ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠬᠠᠩᠭᠠᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠤᠰᠬᠠᠶ ᠪᠠᠶᠢᠴᠠᠭᠠᠯᠲᠠ ᠪᠠ ᠲᠤᠰᠬᠠᠶ ᠬᠢᠨᠠᠨ ᠬᠡᠮᠵᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2021/12/10
     ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠠᠩᠭᠠᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ︽ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠠᠩᠭᠠᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠢ ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠪᠠ᠃ 11 ᠰᠠᠷ᠎ᠠ ᠶᠢᠨ 22 ᠤᠨ ᠡᠳᠦᠷ ᠠᠴᠠ 12 ᠰᠠᠷ᠎ᠠ ᠶᠢᠨ 3 ᠤ ᠡᠳᠦᠷ ᠪᠣᠯᠲᠠᠯ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠠᠩᠭᠠᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ  ᠤᠨ ᠠᠮᠤᠷ ᠲᠦᠪᠰᠢᠨ ᠢ ᠪᠠᠶᠢᠴᠠᠭᠠᠬᠤ 5 ᠳᠤᠭᠤᠶᠢᠯᠠᠩ ᠬᠤᠪᠢᠶᠠᠵᠤ᠂ ᠲᠣᠰ ᠲᠣᠰ 5 ᠠᠶᠢᠮᠠᠭ ᠬᠤᠲᠠ ᠶᠢᠨ 6 ᠬᠤᠰᠢᠭᠤ ᠰᠢᠶᠠᠨ ᠪᠣᠯᠤᠨ 7 ᠪᠡᠯᠡᠳᠬᠡᠯ ᠠᠵᠤ ᠠᠬᠤᠶᠢᠯᠠᠯ ᠳᠤ ᠬᠦᠷᠴᠦ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠩᠭᠠᠯᠭ᠎ᠠ ᠶᠢᠨ ᠲᠤᠰᠬᠠᠶ ᠬᠠᠷᠢᠭᠤᠴᠠᠯᠭᠠᠲᠠᠨ ᠢ ᠲᠣᠭᠲᠠᠭᠠᠭᠰᠠᠨ ᠡᠰᠡᠬᠦ᠂ ᠲᠣᠭᠤᠷᠢᠨ ᠪᠠᠶᠢᠴᠠᠭᠠᠯᠲᠠ ᠬᠢᠭᠰᠡᠨ ᠡᠰᠡᠬᠦ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠴᠦ ᠬᠢᠷᠢ ᠲᠡᠩᠴᠡᠭᠰᠡᠨ ᠦᠨᠡᠮᠯᠡᠯ  ᠤᠨ ᠲᠦᠷᠢᠮ ᠢ ᠨᠠᠶᠢᠳᠠᠪᠤᠷᠢᠵᠢᠭᠰᠠᠨ ᠡᠰᠡᠬᠦ᠂ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠪᠠ ᠠᠮᠤᠷ ᠲᠦᠪᠰᠢᠨ ᠢᠶᠠᠷ ᠡᠮ ᠬᠡᠷᠡᠭᠯᠡᠭᠰᠡᠨ ᠡᠰᠡᠬᠦ ᠵᠡᠷᠭᠡ ᠲᠠᠯ᠎ᠠ ᠪᠠᠷ ᠬᠠᠮᠢᠶ᠎ᠠ ᠪᠥᠬᠦᠶ ᠠᠶᠢᠮᠠᠭ ᠬᠤᠲᠠ ᠶᠢ ᠰᠢᠮᠳᠡᠭᠤᠯᠵᠤ ᠪᠠᠶᠢᠭᠠᠳ ᠣᠯᠢᠮᠫᠢᠺ  ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠩᠭᠠᠯᠭ᠎ᠠ ᠶᠢᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠪᠡᠯᠡᠳᠭᠡᠯ ᠠᠵᠤ ᠠᠬᠤᠶᠢᠯᠠᠯ ᠳᠤ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠬᠠᠮᠢᠶ᠎ᠠ ᠪᠥᠬᠦᠶ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠲᠣᠬᠢᠷᠠᠭᠤᠯᠵᠤ ᠡᠪᠦᠯ ᠤᠨ ᠤᠯᠠᠷᠢᠯ  ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠠᠩᠭᠠᠯᠭ᠎ᠠ ᠶᠢᠨ ᠠᠵᠤ ᠠᠬᠤᠶᠢᠯᠠᠯ ︵ᠰᠠᠭᠤᠷᠢᠨ ᠭᠠᠵᠠᠷ︶ ᠤᠨ ᠦᠶᠯᠡᠳᠬᠦᠨ ᠢ ᠰᠠᠷ᠎ᠠ ᠪᠦᠷᠢ 1 ᠤᠳᠠᠭ᠎ᠠ ᠲᠤᠰᠬᠠᠶ ᠰᠢᠯᠭᠠᠨ ᠪᠠᠶᠢᠴᠠᠭᠠᠯᠲᠠ ᠬᠢᠯᠭᠡᠪᠡ᠂ ᠲᠣᠰ ᠰᠠᠷ᠎ᠠ ᠳᠤ ᠦᠬᠡᠷ ᠤᠨ ᠮᠢᠬ᠎ᠠ᠂ ᠬᠤᠨᠢᠨ ᠮᠢᠬ᠎ᠠ᠂ ᠲᠠᠬᠢᠶᠠᠨ ᠥᠨᠳᠡᠭᠡ ᠶᠢᠨ ᠥᠯᠢᠭᠡᠷ ᠡᠳ᠋ ᠢ ᠨᠡᠶᠢᠲᠡ 80 ᠪᠦᠯᠦᠭ ᠤᠳᠠᠭ᠎ᠠ ᠰᠤᠭᠤᠴᠢᠨ ᠪᠠᠶᠢᠴᠠᠭᠠᠵᠤ᠂ ᠰᠢᠯᠭᠠᠨ ᠪᠠᠶᠢᠴᠠᠭᠠᠯᠲᠠ ᠪᠠᠷ ᠳᠡᠮᠵᠢᠨ ᠬᠢᠷᠢ ᠲᠡᠩᠴᠡᠭᠦ ᠥᠬᠡᠶ ᠥᠯᠢᠭᠡᠷ ᠡᠳ᠋ ᠪᠠᠶᠢᠬᠤ ᠥᠬᠡᠶ᠃      ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ  ᠤᠨ ᠴᠤᠭᠯᠠᠭᠠᠨ ᠳᠤ ᠬᠠᠩᠭᠠᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠯᠪᠣᠭᠳᠠᠯ ᠪᠥᠬᠦᠶ ᠠᠶᠢᠮᠠᠭ ᠬᠤᠲᠠ ᠶᠢᠨ ᠪᠠᠷᠠᠭ᠎ᠠ ᠬᠠᠩᠭᠠᠬᠤ ᠰᠠᠭᠤᠷᠢᠨ ︵ᠠᠵᠤ ᠠᠬᠤᠶᠢᠯᠠᠯ︶ ᠢ ᠰᠢᠮᠳᠠᠭᠤᠯᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠮᠠᠯ ᠲᠠᠷᠢᠶᠠᠨ ᠡᠮ ᠤᠨ ᠦᠯᠡᠳᠡᠭᠳᠡᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠡᠵᠡᠮᠳᠡᠬᠦ ᠶᠢ ᠴᠢᠩᠭᠠᠳᠬᠠᠵᠤ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠠᠩᠭᠠᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ  ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号