ᠦᠷ᠎ᠡ ᠶᠢᠨ ᠦᠶᠯᠡᠰ ᠤᠨ ᠬᠦᠷᠢᠶ᠎ᠡ ᠴᠠᠷᠠᠭᠠᠨ ᠳᠠᠬᠢ ︽ᠵᠠᠷᠯᠠᠨ ᠮᠠᠩᠯᠠᠶᠢᠯᠠᠭᠤᠯᠬᠤ︾ ᠨᠡᠷᠡᠰ ᠤᠨ ᠵᠢᠭᠰᠠᠭᠠᠯᠲᠠ ᠶᠢ ᠢᠯᠡ ᠪᠠᠷ ᠴᠤᠭᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/11/30
ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ  ᠶᠢ ᠦᠨᠳᠦᠰᠦᠯᠡᠨ᠂ ᠮᠠᠨ ᠤ ᠣᠷᠣᠨ ᠤ ᠦᠷ᠎ᠡ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠳᠠᠪᠠᠭᠤᠯᠢᠭ ᠣᠨᠴᠠᠯᠢᠠᠠᠳᠦ ᠳᠦᠷᠰᠦ ᠳᠤ ᠠᠩᠬᠠᠷᠤᠯ ᠢᠶᠠᠨ ᠲᠥᠪᠯᠡᠷᠡᠭᠦᠯᠦᠨ᠂ ᠡᠬᠢ ᠪᠠᠶᠠᠯᠢᠭ ᠢ ᠬᠤᠷᠠᠮᠳᠤᠭᠤᠯᠵᠤ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠭᠤᠤᠯᠳᠠᠯᠭ᠎ᠠ ᠲᠠᠢ ᠰᠢᠪᠲᠤᠯᠬᠤ ᠶᠢᠨ ᠲᠦᠯᠦᠭᠡ᠂ ᠣᠳᠤ ᠨᠡᠶᠢᠭᠡᠮ ᠨᠡᠶᠢᠲᠡ ᠠᠴᠠ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠶᠯᠡᠰ ᠤᠨ ᠬᠦᠷᠢᠶ᠎ᠡ ᠴᠠᠷᠠᠭᠠᠨ ᠳᠠᠬᠢ ︽ᠵᠠᠷᠯᠠᠨ ᠮᠠᠩᠯᠠᠶᠢᠯᠠᠭᠤᠯᠬᠤ︾ ᠨᠡᠷᠡᠰ ᠤᠨ ᠵᠢᠭᠰᠠᠭᠠᠯᠲᠠ ᠶᠢᠨ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠤᠨ᠎ᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠴᠤᠭᠯᠠᠭᠤᠯᠬᠤ ᠡᠲᠡᠭᠡᠳ      ᠣᠷᠣᠨ ᠤ ᠳᠣᠲᠣᠷᠠᠬᠢ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠶᠢᠮᠠᠭ ᠬᠤᠲᠠ᠂ ᠬᠤᠰᠢᠭᠤ ᠰᠢᠶᠠᠨ ᠤ ᠬᠠᠮᠢᠶ᠎ᠠ ᠪᠥᠬᠦᠶ ᠠᠵᠢᠯ ᠲᠥᠷᠥᠯ  ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠮᠢᠶ᠎ᠠ ᠪᠥᠬᠦᠶ ᠲᠤᠷᠰᠢᠯᠲᠠ ᠶᠢᠨ ᠲᠠᠰᠤᠭ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ᠂ ᠨᠡᠶᠢᠭᠡᠮ ᠤᠨ ᠪᠦᠯᠬᠦᠮ ᠵᠡᠷᠭᠡ ᠶᠢ ᠪᠠᠭᠲᠠᠭᠠᠨ᠎ᠠ᠃      ᠣᠷᠣᠨ ᠤ ᠭᠠᠳᠠᠨᠠᠬᠢ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠲᠠᠢ ᠪᠤᠶᠤ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢ ᠪᠠᠷ ᠭᠦᠶᠴᠡᠳ ᠪᠠᠶᠢᠭ᠎ᠠ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠤᠶᠤ ᠬᠤᠪᠢ ᠬᠥᠮᠦᠨ᠂ ᠥᠪᠡᠷᠲᠡᠭᠡᠨ ᠵᠠᠰᠠᠬᠤ ᠣᠷᠣᠨ ᠳᠤ ᠠᠵᠤ ᠦᠶᠯᠡᠰᠴᠢᠯᠡᠯᠲᠡ ᠶᠢ ᠵᠣᠯᠭᠠᠭᠤᠯᠬᠤ ᠬᠦᠰᠡᠯ ᠲᠠᠢ ᠨᠢᠭᠡᠴᠢ ᠪᠤᠶᠤ ᠬᠤᠪᠢ ᠬᠥᠮᠦᠨ᠃      ᠬᠤᠶᠠᠷ᠂ ᠴᠤᠭᠯᠠᠭᠤᠯᠬᠤ ᠴᠢᠭᠯᠡᠯ      ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠶᠯᠡᠰ ᠤᠨ ᠬᠦᠷᠢᠶ᠎ᠡ ᠴᠠᠷᠠᠭᠠᠨ ᠳᠠᠬᠢ ᠳᠤᠲᠠᠭᠤᠳᠠᠯ᠂ ᠪᠠᠭᠤᠷᠠᠶ ᠲᠠᠯ᠎ᠠ᠂ ᠦᠷ᠎ᠡ ᠶᠢᠨ ᠦᠶᠯᠡᠰ ᠤᠨ ᠬᠥᠭᠵᠢᠯᠲᠡ ᠶᠢ ᠨᠥᠯᠥᠭᠡᠯᠡᠨ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠴᠢᠨᠠᠷᠲᠠᠶ᠂ ᠲᠣᠪᠣᠶᠢᠮ᠎ᠠ ᠴᠢᠨᠠᠷᠲᠠᠶ ᠠᠰᠠᠭᠤᠳᠠᠯ᠂ ᠪᠠᠴᠢᠮ ᠰᠢᠶᠳᠪᠦᠷᠢᠯᠡᠬᠦ ᠴᠢᠬᠤᠯᠠᠲᠠᠶ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ᠂  ᠦᠷ᠎ᠡ ᠶᠢᠨ ᠦᠶᠯᠡᠰ ᠤᠨ ᠲᠠᠪᠠᠯᠳᠠᠳᠤ ᠬᠡᠯᠪᠡᠷᠢ ᠶᠢᠨ ᠬᠥᠭᠵᠢᠯᠲᠡ ᠶᠢᠨ ᠪᠡᠶᠡᠯᠡᠯ ᠢ ᠠᠬᠢᠭᠤᠯᠬᠤ ᠰᠢᠪᠲᠤᠯᠤᠯᠲᠠ ᠶᠢᠨ ᠴᠢᠨᠠᠷᠲᠠᠶ ᠮᠡᠷᠭᠡᠵᠢᠯ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠨᠥᠯᠥᠭᠡᠯᠡᠵᠦ ᠪᠠᠶᠢᠭ᠎ᠠ ᠪᠠᠴᠢᠮ ᠰᠢᠶᠳᠪᠦᠷᠢᠯᠡᠬᠦ ᠴᠢᠬᠤᠯᠠᠲᠠᠶ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠭᠤᠤᠯᠳᠠᠯᠭ᠎ᠠ ᠲᠠᠢ ᠰᠢᠢᠳᠪᠦᠷᠢᠯᠡᠬᠦ ᠳᠤ ᠠᠩᠬᠠᠷᠤᠯ ᠢᠶᠠᠨ ᠲᠦᠪᠯᠡᠷᠡᠭᠦᠯᠦᠨ᠎ᠡ᠃      ᠭᠤᠷᠪᠠ᠂ ᠴᠤᠭᠯᠠᠭᠤᠯᠬᠤ ᠱᠠᠭᠠᠷᠳᠠᠯᠭ᠎ᠠ      ᠨᠢᠭᠡᠴᠢ ᠪᠤᠶᠤ ᠬᠤᠪᠢ ᠬᠥᠮᠦᠨ ᠨᠡᠷᠡᠰ ᠤᠨ ᠵᠢᠭᠰᠠᠭᠠᠯᠲᠠ ᠶᠢᠨ ᠰᠠᠨᠠᠭᠤᠯᠭ᠎ᠠ ᠪᠠᠨ ᠲᠤᠰᠢᠶᠠᠬᠤ ᠳᠤ᠂ ᠲᠣᠰ ᠪᠡᠶ᠎ᠡ ᠨᠢ ᠮᠡᠷᠭᠡᠵᠢᠯ ᠤᠨ ᠬᠠᠩᠭᠠᠯᠭ᠎ᠠ ᠶᠢᠨ ᠲᠠᠯ᠎ᠠ ᠪᠤᠶᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠣᠯᠬᠤ ᠶᠢ ᠲᠣᠳᠣᠷᠬᠠᠶᠢᠯᠠᠵᠤ᠂ ᠣᠷᠣᠨ ᠤ ᠳᠣᠲᠣᠷᠠᠬᠢ ᠦᠷ᠎ᠡ ᠶᠢᠨ ᠦᠶᠯᠡᠰ ᠤᠨ ᠠᠵᠤ ᠠᠬᠤᠶᠢᠯᠠᠯ ᠤᠳ ᠲᠣᠰ ᠪᠡᠶ᠎ᠡ ᠶᠢᠨ ᠬᠥᠭᠵᠢᠯᠲᠡ ᠳᠤ ᠲᠤᠯᠭᠠᠷᠠᠵᠤ ᠪᠥᠬᠦᠶ ᠭᠤᠤᠯᠳᠠᠯᠭ᠎ᠠ ᠲᠠᠢ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠬᠤ  ᠶᠢ ᠵᠣᠷᠢᠭᠵᠢᠭᠤᠯᠤᠨ᠎ᠠ᠃ ᠨᠡᠷᠡᠰ ᠤᠨ ᠵᠢᠭᠰᠠᠭᠠᠯᠲᠠ ᠳᠤ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠪᠠ ᠦᠷ᠎ᠡ ᠪᠦᠲᠦᠭᠡᠯ ᠢ ᠣᠨᠳᠣᠤᠰᠢᠭᠤᠯᠬᠤ ᠲᠥᠷᠥᠯ ᠪᠠᠭᠲᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠭᠤᠤᠯᠯᠠᠬᠤ ᠥᠷᠢᠰᠦᠯᠳᠦᠬᠦ ᠬᠦᠴᠦᠨ ᠢ ᠪᠦᠷᠢᠯᠳᠦᠭᠦᠯᠬᠦ ᠪᠠᠷ ᠬᠠᠷᠠᠯᠲᠠ ᠪᠣᠯᠭᠠᠵᠤ᠂ ᠦᠷ᠎ᠡ  ᠶᠢᠨ ᠦᠶᠯᠡᠰ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠶᠳᠪᠦᠷᠢᠯᠡᠬᠦ ᠲᠥᠰᠦᠯ ᠵᠢᠴᠢ ᠮᠡᠷᠭᠡᠵᠢᠯ ᠤᠨ ᠠᠷᠭ᠎ᠠ ᠵᠠᠮ ᠢ ᠦᠨᠡᠨ ᠬᠦ ᠳᠤᠷᠠᠳᠴᠤ᠂ ᠠᠵᠤ ᠦᠶᠯᠡᠰ ᠤᠨ ᠮᠡᠷᠭᠡᠵᠢᠯ ᠤᠨ ᠳᠠᠪᠬᠤᠴᠠᠯ ᠲᠠᠰ ᠳᠡᠪᠰᠢᠬᠦ ᠶᠢ ᠪᠡᠶᠡᠯᠡᠭᠦᠯᠬᠦ ᠶᠢ ᠠᠬᠢᠭᠤᠯᠬᠤ᠂ ᠭᠠᠳᠠᠭᠠᠲᠦ ᠠᠴᠠ ᠣᠷᠤᠭᠤᠯᠤᠭᠰᠠᠨ ᠵᠠᠩᠭᠢᠯᠠᠭ᠎ᠠ ᠶᠢᠨ ᠡᠭᠦᠯᠳᠡᠷ ᠢ ᠣᠷᠣᠯᠠᠭᠤᠯᠬᠤ ᠪᠤᠶᠤ ᠲᠡᠷᠢᠭᠦᠨ ᠤ ᠳᠠᠪᠠᠭᠤᠯᠢᠭ ᠢ ᠪᠣᠶ ᠪᠣᠯᠭᠠᠬᠤ᠂ ᠵᠣᠬᠢᠬᠤ ᠲᠡᠷᠢᠭᠦᠨ ᠤ ᠴᠢᠨᠠᠷ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠦᠶᠯᠡᠳᠦᠯ ᠲᠠᠢ ᠪᠠᠶᠢᠬᠤ ᠵᠡᠷᠭᠡ ᠪᠠᠭᠲᠠᠨ᠎ᠠ᠃      ᠳᠥᠷᠪᠡ᠂ ᠪᠤᠰᠤᠳ ᠵᠦᠢᠯᠡᠰ      ᠨᠡᠷᠡᠰ ᠤᠨ ᠵᠢᠭᠰᠠᠭᠠᠯᠲᠠ ᠴᠤᠭᠯᠠᠭᠤᠯᠬᠤ ᠬᠤᠭᠤᠴᠠᠭ᠎ᠠ ᠨᠢ᠄ 2021 ᠣᠨ ᠤ 11 ᠰᠠᠷ᠎ᠠ ᠶᠢᠨ 29 ᠤ ᠡᠳᠦᠷ ᠠᠴᠠ 2021 ᠣᠨ ᠤ 12 ᠰᠠᠷ᠎ᠠ ᠶᠢᠨ 3 ᠤ ᠡᠳᠦᠷ ᠪᠣᠯᠲᠠᠯ᠎ᠠ      ᠨᠡᠷᠡᠰ ᠤᠨ ᠵᠢᠭᠰᠠᠭᠠᠯᠲᠠ ᠶᠢ ᠴᠤᠭᠯᠠᠭᠤᠯᠬᠤ ᠳᠤ ᠰᠦᠯᠵᠢᠶᠡᠨ ᠠᠴᠠ ᠭᠠᠳᠠᠭᠤᠷ ᠲᠤᠰᠢᠶᠠᠬᠤ ᠠᠷᠭ᠎ᠠ ᠬᠡᠯᠪᠡᠷᠢ ᠶᠢ ᠠᠪᠴᠤ᠂ ᠬᠠᠮᠢᠶ᠎ᠠ ᠪᠥᠬᠦᠶ ᠨᠢᠭᠡᠴᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠦᠷ᠎ᠡ ᠶᠢᠨ ᠦᠶᠯᠡᠰ ᠤᠨ ᠬᠦᠷᠢᠶ᠎ᠡ ᠴᠠᠷᠠᠭᠠᠨ ᠳᠠᠬᠢ ᠮᠡᠷᠭᠡᠵᠢᠯ ᠤᠨ ᠪᠣᠭᠤᠮᠲᠠ ᠰᠢᠪᠲᠤᠯᠬᠤ ︿ᠵᠠᠷᠯᠠᠨ ᠮᠠᠩᠯᠠᠶᠢᠯᠠᠭᠤᠯᠬᠤ﹀ ᠨᠡᠷᠡᠰ ᠤᠨ ᠵᠢᠭᠰᠠᠭᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠬᠦᠰᠦᠨᠦᠭᠲᠦ︾ ︵ᠳᠠᠭᠠᠯᠳᠤᠭᠤᠯᠤᠯ ᠳᠤ ᠦᠵᠡᠭᠡᠷᠡᠢ︶ ᠶᠢ ᠨᠠᠷᠢᠨ ᠬᠢᠨᠠᠮᠠᠭᠠᠶ ᠲᠠᠭᠯᠠᠵᠤ᠂ 12 ᠰᠠᠷ᠎ᠠ ᠶᠢᠨ 3 ᠤ ᠡᠳᠦᠷ ᠠᠴᠠ ᠡᠮᠦᠨ᠎ᠡ ᠴᠤᠭᠯᠠᠭᠤᠯᠬᠤ ᠬᠦᠰᠦᠨᠦᠭᠲᠦ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ ᠦᠶᠯᠡᠰ  ᠤᠨ ᠬᠠᠮᠢᠶᠠᠷᠤᠯᠲᠠ ᠶᠢᠨ ᠭᠠᠵᠠᠷ ᠲᠤ ᠲᠤᠰᠢᠶᠠᠨ᠎ᠠ᠃      ᠬᠠᠷᠢᠯᠴᠠᠬᠤ ᠬᠥᠮᠦᠨ᠄ ᠸᠠᠩ ᠰᠢᠶᠤᠤ ᠯᠢ      ᠬᠠᠷᠢᠯᠴᠠᠬᠤ ᠤᠲᠠᠰᠤ᠄ 0471 - 6652191      ᠢᠮᠧᠯ᠄ 123183765@qq.com                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ                         ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                         2021 ᠣᠨ ᠤ 11 ᠰᠠᠷ᠎ᠠ ᠶᠢᠨ 30 ᠤ ᠡᠳᠦᠷ      ᠳᠠᠭᠠᠯᠳᠤᠭᠤᠯᠤᠯ᠄ ᠦᠷ᠎ᠡ ᠶᠢᠨ ᠦᠶᠯᠡᠰ ᠤᠨ ᠬᠦᠷᠢᠶ᠎ᠡ ᠴᠠᠷᠠᠭᠠᠨ ᠳᠠᠬᠢ ︽ᠵᠠᠷᠯᠠᠨ ᠮᠠᠩᠯᠠᠶᠢᠯᠠᠭᠤᠯᠬᠤ︾ ᠨᠡᠷᠡᠰ ᠤᠨ ᠵᠢᠭᠰᠠᠭᠠᠯᠲᠠ ᠶᠢ ᠢᠯᠡ ᠪᠠᠷ ᠴᠤᠭᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号