ᠥᠪᠥᠷ ᠵᠠᠰᠠᠭ ᠠᠯᠪᠠᠨ ᠲᠠᠷᠬᠠᠭᠠᠭᠰᠠᠨ︹2020︺59 ᠳ᠋ᠦ᠋ᠭᠡᠷ ᠲᠣᠭᠠᠲᠤ | 2020 ᠣᠨ ᠤ 12 ᠳ᠋ᠤᠭᠠᠷ ᠰᠠᠷ᠎ᠠ ᠶᠢᠨ 31 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠣᠶᠢᠷ᠎ᠠ ᠶᠢᠨ ᠵᠢᠯ ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ | ᠪᠡᠯᠡᠳᠬᠡᠮᠵᠢ ᠢᠯᠡᠳᠲᠡ ᠰᠠᠶᠢᠵᠢᠷᠠᠵᠤ᠂ ᠲᠡᠭᠡᠭᠡᠪᠦᠷᠢ ᠶᠢᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ | ᠴᠢᠩᠭᠠᠷᠠᠨ᠂ ᠮᠠᠯᠴᠢᠨ ᠲᠠᠷᠢᠶᠠᠴᠢᠨ ᠲᠦᠮᠡᠨ ᠤ ᠶᠠᠪᠤᠵᠤ ᠰᠠᠭᠤᠬᠤ ᠳᠤ ᠬᠦᠴᠢᠷᠳᠡᠵᠦ ᠪᠠᠶᠢᠭᠰᠠᠨ ᠠᠰᠠᠭᠤᠳᠠᠯ ᠢ | ᠪᠦᠲᠦᠮᠵᠢᠲᠡᠶ ᠨᠠᠮᠳᠠᠭᠠᠪᠠ᠃ ᠭᠡᠪᠡᠴᠦ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ | ᠵᠣᠨᠨᠰᠣᠬᠤ ᠴᠡᠭ ᠣᠯᠠᠨ ᠵᠠᠮ ᠱᠤᠭᠤᠮ ᠬᠤᠯᠡ᠂ ᠠᠶᠠᠨᠴᠢᠳ ᠲᠠᠷᠠᠬᠠᠶ ᠪᠤᠲᠠᠷᠬᠠᠶ᠂ ᠠᠮᠤᠷ ᠲᠦᠪᠰᠢᠨ ᠤ ᠳᠠᠯᠳᠠ | ᠭᠡᠮ ᠶᠡᠭᠡ ᠠᠴᠠ ᠪᠣᠯᠵᠤ᠂ ᠮᠠᠯᠴᠢᠨ ᠲᠠᠷᠢᠶᠠᠴᠢᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ ᠵᠡᠷᠭᠡ | ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠨ | ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠠᠮᠤᠷ | ᠲᠦᠪᠰᠢᠨ᠂ ᠬᠢᠮᠳᠠ᠂ ᠲᠥᠬᠦᠮ ᠲᠦᠳᠡ ᠶᠠᠪᠤᠵᠤ ᠰᠠᠭᠤᠬᠤ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ | ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ | ᠲᠡᠭᠡᠭᠡᠪᠦᠷᠢ ᠶᠢᠨ ᠬᠥᠭᠵᠢᠯᠲᠡ ᠶᠢ ᠲᠡᠳᠬᠦᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠴᠢᠬᠤᠯᠠ | ᠴᠢᠨᠠᠷ ᠤᠨ ᠲᠠᠯ᠎ᠠ ᠪᠠᠷ ᠬᠢ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ | ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠨᠢ ᠨᠡᠶᠢᠳᠡᠮ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠶᠢᠵᠤ᠂ ᠥᠷᠭᠡᠨ ᠣᠯᠠᠨ ᠮᠠᠯᠴᠢᠨ | ᠲᠠᠷᠢᠶᠠᠴᠢᠨ ᠲᠦᠮᠡᠨ ᠤ ︽ᠵᠠᠪᠤᠵᠤ ᠰᠠᠭᠤᠬᠤ ᠳᠤ ᠨᠢ ᠠᠶᠠᠨ ᠤ ᠤᠨᠤᠭ᠎ᠠ ᠲᠠᠢ︾ ᠪᠠᠶᠢᠯᠭᠠᠬᠤ ᠠᠷᠠᠳ ᠤᠨ | ᠠᠮᠢᠳᠤᠷᠠᠯ ᠳᠤ ᠦᠢᠯᠡᠴᠢᠯᠡᠭᠦ ᠶᠢ ᠪᠠᠲᠤᠯᠠᠬᠤ᠂ ᠠᠷᠠᠳ ᠣᠯᠠᠨ ᠳᠤ ᠠᠰᠢᠭ ᠬᠦᠷᠲᠡᠭᠡᠬᠦ᠂ ︽ᠮᠠᠯ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠳᠤ ᠦᠢᠯᠡᠴᠢᠯᠡᠬᠦ ᠠᠷᠠᠳ ᠤᠨ ᠰᠡᠳᠬᠢᠯᠭᠡᠨ ᠤ | ᠢᠨᠵᠧᠨᠧᠷᠢᠩ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠬᠤ ᠴᠢᠬᠤᠯᠠ ᠠᠴᠢᠶᠠᠯᠠᠪᠤᠷᠢ ᠪᠥᠭᠡᠳ | ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠬᠤᠯᠪᠣᠭᠠᠰᠤ ᠪᠣᠯᠤᠨ᠎ᠠ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠠᠶᠠᠨᠴᠢᠳ ᠤᠨ | ᠲᠡᠭᠡᠭᠡᠪᠦᠷᠢ ᠶᠢ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠠᠯᠵᠢᠬᠤ ᠲᠠᠷᠢᠶᠠᠯᠠᠬᠤ | ᠣᠷᠣᠨ ᠤ ᠠᠶᠠᠨᠴᠢᠳ ᠤᠨ ᠲᠡᠭᠡᠭᠡᠪᠦᠷᠢ ᠶᠢ ᠲᠦᠷᠬᠡᠬᠡᠨ ᠬᠥᠭᠵᠢᠭᠦᠯᠬᠦ ᠶᠢ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠤ ᠪᠠᠨ ᠣᠷᠣᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ︽ᠵᠠᠰᠠᠭ ᠤᠨ ᠣᠷᠳᠣᠨ ᠭᠤᠣᠯᠯᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠠᠭᠤᠰᠤᠯᠴᠠᠭᠤᠯᠤᠨ ᠬᠥᠭᠵᠢᠭᠦᠯᠬᠦ᠂ ᠣᠯᠠᠨ ᠲᠦᠮᠡᠨ ᠳᠤ | ᠦᠢᠯᠡᠴᠢᠯᠡᠬᠦ᠂ ᠠᠮᠤᠷ ᠲᠦᠪᠰᠢᠨ ᠪᠥᠭᠡᠳ ᠬᠢᠮᠳᠠ ᠪᠠᠶᠢᠯᠭᠠᠬᠤ︾ ᠪᠠᠷ ᠵᠠᠷᠴᠢᠮ ᠪᠣᠯᠭᠠᠨ᠂ ᠪᠦᠬᠦ ᠣᠷᠣᠨ ᠤ | ᠨᠥᠬᠦᠴᠡᠯ ᠪᠦᠷᠢᠳᠦᠭᠰᠡᠨ ᠪᠠᠶᠢᠭᠤᠯᠤᠮᠵᠢᠲᠤ ᠲᠣᠰᠬᠤᠨ ᠪᠥᠬᠦᠨ ᠳᠤ 100% ᠪᠠᠷ ᠠᠶᠠᠨᠴᠢᠳ ᠤᠨ ᠲᠡᠷᠭᠡ | ᠨᠡᠪᠲᠡᠷᠡᠭᠦᠯᠬᠦ ᠪᠠ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠠᠵᠢᠯ ᠤᠨ | ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ | ᠲᠡᠭᠡᠭᠡᠪᠦᠷᠢ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠭᠤᠣᠯ ᠪᠣᠯᠬᠤ ᠰᠤᠮᠤ ᠰᠢᠶᠠᠩ | ᠪᠠᠯᠭᠠᠰᠤ ᠶᠢ ᠵᠣᠷᠢᠬᠵᠢᠭᠤᠯᠵᠤ ᠪᠠᠶᠢᠭᠠᠳ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡ᠂ ᠠᠷᠠᠯᠵᠢᠶ᠎ᠠ | ᠬᠤᠳᠠᠯᠳᠤᠭ᠎ᠠ᠂ ᠰᠢᠦᠳᠠᠨ᠂ ᠲᠦᠷᠭᠡᠨ ᠢᠯᠡᠭᠡᠯᠲᠡ᠂ ᠬᠠᠩᠭᠠᠨ ᠪᠣᠷᠣᠯᠠᠭᠤᠯᠬᠤ ᠵᠡᠷᠭᠡ ᠣᠯᠠᠨ ᠵᠦᠢᠯ ᠤᠨ | ᠦᠢᠯᠡᠴᠢᠯᠡᠭᠡᠨ ᠤ ᠴᠢᠳᠠᠮᠵᠢ ᠶᠢ ᠲᠥᠪᠯᠡᠷᠡᠭᠦᠯᠵᠦ ᠨᠢᠭᠡ ᠴᠣᠭᠴᠠᠵᠢᠭᠤᠯᠤᠭᠰᠠᠨ ᠶᠡᠷᠦᠩᠬᠡᠶ ᠦᠢᠯᠡᠴᠢᠯᠡᠭᠡᠨ ᠤ | ᠥᠷᠲᠡᠭᠡ ᠶᠢ ᠪᠦᠲᠦᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢ | ︽ᠨᠡᠪᠳᠡᠷᠡᠭᠦᠯᠵᠣ ᠲᠠᠶᠢᠯᠭᠦ︾ ᠠᠴᠠ ︽ᠰᠠᠶᠢᠲᠤᠷ ᠨᠡᠪᠲᠡᠷᠡᠭᠦᠯᠬᠦ︾ ᠲᠡᠶᠢᠰᠢ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠠᠮᠤᠷ ᠲᠦᠪᠰᠢᠨ᠂ ᠳᠥᠭᠦᠮ ᠳᠥᠲᠡ᠂ ᠪᠦᠲᠦᠮᠵᠢ ᠰᠠᠶᠢᠲᠠᠶ᠂ ᠪᠣᠬᠢᠷᠳᠤᠯ ᠦᠭᠡᠢ᠂ ᠬᠢᠮᠳᠡ | ᠪᠠᠶᠢᠳᠠᠭ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ | ᠲᠡᠭᠡᠭᠡᠪᠦᠷᠢ ᠶᠢᠨ ᠦᠢᠯᠡᠴᠢᠯᠡᠭᠡᠨ ᠤ ᠬᠦᠴᠦᠲᠡᠶ ᠪᠠᠲᠤᠯᠠᠭ᠎ᠠ ᠶᠢ ᠬᠠᠩᠭᠠᠵᠤ ᠥᠭᠬᠦ ᠬᠡᠷᠡᠭᠲᠡᠢ᠃ | ᠬᠤᠶᠠᠷ᠂ ᠭᠤᠣᠯ ᠡᠭᠦᠷᠭᠡ | ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠲᠤᠰ ᠭᠠᠵᠠᠷ ᠣᠷᠣᠨ ᠤ ᠬᠤᠲᠠ ᠬᠥᠳᠡᠭᠡ ᠶᠢᠨ ᠪᠠᠶᠢᠷᠢᠰᠢᠭᠤᠯᠤᠯ᠂ ᠬᠥᠮᠦᠨ ᠠᠮᠠ ᠶᠢᠨ ᠲᠠᠷᠬᠠᠯᠲᠠ᠂ | ᠵᠠᠮ ᠤᠨ ᠪᠠᠶᠢᠳᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠨ᠂ | ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠦᠷᠳᠡᠭᠡᠨ ᠤ ᠪᠦᠲᠦᠭᠡᠨ ᠪᠠᠶᠢᠭᠤᠯᠤᠯᠲᠠ ᠶᠢ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠤᠨ᠂ ᠮᠠᠯᠴᠢᠨ ᠲᠠᠷᠢᠶᠠᠴᠢᠨ ᠲᠦᠮᠡᠨ ᠤ ᠲᠡᠷᠭᠡ ᠪᠠᠷ ᠶᠠᠪᠤᠵᠤ | ᠰᠠᠭᠤᠬᠤ ᠳᠤ ᠨᠢ ᠳᠥᠭᠦᠮ ᠦᠵᠡᠬᠦᠯᠬᠦ ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠲᠥᠯᠥᠪᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ | ᠦᠷᠳᠡᠭᠡᠨ ᠤ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ | ᠦᠷᠳᠡᠭᠡᠨ ᠤ ᠪᠦᠲᠦᠭᠡᠨ ᠪᠠᠶᠢᠭᠤᠯᠤᠯᠲᠠ ᠪᠠ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ᠂ ᠲᠡᠭᠡᠭᠡᠪᠦᠷᠢ ᠶᠢᠨ | ᠬᠦᠴᠦᠨ ᠢ ᠨᠡᠮᠡᠭᠳᠡᠬᠦᠯᠬᠦ ᠵᠢᠴᠢ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢ ᠵᠣᠬᠢᠴᠠᠩᠭᠤᠶ ᠪᠠᠷ | ᠭᠦᠭᠵᠢᠬᠦᠯᠬᠦ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ | ᠨᠢᠭᠡ ᠴᠣᠭᠴᠠᠵᠢᠭᠤᠯᠤᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠲᠡᠷᠭᠡ ᠬᠥᠰᠬᠡ | ᠬᠡᠷᠡᠭᠯᠡᠬᠦ ᠶᠢ ᠵᠣᠷᠢᠬᠵᠢᠭᠤᠯᠬᠤ ᠬᠡᠷᠡᠭᠲᠡᠶ᠃ | ︵ᠬᠤᠶᠠᠷ︶ ᠬᠥᠳᠡᠭᠡ ᠲᠣᠰᠬᠤᠨ ︵ᠮᠠᠯᠵᠢᠬᠤ ᠣᠷᠣᠨ︶ ᠤ ᠠᠶᠠᠨᠴᠢᠳ ᠤᠨ ᠲᠡᠭᠡᠭᠡᠪᠦᠷᠢ ᠶᠢᠨ ᠦᠨ᠎ᠡ | ᠬᠠᠩᠰᠢ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ | ᠲᠡᠭᠡᠭᠡᠪᠦᠷᠢ ᠶᠢᠨ ᠡᠭᠡᠯᠵᠢ ᠶᠢᠨ ᠵᠠᠮ ᠱᠤᠭᠤᠮ ᠪᠠ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠠᠶᠠᠨᠴᠢᠣᠨ ᠤᠨ ᠲᠡᠭᠡᠭᠡᠪᠦᠷᠢ ᠳᠤ ᠪᠢᠯᠧᠲ ᠤᠨ ᠦᠨ᠎ᠡ ᠶᠢ ᠨᠢ ᠬᠢᠮᠳᠠ ᠪᠠᠶᠢᠯᠭᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠂ ᠪᠣᠳᠠᠲᠠᠶ ᠦᠨ᠎ᠡ ᠬᠠᠩᠰᠢ ᠶᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠰᠤᠳᠤᠯᠵᠤ ᠲᠣᠭᠲᠠᠭᠠᠬᠤ ᠬᠡᠷᠡᠭᠲᠡᠶ᠃ | ᠲᠡᠭᠡᠭᠡᠪᠦᠷᠢ ᠶᠢᠨ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠬᠦᠴᠦᠯᠡᠨ ᠰᠠᠶᠢᠲᠤᠷ ᠬᠢᠵᠦ᠂ ᠳᠤᠷ᠎ᠠ ᠪᠠᠷ ᠦᠨ᠎ᠡ ᠥᠰᠬᠡᠬᠦ᠂ ᠳᠤᠷ᠎ᠠ ᠪᠠᠷ ᠦᠨ᠎ᠡ ᠬᠠᠶᠠᠯᠴᠠᠬᠤ ᠵᠡᠷᠭᠡ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠮᠠᠯᠴᠢᠨ ᠲᠠᠷᠢᠶᠠᠴᠢᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠡᠳ᠋ ᠤᠨ ᠵᠠᠰᠠᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠳᠤ ᠬᠤᠯᠪᠣᠭᠳᠠᠭᠰᠠᠨ ᠰᠦᠢᠳᠬᠡᠯ | ᠬᠤᠷᠢᠶᠠᠬᠤ ᠲᠥᠷᠥᠯ ᠵᠦᠢᠯ ᠢ ᠪᠦᠬᠦ ᠲᠠᠯ᠎ᠠ ᠪᠠᠷ ᠢᠯᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠡᠵᠡᠩᠨᠡᠭᠴᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠶᠠᠨᠴᠢᠳ ᠤᠨ | ᠲᠡᠭᠡᠭᠡᠪᠦᠷᠢ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠥᠪᠰᠢᠶᠡᠷᠡᠯ ᠤᠨ | ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠲᠤ | ᠲᠡᠭᠡᠭᠡᠪᠦᠷᠢ ᠶᠢᠨ ᠠᠵᠤ ᠠᠬᠤᠶᠢᠯᠠᠯ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠳᠤ ᠨᠢ ᠳᠥᠭᠦᠮ ᠦᠵᠡᠭᠦᠯᠬᠦ | ᠠᠷᠭ᠎ᠠ ᠬᠡᠮᠵᠢᠶ᠎ᠡ ᠪᠠ ᠠᠷᠭ᠎ᠠ ᠶᠢ ᠢᠳᠡᠪᠬᠢᠲᠡᠶ ᠪᠠᠷ ᠰᠦᠪᠡᠭᠴᠢᠯᠡᠬᠦ ᠬᠡᠷᠡᠭᠲᠡᠶ᠃ ᠡᠯ᠎ᠡ ᠱᠠᠲᠤᠨ ᠤ ᠵᠠᠮ ᠬᠠᠷᠢᠯᠴᠠᠭ᠎ᠠ | ᠲᠡᠭᠡᠭᠡᠪᠦᠷᠢ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ | ᠡᠷᠬᠡ ᠪᠠᠨ ᠳᠣᠷᠣᠭᠰᠢ ᠲᠠᠯᠪᠢᠬᠤ ᠪᠠ ᠦᠢᠯᠡᠴᠢᠯᠡᠭᠡ ᠪᠠᠨ ᠰᠢᠯᠢᠳᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠡᠯ᠎ᠡ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠪᠠ | ᠦᠨᠡᠮᠯᠡᠯ ᠢ ᠨᠢ ᠭᠦᠢᠴᠡᠳᠬᠡᠵᠦ ᠥᠭᠬᠦ᠂ ᠬᠢᠨᠠᠨ ᠰᠢᠯᠭᠠᠬᠤ ᠳᠡᠰ ᠳᠠᠷᠠᠭᠠᠯᠠᠯ ᠵᠢᠴᠢ ᠭᠠᠷᠳᠠᠮ ᠢ ᠬᠠᠤᠯᠢ ᠲᠣᠭᠲᠠᠭᠠᠯ | ᠶᠣᠰᠣᠭᠠᠷ ᠳᠥᠭᠦᠮᠴᠢᠯᠡᠬᠦ ᠶᠢᠨ ᠬᠠᠮᠲᠤ᠂ ᠨᠡᠶᠢᠭᠡᠮ ᠳᠤ ᠢᠯᠡ ᠨᠡᠶᠢᠲᠡᠯᠡᠵᠦ᠂ ᠢᠯᠡ ᠲᠣᠳᠣ ᠪᠠᠶᠢᠯᠭᠠᠬᠤ ᠪᠠᠨ | ᠴᠢᠩᠭᠠᠷᠠᠭᠤᠯᠬᠤ ᠬᠡᠷᠡᠭᠲᠡᠶ᠃ | ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠳᠤ ᠡᠳ᠋ ᠤᠨ ᠵᠠᠰᠠᠭ ᠤᠨ | ᠨᠡᠮᠡᠭᠦᠷᠢ ᠣᠯᠭᠤᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢ | ᠲᠤᠰ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃ | ᠤᠯᠤᠰ ᠤᠨ ᠲᠣᠭᠲᠠᠭᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ | ᠰᠢᠲᠠᠭᠠᠯᠭ᠎ᠠ ᠶᠢᠨ ᠲᠣᠰᠣᠨ ᠳᠤ ᠨᠡᠮᠡᠭᠦᠷᠢ ᠣᠯᠭᠤᠬᠤ ᠠᠴᠠ ᠭᠠᠳᠠᠨ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠲᠡᠭᠡᠭᠡᠪᠦᠷᠢᠯᠡᠨ ᠡᠵᠡᠩᠨᠡᠬᠦ ᠳᠤ ᠡᠳ᠋ ᠤᠨ ᠵᠠᠰᠠᠭ ᠤᠨ ᠨᠡᠮᠡᠭᠦᠷᠢ | ᠣᠯᠭᠤᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ | ᠲᠡᠭᠡᠭᠡᠪᠦᠷᠢ ᠶᠢ ᠭᠦᠭᠵᠢᠬᠦᠯᠬᠦ ᠲᠤᠰᠬᠠᠶ ᠪᠡᠯᠡ ᠮᠥᠩᠭᠦ ᠭᠠᠷᠭᠠᠬᠤ ᠶᠢᠨ ᠬᠠᠮᠲᠤ᠂ ᠪᠣᠳᠠᠲᠠᠢ ᠪᠠᠨ ᠦᠨᠳᠦᠰᠦᠯᠡᠨ | ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠲᠡᠶ᠃ ᠨᠢᠭᠡᠨᠲᠡ ᠲᠡᠭᠡᠭᠡᠪᠦᠷᠢᠯᠡᠵᠦ ᠡᠵᠡᠩᠨᠡᠭᠰᠡᠨ ᠰᠤᠮᠤ ᠰᠢᠶᠠᠩ | ᠪᠠᠯᠭᠠᠰᠤᠨ ᠳᠠᠬᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ᠂ ᠥᠪᠡᠷᠲᠡᠭᠡᠨ | ᠵᠠᠰᠠᠬᠤ ᠣᠷᠣᠨ ᠠᠴᠠ ᠣᠨ ᠢᠶᠠᠷ ᠪᠣᠳᠣᠵᠤ 3 ᠲᠦᠮᠡᠨ ᠲᠥᠭᠦᠷᠢᠭ ᠤᠨ ᠲᠡᠭᠡᠭᠡᠪᠦᠷᠢᠯᠡᠵᠦ ᠡᠵᠡᠩᠨᠡᠭᠰᠡᠨ ᠨᠡᠮᠡᠭᠦᠷᠢ | ᠣᠯᠭᠤᠨ᠎ᠠ︔ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠳᠠᠭᠠᠭᠠᠵᠤ | ᠡᠭᠦᠷᠭᠡᠯᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ᠂ | ᠥᠪᠡᠷᠲᠡᠭᠡᠨ ᠵᠠᠰᠠᠬᠤ ᠣᠷᠣᠨ ᠠᠴᠠ ᠣᠨ ᠢᠶᠠᠷ ᠪᠣᠳᠣᠵᠤ 20 ᠲᠦᠮᠡᠨ ᠲᠥᠭᠦᠷᠢᠭ ᠤᠨ ᠲᠡᠭᠡᠭᠡᠪᠦᠷᠢᠯᠡᠵᠦ | ᠡᠵᠡᠩᠨᠡᠭᠰᠡᠨ ᠨᠡᠮᠡᠭᠦᠷᠢ ᠣᠯᠭᠤᠨ᠎ᠠ᠂ ᠬᠡᠷᠪᠡ ᠮᠥᠨ ᠴᠦ ᠲᠡᠭᠡᠭᠡᠪᠦᠷᠢᠯᠡᠵᠦ ᠡᠵᠡᠩᠨᠡᠬᠦ ᠶᠢ ᠪᠠᠲᠤᠯᠠᠵᠤ ᠴᠢᠳᠠᠬᠤ ᠦᠭᠡᠶ | ᠪᠣᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠠᠬᠢᠭᠠᠣᠨ ᠵᠣᠬᠢᠬᠤ ᠬᠡᠮᠵᠢᠶᠡᠨ ᠤ | ᠨᠡᠮᠡᠭᠦᠷᠢ ᠣᠯᠭᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠨᠡᠮᠡᠭᠦᠷᠢ ᠣᠯᠭᠤᠬᠤ | ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠡᠵᠡᠩᠨᠡᠭᠴᠢ ᠶᠢ ᠢᠯᠡ ᠨᠡᠶᠢᠲᠡᠯᠡᠵᠦ᠂ ᠨᠡᠶᠢᠭᠡᠮ ᠤᠨ ᠬᠢᠨ ᠤ ᠬᠢᠨᠠᠯᠲᠠ | ᠲᠠᠯᠪᠢᠬᠤ ᠶᠢ ᠬᠦᠯᠢᠶᠡᠬᠦ ᠬᠡᠷᠡᠭᠲᠡᠶ᠃ ᠵᠥᠪᠰᠢᠶᠡᠷᠡᠯ ᠤᠨ ᠲᠣᠭᠲᠠᠭᠠᠯ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠬᠠᠩᠭᠠᠭᠰᠠᠨ ᠦᠭᠡᠶ᠂ ᠡᠰᠡᠬᠦᠯ᠎ᠡ ᠬᠡᠷᠡᠭᠴᠡᠭᠡ ᠪᠠᠨ ᠳᠤᠷ᠎ᠠ ᠪᠠᠷ | ᠬᠤᠪᠢᠷᠠᠭᠤᠯᠤᠭᠰᠠᠨ᠂ ᠡᠰᠡᠬᠦᠯ᠎ᠡ ᠵᠥᠪᠰᠢᠶᠡᠷᠡᠭᠦᠯᠦᠭᠰᠡᠨ ᠦᠭᠡᠢ ᠪᠠᠷ ᠲᠡᠭᠡᠭᠡᠪᠦᠷᠢ ᠶᠢᠨ ᠦᠢᠯᠡᠴᠢᠯᠡᠭᠡ ᠡᠵᠡᠩᠨᠡᠬᠦ ᠪᠠ | ᠠᠵᠢᠯᠯᠠᠬᠤ ᠪᠠᠨ ᠳᠤᠷ᠎ᠠ ᠪᠠᠷ ᠵᠣᠭᠰᠣᠭᠠᠭᠰᠠᠨ᠂ ᠡᠰᠡᠬᠦᠯ᠎ᠡ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ | ᠲᠡᠭᠡᠭᠡᠪᠦᠷᠢ ᠶᠢᠨ ᠪᠢᠯᠧᠲ ᠤᠨ ᠦᠨ᠎ᠡ ᠶᠢᠨ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠨ ᠠᠶᠠᠨᠴᠢᠳ ᠤᠨ | ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠪᠣᠯ ᠣᠯᠭᠤᠬᠤ | ᠲᠡᠭᠡᠭᠡᠪᠦᠷᠢᠯᠡᠨ ᠡᠵᠡᠩᠨᠡᠬᠦ ᠨᠡᠮᠡᠭᠦᠷᠢ ᠶᠢ ᠨᠢ ᠬᠦᠴᠦᠨ ᠦᠭᠡᠶ ᠪᠣᠯᠭᠠᠬᠤ ᠬᠡᠷᠡᠭᠲᠡᠶ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠰᠢᠶᠠᠨ | ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢᠨ ᠬᠠᠷᠢᠭᠤᠴᠠᠯᠭᠠᠳᠣ ᠭᠤᠣᠯ ᠴᠣᠭᠴᠠ ᠮᠥᠨ᠂ ᠵᠠᠰᠠᠭ ᠤᠨ | ᠣᠷᠳᠣᠨ ᠢᠶᠠᠷ ᠲᠦᠷᠦᠭᠦᠯᠡᠭᠦᠯᠦᠭᠰᠡᠨ᠂ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠪᠠ ᠥᠭᠡᠷᠡᠴᠢᠯᠡᠯᠲᠡ᠂ | ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠳ ᠣᠷᠣᠯᠴᠠᠭᠰᠠᠨ ᠬᠠᠮᠵᠢᠯᠴᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠠᠵᠢᠯ ᠤᠨ | ᠨᠡᠶᠢᠯᠡᠮᠡᠯ ᠬᠦᠴᠦᠨ ᠢ ᠪᠣᠶ ᠪᠣᠯᠭᠠᠵᠤ᠂ ᠲᠤᠰ ᠭᠠᠵᠠᠷ ᠣᠷᠣᠨ ᠤ ᠪᠠᠨ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠣᠷᠣᠭᠤᠯᠤᠯᠲᠠ ᠶᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ ︶ ᠤ | ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠳᠤ ᠵᠢᠭᠠᠨ | ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠨᠡᠮᠡᠭᠦᠷᠢ ᠣᠯᠭᠤᠬᠤ ᠶᠢ ᠴᠢᠩᠳᠠᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ | ᠲᠡᠭᠡᠭᠡᠪᠦᠷᠢ ᠳᠤ ᠨᠡᠮᠡᠭᠦᠷᠢ ᠣᠯᠭᠤᠬᠤ ᠪᠡᠯᠡ ᠮᠥᠩᠭᠦ ᠶᠢ ᠬᠢᠨᠠᠨ ᠬᠠᠷᠭᠤᠭᠤᠯᠬᠤ᠂ ᠰᠠᠯᠭᠠᠨ ᠥᠭᠬᠦ ᠪᠠ ᠥᠭᠴᠦ | ᠣᠯᠭᠤᠬᠤ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ | ᠲᠡᠭᠡᠭᠡᠪᠦᠷᠢ ᠶᠢᠨ ᠨᠡᠮᠡᠭᠦᠷᠢ ᠶᠢᠨ ᠪᠡᠯᠡ ᠮᠦᠩᠬᠦᠨ ᠤ ᠲᠤᠰᠬᠠᠶ ᠵᠣᠭᠤᠰ ᠢ ᠲᠤᠰᠬᠠᠶ ᠵᠦᠢᠯ ᠳᠤ ᠨᠢ ᠬᠡᠷᠡᠭᠯᠡᠬᠦ ᠬᠡᠷᠡᠭᠲᠡᠶ᠂ | ᠲᠠᠰᠤᠯᠤᠨ ᠦᠯᠡᠳᠡᠭᠡᠬᠦ ᠪᠤᠶᠤ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠶ᠃ ᠲᠡᠭᠡᠭᠡᠪᠦᠷᠢᠯᠡᠵᠦ | ᠡᠵᠡᠩᠨᠡᠭᠰᠡᠨ ᠨᠡᠮᠡᠭᠦᠷᠢ ᠶᠢ ᠬᠤᠳᠠᠯ ᠬᠠᠭᠤᠷᠮᠠᠭ ᠢᠶᠠᠷ ᠮᠡᠳᠡᠭᠦᠯᠦᠭᠰᠡᠨ ᠪᠤᠶᠤ ᠲᠠᠰᠤᠯᠵᠤ ᠦᠯᠡᠳᠡᠭᠡᠭᠰᠡᠨ᠂ ᠰᠢᠬᠠᠵᠤ | ᠡᠵᠡᠯᠡᠭᠰᠡᠨ᠂ ᠨᠡᠭᠦᠯᠭᠡᠵᠦ ᠬᠡᠷᠡᠭᠯᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ | | ︵ᠭᠤᠷᠪᠠ︶ ᠰᠢᠯᠭᠠᠨ ᠬᠢᠨᠠᠵᠤ ᠬᠠᠮᠢᠶᠠᠷᠬᠤ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠠᠶᠠᠨᠴᠢᠳ ᠤᠨ ᠲᠡᠭᠡᠭᠡᠪᠦᠷᠢ ᠶᠢᠨ | ᠬᠠᠤᠯᠢ ᠪᠤᠰᠤ ᠡᠵᠡᠩᠨᠡᠯᠲᠡ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠶᠠᠰᠤ ᠴᠢᠨᠠᠷ ᠢᠲᠡᠭᠡᠯ ᠬᠦᠨᠳᠦ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠦᠨᠡᠯᠡᠵᠦ᠂ | ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠲᠦᠮᠡᠨ ᠤ ᠶᠠᠪᠤᠵᠤ ᠰᠠᠭᠤᠬᠤ ᠳᠤ ᠨᠡᠩ ᠰᠠᠶᠢᠨ ᠦᠢᠯᠡᠴᠢᠯᠡᠬᠦ | ᠬᠡᠷᠡᠭᠲᠡᠶ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |