ᠲᠥᠷᠥ ᠲᠠᠷᠬᠠᠭᠠᠭᠰᠠᠨ ﹇2021﹈ 7 ᠳ᠋ᠤᠭᠠᠷ ᠲᠣᠭᠠᠲᠤ | | | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠥᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠡᠵᠡᠩᠨᠡᠨ ᠬᠤᠳᠠᠯᠳᠤᠭᠤᠯᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠠᠶᠢᠵᠤ᠂ ᠵᠠᠰᠠᠭ | ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠵᠥᠪ ᠢᠶᠠᠷ ᠰᠢᠶᠳᠪᠦᠷᠢᠯᠡᠬᠦ᠂ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠲᠦᠷᠭᠡᠳᠬᠡᠨ ᠲᠡᠭᠦᠯᠳᠡᠷᠵᠢᠭᠦᠯᠬᠦ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠥᠭᠵᠢᠭᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠥᠬᠦ ᠤᠯᠤᠰ ᠤᠨ ᠬᠡᠪᠴᠢᠶᠡᠨ ᠳᠤ | ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠪᠦᠷᠢᠨ ᠪᠦᠷᠭᠦᠭᠦᠯᠦᠨ ᠬᠡᠷᠡᠭᠵᠢᠭᠦᠯᠬᠦ ᠪᠠᠷ ᠲᠣᠭᠲᠠᠭᠠᠭᠰᠠᠨ | ᠪᠥᠭᠡᠳ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠥᠭᠡᠷᠡᠴᠢᠯᠡᠯᠲᠡ ᠶᠢᠨ ᠲᠤᠷᠰᠢᠯᠲᠠ ᠶᠢᠨ ᠡᠷᠴᠢᠮ | ᠢ ᠴᠢᠩᠭᠠᠷᠠᠭᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠ ᠬᠤᠳᠠᠯᠳᠤᠭᠠᠨ | ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠵᠤ᠂ ᠨᠠᠩ ᠶᠡᠭᠡ | ᠬᠡᠪᠴᠢᠶ᠎ᠡ ᠪᠠ ᠨᠠᠩ ᠣᠯᠠᠨ ᠠᠵᠢᠯ ᠲᠥᠷᠥᠯ ᠳᠤ ᠦᠨᠡᠮᠯᠡᠯ ᠣᠯᠭᠤᠭᠰᠠᠨ ᠤ ᠳᠠᠷᠠᠭ᠎ᠠ ᠭᠡᠷᠡᠴᠢ ᠶᠢ ᠬᠠᠰᠤᠬᠤ ᠪᠠ | ᠬᠢᠨᠠᠨ ᠵᠥᠪᠰᠢᠶᠡᠷᠡᠬᠦ ᠶᠢ ᠳᠦᠭᠦᠮᠴᠢᠯᠡᠬᠦ ᠶᠢ ᠠᠬᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ | ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠰᠢᠨᠡᠴᠢᠯᠡᠨ ᠴᠢᠩᠭᠠᠳᠬᠠᠵᠤ᠂ ᠡᠵᠡᠩᠨᠡᠨ ᠬᠤᠳᠠᠯᠳᠤᠭᠤᠯᠬᠤ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ | ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ | ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠴᠣᠭᠴᠠᠯᠠᠨ ᠪᠠᠶᠢᠭᠤᠯᠤᠨ᠎ᠠ᠃ | ︵ᠬᠤᠶᠠᠷ︶ ᠥᠭᠡᠷᠡᠴᠢᠯᠡᠯᠲᠡ ᠶᠢᠨ ᠬᠠᠷᠠᠯᠲᠠ᠃ 2021 ᠣᠨ ᠤ 7 ᠰᠠᠷ᠎ᠠ ᠶᠢᠨ 1 ᠤ ᠡᠳᠦᠷ ᠠᠴᠠ | ᠡᠬᠢᠯᠡᠨ᠂ ᠪᠥᠬᠦ ᠤᠯᠤᠰ ᠤᠨ ᠬᠡᠪᠴᠢᠶᠡᠨ ᠳᠤ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ | ᠤᠨ ᠵᠦᠶᠯᠡᠰ ᠤᠨ ᠪᠦᠷᠢᠨ ᠪᠦᠷᠬᠦᠭᠦᠯᠬᠦ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ | ᠵᠥᠪᠰᠢᠶᠡᠷᠡᠬᠦ ᠶᠢ ᠰᠢᠭᠤᠳ ᠬᠦᠴᠦᠨ ᠥᠬᠡᠶ ᠪᠣᠯᠭᠠᠬᠤ᠂ ᠬᠢᠨᠠᠨ ᠵᠥᠪᠰᠢᠶᠡᠷᠡᠬᠦ ᠶᠢ ᠳᠠᠩᠰᠠᠯᠠᠬᠤ ᠪᠣᠯᠭᠠᠨ | ᠥᠭᠡᠷᠡᠴᠢᠯᠡᠬᠦ᠂ ᠮᠡᠳᠡᠭᠳᠡᠬᠦ ᠠᠮᠠᠯᠠᠯᠲᠠ ᠬᠢᠬᠦ᠂ ᠬᠢᠨᠠᠨ ᠵᠥᠪᠰᠢᠶᠡᠷᠡᠬᠦ ᠦᠶᠯᠡᠴᠢᠯᠡᠭᠡ ᠶᠢ ᠰᠢᠯᠢᠳᠡᠭᠵᠢᠭᠦᠯᠬᠦ ᠵᠡᠷᠭᠡ | ᠳᠥᠷᠪᠡᠨ ᠵᠦᠶᠯ ᠤᠨ ᠠᠷᠭ᠎ᠠ ᠬᠡᠯᠪᠡᠷᠢ ᠪᠠᠷ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠥᠷᠥᠯ | ᠬᠤᠪᠢᠶᠠᠨ ᠠᠬᠢᠭᠤᠯᠬᠤ ᠶᠢᠨ ᠬᠠᠮᠲᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠥᠭᠡᠷᠡᠴᠢᠯᠡᠯᠲᠡ | ᠶᠢᠨ ᠲᠤᠷᠰᠢᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ 2022 ᠣᠨ ᠤ ᠵᠢᠯ ᠤᠨ ᠰᠡᠭᠦᠯᠴᠢ | ᠠᠴᠠ ᠡᠮᠦᠨ᠎ᠡ ᠳᠥᠭᠦᠮ ᠳᠥᠲᠡ ᠥᠨᠳᠥᠷ ᠪᠦᠲᠦᠮᠵᠢᠲᠡᠶ᠂ ᠲᠥᠪ ᠭᠤᠤᠯᠴᠢ ᠢᠯᠡ ᠲᠣᠳᠣ᠂ ᠠᠭᠤᠵᠢᠭᠤ | ᠬᠠᠮᠢᠶᠠᠷᠤᠯᠲᠠ ᠲᠠᠢ ᠠᠵᠢᠯ ᠲᠥᠷᠥᠯ ᠤᠨ ᠵᠥᠪᠰᠢᠶᠡᠷᠡᠨ ᠡᠵᠡᠩᠨᠡᠬᠦ ᠲᠦᠷᠢᠮ ᠢ ᠪᠠᠶᠢᠭᠤᠯᠬᠤ ᠪᠠᠷ ᠴᠢᠷᠮᠠᠶᠢᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠵᠢᠯ ᠶᠠᠪᠤᠳᠠᠯ ᠭᠦᠶᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠪᠠ | ᠵᠢᠱᠢᠵᠦ ᠪᠣᠯᠬᠤᠶᠢᠴᠠ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ | ᠬᠤᠶᠠᠷ᠂ ᠡᠵᠡᠩᠨᠡᠯᠲᠡ ᠶᠢᠨ ᠦᠨᠡᠮᠯᠡᠯ ᠣᠯᠭᠤᠭᠰᠠᠨ ᠤ ᠳᠠᠷᠠᠭ᠎ᠠ ᠭᠡᠷᠡᠴᠢ ᠶᠢ ᠬᠠᠰᠤᠬᠤ ᠪᠠ ᠬᠢᠨᠠᠨ | ᠵᠥᠪᠰᠢᠶᠡᠷᠡᠬᠦ ᠶᠢ ᠳᠥᠭᠦᠮᠴᠢᠯᠡᠬᠦ ᠶᠢ ᠶᠡᠬᠡᠪᠡᠷ ᠠᠬᠢᠭᠤᠯᠤᠨ᠎ᠠ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠲᠣᠭᠲᠠᠭᠠᠭᠰᠠᠨ ︵ᠳᠣᠷᠣᠭᠰᠢ ᠲᠥᠪ ᠤᠨ ᠳᠠᠪᠬᠤᠷᠭ᠎ᠠ ᠠᠴᠠ ᠲᠣᠭᠲᠠᠭᠠᠭᠰᠠᠨ ᠭᠡᠵᠦ ᠶᠡᠷᠦᠩᠬᠡᠶᠢᠯᠡᠨ ᠨᠡᠷᠡᠯᠡᠨ᠎ᠡ︶ | ᠠᠵᠤ ᠠᠬᠤᠶᠢᠯᠠᠯ ᠳᠤ ᠬᠤᠯᠪᠣᠭᠳᠠᠭᠰᠠᠨ ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠢ ᠪᠥᠬᠦ ᠤᠯᠤᠰ ᠤᠨ | ᠬᠡᠪᠴᠢᠶᠡᠨ ᠳᠤ ︽ᠲᠥᠪ ᠤᠨ ᠳᠠᠪᠬᠤᠷᠭ᠎ᠠ ᠠᠴᠠ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠭᠰᠠᠨ | ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠤᠨ ᠥᠭᠡᠷᠡᠴᠢᠯᠡᠯᠲᠡ ᠶᠢᠨ ᠨᠠᠷᠢᠨ ᠬᠠᠭᠤᠳᠠᠰᠤ ︵2021 ᠣᠨ ᠤ | ᠪᠥᠬᠦ ᠤᠯᠤᠰ ᠤᠨ ᠬᠡᠪᠯᠡᠯ︶︾ ︵ᠳᠠᠭᠠᠯᠳᠤᠭᠤᠯᠤᠯ 1 ᠳᠤ ᠦᠵᠡᠭᠡᠷᠡᠢ︶ ᠶᠣᠰᠣᠭᠠᠷ ᠲᠥᠷᠥᠯ ᠬᠤᠪᠢᠶᠠᠨ | ᠦᠭᠡᠷᠡᠴᠢᠯᠡᠯᠲᠡ ᠶᠢ ᠬᠡᠷᠡᠭᠵᠢᠭᠦᠯᠦᠨ᠎ᠡ︔ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ︽ᠲᠥᠪ ᠤᠨ | ᠳᠠᠪᠬᠤᠷᠭ᠎ᠠ ᠠᠴᠠ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ | ᠵᠦᠢᠯᠡᠰ ᠤᠨ ᠥᠭᠡᠷᠡᠴᠢᠯᠡᠯᠲᠡ ᠶᠢᠨ ᠲᠣᠳᠣᠷᠬᠠᠢ ᠬᠠᠭᠤᠳᠠᠰᠤ ︵2021 ᠣᠨ ᠤ ᠴᠢᠯᠥᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠬᠡᠪᠯᠡᠯ︶︾ ︵ᠳᠠᠭᠠᠯᠳᠤᠭᠤᠯᠤᠯ 2 ᠲᠤ ᠦᠵᠡᠭᠡᠷᠡᠢ︶ ᠳᠤ ᠲᠣᠭᠲᠠᠭᠠᠭᠰᠠᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠨᠠᠮᠠᠨ ᠬᠡᠷᠡᠭᠵᠢᠭᠦᠯᠵᠦ᠂ ᠴᠢᠯᠥᠭᠡᠲᠦ | ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠲᠤ ᠪᠠᠶᠢᠭ᠎ᠠ ᠰᠢᠶᠠᠨ᠂ ᠲᠣᠭᠤᠷᠢᠭ ᠦᠭᠡᠢ ᠬᠤᠲᠠ᠂ ᠬᠤᠲᠠ ᠶᠢᠨ | ᠬᠠᠷᠢᠶ᠎ᠠ ᠲᠣᠭᠤᠷᠢᠭ ᠤᠨ ᠪᠤᠰᠤᠳ ᠣᠷᠣᠨ ᠪᠦᠰᠡ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠡᠷᠬᠡ ᠶᠢᠨ ᠬᠡᠪᠴᠢᠶᠡᠨ ᠳᠣᠲᠣᠷ᠎ᠠ ᠪᠠᠨ ᠨᠡᠩ ᠶᠡᠭᠡ ᠡᠷᠴᠢᠮ ᠲᠠᠢ ᠥᠭᠡᠷᠡᠴᠢᠯᠡᠯᠲᠡ | ᠶᠢᠨ ᠠᠷᠭ᠎ᠠ ᠬᠡᠮᠵᠢᠶ᠎ᠡ ᠠᠪᠬᠤ ᠪᠠᠷ ᠲᠣᠭᠲᠠᠭᠠᠵᠤ ᠪᠣᠯᠤᠨ᠎ᠠ᠃ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ | ᠣᠷᠣᠨ ᠨᠤᠲᠤᠭ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠣᠭᠲᠠᠭᠠᠬᠤ ︵ᠳᠣᠷᠣᠭᠰᠢ ᠣᠷᠣᠨ | ᠨᠤᠲᠤᠭ ᠤᠨ ᠲᠠᠰ ᠳᠠᠪᠬᠤᠷᠭ᠎ᠠ ᠶᠢ ᠶᠡᠷᠦᠩᠬᠡᠶᠢᠯᠡᠨ ᠲᠣᠭᠲᠠᠭᠠᠨ᠎ᠠ︶ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠶᠯᠡᠰ ᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠥᠭᠡᠷᠡᠴᠢᠯᠡᠯᠲᠡ ᠶᠢᠨ ᠠᠷᠭ᠎ᠠ ᠬᠡᠯᠪᠡᠷᠢ ᠶᠢ ᠨᠢᠭᠡᠳᠦᠯᠲᠡᠶ ᠲᠥᠯᠥᠪᠯᠡᠨ ᠲᠣᠭᠲᠠᠭᠠᠨ᠎ᠠ᠃ | ︵ᠨᠢᠭᠡ︶ ᠬᠢᠨᠠᠨ ᠵᠥᠪᠰᠢᠶᠡᠷᠡᠬᠦ ᠶᠢ ᠰᠢᠭᠤᠳ ᠬᠦᠴᠦᠨ ᠥᠬᠡᠶ ᠪᠣᠯᠭᠠᠨ᠎ᠠ᠃ ᠭᠠᠳᠠᠭᠠᠳᠤ ᠪᠠᠯᠠ ᠶᠢᠨ | ᠭᠠᠳᠠᠭᠠᠳᠤ ᠠᠷᠠᠯᠵᠢᠶ᠎ᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ᠂ | ᠵᠠᠭᠤᠴᠢ ᠦᠶᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠤ ︽ᠣᠷᠣᠬᠤ ᠶᠢ ᠵᠥᠪᠰᠢᠶᠡᠷᠡᠭᠡᠳ ᠡᠵᠡᠩᠨᠡᠬᠦ ᠶᠢ ᠥᠯᠥ | ᠵᠥᠪᠰᠢᠶᠡᠷᠡᠬᠦ︾ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠪᠥᠬᠦ ᠤᠯᠤᠰ ᠤᠨ ᠬᠡᠪᠴᠢᠶᠡᠨ ᠳᠤ ᠠᠵᠤ | ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 68 ᠵᠥᠪᠰᠢᠶᠡᠷᠡᠯ ᠤᠨ ᠵᠦᠶᠯᠡᠰ ᠢ ᠬᠦᠴᠦᠨ ᠥᠬᠡᠶ ᠪᠣᠯᠭᠠᠵᠤ᠂ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | 14 ᠵᠥᠪᠰᠢᠶᠡᠷᠡᠯ ᠤᠨ ᠵᠦᠶᠯᠡᠰ ᠢ ᠬᠦᠴᠦᠨ ᠥᠬᠡᠶ ᠪᠣᠯᠭᠠᠪᠠ᠃ ᠬᠢᠨᠠᠨ ᠵᠥᠪᠰᠢᠶᠡᠷᠡᠬᠦ ᠶᠢ ᠬᠦᠴᠦᠨ ᠦᠭᠡᠢ | ᠪᠣᠯᠭᠠᠭᠰᠠᠨ ᠤ ᠳᠠᠷᠠᠭ᠎ᠠ᠂ ᠠᠵᠤ ᠠᠬᠤᠶᠢᠯᠠᠯ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠠᠭᠲᠠᠨ᠎ᠠ᠂ ᠳᠣᠷᠣᠭᠰᠢ ᠠᠳᠠᠯᠢ︶ ᠡᠵᠡᠩᠨᠡᠯᠲᠡ ᠶᠢᠨ ᠦᠨᠡᠮᠯᠡᠯ | ᠣᠯᠪᠠᠯ ᠡᠵᠡᠩᠨᠡᠯᠲᠡ ᠪᠠᠨ ᠥᠷᠨᠢᠭᠦᠯᠵᠦ ᠪᠣᠯᠤᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠵᠡᠷᠭᠡ ᠨᠢ ᠠᠵᠤ ᠠᠬᠤᠶᠢᠯᠠᠯ ᠢ ᠬᠠᠮᠢᠶ᠎ᠠ | ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠶ᠃ | ︵ᠬᠤᠶᠠᠷ︶ ᠬᠢᠨᠠᠨ ᠵᠥᠪᠰᠢᠶᠡᠷᠡᠬᠦ ᠶᠢ ᠳᠠᠩᠰᠠᠯᠠᠬᠤ ᠪᠣᠯᠭᠠᠨ ᠥᠭᠡᠷᠡᠴᠢᠯᠡᠨ᠎ᠡ᠃ ᠠᠷᠠᠯᠵᠢᠶᠠᠨ ᠤ ᠭᠦᠢᠯᠭᠡᠭᠡ᠂ | ᠬᠥᠮᠦᠵᠢᠯ ᠪᠣᠯᠪᠠᠰᠤᠷᠠᠭᠤᠯᠤᠯ᠂ ᠡᠮᠴᠢᠯᠡᠭᠡ᠂ ᠢᠳᠡᠭᠡᠨ ᠤ ᠵᠦᠢᠯ᠂ ᠮᠥᠩᠭᠦᠨ ᠭᠦᠢᠯᠭᠡᠭᠡᠨ ᠵᠡᠷᠭᠡ ᠬᠦᠷᠢᠶᠡᠨ | ᠴᠠᠷᠠᠭᠠᠨ ᠳᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠴᠢᠯᠥᠭᠡᠲᠡᠢ ᠪᠣᠯᠭᠠᠬᠤ ᠶᠢᠨ ᠲᠥᠯᠥᠭᠡ᠂ ᠪᠦᠬᠦ | ᠤᠯᠤᠰ ᠤᠨ ᠬᠡᠪᠴᠢᠶᠡᠨ ᠳᠤ ᠠᠵᠤ ᠠᠬᠤᠶᠢᠯᠠᠯ ᠳᠤ ᠬᠤᠯᠪᠣᠭᠳᠠᠬᠤ 15 ᠵᠦᠢᠯ ᠤᠨ ᠡᠵᠡᠩᠨᠡᠯᠲᠡ ᠶᠢᠨ ᠵᠥᠪᠰᠢᠶᠡᠷᠡᠯ | ᠤᠨ ᠵᠦᠢᠯᠡᠰ ᠢ ᠳᠠᠩᠰᠠᠯᠠᠭᠤᠯᠤᠨ ᠬᠠᠮᠢᠶᠠᠷᠬᠤ ᠪᠣᠯᠭᠠᠨ ᠥᠭᠡᠷᠡᠴᠢᠯᠡᠵᠦ᠂ ᠴᠢᠯᠥᠭᠡᠲᠦ ᠠᠷᠠᠯᠵᠢᠶᠠᠨ ᠤ ᠲᠤᠷᠰᠢᠯᠲᠠ | ᠶᠢᠨ ᠣᠷᠣᠨ ᠳᠤ ᠠᠵᠤ ᠠᠬᠤᠶᠢᠯᠠᠯ ᠳᠤ ᠬᠤᠯᠪᠣᠭᠳᠠᠬᠤ 15 ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ | ᠵᠦᠢᠯᠡᠰ ᠢ ᠳᠠᠩᠰᠠᠯᠠᠭᠤᠯᠤᠨ ᠬᠠᠮᠢᠶᠠᠷᠬᠤ ᠪᠣᠯᠭᠠᠨ ᠥᠭᠡᠷᠡᠴᠢᠯᠡᠪᠡ᠃ ᠬᠢᠨᠠᠨ ᠵᠥᠪᠰᠢᠶᠡᠷᠡᠬᠦ ᠶᠢ ᠳᠠᠩᠰᠠᠯᠠᠭᠤᠯᠤᠭᠰᠠᠨ | ᠤ ᠳᠠᠷᠠᠭ᠎ᠠ ᠵᠠᠷᠴᠢᠮ ᠳᠡᠭᠡᠷ᠎ᠡ ᠪᠠᠨ ᠠᠵᠢᠯ ᠶᠠᠪᠤᠳᠠᠯ ᠤᠨ ᠳᠠᠷᠠᠭ᠎ᠠ ᠳᠠᠩᠰᠠᠯᠠᠭᠤᠯᠬᠤ ᠶᠢ ᠬᠡᠷᠡᠭᠵᠢᠭᠦᠯᠵᠦ᠂ ᠠᠵᠤ | ᠠᠬᠤᠶᠢᠯᠠᠯ ᠡᠵᠡᠩᠨᠡᠯᠲᠡ ᠶᠢᠨ ᠦᠨᠡᠮᠯᠡᠯ ᠣᠯᠪᠠᠯ ᠳᠠᠷᠤᠶ ᠡᠵᠡᠩᠨᠡᠯᠲᠡ ᠬᠢᠵᠦ ᠪᠣᠯᠤᠨ᠎ᠠ︔ ᠦᠨᠡᠨ ᠬᠦ ᠤᠷᠢᠳᠴᠢᠯᠠᠨ | ᠳᠠᠩᠰᠠᠯᠠᠭᠤᠯᠬᠤ ᠴᠢᠬᠤᠯᠠ ᠲᠠᠢ ᠪᠣᠯ᠂ ᠠᠵᠤ ᠠᠬᠤᠶᠢᠯᠠᠯ ᠳᠠᠩᠰᠠᠯᠠᠭᠤᠯᠬᠤ ᠭᠠᠷ ᠭᠦᠢᠴᠡᠳᠬᠡᠯ ᠢᠶᠠᠨ ᠭᠦᠢᠴᠡᠳᠬᠡᠪᠡᠯ | ᠳᠠᠷᠤᠶ ᠡᠵᠡᠩᠨᠡᠯᠲᠡ ᠬᠢᠵᠦ ᠪᠣᠯᠤᠨ᠎ᠠ᠃ ᠠᠵᠤ ᠠᠬᠤᠶᠢᠯᠠᠯ ᠲᠣᠭᠲᠠᠭᠠᠯ ᠶᠣᠰᠣᠭᠠᠷ ᠳᠠᠩᠰᠠᠯᠠᠭᠤᠯᠬᠤ ᠮᠠᠲ᠋ᠧᠷᠢᠶᠠᠯ ᠢᠶᠠᠨ | ᠲᠤᠰᠢᠶᠠᠭᠰᠠᠨ ᠪᠠᠶᠢᠪᠠᠯ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠡᠷᠡ ᠳᠣᠣᠷ᠎ᠠ ᠨᠢ | ᠳᠠᠩᠰᠠᠯᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠂ ᠳᠠᠩᠰᠠᠯᠠᠭᠤᠯᠵᠦ ᠦᠭᠬᠦ ᠦᠭᠡᠢ ᠰᠢᠢᠳᠪᠦᠷᠢ ᠭᠠᠷᠭᠠᠵᠤ ᠪᠣᠯᠬᠤ | ᠦᠭᠡᠢ᠃ | ︵ᠭᠤᠷᠪᠠ︶ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠦᠨ᠎ᠡ᠃ ᠲᠠᠷᠢᠶᠠᠯᠠᠩ᠂ ᠦᠶᠯᠡᠳᠬᠦ ᠦᠶᠯᠡᠰ᠂ | ᠦᠶᠯᠡᠳᠪᠦᠷᠢᠯᠡᠯ ᠤᠨ ᠦᠶᠯᠡᠴᠢᠯᠡᠭᠡ᠂ ᠠᠮᠢᠳᠤᠷᠠᠯ ᠤᠨ ᠬᠡᠷᠡᠭᠯᠡᠭᠡ᠂ ᠴᠠᠬᠢᠯᠭᠠᠨ ᠬᠤᠯᠪᠣᠭ᠎ᠠ᠂ ᠡᠨᠧᠷᠭᠢ ᠵᠡᠷᠭᠡ | ᠬᠦᠷᠢᠶ᠎ᠡ ᠴᠠᠷᠠᠭᠠᠨ ᠳᠤ ᠣᠷᠣᠬᠤ ᠶᠢ ᠵᠥᠪᠰᠢᠶᠡᠷᠡᠬᠦ ᠬᠢᠨᠠᠨ ᠵᠥᠪᠰᠢᠶᠡᠷᠡᠯ ᠢ ᠶᠡᠭᠡ ᠪᠠᠷ ᠳᠥᠭᠦᠮᠴᠢᠯᠡᠬᠦ ᠶᠢᠨ ᠲᠥᠯᠥᠭᠡ᠂ | ᠪᠥᠬᠦ ᠤᠯᠤᠰ ᠤᠨ ᠬᠡᠪᠴᠢᠶᠡᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 37 ᠵᠥᠪᠰᠢᠶᠡᠷᠡᠯ ᠤᠨ | ᠵᠦᠶᠯᠡᠰ ᠢ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠵᠦ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠲᠤᠷᠰᠢᠯᠲᠠ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 40 ᠵᠥᠪᠰᠢᠶᠡᠷᠡᠯ ᠤᠨ ᠵᠦᠶᠯᠡᠰ ᠢ | ᠮᠡᠳᠡᠭᠳᠡᠬᠦ ᠠᠮᠠᠯᠠᠯᠲᠠ ᠬᠡᠷᠡᠭᠵᠢᠭᠦᠯᠦᠨ᠎ᠡ᠃ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠤᠯᠪᠣᠭᠳᠠᠯ | ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠡᠮᠵᠢᠶᠡᠵᠢᠯᠡᠵᠦ ᠬᠡᠷᠡᠭᠵᠢᠭᠦᠯᠵᠦ ᠪᠣᠯᠬᠤᠶᠢᠴᠠ᠂ ᠳᠠᠭᠠᠭᠠᠨ | ᠪᠠᠲᠤᠯᠠᠬᠤ ᠵᠤᠷᠪᠤᠰ ᠢ ᠦᠯᠦ ᠪᠠᠭᠲᠠᠭᠠᠭᠰᠠᠨ ᠡᠵᠡᠩᠨᠡᠯᠲᠡ ᠶᠢᠨ ᠵᠥᠪᠰᠢᠶᠡᠷᠡᠯ ᠤᠨ ᠨᠥᠬᠦᠴᠡᠯ ᠢ ᠬᠠᠤᠯᠢ ᠶᠣᠰᠣᠭᠠᠷ | ᠵᠢᠭᠰᠠᠭᠠᠨ ᠭᠠᠷᠭᠠᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠠᠮᠠᠯᠠᠯᠲᠠ ᠠᠴᠠ ᠵᠥᠷᠢᠴᠡᠭᠰᠡᠨ ᠦᠷ᠎ᠡ ᠳ᠋ᠦᠩ | ᠢ ᠲᠣᠳᠣᠷᠬᠠᠶᠢᠯᠠᠵᠤ᠂ ᠨᠢᠭᠡ ᠯᠡ ᠤᠳᠠᠭ᠎ᠠ ᠳᠤ ᠠᠵᠤ ᠠᠬᠤᠶᠢᠯᠠᠯ ᠳᠤ ᠮᠡᠳᠡᠭᠳᠡᠬᠦ ᠬᠡᠷᠡᠭᠲᠡᠶ᠃ ᠠᠵᠤ ᠠᠬᠤᠶᠢᠯᠠᠯ | ᠠᠮᠠᠯᠠᠯᠲᠠ ᠬᠢᠭᠰᠡᠨ ᠠᠴᠠ ᠪᠣᠯᠵᠣ ᠬᠠᠰᠤᠵᠤ ᠪᠣᠯᠬᠤ ᠬᠢᠨᠠᠨ ᠵᠥᠪᠰᠢᠶᠡᠷᠡᠬᠦ ᠮᠠᠲ᠋ᠧᠷᠢᠶᠠᠯ ᠬᠠᠩᠭᠠᠭᠠᠯᠠᠭᠠᠬᠤ ᠶᠢ | ᠳᠠᠭᠢᠵᠤ ᠱᠠᠭᠠᠷᠳᠠᠬᠤ ᠥᠬᠡᠶ︔ ᠠᠵᠤ ᠠᠬᠤᠶᠢᠯᠠᠯ ᠦᠨᠡᠮᠯᠡᠯ ᠠᠪᠤᠭᠰᠠᠨ ᠤ ᠳᠠᠷᠠᠭ᠎ᠠ ᠨᠥᠬᠦᠵᠦ ᠲᠤᠰᠢᠶᠠᠵᠤ ᠪᠣᠯᠬᠤ | ᠬᠢᠨᠠᠨ ᠵᠥᠪᠰᠢᠶᠡᠷᠡᠬᠦ ᠮᠠᠲ᠋ᠧᠷᠢᠶᠠᠯ ᠳᠤ ᠳᠤᠲᠠᠬᠤ ᠶᠢ ᠨᠢ ᠵᠦᠪᠰᠢᠶᠡᠷᠡᠨ ᠭᠦᠢᠴᠡᠳᠬᠡᠬᠦ᠂ ᠬᠤᠭᠤᠴᠠᠭ᠎ᠠ ᠬᠢᠵᠠᠭᠠᠷᠯᠠᠨ | ᠨᠥᠬᠦᠵᠦ ᠲᠤᠰᠢᠶᠠᠬᠤ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠠᠮᠠᠯᠠᠯᠲᠠ ᠬᠢᠬᠦ ᠶᠢᠨ | ᠬᠠᠮᠲᠤ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠲᠤᠰᠢᠶᠠᠭᠰᠠᠨ ᠪᠣᠯ ᠲᠡᠷᠡ ᠳᠠᠷᠤᠶ ᠳᠤ ᠨᠢ ᠬᠢᠨᠠᠨ ᠵᠥᠪᠰᠢᠶᠡᠷᠡᠭᠰᠡᠨ | ᠲᠣᠭᠲᠠᠭᠠᠯ ᠭᠠᠷᠭᠠᠬᠤ ᠬᠡᠷᠡᠭᠲᠡᠶ᠃ ᠮᠡᠳᠡᠭᠳᠡᠬᠦ ᠠᠮᠠᠯᠠᠯᠲᠠ ᠪᠠᠷ ᠳᠠᠮᠵᠢᠨ ᠵᠥᠪᠰᠢᠶᠡᠷᠡᠯ ᠣᠯᠤᠭᠰᠠᠨ ᠠᠵᠤ ᠠᠬᠤᠶᠢᠯᠠᠯ | ᠳᠤ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠴᠢᠷ ᠶᠠᠪᠤᠳᠠᠯ ᠤᠨ ᠳᠤᠮᠳᠠᠬᠢ ᠪᠠ | ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨᠡᠨ ᠬᠦ ᠴᠢᠬᠤᠯᠠᠲᠠᠢ ᠪᠠᠶᠢᠪᠠᠯ | ᠪᠦᠬᠦᠨ ᠢ ᠪᠦᠷᠬᠦᠭᠦᠯᠬᠦ ᠬᠢᠨᠠᠨ ᠪᠠᠶᠢᠴᠠᠭᠠᠯᠲᠠ ᠶᠢ ᠥᠷᠨᠢᠭᠦᠯᠵᠦ ᠪᠣᠯᠤᠨ᠎ᠠ᠃ ᠠᠵᠤ ᠠᠬᠤᠶᠢᠯᠠᠯ ᠨᠢ ᠵᠥᠪᠰᠢᠶᠡᠷᠡᠬᠦ | ᠨᠥᠬᠦᠴᠡᠯ ᠳᠤ ᠨᠡᠶᠢᠴᠡᠬᠦ ᠦᠭᠡᠶ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠶᠢᠨ | ᠬᠠᠮᠲᠤ ᠢᠲᠡᠭᠡᠯ ᠢᠶᠠᠨ ᠠᠯᠳᠠᠵᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠠᠵᠤ ᠠᠬᠤᠶᠢᠯᠠᠯ ᠤᠨ | ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ ᠬᠠᠤᠯᠢ ᠲᠣᠭᠲᠠᠭᠠᠯ ᠶᠣᠰᠣᠭᠠᠷ ᠢᠲᠡᠭᠡᠯ ᠢᠶᠠᠨ | ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠬᠡᠷᠡᠭᠲᠡᠶ᠃ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠠᠵᠤ ᠠᠬᠤᠶᠢᠯᠠᠯ ᠤᠨ ᠠᠮᠠᠯᠠᠯᠲᠠ ᠪᠠᠨ ᠭᠦᠶᠴᠡᠳᠬᠡᠭᠰᠡᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠳᠤ | ᠴᠠᠭ ᠲᠤᠬᠠᠶ ᠳᠤ ᠨᠢ ᠣᠷᠣᠭᠤᠯᠬᠤ ᠶᠢᠨ ᠬᠠᠮᠲᠤ᠂ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠲᠠᠪᠴᠠᠩ ᠳᠤ ᠡᠮᠬᠢᠯᠡᠨ ᠨᠡᠶᠢᠯᠡᠭᠦᠯᠬᠦ ᠬᠡᠷᠡᠭᠲᠡᠶ᠃ | ︵ᠳᠥᠷᠪᠡ︶ ᠬᠢᠨᠠᠨ ᠵᠥᠪᠰᠢᠶᠡᠷᠡᠬᠦ ᠦᠶᠯᠡᠴᠢᠯᠡᠭᠡ ᠶᠢ ᠰᠢᠯᠢᠳᠡᠭᠵᠢᠭᠦᠯᠦᠨ᠎ᠡ᠃ ︽ᠴᠢᠬᠤᠯᠠ ᠠᠵᠤ | ᠦᠶᠯᠡᠳᠪᠦᠷᠢ ᠶᠢᠨ ᠦᠶᠯᠡᠳᠬᠦᠨ ︵ᠢᠳᠡᠭᠡᠨ ᠤ ᠬᠠᠮᠢᠶ᠎ᠠ ᠪᠥᠬᠦᠶ ᠦᠶᠯᠡᠳᠬᠦᠨ᠂ ᠬᠢᠮᠢ ᠶᠢᠨ ᠪᠣᠷᠲᠣᠭᠤᠷ ᠠᠴᠠ | ᠪᠤᠰᠤᠳ︶ ᠤ ᠦᠶᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠣᠯᠭᠤᠬᠤ ᠵᠡᠷᠭᠡ ᠠᠵᠤ | ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 15 ᠵᠦᠶᠯ ᠤᠨ ᠵᠥᠪᠰᠢᠶᠡᠷᠡᠯ ᠤᠨ ᠵᠦᠶᠯᠡᠰ ᠢ ᠬᠢᠨᠠᠨ | ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠵᠤ᠂ ᠠᠵᠤ ᠠᠬᠤᠶᠢᠯᠠᠯ ᠤᠨ ᠣᠶᠢᠷ᠎ᠠ ᠬᠠᠪᠢ ᠳᠤ ᠪᠠᠨ | ᠭᠦᠶᠴᠡᠳᠬᠡᠬᠦ ᠳᠤ ᠲᠥᠬᠦᠮ ᠦᠵᠡᠭᠦᠯᠦᠨ᠎ᠡ᠃ ︽ᠠᠮᠤᠷ ᠢ ᠬᠠᠮᠠᠭᠠᠯᠠᠬᠤ ᠦᠶᠯᠡᠴᠢᠯᠡᠭᠡᠨ ᠤ ᠵᠥᠪᠰᠢᠶᠡᠷᠡᠯ ᠤᠨ | ᠦᠨᠡᠮᠯᠡᠯ ᠢ ᠬᠠᠷᠭᠤᠭᠤᠯᠤᠨ ᠣᠯᠭᠤᠬᠤ︾ ᠵᠡᠷᠭᠡ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 256 | ᠵᠥᠪᠰᠢᠶᠡᠷᠡᠯ ᠤᠨ ᠵᠦᠶᠯᠡᠰ ᠲᠤ ᠵᠥᠪᠰᠢᠶᠡᠷᠡᠯ ᠤᠨ ᠨᠥᠬᠦᠴᠡᠯ ᠪᠠ ᠬᠢᠨᠠᠨ ᠵᠥᠪᠰᠢᠶᠡᠷᠡᠬᠦ ᠮᠠᠲ᠋ᠧᠷᠢᠶᠠᠯ ᠢ | ᠴᠣᠮᠬᠠᠳᠬᠠᠵᠤ᠂ ᠠᠵᠤ ᠠᠬᠤᠶᠢᠯᠠᠯ ᠤᠨ ᠠᠵᠢᠯ ᠬᠡᠷᠡᠭ ᠭᠦᠶᠴᠡᠳᠬᠡᠬᠦ ᠳᠠᠷᠤᠭᠠᠰᠤ ᠶᠢ ᠬᠦᠩᠭᠡᠷᠡᠭᠦᠯᠪᠠ᠃ | ︽ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠪᠠᠶᠢᠭᠤᠯᠬᠤ ᠶᠢ ᠬᠢᠨᠠᠨ ᠵᠥᠪᠰᠢᠶᠡᠷᠡᠬᠦ︾ ᠵᠡᠷᠭᠡ ᠠᠵᠤ | ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ 140 ᠵᠥᠪᠰᠢᠶᠡᠷᠡᠯ ᠤᠨ ᠵᠦᠶᠯᠡᠰ ᠲᠤ ᠬᠢᠨᠠᠨ ᠵᠥᠪᠰᠢᠶᠡᠷᠡᠬᠦ | ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠬᠢᠨᠠᠨ | ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠪᠣᠭᠤᠮᠲᠠ ᠶᠢᠨ ᠬᠢᠨᠠᠨ ᠬᠠᠮᠢᠶᠠᠷᠴᠤ ᠪᠠᠶᠢᠭ᠎ᠠ ᠪᠠᠷᠠᠭ᠎ᠠ | ᠶᠢ ᠬᠥᠮᠥᠷᠭᠡᠯᠡᠨ ᠬᠠᠳᠠᠭᠠᠯᠠᠬᠤ ᠶᠢ ᠬᠢᠨᠠᠨ ᠵᠥᠪᠰᠢᠶᠡᠷᠡᠬᠦ︾ ᠵᠡᠷᠭᠡ 18 ᠵᠦᠢᠯ ᠳᠤ ᠵᠥᠪᠰᠢᠶᠡᠷᠡᠯ ᠤᠨ ᠦᠨᠡᠮᠯᠡᠯ ᠤᠨ | ᠬᠦᠴᠦᠨ ᠪᠦᠬᠦᠢ ᠬᠤᠭᠤᠴᠠᠭ᠎ᠠ ᠲᠣᠭᠲᠠᠭᠠᠭᠰᠠᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠲᠤ ᠵᠥᠪᠰᠢᠶᠡᠷᠡᠯ ᠤᠨ ᠦᠨᠡᠮᠯᠡᠯ ᠤᠨ ᠬᠦᠴᠦᠨ ᠪᠦᠬᠦᠢ ᠬᠤᠭᠤᠴᠠᠭ᠎ᠠ ᠶᠢ ᠬᠦᠴᠦᠨ | ᠦᠭᠡᠢ ᠪᠣᠯᠭᠠᠬᠤ ᠪᠤᠶᠤ ᠤᠷᠲᠤᠳᠬᠠᠵᠤ᠂ ᠠᠵᠤ ᠠᠬᠤᠶᠢᠯᠠᠯ ᠤᠨ ᠦᠷᠭᠦᠯᠵᠢᠯᠡᠨ ᠡᠵᠡᠩᠨᠡᠬᠦ ᠳᠤ ᠲᠦᠬᠦᠮ | ᠦᠵᠡᠭᠦᠯᠦᠨ᠎ᠡ᠃ ︽ᠨᠧᠲ ᠰᠦᠯᠵᠢᠶᠡᠨ ᠤ ᠰᠦᠯᠵᠢᠶᠡᠨ ᠳᠤ ᠭᠠᠷᠬᠤ ᠦᠶᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ | ᠭᠠᠵᠠᠷ ᠤᠨ ᠡᠵᠡᠩᠨᠡᠯᠲᠡ ᠶᠢᠨ ᠨᠢᠭᠡᠴᠢ ᠶᠢ ᠪᠠᠶᠢᠭᠤᠯᠬᠤ ᠶᠢ ᠬᠢᠨᠠᠨ ᠵᠥᠪᠰᠢᠶᠡᠷᠡᠬᠦ︾ ᠵᠡᠷᠭᠡ 13 ᠵᠦᠶᠯ ᠳᠤ | ᠵᠥᠪᠰᠢᠶᠡᠷᠡᠯ ᠤᠨ ᠲᠤᠭ᠎ᠠ ᠬᠡᠮᠵᠢᠶᠡᠨ ᠤ ᠬᠢᠵᠠᠭᠠᠷᠯᠠᠯ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠬᠤ | ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠲᠤ ᠲᠣᠭᠲᠠᠭᠠᠵᠤ᠂ ᠲᠤᠭ᠎ᠠ ᠬᠡᠮᠵᠢᠶᠡᠨ ᠤ ᠬᠢᠵᠠᠭᠠᠷᠯᠠᠯ ᠢ ᠬᠦᠴᠦᠨ | ᠥᠬᠡᠶ ᠪᠣᠯᠭᠠᠬᠤ ᠪᠤᠶᠤ ᠲᠤᠭ᠎ᠠ ᠬᠡᠮᠵᠢᠶᠡᠨ ᠤ ᠬᠢᠵᠠᠭᠠᠷᠯᠠᠯ ᠢ ᠵᠦᠶ ᠵᠣᠬᠢᠰᠲᠠᠶ ᠠᠭᠤᠵᠢᠭᠤ ᠪᠣᠯᠭᠠᠬᠤ ᠶᠢᠨ ᠬᠠᠮᠲᠤ | ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠨᠥᠬᠦᠴᠡᠯ᠂ ᠠᠵᠤ ᠠᠬᠤᠶᠢᠯᠠᠯ ᠤᠨ ᠬᠠᠳᠠᠭᠠᠯᠠᠯᠲᠠ ᠬᠡᠮᠵᠢᠶ᠎ᠡ᠂ ᠵᠢᠭᠰᠠᠭᠠᠯᠲᠠ | ᠭᠤᠶᠤᠴᠢᠯᠠᠬᠤ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠠᠵᠤ ᠠᠬᠤᠶᠢᠯᠠᠯ ᠤᠨ ᠡᠮᠬᠢ | ᠵᠢᠷᠤᠮ ᠲᠠᠢ ᠪᠠᠷ ᠥᠷᠢᠰᠥᠯᠳᠦᠬᠦ ᠶᠢ ᠵᠣᠷᠢᠭᠵᠢᠭᠤᠯᠪᠠ᠃ ᠡᠭᠦᠨ ᠤ ᠬᠠᠮᠲᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠳ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤ | ᠳᠤᠰᠬᠠᠬᠤ᠂ ᠬᠢᠨᠠᠨ ᠵᠥᠪᠰᠢᠶᠡᠷᠡᠬᠦ ᠦᠶᠯᠡᠴᠢᠯᠡᠭᠡ ᠶᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ | ᠰᠦᠪᠡᠭᠴᠢᠯᠡᠨ᠎ᠡ᠃ | ᠭᠤᠷᠪᠠ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠠᠯ ᠪᠠ ᠬᠠᠮᠵᠢᠯᠴᠠᠨ ᠢᠵᠢ ᠪᠦᠷᠢᠳᠦᠭᠦᠯᠬᠦ ᠶᠢ | ᠴᠢᠩᠭᠠᠷᠠᠭᠤᠯᠤᠨ᠎ᠠ | ︵ᠨᠢᠭᠡ︶ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶᠯᠡᠰ ᠤᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠦᠬᠦᠨ ᠢ ᠬᠠᠮᠤᠷᠬᠤ ᠱᠠᠭᠠᠷᠳᠠᠯᠭ᠎ᠠ ᠶᠣᠰᠣᠭᠠᠷ᠂ ᠠᠵᠤ | ᠠᠬᠤᠶᠢᠯᠠᠯ ᠳᠤ ᠬᠤᠯᠪᠣᠭᠳᠠᠭᠰᠠᠨ ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠢ ᠪᠦᠬᠦᠨ ᠢ ᠨᠠᠷᠢᠨ ᠬᠠᠭᠤᠳᠠᠰᠤ | ᠶᠢᠨ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ᠂ ᠥᠭᠡᠷᠡᠴᠢᠯᠡᠯᠲᠡ ᠶᠢᠨ ᠠᠷᠭ᠎ᠠ ᠬᠡᠯᠪᠡᠷᠢ᠂ ᠪᠣᠳᠠᠲᠠᠶ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠠᠵᠢᠯ ᠶᠠᠪᠤᠳᠠᠯ ᠤᠨ ᠳᠤᠮᠳᠠᠬᠢ ᠠᠵᠢᠯ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠵᠦᠶᠯ ᠳᠠᠷᠠᠭᠠᠯᠠᠨ ᠲᠣᠭᠲᠠᠭᠠᠨ᠎ᠠ᠃ ᠨᠠᠷᠢᠨ ᠬᠠᠭᠤᠳᠠᠰᠤ ᠳᠤ | ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠢᠨᠠᠨ | ᠵᠦᠪᠰᠢᠶᠡᠷᠡᠯ ᠤᠨ ᠦᠭᠡᠷᠡᠴᠢᠯᠡᠯᠲᠡ ᠠᠯᠪᠠᠨ ᠬᠡᠷ ᠲᠥᠪ ᠤᠨ ᠳᠠᠪᠬᠤᠷᠭ᠎ᠠ ᠠᠴᠠ ᠲᠣᠭᠲᠠᠭᠠᠭᠰᠠᠨ ᠠᠵᠤ ᠠᠬᠤᠶᠢᠯᠠᠯ | ᠳᠤ ᠬᠤᠯᠪᠣᠭᠳᠠᠭᠰᠠᠨ ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠮᠤᠵᠢ ᠶᠢᠨ ᠱᠠᠲᠤᠨ ᠤ ᠬᠢᠨᠠᠨ ᠵᠦᠪᠰᠢᠶᠡᠷᠡᠯ ᠤᠨ | ᠦᠭᠡᠷᠡᠴᠢᠯᠡᠯᠲᠡ ᠶᠢᠨ ᠠᠵᠢᠯ ᠤᠨ ᠪᠠᠶᠢᠭᠤᠯᠤᠮᠵᠢ ᠠᠴᠠ ᠣᠷᠣᠨ ᠨᠤᠲᠤᠭ ᠤᠨ ᠳᠠᠪᠬᠤᠷᠭ᠎ᠠ ᠠᠴᠠ ᠲᠣᠭᠲᠠᠭᠠᠭᠰᠠᠨ | ᠠᠵᠤ ᠠᠬᠤᠶᠢᠯᠠᠯ ᠳᠤ ᠬᠤᠯᠪᠣᠭᠳᠠᠭᠰᠠᠨ ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠨᠠᠷᠢᠨ ᠬᠠᠭᠤᠳᠠᠰᠤ ᠶᠢ ᠬᠥᠳᠡᠯᠦᠩᠭᠦᠶ ᠪᠠᠷ | ᠲᠣᠬᠢᠷᠠᠭᠤᠯᠤᠨ ᠰᠢᠨᠡᠳᠬᠡᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ | ᠬᠦᠯᠢᠶᠡᠬᠦ ᠬᠡᠷᠡᠭᠲᠡᠶ᠃ ᠨᠠᠷᠢᠨ ᠬᠠᠭᠤᠳᠠᠰᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠮᠢᠶ᠎ᠠ ᠪᠥᠬᠦᠶ ᠠᠵᠢᠯ | ᠲᠥᠷᠥᠯ ᠳᠤ ᠣᠷᠣᠵᠤ ᠡᠵᠡᠩᠨᠡᠯᠲᠡ ᠬᠢᠬᠦ ᠶᠢ ᠬᠢᠵᠠᠭᠠᠷᠯᠠᠵᠤ ᠣᠭᠲᠣ ᠪᠣᠯᠬᠤ ᠥᠬᠡᠶ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠨᠢ ᠨᠠᠷᠢᠨ ᠬᠠᠭᠤᠳᠠᠰᠤ ᠠᠴᠠ ᠭᠠᠳᠠᠭ᠎ᠠ ᠠᠵᠤ ᠠᠬᠤᠶᠢᠯᠠᠯ ᠤᠨ ᠣᠨᠴᠠ ᠲᠣᠭᠲᠠᠭᠰᠠᠨ ᠠᠵᠢᠯ | ᠲᠥᠷᠥᠯ ᠳᠤ ᠡᠵᠡᠩᠨᠡᠯᠲᠡ ᠬᠢᠬᠦ ᠶᠢ ᠬᠢᠵᠠᠭᠠᠷᠯᠠᠭᠰᠠᠨ ᠬᠠᠮᠢᠶᠠᠷᠤᠯᠲᠠ ᠶᠢᠨ ᠵᠦᠶᠯᠡᠰ ᠢ ᠪᠥᠬᠦ ᠲᠠᠯ᠎ᠠ ᠪᠠᠷ ᠥᠪᠡᠰᠦᠪᠡᠨ | ᠪᠠᠶᠢᠴᠠᠭᠠᠨ ᠢᠯᠭᠠᠷᠠᠭᠤᠯᠵᠤ᠂ ᠬᠡᠯᠪᠡᠷᠢ ᠶᠢ ᠨᠢ ᠥᠭᠡᠷᠡᠲᠦᠭᠦᠯᠦᠨ ᠬᠢᠨᠠᠨ ᠵᠥᠪᠰᠢᠶᠡᠷᠡᠭᠡᠳ ᠵᠠᠬ᠎ᠠ ᠳᠡᠯᠭᠡᠭᠦᠷ ᠢ | ᠬᠡᠰᠡᠭᠯᠡᠭᠰᠡᠨ ᠪᠤᠶᠤ ᠠᠵᠤ ᠠᠬᠤᠶᠢᠯᠠᠯ ᠤᠨ ᠳᠠᠷᠤᠭᠠᠰᠤ ᠶᠢ ᠬᠦᠨᠳᠦᠷᠡᠭᠦᠯᠦᠭᠰᠡᠨ ᠦᠶᠯᠡ ᠠᠵᠢᠯᠯᠠᠭ᠎ᠠ᠂ ᠴᠢᠩᠭ᠎ᠠ | ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠠᠷᠢᠭᠤᠴᠠᠯᠭ᠎ᠠ ᠶᠢ ᠨᠢ ᠨᠡᠬᠡᠮᠵᠢᠯᠡᠬᠦ ᠬᠡᠷᠡᠭᠲᠡᠶ᠃ | | ︵ᠬᠤᠶᠠᠷ︶ ᠬᠤᠳᠠᠯᠳᠤᠭᠠᠨ ᠤ ᠶᠠᠪᠤᠳᠠᠯ ᠤᠨ ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ︽ᠤᠷᠢᠳᠠᠪᠠᠷ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠠᠪᠴᠤ ᠳᠠᠷᠠᠭ᠎ᠠ ᠨᠢ | ᠵᠥᠪᠰᠢᠶᠡᠷᠡᠯ ᠤᠨ ᠦᠨᠡᠮᠯᠡᠯ ᠭᠦᠢᠴᠡᠳᠭᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠡᠪ ᠢᠶᠠᠷ | ᠪᠠᠶᠢᠯᠭᠠᠬᠤ ᠳᠠᠩᠰᠠᠯᠠᠨ ᠲᠡᠮᠳᠡᠭᠯᠡᠬᠦ ᠶᠢᠨ ᠤᠷᠢᠳᠠᠴᠢ ᠵᠥᠪᠰᠢᠶᠡᠷᠡᠯ ᠢ ᠬᠤᠶᠢᠰᠢ ᠲᠠᠯᠪᠢᠬᠤ ᠪᠣᠯᠭᠠᠨ ᠥᠭᠡᠷᠡᠴᠢᠯᠡᠬᠦ ᠶᠢ | ᠠᠬᠢᠭᠤᠯᠤᠨ᠎ᠠ᠃ ᠡᠵᠡᠩᠨᠡᠯᠲᠡ ᠶᠢᠨ ᠬᠡᠪᠴᠢᠶ᠎ᠡ ᠶᠢ ᠵᠢᠷᠤᠮᠵᠢᠭᠤᠯᠤᠨ ᠳᠠᠩᠰᠠᠯᠠᠬᠤ ᠶᠢ ᠥᠷᠨᠢᠭᠦᠯᠵᠦ᠂ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠵᠡᠩᠨᠡᠯᠲᠡ ᠶᠢᠨ ᠬᠡᠪᠴᠢᠶ᠎ᠡ ᠶᠢ ᠵᠢᠷᠤᠮᠵᠢᠭᠤᠯᠬᠤ ᠭᠠᠷᠴᠠᠭ ᠢ | ᠲᠦᠷᠦᠭᠦᠯᠡᠨ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠤᠨ ᠡᠵᠡᠨ ᠮᠡᠳᠡᠵᠦ ᠡᠵᠡᠩᠨᠡᠯᠲᠡ ᠶᠢᠨ ᠬᠡᠪᠴᠢᠶ᠎ᠡ ᠪᠠᠨ | ᠰᠣᠩᠭᠤᠬᠤ ᠳᠤ ᠦᠶᠯᠡᠴᠢᠯᠡᠭᠡ ᠬᠠᠩᠭᠠᠬᠤ ᠬᠡᠷᠡᠭᠲᠡᠶ᠃ ᠡᠵᠡᠩᠨᠡᠯᠲᠡ ᠶᠢᠨ ᠬᠡᠪᠴᠢᠶ᠎ᠡ ᠶᠢ ᠵᠢᠷᠤᠮᠵᠢᠭᠤᠯᠬᠤ ᠭᠠᠷᠴᠠᠭ ᠢ | ᠰᠢᠨ᠎ᠡ ᠠᠵᠤ ᠦᠶᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ ᠴᠠᠭ ᠲᠤᠬᠠᠶ ᠳᠤ | ᠨᠢ ᠲᠣᠬᠢᠷᠠᠭᠤᠯᠤᠯᠲᠠ ᠬᠢᠵᠦ ᠰᠢᠨᠡᠳᠬᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠠᠵᠤ ᠠᠬᠤᠶᠢᠯᠠᠯ ᠳᠤ ᠭᠦᠶᠴᠡᠳᠬᠡᠬᠦ ᠴᠢᠬᠤᠯᠠᠲᠠᠶ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠶᠯᠡᠰ ᠢ ᠮᠡᠳᠡᠭᠳᠡᠬᠦ ᠶᠢᠨ ᠬᠠᠮᠲᠤ᠂ ᠬᠤᠯᠪᠣᠭᠳᠠᠯ ᠪᠥᠬᠦᠶ ᠠᠵᠤ ᠠᠬᠤᠶᠢᠯᠠᠯ ᠤᠨ | ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠲᠤ ᠴᠠᠭ ᠲᠤᠬᠠᠶ ᠳᠤ ᠨᠢ ᠳᠡᠪᠰᠢᠭᠦᠯᠦᠨ ᠬᠦᠷᠭᠡᠬᠦ ᠬᠡᠷᠡᠭᠲᠡᠶ᠃ ᠠᠵᠤ ᠠᠬᠤᠶᠢᠯᠠᠯ ᠡᠵᠡᠩᠨᠡᠯᠲᠡ ᠶᠢᠨ ᠬᠡᠪᠴᠢᠶ᠎ᠡ ᠠᠴᠠ | ᠪᠠᠨ ᠳᠠᠪᠠᠭᠤᠯᠤᠨ ᠵᠥᠪᠰᠢᠶᠡᠷᠡᠯ ᠤᠨ ᠪᠤᠰᠤ ᠲᠥᠷᠥᠯ ᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠪᠠᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠢᠳᠭᠡᠨ ᠲᠣᠷᠭᠠᠬᠤ ᠥᠬᠡᠶ᠃ | ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ | ᠡᠵᠡᠩᠨᠡᠯᠲᠡ ᠶᠢᠨ ᠬᠡᠪᠴᠢᠶ᠎ᠡ ᠪᠠᠷ ᠰᠢᠯᠲᠠᠭ ᠪᠣᠯᠭᠠᠨ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠤᠰᠤᠳ ᠵᠦᠢᠯᠡᠰ ᠢ ᠭᠦᠢᠴᠡᠳᠬᠡᠬᠦ | ᠶᠢ ᠨᠢ ᠬᠢᠵᠠᠭᠠᠷᠯᠠᠵᠤ ᠪᠣᠯᠬᠤ ᠦᠭᠡᠢ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠬᠤᠳᠠᠯᠳᠤᠭᠠᠨ | ᠤ ᠶᠠᠪᠤᠳᠠᠯ ᠤᠨ ᠭᠤᠣᠯ ᠴᠣᠭᠴᠠ ᠶᠢ ᠳᠠᠩᠰᠠᠯᠠᠨ ᠨᠤᠲᠠᠯᠠᠬᠤ ᠲᠦᠷᠢᠮ ᠤᠨ ᠥᠭᠡᠷᠡᠴᠢᠯᠡᠯᠲᠡ ᠬᠢᠵᠦ᠂ ᠠᠵᠤ | ᠠᠬᠤᠶᠢᠯᠠᠯ ᠤᠨ ᠳᠠᠩᠰᠠᠯᠠᠨ ᠲᠡᠮᠳᠡᠭᠯᠡᠬᠦ ᠡᠵᠡᠨ ᠮᠡᠳᠡᠬᠦ ᠡᠷᠬᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠨᠳᠦᠳᠬᠡᠨ᠎ᠡ᠃ | | ︵ᠭᠤᠷᠪᠠ︶ ᠡᠯᠧᠺᠲᠷᠣᠨ ᠭᠡᠷᠡᠴᠢ ᠦᠨᠡᠮᠯᠡᠯ ᠢ ᠨᠡᠶᠢᠳᠭᠡᠨ ᠬᠡᠷᠡᠭᠯᠡᠬᠦ ᠶᠢ ᠠᠬᠢᠭᠤᠯᠤᠨ᠎ᠠ᠃ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠡᠯᠧᠺᠲᠷᠣᠨ ᠭᠡᠷᠡᠴᠢ ᠦᠨᠡᠮᠯᠡᠯ ᠤᠨ | ᠬᠠᠮᠢᠶ᠎ᠠ ᠪᠥᠬᠦᠶ ᠪᠠᠷᠢᠮᠵᠢᠶ᠎ᠠ᠂ ᠵᠢᠷᠤᠮᠵᠢᠯ ᠪᠠ ᠵᠠᠭᠪᠤᠷ ᠢ ᠲᠣᠭᠲᠠᠭᠠᠨ ᠲᠡᠭᠦᠯᠳᠡᠷᠵᠢᠭᠦᠯᠵᠦ᠂ 2022 ᠣᠨ ᠤ ᠵᠢᠯ | ᠤᠨ ᠰᠡᠭᠦᠯᠴᠢ ᠪᠣᠯᠬᠤ ᠠᠴᠠ ᠡᠮᠦᠨ᠎ᠡ ᠠᠵᠤ ᠠᠬᠤᠶᠢᠯᠠᠯ ᠳᠤ ᠬᠤᠯᠪᠣᠭᠳᠠᠭᠰᠠᠨ ᠭᠡᠷᠡᠴᠢ ᠦᠨᠡᠮᠯᠡᠯ ᠢ | ᠡᠯᠧᠺᠲᠷᠣᠨᠵᠢᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠶᠢᠨ ᠲᠠᠰ | ᠳᠠᠪᠬᠤᠷᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠨ ᠬᠠᠮᠲᠤᠪᠠᠷ ᠡᠳ᠋ᠯᠡᠬᠦ ᠶᠢ | ᠴᠢᠩᠭᠠᠷᠠᠭᠤᠯᠵᠤ᠂ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠯᠧᠺᠲᠷᠣᠨ ᠦᠨᠡᠮᠯᠡᠯ ᠢ | ᠴᠠᠭ ᠲᠤᠬᠠᠶ ᠳᠤ ᠨᠢ ᠪᠥᠬᠦ ᠤᠯᠤᠰ ᠤᠨ ᠨᠢᠭᠡ ᠴᠣᠠᠠᠴᠠᠵᠢᠠᠠᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠠᠪᠴᠠᠩ᠂ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠡᠳ᠋ᠯᠡᠬᠦ ᠲᠠᠪᠴᠠᠩ᠂ ᠤᠯᠤᠰ ᠤᠨ | ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠳᠤ ᠨᠡᠶᠢᠳᠭᠡᠵᠦ᠂ | ᠬᠤᠯᠪᠣᠭᠳᠠᠯ ᠪᠥᠬᠦᠶ ᠲᠠᠪᠴᠠᠩ ᠪᠠ ᠰᠢᠰᠲ᠋ᠧᠮ ᠨᠢ ᠪᠥᠬᠦ ᠤᠯᠤᠰ ᠤᠨ ᠨᠢᠭᠡᠳᠦᠯᠲᠡᠶ᠂ ᠴᠠᠭ ᠲᠤᠬᠠᠶ ᠳᠤ ᠨᠢ | ᠰᠢᠨᠡᠳᠬᠡᠭᠰᠡᠨ᠂ ᠡᠷᠬᠡ ᠰᠦᠷᠲᠦ ᠨᠠᠶᠢᠳᠠᠪᠤᠷᠢᠲᠠᠶ ᠠᠵᠤ ᠠᠬᠤᠶᠢᠯᠠᠯ ᠤᠨ ᠡᠯᠧᠺᠲᠷᠣᠨ ᠦᠨᠡᠮᠯᠡᠯ ᠤᠨ ᠬᠥᠮᠥᠷᠭᠡ ᠶᠢ | ᠲᠦᠷᠭᠡᠳᠬᠡᠨ ᠪᠠᠶᠢᠭᠤᠯᠬᠤ ᠬᠡᠷᠡᠭᠲᠡᠶ᠃ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠴᠢᠩᠭᠠᠳᠬᠠᠵᠤ᠂ ᠭᠠᠵᠠᠷ | ᠣᠷᠣᠨ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠬᠦ ᠶᠢ ᠪᠡᠶᠡᠯᠡᠭᠦᠯᠵᠦ᠂ | ᠵᠠᠰᠠᠭ ᠤᠨ ᠶᠠᠪᠤᠳᠠᠯ ᠤᠨ ᠦᠶᠯᠡᠴᠢᠯᠡᠭᠡ᠂ ᠬᠤᠳᠠᠯᠳᠤᠭᠠᠨ ᠤ ᠠᠵᠢᠯᠯᠠᠭ᠎ᠠ ᠵᠡᠷᠭᠡ ᠠᠬᠤᠶ ᠲᠠᠯᠠᠪᠠᠶ ᠳᠤ ᠠᠵᠤ | ᠠᠬᠤᠶᠢᠯᠠᠯ ᠤᠨ ᠡᠯᠧᠺᠲᠷᠣᠨ ᠭᠡᠷᠡᠴᠢ ᠦᠨᠡᠮᠯᠡᠯ ᠢᠶᠠᠨ ᠦᠵᠡᠭᠦᠯᠬᠦ ᠶᠢ ᠨᠡᠶᠢᠳᠡᠮ ᠳᠡᠯᠭᠡᠷᠡᠭᠦᠯᠬᠦ ᠬᠡᠷᠡᠭᠲᠡᠶ᠃ | ᠡᠯᠧᠺᠲᠷᠣᠨ ᠭᠡᠷᠡᠴᠢ ᠦᠨᠡᠮᠯᠡᠯ ᠢᠶᠠᠷ ᠳᠡᠮᠵᠢᠨ ᠣᠯᠵᠤ ᠪᠣᠯᠬᠤ ᠮᠡᠳᠡᠭᠡ ᠵᠠᠩᠭᠢ ᠪᠦᠬᠦᠨ ᠢ ᠠᠵᠤ ᠠᠬᠤᠶᠢᠯᠠᠯ ᠠᠴᠠ | ᠵᠣᠬᠢᠴᠠᠩᠭᠤᠶ ᠮᠠᠲ᠋ᠧᠷᠢᠶᠠᠯ ᠬᠠᠩᠭᠠᠬᠤ ᠶᠢ ᠳᠠᠭᠢᠵᠤ ᠱᠠᠭᠠᠷᠳᠠᠬᠤ ᠥᠬᠡᠶ᠃ | ᠳᠥᠷᠪᠡ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ | ᠶᠢᠨ ᠰᠢᠨ᠎ᠡ ᠶᠢ ᠡᠭᠦᠳᠬᠦ ᠪᠠ ᠴᠢᠩᠭᠠᠳᠬᠠᠨ᠎ᠠ | ︵ᠨᠢᠭᠡ︶ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠲᠣᠳᠣᠷᠬᠠᠶᠢᠯᠠᠬᠤ ᠬᠡᠷᠡᠭᠲᠡᠶ᠃ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠱᠠᠭᠠᠷᠳᠠᠯᠭ᠎ᠠ ᠶᠢ ᠵᠡᠷᠭᠡ ᠪᠠᠷ | ᠴᠢᠬᠤᠯᠠᠴᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠡᠨ ᠬᠢᠨᠠᠨ ᠵᠥᠪᠰᠢᠶᠡᠷᠡᠪᠡᠯ᠂ ᠲᠡᠷᠡ ᠬᠢᠨᠠᠨ | ᠬᠠᠮᠢᠶᠠᠷᠴᠤ᠂ ᠬᠡᠨ ᠭᠤᠣᠯᠯᠠᠨ ᠬᠠᠮᠢᠶᠠᠷᠪᠠᠯ᠂ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ︽ᠵᠥᠪᠰᠢᠶᠡᠷᠡᠬᠦ ᠪᠠᠷ ᠬᠠᠮᠢᠶᠠᠷᠬᠤ ᠶᠢ ᠣᠷᠣᠯᠠᠭᠤᠯᠬᠤ︾᠂ | ︽ᠵᠥᠪᠰᠢᠶᠡᠷᠡᠬᠦ ᠦᠭᠡᠢ ᠬᠠᠮᠢᠶᠠᠷᠬᠤ ᠦᠭᠡᠢ︾ ᠪᠠᠶᠢᠬᠤ ᠠᠰᠠᠭᠤᠳᠠᠯ ᠢ ᠡᠷᠡᠰ ᠵᠠᠯᠠᠷᠠᠭᠤᠯᠵᠤ᠂ ᠬᠢᠨᠠᠨ ᠬᠠᠮᠢᠶᠠᠷᠬᠤ | ᠬᠤᠭᠤᠰᠣᠳᠠᠬᠤ ᠶᠢ ᠰᠡᠷᠭᠡᠶᠢᠯᠡᠬᠦ ᠬᠡᠷᠡᠭᠲᠡᠢ᠃ ᠬᠢᠨᠠᠨ ᠵᠥᠪᠰᠢᠶᠡᠷᠡᠬᠦ ᠶᠢ ᠰᠢᠭᠤᠳ ᠬᠦᠴᠦᠨ ᠦᠭᠡᠶ ᠪᠣᠯᠭᠠᠵᠤ᠂ | ᠬᠢᠨᠠᠨ ᠵᠥᠪᠰᠢᠶᠡᠷᠡᠬᠦ ᠪᠠᠨ ᠳᠠᠩᠰᠠᠯᠠᠭᠤᠯᠬᠤ ᠪᠣᠯᠭᠠᠨ ᠬᠤᠪᠢᠷᠠᠭᠤᠯᠤᠭᠰᠠᠨ ᠪᠣᠯ ᠤᠤᠯ ᠤᠨ ᠬᠢᠨᠠᠨ ᠵᠥᠪᠰᠢᠶᠡᠷᠡᠭᠰᠡᠨ | ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ᠃ | ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠦᠶᠯᠡᠴᠢᠯᠡᠭᠡ ᠶᠢ ᠰᠢᠯᠢᠳᠡᠭᠵᠢᠭᠦᠯᠦᠭᠰᠡᠨ ᠪᠠᠶᠢᠪᠠᠯ᠂ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠦᠨᠡᠮᠯᠡᠯ ᠲᠠᠢ ᠡᠵᠡᠩᠨᠡᠯᠲᠡ ᠶᠢᠨ ᠠᠵᠤ ᠠᠬᠤᠶᠢᠯᠠᠯ ᠢ ᠬᠠᠤᠯᠢ | ᠶᠣᠰᠣᠭᠠᠷ ᠬᠢᠨᠠᠨ ᠬᠠᠮᠢᠶᠠᠷᠬᠤ ᠶᠢ ᠬᠠᠷᠢᠭᠤᠴᠠᠵᠤ᠂ ᠦᠨᠡᠮᠯᠡᠯ ᠥᠬᠡᠶ ᠪᠠᠷ ᠡᠵᠡᠩᠨᠡᠬᠦ ᠠᠵᠢᠯᠯᠠᠭ᠎ᠠ ᠶᠢ ᠪᠠᠶᠢᠴᠠᠭᠠᠨ | ᠰᠢᠶᠳᠪᠦᠷᠢᠯᠡᠨ᠎ᠡ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠪᠤᠶᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ | ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠨᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠥᠭᠡᠷᠡᠴᠢᠯᠡᠯᠲᠡ ᠶᠢᠨ ᠲᠥᠰᠦᠯ ᠶᠣᠰᠣᠭᠠᠷ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠲᠣᠭᠲᠠᠭᠠᠵᠤ᠂ ᠬᠢᠨᠠᠨ ᠬᠠᠮᠢᠶᠠᠷᠬᠤ ᠶᠢ ᠵᠣᠯᠭᠠᠭᠤᠯᠬᠤ ᠲᠣᠭᠲᠠᠴᠠ ᠪᠠᠨ ᠪᠦᠷᠢᠨᠰᠢᠭᠦᠯᠦᠨ᠎ᠡ᠃ ᠵᠠᠰᠠᠭ ᠤᠨ ᠣᠷᠳᠣᠨ | ᠢᠶᠠᠷ ᠤᠳᠤᠷᠢᠳᠤᠮᠵᠢ ᠪᠣᠯᠭᠠᠬᠤ᠂ ᠠᠵᠤ ᠠᠬᠤᠶᠢᠯᠠᠯ ᠥᠪᠡᠷᠲᠡᠭᠡᠨ ᠵᠠᠰᠠᠬᠤ᠂ ᠠᠵᠢᠯ ᠲᠥᠷᠥᠯ ᠤᠨ ᠥᠪᠡᠷ ᠢ ᠪᠠᠨ | ᠱᠠᠭᠠᠷᠳᠠᠬᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ | ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠰᠣᠨᠢᠨ ᠮᠡᠳᠡᠭᠡᠨ ᠤ ᠵᠠᠭᠤᠴᠢᠯᠠᠭᠤᠷ᠂ ᠠᠵᠢᠯ ᠡᠷᠭᠢᠯᠡᠭᠰᠡᠳ᠂ | ᠬᠡᠷᠡᠭᠯᠡᠭᠴᠢᠳ᠂ ᠵᠠᠭᠤᠴᠢ ᠪᠠᠶᠢᠭᠤᠯᠤᠮᠵᠢ ᠵᠡᠷᠭᠡ ᠶᠢᠨ ᠬᠢᠨᠠᠯᠲᠠ ᠲᠠᠯᠪᠢᠬᠤ ᠦᠶᠯᠡᠳᠦᠯ ᠢᠶᠠᠨ ᠪᠠᠳᠠᠷᠠᠭᠤᠯᠬᠤ ᠶᠢ | ᠵᠣᠷᠢᠭᠵᠢᠭᠤᠯᠵᠤ᠂ ᠣᠯᠠᠨ ᠡᠰᠢᠵᠢᠬᠦᠯᠦᠨ ᠬᠠᠮᠲᠤ ᠪᠠᠷ ᠵᠠᠰᠠᠬᠤ᠂ ᠬᠠᠷᠢᠯᠴᠠᠨ ᠲᠤᠯᠭᠠᠭᠤᠷᠢᠯᠠᠭᠰᠠᠨ ᠬᠠᠮᠵᠢᠯᠴᠠᠨ | ᠬᠢᠨᠠᠨ ᠬᠠᠮᠢᠶᠠᠷᠬᠤ ᠪᠠᠶᠢᠷᠢᠰᠢᠯ ᠢ ᠪᠦᠷᠢᠨᠰᠢᠭᠦᠯᠦᠨ᠎ᠡ᠃ | ︵ᠬᠤᠶᠠᠷ︶ ᠥᠭᠡᠷᠡᠴᠢᠯᠡᠯᠲᠡ ᠶᠢᠨ ᠠᠷᠭ᠎ᠠ ᠬᠡᠯᠪᠡᠷᠢ ᠶᠢ ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠪᠦᠷᠢᠨᠰᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ | ᠤᠳ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠤᠨ ᠥᠭᠡᠷᠡᠴᠢᠯᠡᠯᠲᠡ | ᠶᠢᠨ ᠠᠷᠭ᠎ᠠ ᠬᠡᠯᠪᠡᠷᠢ ᠶᠢ ᠦᠨᠳᠦᠰᠦᠯᠡᠨ᠂ ᠪᠥᠬᠦ ᠤᠯᠤᠰ ᠤᠨ ᠨᠢᠭᠡᠳᠦᠯᠲᠡᠶ᠂ ᠲᠣᠪᠴᠢ ᠠᠪᠰᠠᠷᠬᠠᠨ ᠪᠥᠭᠡᠳ | ᠬᠡᠷᠡᠭᠵᠢᠭᠦᠯᠬᠦ ᠳᠤ ᠬᠢᠯᠪᠠᠷ ᠬᠢᠨᠠᠯᠲᠠ ᠬᠠᠮᠢᠶᠠᠷᠤᠯᠲᠠ ᠶᠢᠨ ᠲᠦᠷᠢᠮ ᠢ ᠬᠦᠷᠢᠶ᠎ᠡ ᠴᠠᠷᠠᠭ᠎ᠠ ᠬᠤᠪᠢᠶᠠᠨ ᠲᠣᠭᠲᠠᠭᠠᠵᠤ᠂ | ᠮᠡᠷᠭᠡᠵᠢᠯ᠂ ᠠᠮᠤᠷ ᠲᠦᠪᠰᠢᠨ᠂ ᠶᠠᠰᠤ ᠴᠢᠨᠠᠷ᠂ ᠦᠶᠯᠡᠳᠬᠦᠨ᠂ ᠦᠶᠯᠡᠴᠢᠯᠡᠭᠡ ᠵᠡᠷᠭᠡ ᠲᠠᠯ᠎ᠠ ᠶᠢᠨ ᠤᠯᠤᠰ ᠤᠨ | ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠳᠤ ᠲᠣᠳᠣᠷᠬᠠᠶ ᠵᠢᠯᠣᠭᠤᠳᠤᠮᠵᠢ ᠬᠠᠩᠭᠠᠬᠤ | ᠬᠡᠷᠡᠭᠲᠡᠶ᠃ ᠬᠢᠨᠠᠨ ᠵᠥᠪᠰᠢᠶᠡᠷᠡᠬᠦ ᠶᠢ ᠰᠢᠭᠤᠳ ᠬᠦᠴᠦᠨ ᠦᠭᠡᠶ ᠪᠣᠯᠭᠠᠭᠰᠠᠨ ᠪᠣᠯ᠂ ᠬᠤᠯᠪᠣᠭᠳᠠᠯ ᠪᠦᠬᠦᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠪᠠᠶᠢᠳᠠᠯ ᠢ | ᠴᠠᠭ ᠲᠤᠬᠠᠶ ᠳᠤ ᠨᠢ ᠡᠵᠡᠮᠰᠢᠵᠦ᠂ ᠬᠢᠨᠠᠨ ᠬᠠᠮᠢᠶᠠᠷᠬᠤ ᠬᠡᠪᠴᠢᠶᠡᠨ ᠳᠤ ᠣᠷᠣᠭᠤᠯᠤᠨ᠂ ᠬᠠᠤᠯᠢ ᠶᠣᠰᠣᠭᠠᠷ ᠬᠢᠨᠠᠨ | ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃ ᠬᠢᠨᠠᠨ ᠵᠥᠪᠰᠢᠶᠡᠷᠡᠬᠦ ᠪᠠᠨ ᠳᠠᠩᠰᠠᠯᠠᠭᠤᠯᠬᠤ ᠪᠣᠯᠭᠠᠨ ᠬᠤᠪᠢᠷᠠᠭᠤᠯᠤᠭᠰᠠᠨ | ᠪᠣᠯ ᠬᠤᠯᠪᠣᠭᠳᠠᠯ ᠪᠦᠬᠦᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠣᠭᠲᠠᠭᠠᠯ ᠶᠣᠰᠣᠭᠠᠷ ᠳᠠᠩᠰᠠᠯᠠᠭᠤᠯᠬᠤ | ᠭᠠᠷ ᠭᠦᠢᠴᠡᠳᠭᠡᠯ ᠢ ᠭᠦᠢᠴᠡᠳᠬᠡᠯᠭᠡᠵᠦ᠂ ᠲᠣᠭᠲᠠᠭᠠᠯ ᠶᠣᠰᠣᠭᠠᠷ ᠦᠯᠦ ᠳᠠᠩᠰᠠᠯᠠᠭᠤᠯᠤᠭᠰᠠᠨ ᠪᠤᠶᠤ ᠬᠤᠳᠠᠯ | ᠬᠠᠭᠤᠷᠮᠠᠭ ᠳᠠᠩᠰᠠᠯᠠᠭᠤᠯᠬᠤ ᠮᠠᠲ᠋ᠧᠷᠢᠶᠠᠯ ᠲᠤᠰᠢᠶᠠᠭᠰᠠᠨ ᠪᠣᠯ ᠬᠠᠤᠯᠢ ᠶᠣᠰᠣᠭᠠᠷ ᠪᠠᠶᠢᠴᠠᠭᠠᠵᠤ ᠰᠢᠶᠳᠪᠦᠷᠢᠯᠡᠬᠦ | ᠬᠡᠷᠡᠭᠲᠡᠶ᠃ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠦᠭᠰᠡᠨ ᠪᠣᠯ ᠠᠵᠤ ᠠᠬᠤᠶᠢᠯᠠᠯ ᠤᠨ ᠠᠮᠠᠯᠠᠯᠲᠠ ᠪᠠᠨ | ᠭᠦᠶᠴᠡᠳᠬᠡᠭᠰᠡᠨ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠠᠮᠠᠯᠠᠯᠲᠠ ᠠᠴᠠ ᠵᠥᠷᠢᠴᠡᠭᠰᠡᠨ ᠢ ᠨᠢ | ᠮᠡᠳᠡᠪᠡᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠦᠭᠡᠷᠡᠴᠢᠯᠡᠭᠦᠯᠵᠦ ᠬᠤᠭᠤᠴᠠᠭ᠎ᠠ ᠨᠢ | ᠬᠡᠲᠦᠷᠡᠭᠰᠡᠨ ᠪᠠᠶᠢᠲᠠᠯ᠎ᠠ ᠴᠡᠭᠴᠡᠯᠡᠨ ᠥᠭᠡᠷᠡᠴᠢᠯᠡᠭᠰᠡᠨ ᠥᠬᠡᠶ ᠪᠤᠶᠤ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠮᠦᠨ | ᠬᠦ ᠠᠮᠠᠯᠠᠯᠲᠠ ᠪᠠᠨ ᠭᠦᠶᠴᠡᠳᠬᠡᠭᠰᠡᠨ ᠥᠬᠡᠶ ᠪᠠᠶᠢᠪᠠᠯ ᠬᠠᠤᠯᠢ ᠶᠣᠰᠣᠭᠠᠷ ᠬᠠᠮᠢᠶ᠎ᠠ ᠪᠥᠬᠦᠶ ᠵᠥᠪᠰᠢᠶᠡᠷᠡᠯ ᠢ ᠨᠢ | ᠬᠦᠴᠦᠨ ᠥᠬᠡᠶ ᠪᠣᠯᠭᠠᠵᠤ᠂ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠭᠡᠨ ᠲᠣᠷᠭᠠᠬᠤ | ᠬᠡᠷᠡᠭᠲᠡᠶ᠃ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠭᠰᠠᠨ ᠪᠣᠯ ᠬᠢᠨᠠᠨ ᠬᠠᠮᠢᠶᠠᠷᠬᠤ ᠳᠡᠰ | ᠳᠠᠪᠬᠤᠷᠭ᠎ᠠ ᠶᠢ ᠵᠡᠷᠭᠡ ᠳᠤ ᠨᠢ ᠲᠣᠬᠢᠷᠠᠭᠤᠯᠤᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ | ᠶᠢᠨ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠶ᠃ | ︵ᠭᠤᠷᠪᠠ︶ ᠠᠵᠢᠯ ᠲᠥᠷᠥᠯ ᠤᠨ ᠣᠨᠴᠠᠯᠢᠭ ᠲᠠᠢ ᠤᠶᠠᠯᠳᠤᠭᠤᠯᠤᠨ ᠬᠢᠨᠠᠯᠲᠠ ᠬᠠᠮᠢᠶᠠᠷᠤᠯᠲᠠ ᠶᠢᠨ ᠠᠷᠭ᠎ᠠ | ᠪᠠᠨ ᠲᠡᠭᠦᠯᠳᠡᠷᠵᠢᠭᠦᠯᠦᠨ᠎ᠡ᠃ ᠡᠩ ᠤᠨ ᠠᠵᠢᠯ ᠲᠥᠷᠥᠯ᠂ ᠬᠦᠷᠢᠶ᠎ᠡ ᠴᠠᠷᠠᠭ᠎ᠠ ᠳᠤ ︽ᠬᠤᠶᠠᠷ ᠢ ᠲᠠᠰᠢᠷᠡᠨ ᠳᠠᠭᠠᠤ | ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠤ | ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠥᠷᠥᠯ ᠬᠤᠪᠢᠶᠠᠭᠰᠠᠨ ᠦᠷ᠎ᠡ ᠳ᠋ᠦᠩ ᠢ ᠦᠨᠳᠦᠰᠦᠯᠡᠨ | ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠰᠤᠭᠤᠴᠢᠨ ᠪᠠᠶᠢᠴᠠᠭᠠᠬᠤ ᠶᠢ ᠦᠷᠭᠦᠯᠵᠢᠯᠡᠨ ᠠᠬᠢᠭᠤᠯᠵᠤ ᠪᠠᠶᠢᠩᠭᠤᠵᠢᠭᠤᠯᠤᠨ᠎ᠠ᠃ ᠣᠯᠠᠨ ᠨᠡᠶᠢᠲᠡ ᠶᠢᠨ | ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠵᠡᠷᠭᠡ ᠲᠠᠢ ᠰᠢᠭᠤᠳ ᠬᠤᠯᠪᠣᠭᠳᠠᠭᠰᠠᠨ | ᠣᠨᠴᠠᠭᠠᠶ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ᠂ ᠪᠦᠬᠦᠨ ᠢ ᠬᠠᠮᠤᠷᠤᠭᠰᠠᠨ ᠭᠤᠤᠯᠳᠠᠯᠭ᠎ᠠ | ᠲᠠᠢ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ | ᠴᠢᠩᠭᠠᠷᠠᠭᠤᠯᠤᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢᠨ ᠰᠠᠭᠤᠷᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ | ᠢᠲᠡᠭᠡᠮᠵᠢ ᠶᠢ ᠪᠠᠶᠢᠭᠠᠯᠢ ᠬᠥᠮᠦᠨ ᠤ ᠢᠲᠡᠭᠡᠮᠵᠢ ᠲᠠᠢ ᠬᠤᠯᠪᠣᠬᠤ ᠲᠣᠭᠲᠠᠴᠠ ᠶᠢ ᠪᠠᠶᠢᠭᠤᠯᠵᠤ᠂ ᠬᠠᠤᠯᠢ ᠲᠣᠭᠲᠠᠭᠠᠯ | ᠶᠣᠰᠣᠭᠠᠷ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠬᠠᠤᠯᠢ ᠠᠴᠠ ᠬᠦᠨᠳᠦ ᠨᠣᠴᠢᠲᠠᠶ | ᠵᠥᠷᠢᠴᠡᠭᠰᠡᠨ ᠬᠠᠷᠢᠭᠤᠴᠠᠯᠭ᠎ᠠ ᠲᠠᠢ ᠠᠵᠤ ᠠᠬᠤᠶᠢᠯᠠᠯ ᠵᠢᠴᠢ ᠬᠠᠮᠢᠶ᠎ᠠ ᠪᠦᠬᠦᠢ ᠬᠥᠮᠦᠰ ᠤᠨ ᠠᠵᠢᠯ ᠲᠥᠷᠥᠯ ᠳᠤ | ᠣᠷᠣᠬᠤ ᠶᠢ ᠴᠠᠭᠠᠵᠠᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ ᠶᠢᠨ ᠰᠦᠷ | ᠦᠵᠡᠭᠦᠯᠬᠦ ᠬᠦᠴᠦᠨ ᠢ ᠨᠡᠮᠡᠭᠳᠡᠭᠦᠯᠬᠦ ᠬᠡᠷᠡᠭᠲᠡᠶ᠃ ᠰᠢᠨ᠎ᠡ ᠮᠡᠷᠭᠡᠵᠢᠯ᠂ ᠰᠢᠨ᠎ᠡ ᠠᠵᠤ ᠦᠶᠯᠡᠰ᠂ ᠰᠢᠨ᠎ᠡ ᠡᠵᠡᠩᠨᠡᠯᠲᠡ | ᠶᠢᠨ ᠪᠠᠶᠢᠳᠠᠯ᠂ ᠰᠢᠨ᠎ᠡ ᠵᠠᠭᠪᠤᠷ ᠵᠡᠷᠭᠡ ᠳᠤ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠬᠢᠨᠠᠨ ᠬᠠᠮᠢᠶᠠᠷᠬᠤ ᠶᠢ | ᠬᠡᠷᠡᠭᠵᠢᠭᠦᠯᠵᠦ᠂ ᠬᠢᠨᠠᠨ ᠬᠠᠮᠢᠶᠠᠷᠬᠤ ᠵᠠᠭᠪᠤᠷ ᠢ ᠬᠡᠮᠵᠢᠶ᠎ᠡ ᠳᠤ ᠨᠢ ᠲᠣᠬᠢᠷᠠᠭᠤᠯᠤᠨ ᠲᠣᠭᠲᠠᠭᠠᠵᠤ᠂ ᠬᠠᠤᠯᠢ ᠠᠴᠠ | ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢ ᠬᠥᠩᠭᠡᠷᠡᠭᠦᠯᠬᠦ ᠪᠤᠶᠤ ᠬᠡᠯᠲᠦᠷᠢᠭᠦᠯᠦᠨ᠎ᠡ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ | ᠶᠢ ᠭᠦᠨᠵᠡᠭᠡᠶ ᠠᠬᠢᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ᠂ ᠬᠢᠨᠠᠯᠲᠠ ᠬᠠᠮᠢᠶᠠᠷᠤᠯᠲᠠ ᠶᠢᠨ | ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠴᠢᠩᠭᠠᠳᠬᠠᠵᠤ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ | ᠵᠠᠩᠬᠢ ᠶᠢᠨ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠠᠷᠭ᠎ᠠ ᠪᠠᠷᠢᠯ ᠢ ᠬᠡᠷᠡᠭᠯᠡᠨ ᠲᠦᠭᠰᠢᠭᠦᠷᠢ ᠶᠢᠨ | ᠳᠠᠯᠳᠠ ᠬᠡᠮ ᠢ ᠲᠤᠶᠢᠯ ᠤᠨ ᠣᠨᠣᠪᠴᠢᠲᠠᠶ ᠪᠠᠷ ᠤᠷᠢᠳᠴᠢᠯᠠᠨ ᠰᠡᠷᠡᠮᠵᠢᠯᠡᠭᠦᠯᠦᠨ᠎ᠡ᠃ | ᠲᠠᠪᠤ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠥᠭᠡᠷᠡᠴᠢᠯᠡᠯᠲᠡ ᠶᠢ ᠪᠣᠳᠠᠲᠠᠶᠢᠵᠢᠭᠤᠯᠤᠨ | ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ | ︵ᠨᠢᠭᠡ︶ ᠥᠭᠡᠷᠡᠴᠢᠯᠡᠯᠲᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠲᠥᠷᠥ ᠶᠢᠨ ᠶᠠᠪᠤᠳᠠᠯ | ᠤᠨ ᠬᠤᠷᠢᠶ᠎ᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠠᠬᠢᠭᠤᠯᠬᠤ ᠪᠠ | ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠵᠣᠬᠢᠴᠠᠭᠤᠯᠬᠤ ᠳᠤᠭᠤᠶᠢᠯᠠᠩ ᠠᠴᠠ ᠪᠥᠬᠦ ᠤᠯᠤᠰ | ᠤᠨ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ | ᠤᠳᠤᠷᠢᠳᠬᠤ ᠶᠢ ᠬᠠᠷᠢᠭᠤᠴᠠᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠬᠠᠤᠯᠢ ᠴᠠᠭᠠᠵᠠ ᠶᠢᠨ ᠶᠠᠮᠤᠨ ᠲᠦᠷᠦᠭᠦᠯᠡᠨ | ᠥᠭᠡᠷᠡᠴᠢᠯᠡᠯᠲᠡ ᠶᠢ ᠠᠬᠢᠭᠤᠯᠬᠤ ᠶᠢ ᠬᠠᠷᠢᠭᠤᠴᠠᠵᠤ᠂ ᠪᠠᠶᠢᠴᠠᠭᠠᠨ ᠰᠤᠳᠤᠯᠬᠤ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠬᠦ᠂ ᠵᠣᠬᠢᠴᠠᠭᠤᠯᠤᠨ ᠵᠢᠯᠣᠭᠤᠳᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ᠂ ᠬᠠᠤᠯᠢ ᠪᠠᠷ ᠵᠠᠰᠠᠬᠤ | ᠪᠠᠲᠤᠯᠠᠭ᠎ᠠ᠂ ᠳ᠋ᠦᠩᠨᠡᠨ ᠦᠨᠡᠯᠡᠬᠦ ᠵᠡᠷᠭᠡ ᠠᠵᠢᠯ ᠢ ᠰᠠᠶᠢᠲᠤᠷ ᠬᠢᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠡᠯ᠎ᠡ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠵᠢᠯᠣᠭᠤᠳᠤᠨ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠬᠢᠭᠡᠳ ᠭᠠᠳᠠᠭᠠᠳᠤ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ | ᠬᠢᠬᠦ ᠶᠢ ᠬᠠᠷᠢᠭᠤᠴᠠᠨ᠎ᠠ᠃ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ | ᠪᠠᠨ ᠥᠭᠡᠷᠡᠴᠢᠯᠡᠯᠲᠡ ᠶᠢᠨ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠨ ᠵᠦᠪᠰᠢᠶᠡᠷᠡᠯ ᠤᠨ | ᠦᠭᠡᠷᠡᠴᠢᠯᠡᠯᠲᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ᠂ | ᠬᠤᠳᠠᠯᠳᠤᠭᠠᠨ ᠤ ᠶᠠᠪᠤᠳᠠᠯ ︵ᠴᠢᠯᠥᠭᠡᠲᠦ ᠠᠷᠠᠯᠵᠢᠶᠠᠨ ᠤ ᠠᠯᠪᠠᠨ ᠭᠡᠷ︶ ᠵᠡᠷᠭᠡ ᠰᠠᠯᠠᠭ᠎ᠠ ᠮᠥᠴᠢᠷ ᠲᠦᠷᠦᠭᠦᠯᠡᠨ᠂ | ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠥᠭᠡᠷᠡᠴᠢᠯᠡᠯᠲᠡ ᠶᠢ | ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ | ︵ᠬᠤᠶᠠᠷ︶ ᠥᠭᠡᠷᠡᠴᠢᠯᠡᠯᠲᠡ ᠶᠢᠨ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠴᠢᠬᠤᠯᠠ ᠶᠡᠭᠡ | ᠥᠭᠡᠷᠡᠴᠢᠯᠡᠯᠲᠡ ᠳᠤ ᠬᠠᠤᠯᠢ ᠶᠢᠨ ᠦᠨᠳᠦᠰᠦᠯᠡᠯ ᠲᠠᠢ ᠪᠠᠶᠢᠬᠤ ᠶᠢ ᠪᠠᠷᠢᠮᠲᠠᠯᠠᠵᠤ᠂ ᠬᠠᠤᠯᠢ ᠳᠤ ᠲᠣᠭᠲᠠᠭᠠᠭᠰᠠᠨ | ᠳᠡᠰ ᠳᠠᠷᠠᠭᠠᠯᠠᠯ ᠶᠣᠰᠣᠭᠠᠷ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠬᠡᠪᠴᠢᠶᠡᠨ ᠳᠤ | ᠬᠡᠷᠡᠭᠵᠢᠭᠦᠯᠵᠦ ᠪᠠᠶᠢᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠬᠠᠮᠵᠢᠯᠴᠠᠨ᠂ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠳᠤ ᠵᠠᠰᠠᠪᠤᠷᠢ ᠣᠷᠣᠭᠤᠯᠬᠤ ᠶᠢ | ᠠᠬᠢᠭᠤᠯᠤᠨ᠎ᠠ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠬᠤᠯᠪᠣᠭᠳᠠᠯ ᠪᠥᠬᠦᠶ ᠥᠭᠡᠷᠡᠴᠢᠯᠡᠯᠲᠡ | ᠶᠢᠨ ᠲᠤᠷᠰᠢᠯᠲᠠ ᠬᠢᠬᠦ ᠠᠷᠭ᠎ᠠ ᠬᠡᠮᠵᠢᠶ᠎ᠡ ᠲᠠᠢ ᠬᠠᠮᠵᠢᠯᠴᠠᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠡ ᠣᠯᠭᠤᠭᠰᠠᠨ ᠲᠣᠭᠲᠠᠭᠠᠯ ᠢ ᠦᠨᠳᠦᠰᠦᠯᠡᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠬᠠᠤᠯᠢ︾ ᠵᠡᠷᠭᠡ 7 ᠬᠠᠤᠯᠢ ᠴᠠᠭᠠᠵᠠ ᠶᠢᠨ | ᠬᠤᠯᠪᠣᠭᠳᠠᠯ ᠪᠥᠬᠦᠶ ᠲᠣᠭᠲᠠᠭᠠᠯ ᠢ ᠲᠦᠷ ᠲᠣᠬᠢᠷᠠᠭᠤᠯᠤᠨ ᠬᠡᠷᠡᠭᠯᠡᠵᠦ᠂ ︽ᠢᠨᠲ᠋ᠧᠷ ᠰᠦᠯᠵᠢᠶᠡᠨ ᠤ ᠰᠦᠯᠵᠢᠶᠡᠨ | ᠳᠤ ᠭᠠᠷᠬᠤ ᠦᠶᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠤᠨ ᠬᠠᠮᠢᠶᠠᠷᠤᠯᠲᠠ ᠶᠢᠨ ᠲᠦᠷᠢᠮ︾ ᠵᠡᠷᠭᠡ 13 ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠬᠤᠯᠪᠣᠭᠳᠠᠯ ᠪᠥᠬᠦᠶ ᠲᠣᠭᠲᠠᠭᠠᠯ ᠢ ᠲᠦᠷ ᠲᠣᠬᠢᠷᠠᠭᠤᠯᠤᠨ ᠬᠡᠷᠡᠭᠯᠡᠨ᠎ᠡ ︵ | ᠳᠠᠭᠠᠯᠳᠤᠭᠤᠯᠤᠯ 3 ᠶᠢ ᠦᠵᠡᠭᠡᠷᠡᠢ︶᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢᠶᠠᠨ ᠦᠨᠳᠦᠰᠦᠯᠡᠨ᠂ ᠳᠦᠷᠢᠮ | ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠵᠣᠬᠢᠴᠠᠩᠭᠤᠶ ᠲᠣᠬᠢᠷᠠᠭᠤᠯᠤᠯᠲᠠ ᠬᠢᠵᠦ᠂ | ᠥᠭᠡᠷᠡᠴᠢᠯᠡᠯᠲᠡ ᠶᠢᠨ ᠱᠠᠭᠠᠷᠳᠠᠯᠭ᠎ᠠ ᠯᠤᠭ᠎ᠠ ᠲᠣᠬᠢᠷᠠᠯᠴᠠᠭᠰᠠᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠶ | ᠃ 2022 ᠣᠨ ᠤ ᠵᠢᠯ ᠤᠨ ᠰᠡᠭᠦᠯᠴᠢ ᠪᠣᠯᠬᠤ ᠠᠴᠠ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ | ᠬᠤᠯᠪᠣᠭᠳᠠᠯ ᠪᠥᠬᠦᠶ ᠲᠣᠭᠲᠠᠭᠠᠯ ᠢ ᠲᠦᠷ ᠲᠣᠬᠢᠷᠠᠭᠤᠯᠤᠨ ᠬᠡᠷᠡᠭᠯᠡᠭᠰᠡᠨ ᠪᠠᠶᠢᠳᠠᠯ ᠳᠤ ᠳᠤᠮᠳᠠ ᠬᠤᠭᠤᠴᠠᠭᠠᠨ ᠤ | ᠦᠨᠡᠯᠡᠨ ᠵᠢᠱᠢᠯᠲᠡ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠭᠤᠷᠪᠠ︶ ᠥᠭᠡᠷᠡᠴᠢᠯᠡᠯᠲᠡ ᠶᠢ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠨ᠎ᠠ᠃ ᠲᠥᠷᠥ ᠶᠢᠨ ᠶᠠᠪᠤᠳᠠᠯ | ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠡᠷᠡᠭᠵᠢᠭᠦᠯᠬᠦ ᠲᠥᠰᠦᠯ ᠲᠣᠭᠲᠠᠭᠠᠵᠤ᠂ ᠲᠥᠪ ᠤᠨ | ᠳᠠᠪᠬᠤᠷᠭ᠎ᠠ ᠠᠴᠠ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ | ᠵᠦᠶᠯᠡᠰ ᠢ ᠵᠦᠶᠯ ᠳᠠᠷᠠᠭᠠᠯᠠᠨ ᠨᠠᠷᠢᠯᠢᠬᠵᠢᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ | ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠭᠠᠵᠠᠷ ᠣᠷᠣᠨ ᠤ ᠪᠠᠨ ᠥᠭᠡᠷᠡᠴᠢᠯᠡᠯᠲᠡ ᠶᠢᠨ | ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠮᠤᠵᠢ ᠪᠠᠷ ᠨᠢᠭᠡᠴᠢ ᠪᠣᠯᠭᠠᠨ ᠣᠷᠣᠨ ᠨᠤᠲᠤᠭ ᠤᠨ ᠳᠠᠪᠬᠤᠷᠭ᠎ᠠ ᠠᠴᠠ | ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠤᠨ | ᠥᠭᠡᠷᠡᠴᠢᠯᠡᠯᠲᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ | ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ | ᠶᠢᠨ ᠠᠵᠢᠯ ᠤᠨ ᠪᠣᠯᠪᠠᠰᠤᠷᠠᠭᠤᠯᠤᠯ ᠪᠠ ᠤᠬᠠᠭᠤᠯᠤᠯ ᠲᠠᠶᠢᠯᠤᠮᠵᠢ ᠶᠢ ᠰᠠᠶᠢᠲᠤᠷ ᠬᠢᠵᠦ᠂ ᠲᠤᠬᠠᠶᠢᠯᠠᠭᠰᠠᠨ ᠠᠵᠢᠯ | ᠤᠨ ᠴᠤᠪᠤᠷᠠᠯ ᠢ ᠳᠣᠭᠢᠷᠠᠭᠤᠯᠤᠨ ᠰᠢᠯᠢᠳᠡᠭᠵᠢᠭᠦᠯᠵᠦ᠂ ᠠᠵᠢᠯ ᠤᠨ ᠲᠦᠷᠢᠮ ᠪᠠ ᠦᠶᠯᠡᠴᠢᠯᠡᠭᠡᠨ ᠤ ᠵᠦᠭᠯᠡᠭᠦᠷ ᠲᠤ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠦᠨ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠳ | ᠥᠭᠡᠷᠡᠴᠢᠯᠡᠯᠲᠡ ᠶᠢᠨ ᠠᠰᠢᠭ ᠢ ᠭᠦᠶᠴᠡᠳ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠲᠤᠰ ᠮᠡᠳᠡᠭᠳᠡᠯ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠳᠤ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠴᠠᠭ ᠲᠤᠬᠠᠶ ᠳᠤ ᠨᠢ ᠵᠢᠭᠠᠪᠤᠷᠢ ᠠᠪᠴᠤ ᠮᠡᠳᠡᠭᠦᠯᠬᠦ | ᠬᠡᠷᠡᠭᠲᠡᠶ᠃ | | | ᠳᠠᠭᠠᠯᠳᠤᠭᠤᠯᠤᠯ᠄ 1.ᠲᠥᠪ ᠤᠨ ᠳᠠᠪᠬᠤᠷᠭ᠎ᠠ ᠠᠴᠠ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠬᠤ | ᠡᠵᠡᠩᠨᠡᠯᠲᠡ ᠶᠢᠨ ᠵᠥᠪᠰᠢᠶᠡᠷᠡᠯ ᠤᠨ ᠵᠦᠶᠯᠡᠰ ᠤᠨ ᠥᠭᠡᠷᠡᠴᠢᠯᠡᠯᠲᠡ ᠶᠢᠨ ᠨᠠᠷᠢᠨ ᠬᠠᠭᠤᠳᠠᠰᠤ ︵2021 ᠣᠨ ᠤ | ᠪᠥᠬᠦ ᠤᠯᠤᠰ ᠤᠨ ᠬᠡᠪᠯᠡᠯ︶ | | ᠲᠥᠷᠥ ᠶᠢᠨ ᠶᠠᠪᠤᠳᠠᠯ ᠤᠨ ᠬᠤᠷᠢᠶ᠎ᠠ | 2021 ᠣᠨ ᠤ 5 ᠰᠠᠷ᠎ᠠ ᠶᠢᠨ 19 ᠤ ᠡᠳᠦᠷ |