ᠥᠪᠥᠷ ᠵᠠᠰᠠᠭ ᠠᠯᠪᠠᠨ ᠲᠠᠷᠬᠠᠭᠠᠭᠰᠠᠨ︹2020︺57 ᠳ᠋ᠤᠭᠠᠷ ᠲᠣᠭᠠᠲᠤ | 2020 ᠣᠨ ᠤ 12 ᠳ᠋ᠤᠭᠠᠷ ᠰᠠᠷ᠎ᠠ ᠶᠢᠨ 30 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ | ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ︾ ᠶᠢ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠢᠶᠠᠷ ᠵᠦᠪᠰᠢᠶᠡᠷᠡᠭᠦᠯᠦᠬᠡᠳ ᠲᠠ ᠨᠠᠷ ᠲᠤ | ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠵᠦ᠂ ᠬᠢᠨᠠᠮᠠᠭᠠᠢ ᠲᠤᠭᠤᠰᠢᠯᠠᠭᠤᠯᠤᠨ | ᠬᠡᠷᠡᠭᠵᠢᠬᠦᠯᠳᠦᠭᠡᠢ᠃ | | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ | ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ | | | ᠨᠢᠬᠡᠳᠦᠬᠡᠷ ᠪᠦᠯᠦᠭ ᠶᠡᠷᠦᠩᠬᠡᠢ ᠲᠦᠷᠢᠮ | ᠨᠢᠬᠡᠳᠦᠬᠡᠷ ᠵᠦᠢᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠶ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠮᠤ ᠪᠤᠳᠠᠭᠠᠨ ᠤ ᠠᠮᠤᠷ ᠲᠦᠪᠰᠢᠨ ᠤ ᠵᠠᠰᠠᠭ ᠵᠠᠬᠢᠷᠭᠠᠨ ᠤ | ᠲᠠᠷᠤᠭ᠎ᠠ ᠶᠢᠨ ᠭᠤᠤᠯ ᠴᠤᠨᠨᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠠᠬᠢᠭᠤᠯᠤᠨ᠂ ᠪᠦᠬᠦ | ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠳᠤᠯᠠᠬᠤ ᠶᠢᠨ ᠲᠤᠰᠠᠳᠠ᠂ ︽ᠠᠮᠤ ᠪᠤᠳᠠᠭᠠᠨ ᠤ | ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠭᠦ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ︹2014︺ 69 | ᠳ᠋ᠣᠬᠡᠷ ᠲᠣᠭᠠᠲᠤ︶᠂ ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ | ᠲᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2015︺ 80 ᠳ᠋ᠤᠭᠠᠷ | ᠲᠣᠭᠠᠲᠤ ︶ ᠪᠠ ︽ᠣᠨ ᠤ ᠰᠢᠯᠭᠠᠨ ᠬᠢᠨᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠨᠠᠮ ᠲᠠᠷᠬᠠᠭᠠᠭᠰᠠᠨ ︹2017︺ 23 ᠳ᠋ᠤᠭᠠᠷ | ᠲᠣᠭᠠᠲᠤ︶᠂ ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ | ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹2015︺ 144 | ᠳ᠋ᠣᠬᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ | ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠡᠯ᠎ᠡ ᠠᠶᠢᠮᠠᠭ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨᠨᠰᠠᠨ ᠪᠠᠶᠢᠳᠠᠯ ᠳᠤ ᠤᠨ ᠤ ᠰᠢᠯᠭᠠᠨ ᠬᠢᠨᠠᠯᠳᠠ ᠬᠢᠬᠦ ᠳᠤ | ᠲᠤᠬᠢᠷᠠᠭᠤᠯᠣᠨ ᠬᠡᠷᠡᠭᠯᠡᠨ᠎ᠡ᠃ ᠠᠶᠢᠮᠠᠭ ᠬᠤᠳᠠ ᠶᠢᠨ ᠲᠠᠷᠤᠭ᠎ᠠ ᠨᠢ ᠲᠤᠰ ᠵᠠᠰᠠᠭ ᠵᠠᠬᠢᠷᠭᠠᠨ ᠤ ᠤᠷᠤᠨ ᠤ ᠠᠮᠤ | ᠪᠤᠳᠠᠭᠠᠨ ᠤ ᠠᠮᠤᠷ ᠲᠦᠪᠰᠢᠨ ᠤ ᠨᠢᠭᠡᠳᠦᠬᠡᠷ ᠬᠠᠷᠢᠭᠤᠴᠠᠯᠭᠠᠳᠠᠨ ᠪᠤᠯᠤᠨ᠎ᠠ᠃ ᠭᠦᠯᠦᠨ ᠪᠤᠶᠢᠷ ᠬᠤᠳᠠ ᠶᠢᠨ | ᠠᠷᠠᠳ ᠤᠨ ᠵᠠᠰᠠᠭ ᠤᠨ ᠣᠷᠳᠣᠨ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠳᠤ ᠨᠠᠶᠢᠳᠠᠵᠦ ᠲᠤᠰ ᠲᠣᠰ | ᠮᠠᠨᠵᠤᠤᠷ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠮᠤ ᠪᠣᠳᠠᠭᠠᠨ ᠤ ᠠᠮᠣᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠣᠷᠢᠵᠢᠭᠤᠯᠣᠨᠨᠰᠠᠨ | ᠪᠠᠶᠢᠳᠠᠯ ᠳᠤ ᠣᠨ ᠤ ᠰᠢᠯᠭᠠᠨ ᠬᠢᠨᠠᠯᠳᠠ ᠬᠢᠯᠭᠡᠨ᠎ᠡ᠃ ᠰᠢᠯᠭᠠᠨ ᠬᠢᠨᠠᠬᠤ ᠦᠶᠡᠯᠡᠯ ᠤᠨ ᠬᠤᠭᠤᠴᠠᠭ᠎ᠠ ᠨᠢ ᠵᠢᠯ | ᠪᠦᠷᠢ ᠶᠢᠨ 1 ᠳ᠋ᠣᠬᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ | ᠭᠤᠷᠪᠠᠳᠤᠭᠠᠷ ᠵᠦᠢᠯ ᠰᠢᠯᠭᠠᠨ ᠬᠢᠨᠠᠬᠤ ᠠᠵᠢᠯ ᠳᠤ ᠰᠢᠨᠵᠢᠯᠡᠬᠦ ᠤᠬᠠᠭᠠᠨᠴᠢ ᠪᠦᠭᠡᠳ ᠰᠢᠰᠲ᠋ᠧᠮ ᠲᠠᠢ᠂ ᠡᠷᠬᠡ | ᠲᠡᠭᠰᠢ ᠲᠥᠪ ᠭᠤᠤᠯᠴᠢ᠂ ᠤᠳᠤᠷᠢᠳᠤᠮᠵᠢ ᠶᠢ ᠴᠢᠩᠭᠠᠷᠠᠭᠤᠯᠬᠤ᠂ ᠭᠤᠣᠯᠳᠠᠯᠭ᠎ᠠ ᠶᠢ ᠳᠣᠪᠤᠶᠢᠯᠭᠠᠬᠤ᠂ ᠪᠣᠳᠠᠲᠤ | ᠦᠷ᠎ᠡ ᠪᠦᠲᠦᠮᠵᠢ ᠶᠢ ᠴᠢᠬᠤᠯᠠᠴᠢᠯᠠᠬᠤ᠂ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠠᠷ ᠪᠠᠶᠢᠯᠭᠠᠬᠤ | ᠵᠠᠷᠴᠢᠮ ᠢ ᠪᠠᠷᠢᠮᠳᠠᠯᠠᠬᠤ ᠭᠡᠷᠡᠭᠳᠡᠢ᠃ | ᠬᠤᠶᠠᠳᠤᠭᠠᠷ ᠪᠦᠯᠦᠭ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ | ᠲᠦᠷᠪᠡᠳᠦᠬᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭᠠᠨ ᠤ ᠠᠮᠤᠷ ᠲᠦᠪᠰᠢᠨ ᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠰᠢᠮᠳᠠᠭᠤᠯᠤᠨ | ᠪᠠᠶᠢᠴᠠᠭᠠᠯᠳᠠ ᠬᠢᠵᠣ᠂ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠯᠬᠡᠬᠦ ᠶᠢᠨ ᠬᠠᠮᠲᠤ᠂ ᠣᠨ ᠤ ᠰᠢᠯᠭᠠᠨ | ᠬᠢᠨᠠᠯᠲᠠ ᠬᠢᠬᠦ ᠬᠡᠷᠡᠭᠲᠡᠶ᠃ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠠᠮᠤ ᠪᠣᠳᠠᠭᠠᠨ ᠤ | ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ | ᠠᠵᠢᠯ ᠤᠨ ᠳᠤᠭᠤᠶᠢᠯᠠᠩ ︵ᠳᠣᠷᠣᠭᠰᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠭᠡᠵᠦ ᠲᠣᠪᠴᠢᠯᠠᠨ᠎ᠠ︶ ᠠᠴᠠ | ᠨᠢᠭᠡᠳᠦᠯᠲᠡᠶ ᠤᠳᠤᠷᠢᠳᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠮᠤ ᠪᠤᠳᠠᠭ᠎ᠠ ᠪᠠ ᠡᠳ᠋ | ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠬᠡᠬᠤᠲᠠ ᠪᠣᠭᠤᠮᠲᠠ᠂ | ᠮᠠᠨᠵᠤᠤᠷ ᠪᠣᠭᠤᠮᠲᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠡᠨ ᠤ ᠥᠪᠥᠷ ᠮᠣᠩᠭᠤᠯ ᠤᠨ | ᠪᠠᠶᠢᠴᠠᠭᠠᠯᠳᠠ ᠶᠢᠨ ᠶᠡᠷᠦᠩᠬᠡᠶ ᠠᠩᠭᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ | ᠬᠤᠪᠢᠶᠠᠷᠢ ᠪᠠᠩᠬᠢ ᠵᠡᠷᠭᠡ ᠰᠠᠯᠠᠭ᠎ᠠ ᠮᠥᠴᠢᠷ ᠪᠠ ᠨᠢᠭᠡᠴᠢ ᠨᠦᠭᠦᠳ ᠪᠤᠳᠠᠳᠠᠢ ᠵᠤᠬᠢᠶᠠᠨ ᠪᠠᠶᠢᠭᠤᠯᠵᠦ ᠭᠡᠷᠡᠭᠵᠢᠬᠦᠯᠬᠦ | ᠠᠵᠢᠯ ᠢ ᠬᠠᠷᠢᠭᠤᠴᠠᠨ᠎ᠠ᠃ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ | ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠳᠤ ᠳᠣᠬᠢᠷᠠᠭᠤᠯᠣᠨ᠂ ᠡᠳᠦᠷ ᠲᠤᠲᠤᠮ ᠤᠨ | ᠪᠠᠶᠢᠩᠭᠤ ᠶᠢᠨ ᠰᠢᠯᠭᠠᠨ ᠬᠢᠨᠠᠬᠤ ᠠᠵᠢᠯ ᠢ ᠳᠠᠭᠠᠭᠠᠨ ᠡᠭᠦᠷᠬᠡᠯᠡᠬᠦᠯᠵᠦ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶᠡᠨ ᠤ ᠭᠤᠣᠯ | ᠬᠠᠷᠢᠭᠤᠴᠠᠯᠭᠠᠲᠠᠨ ᠠᠴᠠ ᠡᠭᠦᠷᠬᠡᠯᠡᠬᠦ ᠬᠡᠷᠡᠭᠳᠡᠢ᠃ | ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ | ᠨᠢᠭᠡᠴᠢ ᠨᠢ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠵᠦ᠂ ᠡᠳᠦᠷ ᠳᠣᠲᠣᠮ ᠤᠨ | ᠠᠵᠢᠯ ᠲᠠᠢ ᠪᠠᠨ ᠣᠶᠠᠯᠳᠣᠭᠤᠯᠣᠨ᠂ ᠡᠯ᠎ᠡ ᠠᠶᠢᠮᠠᠭ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ | ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨᠨᠰᠠᠨ ᠪᠠᠶᠢᠳᠠᠯ ᠳᠤ ᠬᠢᠨᠠᠯᠳᠠ | ᠲᠠᠯᠪᠢᠨ ᠪᠠᠶᠢᠴᠠᠭᠠᠯᠳᠠ ᠬᠢᠨ᠎ᠡ᠃ ᠪᠠᠶᠢᠴᠠᠭᠠᠬᠠᠰᠠᠨ ᠦᠷ᠎ᠡ ᠳ᠋ᠦᠩ ᠢ ᠨᠢ ᠤᠨ ᠤ ᠰᠢᠯᠭᠠᠨ ᠬᠢᠨᠠᠬᠤ ᠴᠢᠬᠤᠯᠡ | ᠠᠭᠤᠯᠭ᠎ᠠ ᠪᠤᠯᠭᠠᠵᠦ᠂ ᠰᠢᠯᠭᠠᠨ ᠬᠢᠨᠠᠵᠦ ᠬᠤᠪᠢ ᠲᠤᠨᠨᠳᠠᠭᠠᠬᠤ ᠲᠣᠭᠳᠠᠯᠴᠠᠭ᠎ᠠ ᠳᠤ ᠤᠷᠤᠭᠤᠯᠬᠤ ᠭᠡᠷᠡᠭᠳᠡᠢ᠃ | ᠭᠤᠷᠪᠠᠳᠣᠭᠠᠷ ᠪᠦᠯᠦᠭ ᠰᠢᠯᠭᠠᠨ ᠬᠢᠨᠠᠬᠤ ᠠᠭᠤᠯᠭ᠎ᠠ ᠪᠠ ᠠᠷᠭ᠎ᠠ | ᠵᠢᠷᠭᠤᠳᠤᠭᠠᠷ ᠵᠦᠢᠯ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠠᠮᠤ ᠪᠤᠳᠠᠭᠠᠨ ᠤ ᠦᠷᠭᠦᠯᠵᠢᠯᠡᠨ | ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠭᠦ᠂ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠬᠤ᠂ ᠣᠷᠣᠨ | ᠨᠤᠲᠤᠭ ᠤᠨ ᠠᠮᠤ ᠪᠤᠳᠠᠭ᠎ᠠ ᠨᠥᠭᠡᠴᠡᠯᠡᠬᠦ ᠴᠢᠳᠠᠪᠤᠷᠢ ᠶᠢ ᠨᠡᠮᠡᠭᠳᠡᠭᠦᠯᠭᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠪᠠᠳᠣᠯᠠᠬᠤ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠬᠠᠤ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ ᠵᠡᠷᠭᠡ 6 ᠲᠠᠯ᠎ᠠ ᠶᠢ ᠪᠠᠭᠲᠠᠭᠠᠵᠤ᠂ ᠡᠯ᠎ᠡ ᠲᠦᠷᠦᠭᠦᠯᠡᠨ | ᠬᠢᠬᠦ ᠰᠠᠯᠠᠭ᠎ᠠ ᠮᠥᠴᠢᠷ ᠠᠴᠠ ᠪᠣᠳᠠᠲᠠᠶ ᠨᠠᠶᠢᠳᠠᠪᠣᠷᠢᠵᠢᠭᠤᠯᠣᠨ᠎ᠠ ︵ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ | ᠦᠵᠡ︶᠃ | ᠳᠣᠯᠣᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠲᠥᠷᠥᠯ ᠬᠤᠪᠢᠶᠠᠨ ᠰᠢᠯᠭᠠᠨ ᠲᠤᠨᠨᠳᠠᠭᠠᠬᠤ | ᠠᠷᠭ᠎ᠠ ᠶᠢ ᠬᠡᠷᠩᠵᠢᠭᠦᠯᠣᠨ᠎ᠡ᠃ ᠠᠮᠤ ᠪᠤᠳᠠᠭᠠᠨ ᠤ ᠭᠠᠷᠣᠯᠳᠡ ᠶᠢᠨ ᠣᠷᠣᠨ ᠪᠠ ᠭᠠᠷᠣᠯᠳᠠ ᠶᠢᠨ ᠪᠤᠰᠤ ᠣᠷᠣᠨ | ᠬᠡᠮᠡᠨ ᠢᠯᠭᠠᠵᠦ ᠪᠠᠶᠢᠭᠠᠳ ᠰᠢᠯᠭᠠᠨ ᠦᠨᠡᠯᠡᠵᠣ ᠬᠤᠪᠢ ᠣᠯᠭᠤᠨ᠎ᠠ᠂ ᠰᠢᠯᠭᠠᠨ ᠬᠢᠨᠠᠬᠤ ᠣᠨ ︵ᠪᠠᠭᠲᠠᠬᠤ ᠦᠭᠡᠶ︶ | ᠤ ᠡᠮᠦᠨ᠎ᠡ ᠭᠤᠷᠪᠠᠨ ᠵᠢᠯ ᠤᠨ ᠠᠮᠤ ᠪᠤᠳᠠᠭᠠᠨ ᠤ ᠵᠢᠯ ᠤᠨ ᠳᠤᠮᠳᠠᠴᠢ ᠤᠨᠠᠯᠲᠠ ᠶᠢᠨ ᠬᠡᠮᠵᠢᠶ᠎ᠠ ᠨᠢ 100 ᠲᠦᠮᠡᠨ | ᠲᠣᠨ ᠠᠴᠠ ᠳᠡᠭᠡᠭᠰᠢ ᠪᠠᠶᠢᠬᠤ ᠠᠶᠢᠮᠠᠭ ᠬᠤᠲᠠ ᠶᠢ ᠭᠠᠷᠣᠯᠳᠠ ᠶᠢᠨ ᠣᠷᠣᠨ ᠬᠡᠮᠡᠵᠦ᠂ ᠪᠤᠰᠤᠳ ᠠᠶᠢᠮᠠᠭ ᠬᠤᠲᠠ ᠶᠢ | ᠭᠠᠷᠣᠯᠳᠡ ᠶᠢᠨ ᠪᠤᠰᠤ ᠣᠷᠣᠨ ᠬᠡᠮᠡᠬᠦ ᠭᠡᠷᠡᠭᠳᠡᠢ᠃ ᠭᠠᠷᠣᠯᠳᠠ ᠶᠢᠨ ᠣᠷᠣᠨ ᠪᠠ ᠭᠠᠷᠣᠯᠳᠡ ᠶᠢᠨ ᠪᠣᠰᠣ ᠣᠷᠣᠨ ᠤ | ᠬᠤᠪᠢᠶᠠᠷᠢᠯᠠᠯ ᠢ ᠵᠥᠪᠬᠡᠨ ᠲᠤᠰ ᠰᠢᠯᠭᠠᠨ ᠬᠢᠨᠠᠯᠳᠠ ᠳᠤ ᠲᠣᠬᠢᠷᠠᠭᠤᠯᠣᠨ ᠬᠡᠷᠡᠭᠯᠡᠨ᠎ᠡ᠃ | ᠨᠠᠢᠮᠠᠳᠤᠭᠠᠷ ᠵᠦᠢᠯ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠯᠳᠠ ᠳᠤ ᠬᠤᠯᠪᠣᠭᠳᠠᠬᠤ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ᠪᠦᠷᠢᠳᠬᠡᠭᠰᠡᠨ ᠲᠤᠭ᠎ᠠ ᠪᠠᠷᠢᠮᠲᠠ ᠦᠭᠡᠢ ᠪᠣᠯ᠂ ᠡᠯ᠎ᠡ ᠬᠠᠮᠢᠶ᠎ᠡ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠮᠠᠭᠠᠳᠯᠠᠨ ᠲᠣᠭᠲᠠᠭᠠᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ᠶᠢᠰᠦᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠤᠨ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠪᠠ | ᠨᠢᠭᠡᠴᠢ ᠨᠢ ᠬᠠᠮᠵᠢᠯᠴᠠᠬᠤ ᠰᠠᠯᠠᠭ᠎ᠠ ᠮᠥᠴᠢᠷ᠂ ᠨᠢᠭᠡᠴᠢ ᠲᠠᠢ ᠬᠠᠮᠳᠤᠷᠠᠯᠴᠠᠵᠦ᠂ ᠣᠨ ᠤ ᠭᠤᠣᠯᠳᠠᠯᠭ᠎ᠠ ᠲᠠᠢ | ᠠᠵᠢᠯ ᠤᠨ ᠡᠭᠦᠷᠭᠡ ᠲᠠᠢ ᠪᠠᠨ ᠤᠶᠠᠯᠳᠤᠭᠤᠯᠤᠨ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠯᠢᠨᠨᠵᠢᠭᠤᠯᠵᠦ᠂ | ᠰᠢᠯᠭᠠᠨ ᠬᠢᠨᠠᠬᠤ ᠲᠥᠰᠦᠯ ᠢ ᠲᠣᠨᠨᠳᠠᠭᠠᠨ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠬᠢᠨᠠᠨ | ᠲᠣᠭᠲᠠᠭᠠᠯᠭᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠨ᠎ᠠ᠃ ᠰᠢᠯᠭᠠᠨ ᠬᠢᠨᠠᠬᠤ ᠠᠭᠤᠯᠭ᠎ᠠ ᠪᠠ ᠭᠤᠣᠯᠳᠠᠯᠭ᠎ᠠ ᠲᠠᠢ | ᠰᠢᠯᠭᠠᠨ ᠬᠢᠨᠠᠬᠤ ᠵᠦᠢᠯᠡᠰ ᠲᠤ ᠲᠣᠬᠢᠷᠠᠭᠤᠯᠤᠯᠲᠠ ᠬᠢᠬᠦ ᠳᠤ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ | ᠵᠥᠪᠰᠢᠶᠡᠷᠡᠭᠦᠯᠬᠦ ᠬᠡᠷᠡᠭᠲᠡᠶ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ | ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ ᠵᠣᠬᠢᠴᠠᠩᠭᠤᠢ | ᠲᠣᠬᠢᠷᠠᠭᠤᠯᠤᠯᠲᠠ ᠬᠢᠵᠦ ᠪᠣᠯᠤᠨ᠎ᠠ᠃ | ᠠᠷᠪᠠᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠢ ᠲᠣᠣᠷᠠᠬᠢ ᠳᠡᠰ ᠳᠠᠷᠠᠭᠠᠯᠠᠯ ᠢᠶᠠᠷ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠄ | ︵ᠨᠢᠭᠡ︶ ᠦᠪᠡᠷ ᠢ ᠪᠠᠨ ᠥᠪᠡᠰᠦᠪᠡᠨ ᠪᠠᠶᠢᠴᠠᠭᠠᠵᠤ ᠬᠤᠪᠢ ᠲᠣᠭᠲᠠᠭᠠᠬᠤ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠪᠠ ᠣᠨ ᠤ ᠰᠢᠯᠭᠠᠨ ᠬᠢᠨᠠᠬᠤ ᠲᠥᠰᠦᠯ ᠤᠨ | ᠶᠣᠰᠣᠭᠠᠷ᠂ ᠲᠤᠰ ᠣᠨ ᠤ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠪᠠᠷ ᠳ᠋ᠦᠩᠨᠡᠯᠲᠡ ᠬᠢᠬᠦ ᠪᠠ | ᠦᠪᠡᠷ ᠢ ᠪᠠᠨ ᠥᠪᠡᠰᠦᠪᠡᠨ ᠦᠨᠡᠯᠡᠵᠦ ᠬᠤᠪᠢ ᠲᠣᠭᠲᠠᠭᠠᠬᠤ᠂ ᠬᠤᠶᠠᠳᠣᠭᠠᠷ ᠵᠢᠯ ᠤᠨ 1 ᠳ᠋ᠣᠬᠡᠷ ᠰᠠᠷ᠎ᠠ ᠶᠢᠨ | ᠳᠤᠮᠳᠠᠴᠢ ᠠᠴᠠ ᠡᠮᠦᠨ᠎ᠡ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠲᠤ ᠥᠪᠡᠰᠦᠪᠡᠨ | ᠪᠠᠶᠢᠴᠠᠭᠠᠭᠰᠠᠨ ᠮᠡᠳᠡᠭᠦᠯᠦᠯᠲᠡ ᠵᠢᠴᠢ ᠰᠢᠯᠭᠠᠨ ᠬᠢᠨᠠᠯᠲᠠ ᠳᠤ ᠬᠤᠯᠪᠤᠨᠨᠳ᠋ᠬᠠᠰᠠᠨ ᠬᠠᠮᠢᠶ᠎ᠠ ᠪᠦᠬᠦᠢ ᠨᠣᠳᠠᠯᠠᠨ | ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠢ ᠳᠤ ᠬᠠᠭᠤᠯᠤᠨ ᠢᠯᠡᠭᠡᠨ᠎ᠡ᠃ | ︵ᠬᠤᠶᠠᠷ︶ ᠰᠠᠯᠠᠭ᠎ᠠ ᠮᠥᠴᠢᠷ ᠠᠴᠠ ᠬᠢᠨᠠᠨ ᠲᠣᠭᠲᠠᠭᠠᠬᠤ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠂ | ᠨᠢᠭᠡᠴᠢ ᠨᠢ ᠬᠠᠮᠵᠢᠯᠴᠠᠬᠤ ᠰᠠᠯᠠᠭ᠎ᠠ ᠮᠥᠴᠢᠷ᠂ ᠨᠢᠭᠡᠴᠢ ᠲᠠᠢ ᠬᠠᠮᠳᠣᠷᠠᠯᠴᠠᠵᠦ᠂ ᠰᠢᠯᠭᠠᠨ ᠬᠢᠨᠠᠬᠤ ᠶᠢ | ᠨᠠᠷᠢᠯᠢᠬᠵᠢᠭᠤᠯᠣᠭᠰᠠᠨ ᠲᠥᠰᠦᠯ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠠᠮᠤ ᠪᠣᠳᠠᠭᠠᠨ ᠤ ᠠᠮᠤᠷ | ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠡᠳᠦᠷ ᠲᠤᠲᠤᠮ ᠤᠨ ᠰᠢᠯᠭᠠᠨ ᠲᠤᠨᠨᠲᠠᠭᠠᠯᠲᠠ ᠪᠠ ᠵᠢᠯ ᠤᠨ ᠰᠡᠭᠦᠯᠴᠢ ᠶᠢᠨ ᠬᠢᠨᠠᠨ ᠳᠤᠨᠨᠲᠠᠭᠠᠯᠲᠠ | ᠬᠢᠵᠦ᠂ ᠰᠢᠯᠭᠠᠨ ᠬᠢᠨᠠᠵᠤ ᠬᠢᠨᠠᠨ ᠲᠣᠭᠲᠠᠭᠠᠭᠰᠠᠨ ᠰᠠᠨᠠᠯ ᠪᠦᠷᠢᠯᠳᠦᠭᠦᠯᠦᠭᠡᠳ ᠰᠢᠯᠭᠠᠨ ᠬᠢᠨᠠᠬᠤ ᠠᠵᠢᠯ ᠤᠨ | ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠣᠨ᠎ᠡ᠃ ᠪᠣᠳᠠᠲᠠᠶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ | ᠬᠠᠮᠢᠶ᠎ᠠ ᠪᠦᠬᠦᠢ ᠰᠠᠯᠠᠭ᠎ᠠ ᠮᠥᠴᠢᠷ ᠨᠢ ᠰᠤᠭᠤᠴᠢᠨ ᠪᠠᠶᠢᠴᠠᠭᠠᠬᠤ ᠬᠠᠮᠲᠤᠷᠠᠭᠰᠠᠨ ᠳᠤᠭᠤᠶᠢᠯᠠᠩ ᠪᠠᠶᠢᠭᠤᠯᠵᠤ | ᠲᠤᠬᠠᠶ ᠶᠢᠨ ᠭᠠᠵᠠᠷ ᠲᠤ ᠨᠢ ᠰᠢᠯᠭᠠᠨ ᠬᠢᠨᠠᠬᠤ ᠠᠵᠢᠯ ᠢ ᠥᠷᠨᠢᠭᠦᠯᠬᠦ ᠬᠡᠷᠡᠭᠲᠡᠶ᠃ | ︵ᠭᠤᠷᠪᠠ︶ ᠶᠡᠷᠦᠩᠬᠡᠶᠢᠯᠡᠨ ᠦᠨᠡᠯᠡᠬᠦ᠃ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠬᠡᠷ ᠨᠢ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠨ ᠲᠤᠨᠨᠳᠠᠭᠠᠨᠨᠰᠠᠨ ᠪᠠ ᠰᠤᠭᠤᠴᠢᠨ ᠪᠠᠶᠢᠴᠠᠭᠠᠭᠰᠠᠨ ᠪᠠᠶᠢᠳᠠᠯ ᠳᠤ | ᠬᠤᠷᠢᠶᠠᠩᠭᠤᠶᠢᠯᠠᠯ ᠬᠢᠵᠣ᠂ ᠶᠡᠷᠦᠩᠬᠡᠶᠢᠯᠡᠭᠰᠡᠨ ᠦᠨᠡᠯᠡᠯᠲᠡ ᠭᠠᠷᠭᠠᠨ᠂ ᠰᠢᠯᠭᠠᠨ ᠬᠢᠨ᠋ᠬᠠᠰᠠᠨ ᠵᠡᠷᠭᠡ ᠲᠠᠰ ᠢ | ᠲᠣᠭᠲᠠᠭᠠᠵᠣ᠂ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠬᠢᠨᠠᠬᠤ ᠠᠵᠢᠯ ᠤᠨ | ᠳᠤᠭᠤᠶᠢᠯᠠᠩ ᠳᠤ ᠮᠡᠳᠡᠭᠦᠯᠵᠦ ᠬᠢᠨᠠᠨ ᠲᠤᠨᠨᠳᠠᠭᠠᠯᠭᠠᠬᠤ ᠭᠡᠷᠡᠭᠳᠡᠢ᠃ | ᠳᠥᠷᠪᠡᠳᠦᠭᠡᠷ ᠪᠦᠯᠦᠭ ᠰᠢᠯᠭᠠᠨ ᠬᠢᠨᠠᠬᠤ ᠬᠤᠪᠢ ᠪᠠ ᠵᠡᠷᠭᠡ ᠳᠡᠰ ᠲᠣᠭᠲᠠᠭᠠᠬᠤ | ᠠᠷᠪᠠᠨ ᠨᠢᠭᠡᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠬᠤᠪᠢ ᠲᠣᠭᠲᠠᠭᠠᠬᠤ ᠳᠦᠷᠢᠮ ᠢ ᠬᠡᠷᠡᠭᠯᠡᠵᠦ᠂ | ᠪᠦᠷᠢᠨ ᠬᠤᠪᠢ ᠨᠢ 100 ᠬᠤᠪᠢ ᠪᠣᠯᠤᠨ᠎ᠠ᠃ ᠠᠶᠢᠮᠠᠭ ᠬᠤᠲᠠ ᠶᠢᠨ ᠦᠪᠡᠷ ᠢ ᠪᠠᠨ ᠥᠪᠡᠰᠦᠪᠡᠨ ᠦᠨᠡᠯᠡᠭᠰᠡᠨ᠂ | ᠰᠠᠯᠠᠭ᠎ᠠ ᠮᠥᠴᠢᠷ ᠤᠨ ᠬᠢᠨᠠᠨ ᠲᠣᠨᠨᠳᠠᠭᠠᠨᠨᠰᠠᠨ᠂ ᠪᠣᠳᠠᠲᠠᠶ ᠭᠠᠵᠠᠷ ᠲᠤ ᠨᠢ ᠰᠤᠭᠤᠴᠢᠨ ᠪᠠᠶᠢᠴᠠᠭᠠᠵᠤ ᠬᠤᠪᠢ | ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠣᠨ ᠤ ᠰᠢᠯᠭᠠᠨ ᠬᠢᠨᠠᠭᠰᠠᠨ ᠬᠤᠪᠢ ᠶᠢ | ᠪᠤᠳᠤᠨ᠎ᠠ᠃ ᠪᠤᠳᠤᠬᠤ ᠠᠷᠭ᠎ᠠ ᠨᠢ᠄ ᠡᠯ᠎ᠡ ᠠᠶᠢᠮᠠᠭ ᠬᠤᠲᠠ ᠶᠢᠨ ᠰᠢᠯᠭᠠᠨ ᠬᠢᠨᠠᠭᠰᠠᠨ ᠬᠤᠪᠢ = ᠥᠪᠡᠰᠦᠪᠡᠨ | ᠪᠠᠶᠢᠴᠠᠭᠠᠭᠠᠳ ᠲᠤᠨᠨᠳᠠᠭᠠᠨᠨᠰᠠᠨ ᠬᠤᠪᠢ × 5% + ᠰᠠᠯᠠᠭ᠎ᠠ ᠮᠥᠴᠢᠷ ᠤᠨ ᠡᠩ ᠤᠨ ᠴᠠᠭ ᠤᠨ ᠬᠢᠨᠠᠨ ᠡᠵᠡᠮᠰᠢᠵᠦ | ᠲᠤᠨᠨᠳᠠᠭᠠᠨᠨᠰᠠᠨ ᠬᠤᠪᠢ × 45% + ᠰᠠᠯᠠᠭ᠎ᠠ ᠮᠥᠴᠢᠷ ᠤᠨ ᠵᠢᠯ ᠤᠨ ᠰᠡᠭᠦᠯᠴᠢ ᠶᠢᠨ ᠦᠨᠡᠯᠡᠨ ᠲᠤᠨᠨᠳᠠᠭᠠᠨᠨᠰᠠᠨ | ᠬᠤᠪᠢ / ᠪᠣᠳᠠᠳᠠᠢ ᠭᠠᠵᠠᠷ ᠲᠤ ᠨᠢ ᠰᠤᠭᠤᠴᠢᠨ ᠪᠠᠶᠢᠴᠠᠭᠠᠨᠨᠰᠠᠨ × 50% ᠪᠣᠯᠤᠨ᠎ᠠ᠃ | ᠠᠷᠪᠠᠨ ᠬᠤᠶᠠᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ | ᠬᠢᠷᠢ ᠲᠡᠩᠴᠡᠭᠰᠡᠨ ᠦᠭᠡᠶ ᠭᠡᠵᠦ ᠳᠥᠷᠪᠡᠨ ᠵᠡᠷᠭᠡ ᠳᠡᠰ ᠬᠤᠪᠢᠶᠠᠨ᠎ᠠ᠃ ᠰᠢᠯᠭᠠᠨ ᠬᠢᠨᠠᠭᠠᠳ 90 ᠬᠤᠪᠢ ᠠᠴᠠ | ᠳᠡᠭᠡᠭᠰᠢ ᠪᠣᠯ ᠰᠢᠯᠢᠳᠡᠭ᠂ 75 ᠬᠤᠪᠢ ᠠᠴᠠ ᠳᠡᠭᠡᠭᠰᠢ 90 ᠬᠤᠪᠢ ᠠᠴᠠ ᠳᠣᠷᠣᠭᠰᠢ ᠪᠣᠯ ᠰᠠᠶᠢᠨ᠂ 60 | ᠬᠤᠪᠢ ᠠᠴᠠ ᠳᠡᠭᠡᠭᠰᠢ 75 ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ᠂ 60 ᠬᠤᠪᠢ ᠠᠴᠠ ᠳᠣᠷᠣᠭᠰᠢ | ᠪᠣᠯ ᠬᠢᠷᠢ ᠲᠡᠩᠴᠡᠭᠰᠡᠨ ᠥᠬᠡᠶ ︵ᠳᠡᠭᠡᠭᠰᠢ ᠭᠡᠰᠡᠨ ᠳᠤ ᠤᠭ ᠲᠤᠭ᠎ᠠ ᠶᠢ ᠪᠠᠭᠳᠠᠭᠠᠵᠦ᠂ ᠳᠣᠷᠣᠭᠰᠢ ᠭᠡᠰᠡᠨ ᠳᠤ | ᠤᠭ ᠲᠤᠭ᠎ᠠ ᠶᠢ ᠪᠠᠭᠲᠠᠭᠠᠬᠤ ᠥᠬᠡᠶ ︶ ᠪᠣᠯᠤᠨ᠎ᠠ᠃ | ᠠᠷᠪᠡᠨ ᠭᠤᠷᠪᠠᠳᠣᠭᠠᠷ ᠵᠦᠢᠯ ᠰᠢᠯᠭᠠᠨ ᠬᠢᠨᠠᠬᠤ ᠵᠡᠷᠭᠡ ᠳᠡᠰ ᠢ ᠲᠣᠭᠳᠠᠭᠠᠬᠤ ᠳᠤ᠂ ᠬᠡᠷᠪᠡ ᠣᠯᠣᠰ ᠪᠠ | ᠦᠪᠡᠷᠳᠡᠭᠡᠨ ᠵᠠᠰᠠᠬᠤ ᠣᠷᠣᠨ ᠤ ᠴᠢᠬᠤᠯᠨ ᠶᠡᠭᠡ ᠲᠦᠷᠣ ᠶᠢᠨ ᠪᠣᠳᠣᠯᠭ᠎ᠠ ᠶᠢᠨ ᠲᠣᠬᠢᠷᠠᠭᠤᠯᠣᠯᠳᠠ ᠪᠣᠶᠣ ᠬᠦᠨᠳᠣ | ᠶᠡᠭᠡ ᠪᠠᠶᠢᠭᠠᠯᠢ ᠶᠢᠨ ᠭᠠᠢ ᠭᠠᠮᠰᠢᠭ ᠠᠴᠠ ᠪᠣᠯᠵᠣ ᠰᠢᠯᠭᠠᠨ ᠬᠢᠨᠠᠬᠤ ᠦᠷ᠎ᠡ ᠳ᠋ᠦᠩ ᠢ ᠨᠦᠯᠣᠭᠡᠯᠡᠭᠰᠡᠨ ᠪᠣᠯ᠂ | ᠪᠣᠰᠣᠣᠡᠴᠢ ᠭᠦᠴᠣᠨ ᠵᠦᠢᠯ ᠢ ᠨᠢ ᠪᠣᠳᠣᠯᠬᠢᠯᠠᠬᠤ ᠬᠡᠷᠩᠳᠠᠢ᠃ | ᠲᠠᠪᠤᠳᠤᠭᠠᠷ ᠪᠦᠯᠦᠭ ᠰᠢᠯᠭᠠᠨ ᠬᠢᠨᠠᠭᠰᠠᠨ ᠦᠷ᠎ᠡ ᠳ᠋ᠦᠩ ᠪᠠ ᠬᠡᠷᠡᠭᠯᠡᠯᠲᠡ | ᠠᠷᠪᠠᠨ ᠳᠥᠷᠪᠡᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠭᠤᠣᠯ ᠭᠦᠢᠴᠡᠳᠬᠡᠯ ᠲᠤᠭ᠎ᠠ ᠶᠢ ᠥᠪᠡᠷᠲᠡᠭᠡᠨ ᠵᠠᠰᠠᠬᠤ | ᠣᠷᠣᠨ ᠠᠴᠠ ᠠᠶᠢᠮᠠᠭ ᠬᠤᠲᠠ ᠶᠢᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ | ᠲᠣᠭᠠᠨ ᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠭᠠᠨ ᠬᠢᠨᠠᠬᠤ | ᠠᠵᠢᠯ ᠤᠨ ᠳᠤᠭᠤᠶᠢᠯᠠᠩ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠪᠳᠡᠷᠡᠭᠦᠯᠦᠨ ᠮᠡᠳᠡᠭᠡᠯᠡᠬᠦ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠢᠯᠡᠭᠡᠵᠦ᠂ | ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠪᠠ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠶᠢᠨ | ᠴᠢᠬᠤᠯᠠ ᠯᠠᠪᠯᠠᠯᠲᠠ ᠪᠣᠯᠭᠠᠬᠤ ᠭᠡᠷᠡᠭᠳᠡᠢ᠃ | ᠠᠮᠤ ᠪᠤᠳᠠᠭᠠᠨ ᠤ ᠭᠠᠷᠣᠯᠳᠠ ᠶᠢᠨ ᠣᠷᠣᠨ ᠬᠢᠭᠡᠳ ᠭᠠᠷᠣᠯᠳᠠ ᠶᠢᠨ ᠪᠤᠰᠤ ᠣᠷᠣᠨ ᠤ ᠲᠥᠯᠥᠭᠡᠯᠡᠬᠦ ᠴᠢᠨᠠᠷ ᠢ | ᠭᠦᠢᠴᠡᠳ ᠪᠣᠳᠣᠯᠬᠢᠯᠠᠭᠰᠠᠨ ᠤ ᠪᠠᠶᠢᠳᠠᠯ ᠳᠣᠤᠷ᠎ᠠ᠂ ᠰᠢᠯᠭᠠᠨ ᠬᠢᠨ᠋ᠬᠠᠰᠠᠨ ᠦᠷ᠎ᠡ ᠳ᠋ᠦᠩ ᠢᠶᠠᠷ ᠰᠢᠯᠢᠳᠡᠭ ᠪᠣᠯᠬᠤ | ᠠᠶᠢᠮᠠᠭ ᠬᠤᠲᠠ ᠶᠢ ᠨᠡᠪᠲᠡᠷᠡᠭᠦᠯᠦᠨ ᠰᠠᠶᠢᠰᠢᠶᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠥᠷᠥᠯ | ᠵᠦᠢᠯ ᠤᠨ ᠪᠡᠯᠡ ᠮᠦᠩᠬᠦ ᠲᠤᠬᠢᠷᠠᠭᠤᠯᠬᠤ ᠪᠠ ᠠᠮᠤ ᠪᠤᠳᠠᠭᠠᠨ ᠤ ᠲᠤᠰᠬᠠᠶᠢᠯᠠᠨ ᠲᠡᠳᠬᠦᠬᠦ ᠲᠥᠷᠥ ᠶᠢᠨ | ᠪᠣᠳᠣᠯᠭ᠎ᠠ ᠶᠢᠨ ᠲᠠᠯ᠎ᠠ ᠪᠠᠷ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠶ᠃ ᠰᠢᠯᠭᠠᠨ ᠬᠢᠨᠠᠭᠰᠠᠨ ᠦᠷ᠎ᠡ ᠳ᠋ᠦᠩ ᠳᠤ | ᠬᠢᠷᠢ ᠲᠡᠩᠴᠡᠭᠰᠡᠨ ᠥᠬᠡᠶ ᠠᠶᠢᠮᠠᠭ ᠬᠤᠲᠠ ᠨᠢ ᠰᠢᠯᠭᠠᠨ ᠬᠢᠨᠠᠭᠰᠠᠨ ᠦᠷ᠎ᠡ ᠳ᠋ᠦᠩ ᠢ ᠨᠡᠪᠳᠡᠷᠡᠭᠦᠯᠦᠨ | ᠮᠡᠳᠡᠬᠡᠯᠡᠭᠰᠡᠨ ᠤ ᠳᠠᠷᠠᠭᠠᠬᠢ ᠨᠢᠭᠡ ᠰᠠᠷ᠎ᠠ ᠶᠢᠨ ᠳᠣᠲᠣᠷ᠎ᠠ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠳᠤ | ᠪᠢᠴᠢᠭ ᠤᠨ ᠮᠡᠳᠡᠭᠦᠯᠦᠯᠲᠡ ᠬᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠬᠢᠵᠠᠭᠠᠷ ᠢᠶᠠᠨ | ᠲᠣᠷᠠᠳᠣᠨ ᠭᠠᠷᠭᠠᠬᠤ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠬᠡᠷ ᠲᠤ ᠬᠠᠭᠤᠯᠤᠨ | ᠢᠯᠡᠭᠡᠬᠦ ᠬᠡᠷᠡᠭᠲᠡᠶ︔ ᠬᠤᠭᠤᠴᠠᠭ᠎ᠠ ᠨᠢ ᠬᠡᠳᠦᠷᠡᠬᠡᠳ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠤᠭᠰᠠᠨ | ᠦᠭᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠠᠴᠠ ᠬᠠᠮᠢᠶ᠎ᠠ ᠪᠦᠬᠦᠢ ᠠᠶᠢᠮᠠᠭ ᠬᠤᠲᠠ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠴᠢᠬᠤᠯᠠ ᠲᠠᠢ ᠪᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ ᠠᠴᠠ ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠬᠡᠷᠡᠭᠲᠡᠶ᠃ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ᠂ ᠬᠦᠨᠳᠦ ᠶᠡᠭᠡ ᠠᠵᠢᠯ ᠤᠨ ᠠᠯᠳᠠᠰᠢ ᠤᠷᠤᠰᠢᠵᠦ ᠪᠠᠶᠢᠬᠤ | ᠵᠡᠷᠭᠡ ᠠᠴᠠ ᠪᠣᠯᠵᠤ ᠠᠮᠤ ᠪᠤᠳᠠᠭᠠᠨ ᠤ ᠵᠠᠬ᠎ᠠ ᠳᠡᠯᠭᠡᠭᠦᠷ ᠵᠢᠴᠢ ᠨᠡᠶᠢᠭᠡᠮ ᠤᠨ ᠲᠣᠭᠲᠠᠭᠤᠨ ᠳᠤ ᠬᠦᠨᠳᠦ ᠨᠣᠴᠢᠲᠠᠶ | ᠨᠥᠯᠥᠭᠡ ᠤᠴᠠᠷᠠᠭᠤᠯᠤᠭᠰᠠᠨ ᠪᠠᠶᠢᠪᠠᠯ᠂ ᠣᠨ ᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠶ ᠪᠠᠷ | ᠦᠵᠡᠬᠦ ᠶᠢᠨ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠳᠣ ᠶᠢᠨ ᠶᠣᠰᠣᠭᠠᠷ ᠬᠤᠯᠪᠣᠭᠳᠠᠯ ᠪᠦᠬᠦᠢ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠨ᠎ᠡ᠃ | ᠠᠷᠪᠠᠨ ᠲᠠᠪᠤᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠡᠷᠬᠡ ᠲᠡᠭᠰᠢ ᠲᠥᠪ ᠭᠤᠣᠯᠴᠢ ᠬᠠᠨᠳᠤᠵᠦ᠂ | ᠦᠨᠡᠨ ᠠᠴᠠ ᠵᠥᠪ ᠢ ᠡᠷᠢᠬᠦ ᠬᠡᠷᠡᠭᠲᠡᠶ᠃ ᠰᠢᠯᠭᠠᠨ ᠬᠢᠨᠠᠬᠤ ᠠᠵᠢᠯ ᠤᠨ ᠶᠠᠪᠣᠴᠠ ᠳᠤ ᠬᠤᠳᠠᠯ ᠬᠡᠯᠡᠵᠦ ᠬᠠᠭᠤᠷᠮᠠᠭ | ᠵᠣᠬᠢᠶᠠᠬᠤ᠂ ᠨᠢᠭᠤᠵᠤ ᠦᠯᠣ ᠮᠡᠳᠡᠭᠦᠯᠬᠦ ᠪᠠ ᠬᠤᠳᠠᠯ ᠢᠶᠠᠷ ᠮᠡᠳᠡᠭᠦᠯᠬᠦ ᠪᠠᠶᠢᠳᠠᠯ ᠣᠷᠣᠰᠢᠵᠤ ᠪᠠᠶᠢᠪᠠᠯ ᠨᠡᠪᠳᠡᠷᠡᠭᠦᠯᠦᠨ | ᠰᠢᠭᠦᠮᠵᠢᠯᠡᠬᠦ ᠶᠢᠨ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠬᠤᠯᠪᠣᠭᠳᠠᠯ ᠪᠦᠬᠦᠢ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠨ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ | ᠠᠷᠪᠠᠨ ᠵᠢᠷᠭᠤᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ | ᠰᠢᠯᠭᠠᠨ ᠬᠢᠨᠠᠬᠤ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠨᠨᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ ︶ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2016︺ 3 ᠳ᠋ᠤᠭᠠᠷ ᠲᠣᠭᠠᠲᠤ︶ | ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | | | ᠲᠠᠭᠠᠯᠳᠤᠭᠤᠯᠤᠯ᠄ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠳᠠ ᠶᠢᠨ ᠲᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠭᠦᠰᠦᠨᠦᠭᠳᠦ ︵ᠲᠣᠪᠴᠢᠯᠠᠪᠠ︶ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |