠶᠠᠷ | ᠡᠵᠡᠩᠨᠡᠭᠡᠳ 1 ᠵᠢᠯ ᠭᠠᠷᠤᠢ ᠪᠣᠯᠣᠭᠰᠠᠨ ᠪᠣᠯ᠂ ᠲᠣᠭᠲᠠᠭᠠᠯ ᠶᠣᠰᠤᠭᠠᠷ ᠦᠢᠯᠡᠰ ᠪᠣᠰᠬᠠᠬᠤ ᠨᠦᠬᠦᠪᠦᠷᠢ ᠶᠢ ᠨᠢᠭᠡ | ᠯᠡ ᠤᠳᠠᠭ᠎ᠠ ᠳᠤ ᠣᠯᠭᠤᠨ᠎ᠠ᠃ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠲᠣᠭᠲᠠᠭᠠᠯ ᠶᠣᠰᠤᠭᠠᠷ | ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠨᠣᠷᠮ᠎ᠠ ᠶᠢ ᠨᠢ ᠪᠠᠭᠤᠷᠠᠭᠤᠯᠬᠤ ᠵᠢᠴᠢ ᠠᠵᠤ ᠠᠬᠤᠶᠢᠯᠠᠯ ᠢ | ᠲᠤᠰᠠᠯᠠᠵᠤ ᠠᠵᠢᠯ ᠤᠨ ᠪᠠᠶᠢᠷᠢ ᠶᠢ ᠨᠢ ᠲᠣᠭᠲᠠᠭᠤᠨ ᠪᠠᠶᠢᠯᠭᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠬᠦᠷᠲᠡᠭᠡᠨ᠎ᠡ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠪᠠᠩᠭᠢ ᠶᠢᠨ | ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶ | 16.ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠤᠲᠤᠭ ᠲᠤ ᠪᠠᠨ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠪᠣᠴᠠᠭᠰᠠᠳ ᠪᠠ ᠨᠤᠲᠤᠭ ᠲᠤ ᠪᠠᠨ | ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠬᠢᠭᠡᠳ ᠬᠦᠳᠡᠭᠡ | ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠶᠢᠨ ᠦᠢᠯᠡᠰ ᠪᠣᠰᠬᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ | ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠵᠤ ᠡᠷᠬᠢᠯᠡᠭᠰᠡᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠨᠢ ᠲᠠᠷᠢᠶᠠᠯᠠᠩ ᠮᠠᠯ ᠠᠵᠤ ᠠᠬᠤᠢ ᠶᠢᠨ ᠨᠡᠮᠡᠭᠦᠷᠢ ᠥᠭᠬᠦ | ᠲᠥᠷᠥ ᠶᠢᠨ ᠪᠣᠳᠣᠯᠭ᠎ᠠ ᠪᠠᠷ ᠳᠡᠮᠵᠢᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠭᠤᠳ ᠨᠡᠮᠡᠭᠦᠷᠢ ᠥᠭᠬᠦ᠂ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠬᠠᠨᠳᠤᠯᠭ᠎ᠠ ᠲᠠᠢ ᠪᠠᠷ ᠨᠠᠶᠢᠳᠠᠬᠤ᠂ ᠱᠠᠩᠨᠠᠬᠤ ᠪᠠᠷ | ᠨᠥᠬᠦᠪᠥᠷᠢᠯᠡᠬᠦ ᠶᠢ ᠣᠷᠣᠯᠠᠭᠤᠯᠬᠤ᠂ ᠤᠷᠢᠳ ᠢᠶᠠᠷ ᠦᠢᠯᠡᠴᠢᠯᠡᠵᠦ ᠳᠠᠷᠠᠭ᠎ᠠ ᠨᠢ ᠨᠥᠬᠦᠪᠥᠷᠢ ᠥᠭᠬᠦ ᠵᠡᠷᠭᠡ ᠠᠷᠭ᠎ᠠ | ᠮᠠᠶ᠋ᠢᠭ ᠢ ᠬᠡᠷᠡᠭᠯᠡᠨ ᠨᠦᠬᠦᠪᠦᠷᠢ ᠣᠯᠭᠤᠨ ᠳᠡᠮᠵᠢᠵᠦ ᠪᠣᠯᠤᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ | ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠤᠳ ᠠᠵᠢᠯ ᠤᠯᠬᠤ ᠳᠤ | ᠬᠦᠴᠢᠷᠲᠡᠶ ᠬᠥᠮᠦᠰ᠂ ᠲᠤᠰ ᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠲᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠡᠯᠰᠡᠨ ᠤᠷᠢᠵᠤ ᠠᠵᠢᠯ ᠣᠯᠭᠤᠭᠰᠠᠨ ᠤ ᠬᠠᠮᠲᠤ ᠬᠥᠳᠡᠯᠮᠦᠷᠢ ᠶᠢᠨ | ᠭᠡᠷ᠎ᠡ ᠲᠣᠭᠲᠠᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠢ ᠲᠤᠰᠢᠶᠠᠭᠰᠠᠨ ᠪᠠᠶᠢᠪᠠᠯ᠂ ᠲᠣᠭᠲᠠᠭᠠᠯ | ᠶᠣᠰᠣᠭᠠᠷ ᠨᠡᠶᠢᠭᠡᠮ ᠤᠨ ᠳᠠᠭᠠᠳᠬᠠᠯ ᠤᠨ ᠨᠡᠮᠡᠭᠦᠷᠢ ᠣᠯᠭᠤᠨ᠎ᠠ᠃ ᠠᠵᠤ ᠠᠬᠤᠶᠢᠯᠠᠯ ᠢᠶᠠᠷ ᠳᠠᠩᠰᠠᠯᠠᠨ | ᠲᠡᠮᠳᠡᠭᠯᠡᠭᠦᠯᠦᠭᠰᠡᠨ ᠰᠦᠯᠵᠢᠶᠡᠨ ᠤ ᠬᠤᠳᠠᠯᠳᠤᠭ᠎ᠠ ᠡᠷᠬᠢᠯᠡᠭᠰᠡᠳ ᠲᠤ ᠡᠯ᠎ᠡ ᠵᠦᠢᠯ ᠤᠨ ᠠᠵᠢᠯ ᠣᠯᠭᠤᠵᠤ ᠦᠢᠯᠡᠰ | ᠪᠣᠰᠬᠠᠬᠤ ᠲᠠᠯ᠎ᠠ ᠪᠠᠷ ᠬᠢ ᠲᠡᠳᠬᠦᠬᠦ ᠲᠥᠷᠥ ᠶᠢᠨ ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ︔ ᠠᠵᠤ ᠠᠬᠤᠶᠢᠯᠠᠯ ᠢᠶᠠᠷ | ᠥᠯᠥ ᠳᠠᠩᠰᠠᠯᠠᠨ ᠲᠡᠮᠳᠡᠭᠯᠡᠭᠦᠯᠦᠭᠰᠡᠨ ᠰᠦᠯᠵᠢᠶᠡᠨ ᠤ ᠬᠤᠳᠠᠯᠳᠤᠭ᠎ᠠ ᠡᠷᠬᠢᠯᠡᠭᠰᠡᠳ ᠢ ᠠᠮᠢᠳᠤᠯᠢᠭ ᠢᠶᠠᠷ ᠠᠵᠢᠯ | ᠣᠯᠤᠭᠰᠠᠳ ᠢᠶᠠᠷ ᠮᠠᠭᠠᠳᠯᠠᠨ ᠲᠣᠭᠲᠠᠭᠠᠵᠤ᠂ ᠠᠮᠢᠳᠤᠯᠢᠭ ᠢᠶᠠᠷ ᠠᠵᠢᠯ ᠣᠯᠤᠭᠰᠠᠳ ᠢ ᠲᠡᠳᠬᠦᠬᠦ ᠲᠥᠷᠥ ᠶᠢᠨ | ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠪᠠᠳᠣᠯᠠᠬᠤ ᠬᠡᠪᠴᠢᠶ᠎ᠡ ᠶᠢ | ᠥᠷᠭᠡᠳᠬᠡᠨ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠯᠤᠭ᠎ᠠ ᠠᠳᠠᠯᠢ ᠪᠠᠷ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠭᠰᠠᠨ ᠠᠵᠢᠯ ᠠᠯᠳᠠᠭᠰᠠᠨ ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠨᠢᠭᠡᠳᠦᠯᠲᠡᠶ | ᠲᠥᠯᠥᠪᠯᠡᠬᠦ ᠭᠠᠵᠠᠷ ᠣᠷᠣᠨ ᠤ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠤᠶᠤ | ᠠᠵᠢᠯ ᠠᠯᠳᠠᠭᠰᠠᠨ ᠤ ᠨᠦᠬᠦᠪᠦᠷᠢ ᠶᠢᠨ ᠮᠥᠩᠭᠦ ᠣᠯᠭᠤᠨ᠎ᠠ᠃ ᠨᠢᠭᠡᠨ ᠮᠠᠯᠴᠢᠨ ᠲᠠᠷᠢᠶᠠᠴᠢᠨ ᠬᠦᠴᠦ ᠶᠠᠪᠤᠭᠴᠢ ᠨᠢ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ | ᠲᠡᠮᠳᠡᠭᠯᠡᠯ ᠲᠠᠢ ᠮᠥᠷᠲᠡᠭᠡᠨ ᠪᠠᠰᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠭᠰᠠᠨ ᠲᠡᠮᠳᠡᠭᠯᠡᠯ ᠲᠠᠢ ᠪᠠᠶᠢᠳᠠᠯ ᠪᠠᠶᠢᠪᠠᠯ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ | ᠳᠠᠭᠠᠳᠬᠠᠯ ᠳᠤ ᠣᠷᠣᠯᠴᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | | 17.ᠦᠢᠯᠡᠰ ᠪᠣᠰᠬᠠᠬᠤ ᠵᠢᠭᠡᠯᠡᠯᠭᠡ ᠶᠢ ᠨᠢ ᠳᠠᠮ ᠬᠦᠤ ᠪᠠᠷ ᠲᠡᠳᠬᠦᠬᠦ ᠶᠢ ᠴᠢᠩᠭᠠᠳᠬᠠᠨ᠎ᠠ᠃ ᠲᠥᠪ ᠤᠨ | ᠪᠠᠭᠤᠯᠭᠠᠭᠰᠠᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ | ᠰᠠᠶᠢᠲᠤᠷ ᠪᠥᠭᠡᠳ ᠠᠮᠢᠳᠤᠯᠢᠭ ᠬᠡᠷᠡᠭᠯᠡᠵᠦ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠬᠦᠮᠦᠰ ᠤᠨ | ᠦᠢᠯᠡᠰ ᠪᠣᠰᠬᠠᠬᠤ ᠶᠢ ᠨᠢ ᠶᠡᠬᠡᠪᠡᠷ ᠳᠡᠮᠵᠢᠨ᠎ᠡ᠃ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ | ᠪᠣᠰᠬᠠᠬᠤ ᠪᠠᠷ ᠵᠢᠭᠡᠯᠡᠭᠰᠡᠨ ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠦᠭᠦ | ᠲᠤᠭ᠎ᠠ ᠪᠠᠷ ᠨᠢ ᠳᠠᠮ ᠬᠦᠤ ᠮᠦᠩᠭᠦ ᠶᠢ ᠨᠢ ᠲᠥᠯᠥᠵᠦ ᠥᠭᠭᠦᠨ᠎ᠡ︔ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ | ᠠᠬᠤᠶᠢᠯᠠᠯ ᠤᠨ ᠦᠢᠯᠡᠰ ᠪᠣᠰᠬᠠᠬᠤ ᠪᠠᠷ ᠵᠢᠭᠡᠯᠡᠭᠰᠡᠨ ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠭᠡᠷ᠎ᠡ ᠲᠣᠭᠲᠠᠭᠰᠠᠨ ᠡᠳᠦᠷ ᠤᠨ ᠵᠢᠭᠡᠯᠡᠯᠭᠡ ᠶᠢᠨ ᠰᠠᠭᠤᠷᠢ ᠬᠦᠤ | ᠮᠦᠩᠭᠦᠨ ᠤ ᠨᠣᠷᠮ᠎ᠠ ᠶᠢᠨ 50% ᠪᠠᠷ ᠳᠠᠮ ᠬᠦᠤ ᠮᠦᠩᠭᠦ ᠶᠢ ᠨᠢ ᠲᠥᠯᠥᠵᠦ ᠥᠭᠭᠦᠨ᠎ᠡ᠃ ᠵᠢᠭᠡᠯᠡᠯᠭᠡ ᠶᠢᠨ | ᠬᠤᠭᠤᠴᠠᠭ᠎ᠠ ᠪᠠᠨ ᠤᠷᠲᠤᠳᠬᠠᠭᠰᠠᠨ ᠪᠠ ᠬᠤᠭᠤᠴᠠᠭ᠎ᠠ ᠪᠠᠨ ᠬᠡᠲᠦᠷᠡᠭᠦᠯᠦᠭᠰᠡᠨ ᠦᠢᠯᠡᠰ ᠪᠣᠰᠬᠠᠬᠤ | ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠦ ᠮᠦᠩᠭᠦ ᠶᠢ ᠨᠢ | ᠲᠥᠯᠥᠵᠦ ᠥᠭᠬᠦ ᠦᠭᠡᠶ᠃ ᠦᠢᠯᠡᠰ ᠪᠤᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ ᠬᠦᠤ ᠮᠦᠩᠭᠦ ᠶᠢ ᠨᠢ | ᠲᠥᠯᠥᠵᠦ ᠥᠭᠬᠦ ᠲᠥᠷᠥ ᠶᠢᠨ ᠪᠣᠳᠣᠯᠭ᠎ᠠ ᠶᠢ ᠨᠢᠭᠡᠨᠲᠡ ᠭᠥᠷᠳᠡᠭᠰᠡᠨ ᠪᠥᠭᠡᠳ ᠵᠢᠭᠡᠯᠡᠯᠭᠡ ᠪᠠᠨ ᠴᠠᠭ ᠲᠤᠬᠠᠶ ᠳᠤ ᠨᠢ | ᠪᠤᠴᠠᠭᠠᠵᠤ ᠳᠠᠭᠤᠰᠬᠠᠭᠰᠠᠨ ᠬᠤᠪᠢ ᠬᠥᠮᠦᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠬᠤᠭᠤᠴᠠᠭᠠᠨ ᠳᠤ ᠡᠵᠡᠩᠨᠡᠯᠲᠡ ᠨᠢ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠦᠢᠯᠡᠰ ᠪᠤᠰᠬᠠᠬᠤ | ᠳᠠᠭᠠᠭᠠᠯᠲᠠ ᠲᠠᠢ ᠵᠢᠭᠡᠯᠡᠯᠭᠡ ᠶᠢ ᠳᠠᠬᠢᠨᠲᠠ ᠭᠤᠶᠤᠴᠢᠯᠠᠵᠤ ᠪᠣᠯᠬᠤ ᠶᠢᠨ ᠬᠠᠮᠲᠤ᠂ ᠡᠳ᠋ ᠤᠨ ᠵᠠᠰᠠᠭ ᠠᠴᠠ ᠳᠠᠮ ᠬᠦᠤ | ᠮᠦᠩᠭᠦ ᠶᠢ ᠨᠢ ᠲᠥᠯᠥᠨ ᠥᠭᠴᠦ ᠪᠣᠯᠤᠨ᠎ᠠ᠂ ᠭᠡᠪᠡᠴᠦ ᠳᠠᠬᠢᠨᠲᠠ ᠭᠤᠶᠤᠴᠢᠯᠠᠵᠤ ᠲᠥᠯᠥᠭᠦᠯᠬᠦ ᠶᠢ 3 ᠤᠳᠠᠭ᠎ᠠ ᠠᠴᠠ | ᠬᠡᠲᠦᠷᠡᠭᠦᠯᠵᠦ ᠪᠣᠯᠬᠤ ᠥᠬᠡᠶ᠃ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠪᠢ | ᠬᠥᠮᠦᠨ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠪᠠ ᠵᠢᠵᠢᠭ ᠪᠢᠴᠢᠯ ᠠᠵᠤ | ᠠᠬᠤᠶᠢᠯᠠᠯ ᠳᠤ ᠰᠢᠨ᠎ᠡ ᠵᠢᠭᠡᠯᠡᠭᠦᠯᠦᠭᠰᠡᠨ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠦᠤ | ᠮᠦᠩᠭᠦᠨ ᠳᠠᠬᠢ ᠣᠳᠣᠬᠠᠨ ᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠬᠦᠤ ᠮᠦᠩᠭᠦᠨ ᠤ ᠨᠣᠷᠮ᠎ᠠ ︵LPR — 150 BP︶ ᠠᠴᠠ ᠳᠣᠷᠣᠭᠰᠢᠬᠢ | ᠬᠡᠰᠡᠭ ᠢ ᠨᠢ ᠵᠣᠭᠤᠰ ᠵᠢᠭᠡᠯᠡᠭᠰᠡᠨ ᠬᠦᠮᠦᠰ ᠪᠠ ᠵᠣᠭᠤᠰ ᠵᠢᠭᠡᠯᠡᠬᠦ ᠠᠵᠤ ᠠᠬᠤᠶᠢᠯᠠᠯ ᠡᠭᠦᠷᠭᠡᠯᠡᠵᠦ᠂ ᠦᠯᠡᠳᠡᠭᠰᠡᠨ | ᠬᠡᠰᠡᠭ ᠲᠤ ᠡᠳ᠋ ᠤᠨ ᠵᠠᠰᠠᠭ ᠠᠴᠠ ᠳᠠᠮ ᠬᠦᠤ ᠮᠦᠩᠭᠦ ᠶᠢ ᠨᠢ ᠲᠥᠯᠥᠵᠦ ᠥᠭᠭᠦᠨ᠎ᠡ᠃ ︵ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠪᠠᠩᠬᠢ ᠶᠢᠨ | ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶ | 18.ᠦᠢᠯᠡᠰ ᠪᠣᠰᠬᠠᠬᠤ ᠬᠦᠷᠢᠶᠡᠯᠡᠩ ᠲᠣᠭᠤᠷᠢᠭ ᠲᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠣᠳᠣ ᠶᠢᠨ ᠪᠠᠶᠢᠭ᠎ᠠ ᠡᠯ᠎ᠡ ᠲᠥᠷᠥᠯ ᠤᠨ ᠲᠣᠭᠲᠠᠭᠠᠯ ᠳᠤ ᠨᠡᠶᠢᠴᠡᠭᠰᠡᠨ ᠨᠡᠬᠡᠭᠡᠵᠦ | ᠬᠥᠭᠵᠢᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠲᠤ ᠲᠦᠰᠢᠭᠯᠡᠨ᠂ ᠬᠡᠷᠡᠭᠯᠡᠬᠦ ᠦᠭᠡᠢ ᠰᠤᠯᠠ ᠲᠠᠯᠪᠢᠵᠤ ᠪᠠᠶᠢᠬᠤ ᠦᠢᠯᠡᠳᠪᠦᠷᠢ ᠶᠢᠨ ᠭᠡᠷ ᠪᠠᠶᠢᠰᠢᠩ ᠵᠡᠷᠭᠡ | ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢ ᠴᠢᠯᠥᠭᠡᠲᠡᠶ ᠭᠦᠢᠯᠭᠡᠭᠡᠵᠦ᠂ ᠨᠢᠭᠡ ᠪᠦᠯᠦᠭ ᠠᠩᠬ᠎ᠠ ᠡᠭᠦᠳᠦᠨ | ᠪᠠᠶᠢᠭᠤᠯᠵᠤ ︽ᠬᠥᠪᠦᠷᠡᠭᠦᠯᠦᠨ ᠪᠤᠶᠢᠵᠢᠭᠤᠯᠬᠤ︾ ᠬᠤᠭᠤᠴᠠᠭᠠᠨ ᠳᠤ ᠪᠠᠶᠢᠭ᠎ᠠ ᠨᠤᠲᠤᠭ ᠲᠤ ᠪᠠᠨ ᠪᠤᠴᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ | ᠬᠤᠴᠣᠷᠣᠭᠰᠠᠳ ᠤᠨ ᠦᠢᠯᠡᠰ ᠪᠣᠰᠬᠠᠬᠤ ᠳᠤ ᠭᠤᠣᠯᠳᠠᠯᠭ᠎ᠠ ᠲᠠᠢ ᠬᠠᠨᠳᠤᠭᠤᠯᠤᠭᠰᠠᠨ ᠦᠢᠯᠡᠰ ᠪᠣᠰᠬᠠᠬᠤ | ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠳᠡᠮᠵᠢᠬᠦ ᠪᠠ ᠬᠥᠲᠥᠯᠥᠨ ᠵᠢᠯᠣᠭᠤᠳᠴᠤ ᠪᠠᠶᠢᠭᠠᠳ | ᠡᠮᠬᠢᠯᠡᠨ ᠨᠡᠶᠢᠯᠡᠭᠦᠯᠵᠦ ᠬᠥᠭᠵᠢᠭᠦᠯᠦᠨ᠂ ᠡᠷᠲᠡ ᠦᠢᠯᠡᠰ ᠪᠣᠰᠬᠠᠭᠰᠠᠨ ᠪᠠ ᠨᠡᠯᠢᠶᠡᠳ ᠬᠤᠭᠤᠴᠠᠭ᠎ᠠ ᠪᠣᠯᠵᠤ ᠪᠠᠶᠢᠭ᠎ᠠ | ᠠᠵᠤ ᠠᠬᠤᠶᠢᠯᠠᠯ ᠤᠨ ᠪᠦᠯᠦᠭᠵᠢᠨ ᠬᠦᠭᠵᠢᠭᠦᠯᠦᠭᠰᠡᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ | ᠰᠠᠭᠤᠷᠢᠨ ᠭᠠᠵᠠᠷ︶ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠰ ᠪᠣᠰᠬᠠᠬᠤ ᠬᠦᠴᠦᠨ ᠵᠦᠢᠯ ᠢ ᠨᠢ | ᠬᠤᠷᠠᠮᠳᠤᠭᠤᠯᠤᠨ᠂ ᠦᠢᠯᠡᠰ ᠪᠣᠰᠬᠠᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠲᠥᠯᠥᠪᠵᠢᠭᠦᠯᠭᠡ᠂ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠴᠡᠭᠰᠡᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ | ︵ᠨᠡᠪᠴᠢᠭᠦᠯᠬᠦ ᠰᠠᠭᠤᠷᠢᠨ ᠭᠠᠵᠠᠷ︶ ᠤᠨ ᠪᠦᠲᠦᠭᠡᠨ ᠪᠠᠶᠢᠭᠤᠯᠤᠯᠲᠠ ᠳᠤ ᠲᠤᠬᠠᠶ ᠶᠢᠨ ᠭᠠᠵᠠᠷ ᠤᠨ ᠵᠠᠰᠠᠭ ᠤᠨ | ᠣᠷᠳᠣᠨ ᠨᠢ ᠨᠢᠭᠡ ᠤᠳᠠᠭ᠎ᠠ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠨᠡᠮᠡᠭᠦᠷᠢ ᠣᠯᠭᠤᠨ᠎ᠠ᠃ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ | ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠵᠠᠰᠠᠭ ᠤᠨ ᠣᠷᠳᠣᠨ ᠤ ᠭᠤᠤᠯᠯᠠᠨ | ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠬᠦᠷᠢᠶᠡᠯᠡᠩ ᠲᠣᠭᠤᠷᠢᠭ ᠲᠠᠬᠢ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠬᠡᠷ ᠪᠠᠶᠢᠰᠢᠩ ᠳᠤ ᠣᠷᠣᠵᠤ ᠦᠢᠯᠡᠰ ᠪᠣᠰᠬᠠᠭᠰᠠᠨ ᠪᠠᠶᠢᠪᠠᠯ᠂ 3 ᠵᠢᠯ ᠤᠨ ᠳᠣᠲᠣᠷ᠎ᠠ | ᠲᠦᠷᠢᠶᠡᠰᠦᠨ ᠮᠥᠩᠭᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠰᠦᠢᠳᠬᠡᠯ᠂ ᠠᠷᠢᠭᠤᠨ ᠴᠡᠪᠡᠷ ᠤᠨ ᠰᠦᠢᠳᠬᠡᠯ᠂ | ᠤᠰᠤ ᠴᠠᠬᠢᠯᠭᠠᠨ ᠲᠣᠯᠠᠭᠠᠯᠠᠭ᠎ᠠ ᠵᠡᠷᠭᠡ ᠰᠦᠢᠳᠬᠡᠯ ᠢ ᠬᠠᠰᠤᠵᠤ ᠭᠡᠯᠳᠦᠷᠢᠭᠦᠯᠦᠨ᠎ᠡ᠂ ᠲᠤᠬᠠᠶᠢᠯᠠᠪᠠᠯ ᠨᠢᠭᠡᠳᠦᠭᠡᠷ | ᠵᠢᠯ ᠳᠤ ᠲᠤᠰᠢᠶᠠᠬᠤ ᠥᠬᠡᠶ ᠪᠠᠶᠢᠵᠤ᠂ ᠬᠤᠶᠠᠳᠤᠭᠠᠷ ᠵᠢᠯ ᠳᠤ ᠬᠠᠭᠠᠰ ᠢᠶᠠᠷ ᠭᠦᠩᠬᠡᠯᠡᠵᠦ᠂ ᠭᠤᠷᠪᠠᠳᠤᠭᠠᠷ ᠵᠢᠯ ᠳᠤ | 1/3 ᠪᠠᠷ ᠭᠦᠩᠬᠡᠯᠡᠵᠦ ᠪᠣᠯᠣᠨ᠎ᠠ︔ ᠠᠷᠠᠳ ᠠᠴᠠ ᠡᠵᠡᠩᠨᠡᠭᠰᠡᠨ ᠭᠤᠣᠯ ᠴᠣᠭᠴᠠ ᠶᠢᠨ ᠳᠠᠭᠠᠭᠤᠯᠤᠨ ᠡᠷᠬᠢᠯᠡᠭᠰᠡᠨ | ᠪᠤᠶᠤ ᠬᠠᠮᠲᠤ ᠪᠠᠷ ᠪᠠᠶᠢᠭᠤᠯᠤᠭᠰᠠᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ ︶ | ᠲᠤ ᠣᠷᠣᠵᠤ ᠦᠢᠯᠡᠰ ᠪᠣᠰᠬᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠲᠣᠭᠲᠠᠭᠠᠯ ᠶᠣᠰᠣᠭᠠᠷ | ᠵᠣᠬᠢᠬᠤ ᠨᠥᠬᠦᠪᠥᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠳᠥᠷᠪᠡ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ | ᠠᠰᠢᠭ ᠢ ᠬᠠᠮᠠᠭᠠᠯᠠᠨ᠎ᠠ᠃ | 19.ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠡᠶᠢᠭᠡᠮ ᠤᠨ ᠳᠠᠭᠠᠳᠬᠠᠯ ᠳᠤ ᠣᠷᠣᠯᠴᠠᠬᠤ | ᠬᠡᠪᠴᠢᠶ᠎ᠡ ᠶᠢ ᠦᠷᠭᠡᠳᠭᠡᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠳᠠᠭᠠᠳᠬᠠᠯ ᠳᠤ ᠣᠷᠣᠯᠴᠠᠬᠤ ᠦᠵᠡᠯ | ᠤᠬᠠᠮᠰᠠᠷ ᠢ ᠨᠢ ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯᠴᠢᠨ ᠲᠠᠷᠢᠶᠠᠴᠢᠨ ᠬᠦᠴᠦ | ᠶᠠᠪᠤᠭᠰᠠᠳ ᠢ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠣᠷᠤᠭᠤᠯᠤᠨ᠎ᠠ᠃ ᠨᠡᠶᠢᠭᠡᠮ ᠤᠨ | ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ | ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠰᠢᠯᠵᠢᠭᠦᠯᠵᠦ ᠵᠠᠯᠭᠠᠨ ᠦᠷᠭᠦᠯᠵᠢᠯᠡᠭᠦᠯᠵᠦ ᠭᠠᠷᠲᠠᠨ ᠭᠦᠢᠴᠡᠳᠬᠡᠬᠦ | ᠴᠤᠪᠤᠷᠠᠯ ᠢ ᠰᠢᠯᠢᠳᠡᠭᠵᠢᠭᠦᠯᠦᠨ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠨᠢ ᠰᠢᠯᠵᠢᠭᠦᠯᠵᠦ ᠵᠠᠯᠭᠠᠨ | ᠦᠷᠭᠦᠯᠵᠢᠯᠡᠭᠦᠯᠬᠦ ᠪᠠ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠨᠢ ᠳ᠋ᠦᠩᠨᠡᠨ ᠪᠤᠳᠤᠬᠤ ᠠᠵᠢᠯ ᠢ ᠰᠠᠶᠢᠲᠤᠷ | ᠬᠢᠵᠦ᠂ ᠪᠠᠷᠢᠯᠭ᠎ᠠ ᠳᠤ ᠠᠵᠢᠯᠯᠠᠵᠤ ᠪᠠᠶᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠪᠠᠷᠢᠯᠭ᠎ᠠ ᠶᠢᠨ ᠲᠥᠷᠥᠯ | ᠵᠦᠢᠯ ᠢᠶᠠᠷ ᠨᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠤᠯᠬᠤ ᠪᠠᠨ ᠠᠬᠢᠭᠤᠯᠤᠨ᠎ᠠ᠃ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠦᠨᠳᠦᠰᠦᠨ ᠳᠠᠭᠠᠳᠬᠠᠯ ᠪᠤᠶᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠬᠤᠪᠢ | ᠬᠦᠮᠦᠨ ᠤ ᠪᠡᠶ᠎ᠡ ᠭᠠᠷᠤᠯ ᠢᠶᠠᠷ ᠰᠠᠶᠢᠨ ᠳᠤᠷ᠎ᠠ ᠠᠴᠠ ᠨᠢ ᠣᠷᠣᠯᠴᠠᠭᠤᠯᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ ᠳᠠᠭᠠᠳᠬᠠᠯ ᠳᠤ ᠣᠷᠣᠯᠴᠠᠭᠰᠠᠨ ᠳᠠᠩᠰᠠᠯᠠᠨ ᠲᠡᠮᠳᠡᠭᠯᠡᠬᠦ | ᠠᠵᠢᠯ ᠢ ᠴᠠᠭ ᠲᠤᠬᠠᠶ ᠳᠤ ᠨᠢ ᠭᠦᠢᠴᠡᠳᠬᠡᠵᠦ ᠴᠢᠳᠠᠬᠤ ᠥᠬᠡᠶ ᠪᠠᠶᠢᠪᠠᠯ᠂ ᠬᠢᠵᠢᠭ ᠤᠨ ᠪᠠᠶᠢᠳᠠᠯ ᠳᠠᠭᠤᠰᠤᠭᠰᠠᠨ ᠤ | ᠳᠠᠷᠠᠭ᠎ᠠ ᠳᠠᠩᠰᠠᠯᠠᠨ ᠲᠡᠮᠳᠡᠭᠯᠡᠬᠦ ᠠᠵᠢᠯ ᠢᠶᠠᠨ ᠨᠥᠬᠦᠵᠦ ᠭᠦᠢᠴᠡᠳᠬᠡᠬᠦ ᠶᠢ ᠨᠢ ᠵᠥᠪᠰᠢᠶᠡᠷᠡᠵᠦ᠂ ᠳᠠᠭᠠᠳᠬᠠᠯ ᠳᠤ | ᠣᠷᠣᠯᠴᠠᠭᠰᠠᠳ ᠤᠨ ᠣᠯᠭᠤᠮᠵᠢ ᠶᠢ ᠨᠢ ᠨᠥᠯᠥᠭᠡᠯᠡᠬᠦ ᠥᠬᠡᠶ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠴᠢᠯᠡᠭᠡᠨ ᠤ ᠳᠠᠭᠠᠳᠬᠠᠯ ᠤᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶ | 20.ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ ︾ ᠶᠢ ᠤᠬᠠᠭᠤᠯᠬᠤ ᠠᠵᠢᠯ ᠢ | ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠭᠡᠷ᠎ᠡ ᠲᠣᠭᠲᠠᠬᠤ ᠦᠵᠡᠯ | ᠤᠬᠠᠮᠰᠠᠷ ᠢ ᠨᠢ ᠳᠡᠭᠡᠭᠰᠢᠯᠡᠭᠦᠯᠦᠨ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ | ᠪᠣᠯᠭᠠᠨ᠎ᠠ᠃ ᠠᠵᠤ ᠠᠬᠤᠶᠢᠯᠠᠯ ᠤᠨ ᠬᠠᠤᠯᠢ ᠶᠣᠰᠣᠭᠠᠷ ᠠᠵᠢᠯᠴᠢᠨ ᠡᠯᠰᠡᠨ ᠬᠡᠷᠡᠭᠯᠡᠬᠦ ᠶᠢ ᠵᠢᠯᠣᠭᠤᠳᠤᠨ | ᠰᠢᠮᠳᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠭᠡᠷ᠎ᠡ ᠲᠣᠭᠲᠠᠬᠤ ᠶᠢ | ᠵᠢᠷᠤᠮᠵᠢᠭᠤᠯᠤᠨ᠂ ᠪᠠᠷᠢᠯᠭ᠎ᠠ᠂ ᠨᠡᠭᠦᠷᠡᠰᠦᠨ ᠠᠭᠤᠷᠬᠠᠶ᠂ ᠭᠡᠷ ᠠᠬᠤᠢ ᠵᠡᠷᠭᠡ ᠠᠵᠢᠯ ᠲᠥᠷᠥᠯ ᠤᠨ ᠬᠥᠳᠡᠯᠮᠦᠷᠢ ᠶᠢᠨ | ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠠᠵᠢᠯ ᠲᠥᠷᠥᠯ ᠳᠤ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠪᠠᠷ ᠳᠠᠩᠰᠠᠯᠠᠭᠤᠯᠵᠤ ᠠᠵᠢᠯᠯᠠᠬᠤ ᠳᠦᠷᠢᠮ ᠤᠨ | ᠬᠠᠮᠢᠶᠠᠷᠤᠯᠲᠠ ᠶᠢ ᠢᠳᠡᠪᠬᠢᠲᠡᠶ ᠪᠠᠷ ᠨᠠᠶᠢᠳᠠᠪᠤᠷᠢᠵᠢᠭᠤᠯᠵᠤ᠂ ᠬᠥᠳᠡᠯᠮᠦᠷᠢ ᠦᠢᠯᠡᠴᠢᠯᠡᠭᠡ ᠪᠠᠷ ᠲᠣᠮᠢᠯᠠᠭᠳᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠮᠠᠭᠤ | ᠰᠠᠨᠠᠭ᠎ᠠ ᠲᠠᠢ ᠪᠠᠷ ᠴᠠᠯᠢᠩ ᠢ ᠨᠢ ᠥᠷᠢᠲᠦᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠴᠦ᠂ ︽ᠴᠠᠯᠢᠩ ᠬᠠᠮᠠᠭᠠᠯᠠᠬᠤ︾ ᠠᠵᠢᠯᠯᠠᠭ᠎ᠠ ᠶᠢ ᠬᠡᠷᠡᠭᠵᠢᠭᠦᠯᠦᠨ᠂ | ᠵᠥᠪᠳᠡᠯᠴᠡᠬᠦ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠵᠠᠷᠭᠤᠯᠳᠤᠬᠤ ᠶᠢ ᠵᠣᠬᠢᠴᠠᠭᠤᠯᠬᠤ᠂ ᠡᠮᠬᠢ ᠵᠢᠷᠤᠮ ᠲᠠᠢ | ᠵᠣᠯᠭᠠᠭᠤᠯᠬᠤ ᠣᠯᠠᠨ ᠡᠰᠢᠲᠦ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠪᠠᠴᠢᠮ | ᠪᠠᠶᠢᠳᠠᠯ ᠢ ᠠᠷᠭᠠᠴᠠᠭᠠᠬᠤ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ᠂ | ᠨᠢᠭᠡᠴᠢ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | 21.ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠲᠡᠭᠦᠨ ᠢ ᠠᠵᠢᠯ ᠣᠯᠭᠤᠯᠲᠠ ᠪᠠᠨ ᠲᠣᠭᠲᠠᠭᠤᠨ ᠪᠠᠶᠢᠯᠭᠠᠬᠤ ᠪᠠ ᠰᠠᠭᠤᠭᠠᠯᠢ ᠠᠷᠠᠳ ᠤᠨ ᠠᠵᠢᠯ ᠣᠯᠬᠤ ᠶᠢ | ᠪᠠᠲᠤᠯᠠᠬᠤ ᠶᠢᠨ ᠭᠤᠣᠯᠳᠠᠯᠭ᠎ᠠ ᠪᠣᠯᠭᠠᠨ᠂ ᠵᠠᠬ᠎ᠠ ᠳᠡᠯᠭᠡᠭᠦᠷ ᠢᠶᠠᠷ ᠠᠵᠢᠯ ᠣᠯᠭᠤᠬᠤ ᠪᠠ ᠵᠠᠰᠠᠭ ᠤᠨ ᠣᠷᠳᠣᠨ ᠤ | ᠠᠬᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠤᠭᠰᠠᠳ ᠤᠨ ᠦᠢᠯᠡᠰ | ᠪᠣᠰᠬᠠᠬᠤ ᠶᠢ ᠨᠢ ᠵᠣᠷᠢᠬᠵᠢᠭᠤᠯᠤᠨ ᠳᠡᠮᠵᠢᠬᠦ ᠶᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ | ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠲᠣᠭᠲᠠᠴᠠ ᠶᠢ ᠪᠦᠷᠢᠨᠰᠢᠭᠦᠯᠦᠨ᠂ ᠠᠷᠭ᠎ᠠ ᠪᠣᠳᠣᠯᠭ᠎ᠠ ᠶᠢ | ᠶᠡᠷᠦᠩᠬᠡᠶᠢᠯᠡᠨ ᠬᠡᠷᠡᠭᠵᠢᠭᠦᠯᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠠᠵᠢᠯ ᠣᠯᠭᠤᠯᠲᠠ ᠶᠢᠨ ᠪᠠᠶᠢᠳᠠᠯ ᠤᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠂ | ᠬᠦᠴᠢᠷᠳᠡᠯᠲᠡᠶ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠭ ᠲᠤᠬᠠᠶ ᠳᠤ ᠨᠢ ᠲᠤᠰᠠᠯᠠᠮᠵᠢ ᠬᠦᠷᠲᠡᠭᠡᠬᠦ | ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ | ᠪᠠ ᠨᠤᠲᠤᠭ ᠲᠤ ᠪᠠᠨ ᠬᠤᠴᠣᠷᠤᠭᠰᠠᠳ ᠤᠨ ᠦᠢᠯᠡᠰ ᠪᠣᠰᠬᠠᠬᠤ ᠠᠵᠢᠯ ᠶᠠᠪᠤᠳᠠᠯ ᠢ ᠵᠦᠪᠯᠡᠵᠦ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠤᠬᠢᠴᠠᠯᠳᠤᠭᠤᠯᠵᠤ ᠬᠠᠮᠵᠢᠯᠴᠠᠬᠤ ᠶᠢ ᠴᠢᠩᠭᠠᠳᠬᠠᠨ᠂ ᠠᠵᠢᠯ ᠤᠨ | ᠨᠡᠶᠢᠯᠡᠮᠡᠯ ᠬᠦᠴᠦᠨ ᠢ ᠪᠤᠢ ᠪᠣᠯᠭᠠᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠤᠭᠰᠠᠳ ᠤᠨ ᠦᠢᠯᠡᠰ ᠪᠣᠰᠬᠠᠬᠤ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠢ | ᠵᠣᠬᠢᠴᠠᠭᠤᠯᠤᠨ ᠰᠢᠢᠳᠪᠦᠷᠢᠯᠡᠵᠦ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠨᠤᠲᠤᠭ ᠲᠤ ᠪᠠᠨ ᠬᠤᠴᠣᠷᠤᠭᠰᠠᠳ ᠤᠨ ᠲᠣᠭᠲᠠᠭᠤᠨ ᠢᠶᠠᠷ ᠠᠵᠢᠯ ᠣᠯᠵᠤ᠂ ᠰᠠᠭᠠᠳ ᠦᠭᠡᠢ ᠪᠠᠷ ᠠᠵᠢᠯ | ᠣᠯᠬᠤ ᠶᠢ ᠳᠡᠮᠵᠢᠬᠦ ᠬᠡᠷᠡᠭᠲᠡᠶ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | 22.ᠠᠵᠢᠯ ᠤᠨ ᠪᠠᠲᠤᠯᠠᠭ᠎ᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠬᠤᠲᠠ | ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠢ ᠮᠠᠯᠵᠢᠬᠤ ᠲᠠᠷᠢᠶᠠᠯᠠᠬᠤ ᠣᠷᠣᠨ ᠲᠠᠶᠢᠰᠢ ᠤᠷᠲᠤᠳᠬᠠᠬᠤ ᠶᠢ | ᠠᠬᠢᠭᠤᠯᠤᠨ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡᠨ ᠤ | ᠡᠷᠬᠢᠯᠡᠨ ᠵᠠᠭᠤᠴᠢᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠶᠢᠨ ᠬᠦᠴᠦᠨ ᠳᠤ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠠᠵᠢᠯ ᠣᠯᠭᠤᠬᠤ ᠦᠢᠯᠡᠴᠢᠯᠡᠭᠡᠨ | ᠬᠠᠩᠭᠠᠨ᠎ᠠ᠃ ᠬᠤᠰᠢᠭᠤ ᠰᠢᠶᠠᠨ ᠠᠴᠠ ᠳᠣᠷᠣᠭᠰᠢᠬᠢ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠰ ᠪᠣᠰᠬᠠᠬᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ | ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠪᠠ ᠪᠣᠯᠪᠠᠰᠤᠷᠠᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠤᠲᠤᠭ ᠲᠤ ᠪᠠᠨ ᠪᠤᠴᠠᠵᠤ | ᠲᠣᠰᠬᠤᠨ ᠳᠤ ᠭᠦᠷᠴᠣ ᠭᠠᠴᠠᠭᠠᠨ ︵ᠲᠣᠰᠬᠤᠨ︶ ᠤ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠪᠣᠯᠬᠤ ᠶᠢ | ᠵᠣᠷᠢᠬᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠨ ᠠᠪᠬᠤ ᠴᠤᠪᠤᠷᠠᠯ ᠢ | ᠰᠢᠯᠢᠳᠡᠭᠵᠢᠭᠦᠯᠦᠨ᠂ ᠭᠡᠷᠡᠴᠢᠯᠡᠬᠦ ᠮᠠᠲ᠋ᠧᠷᠢᠶᠠᠯ ᠢ ᠴᠣᠮᠬᠠᠳᠬᠠᠵᠤ᠂ ᠲᠥᠷᠥ ᠶᠢᠨ ᠪᠣᠳᠣᠯᠭ᠎ᠠ ᠶᠢᠨ ᠠᠰᠢᠭ | ᠬᠦᠷᠲᠡᠭᠰᠡᠳ ᠲᠤ ᠳᠥᠭᠦᠮ ᠳᠥᠲᠡ ᠪᠠᠷ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ᠂ ᠨᠢᠭᠡᠴᠢ | ᠬᠠᠷᠢᠭᠤᠴᠠᠨ᠎ᠠ︶ | 23.ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ᠂ ᠲᠥᠷᠥ ᠶᠢᠨ ᠪᠣᠳᠣᠯᠭ᠎ᠠ ᠶᠢ | ᠮᠡᠳᠡᠭᠦᠯᠵᠦ ᠣᠶᠢᠯᠠᠭᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠮ ᠵᠠᠭᠤᠴᠢᠯᠠᠭᠤᠷ ᠤᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠢᠯᠡᠰ ᠪᠣᠰᠬᠠᠭᠰᠠᠨ ᠨᠡᠶᠢᠲᠡᠯᠢᠭ | ᠵᠢᠱᠢᠶ᠎ᠡ ᠪᠠ ᠦᠢᠯᠡᠰ ᠪᠣᠰᠬᠠᠭᠰᠠᠨ ᠲᠤᠷᠰᠢᠯᠭ᠎ᠠ ᠶᠢ ᠥᠷᠭᠡᠨ ᠢᠶᠠᠷ ᠠᠭᠤᠳᠠᠯᠵᠦ᠂ ᠠᠵᠢᠯ ᠣᠯᠭᠤᠯᠲᠠ ᠶᠢᠨ | ᠦᠯᠢᠭᠡᠷ ᠢ ᠰᠠᠶᠢᠲᠤᠷ ᠶᠠᠷᠢᠵᠤ᠂ ᠦᠢᠯᠡᠰ ᠪᠣᠰᠬᠠᠬᠤ ᠶᠢ ᠬᠠᠯᠠᠮᠵᠢᠯᠠᠬᠤ᠂ ᠦᠢᠯᠡᠰ ᠪᠣᠰᠬᠠᠬᠤ ᠶᠢ ᠴᠢᠬᠤᠯᠠᠴᠢᠯᠠᠬᠤ᠂ | ᠦᠢᠯᠡᠰ ᠪᠣᠰᠬᠠᠬᠤ ᠶᠢ ᠳᠡᠮᠵᠢᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠪᠠᠶᠢᠳᠠᠯ ᠢ ᠪᠤᠢ ᠪᠣᠯᠭᠠᠬᠤ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠶ | ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ᠂ ᠨᠢᠭᠡᠴᠢ | ᠬᠠᠷᠢᠭᠤᠴᠠᠨ᠎ᠠ︶ | ᠡᠯ᠎ᠡ ᠠᠶᠢᠮᠠᠭ ᠬᠤᠲᠠ ᠨᠢ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠱᠠᠩᠨᠠᠵᠤ ᠬᠦᠬᠢᠭᠦᠯᠬᠦ ᠪᠠ | ᠨᠡᠮᠡᠭᠦᠷᠢ ᠥᠭᠬᠦ ᠪᠠᠷᠢᠮᠵᠢᠶ᠎ᠠ ᠶᠢ ᠪᠣᠳᠠᠲᠠᠢ ᠲᠣᠭᠠᠴᠠᠯᠠᠵᠤ ᠢᠯᠡᠳᠭᠡᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠢᠨᠠᠮᠠᠭᠠᠶ ᠰᠠᠶᠢᠲᠤᠷ ᠠᠳᠬᠤᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |