ᠥᠪᠥᠷ ᠵᠠᠰᠠᠭ ᠠᠯᠪᠠᠨ ᠲᠠᠷᠬᠠᠭᠠᠭᠰᠠᠨ ︹2021︺ 2 ᠳ᠋ᠤᠭᠠᠷ ᠲᠣᠭᠠᠲᠤ | | 2021 ᠣᠨ ᠤ 6 ᠳ᠋ᠤᠭᠠᠷ ᠰᠠᠷ᠎ᠠ ᠶᠢᠨ 11 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠬᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ︾ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ | ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ | ︽ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠡᠨ ᠤ ᠰᠠᠨᠠᠯ︾ ︵ᠲᠥᠷᠥ ᠲᠠᠷᠬᠠᠭᠠᠭᠰᠠᠨ ︹ 2020 ︺ | 14 ᠳ᠋ᠣᠬᠡᠷ ᠲᠣᠭᠠᠲᠤ︶ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠷᠥᠩᠭᠡ ᠶᠢᠨ | ᠵᠠᠬ᠎ᠠ ᠳᠡᠯᠭᠡᠭᠦᠷ ᠤᠨ ᠬᠦᠢᠰᠦ ᠵᠠᠩᠬᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠮᠠᠨ ᠤ ᠣᠷᠣᠨ ᠤ | ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠠᠵᠤ ᠠᠬᠤᠶᠢᠯᠠᠯ ᠤᠨ | ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠤᠯᠠᠮ ᠨᠢᠭᠡ ᠠᠯᠬᠤᠮ ᠠᠬᠢᠭᠤᠯᠤᠨ᠂ ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠪᠣᠳᠠᠲᠠᠶ ᠲᠠᠢ ᠤᠶᠠᠯᠳᠤᠭᠤᠯᠵᠦ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠨᠨᠳᠠᠷᠠᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠵᠦ᠂ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠪᠦᠲᠦᠮᠵᠢᠲᠡᠶ ᠲᠡᠬᠡᠭᠰᠢᠯᠡᠬᠦᠯᠦᠨ᠂ | ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠦᠨ᠎ᠡ᠃ ᠣᠯᠠᠨ ᠲᠠᠰ | ᠲᠠᠪᠬᠤᠷᠭᠠᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠨᠨᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠰᠢᠭᠤᠳ ᠪᠠᠯᠠ ᠳᠣᠭᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠺᠣᠮᠫᠠᠨᠢ ᠶᠢᠨ ᠬᠥᠲᠥᠯᠦᠨ ᠲᠠᠭᠠᠭᠤᠯᠬᠤ ᠦᠢᠯᠡᠳᠦᠯ ᠢ ᠴᠢᠩᠭᠠᠷᠠᠭᠤᠯᠵᠤ᠂ ᠠᠵᠤ ᠦᠢᠯᠡᠰ ᠪᠠ ᠮᠥᠩᠭᠦᠨ | ᠭᠦᠢᠯᠭᠡᠭᠡᠨ ᠤ ᠤᠶᠠᠯᠳᠤᠯ ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢ ᠤᠷᠢᠳ ᠢᠶᠠᠷ | ᠪᠣᠳᠣᠯᠬᠢᠯᠠᠵᠤ᠂ ᠪᠣᠬᠢᠷᠲᠤᠯ ᠥᠬᠡᠶ ᠭᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠨ᠎ᠡ᠃ | ᠬᠤᠶᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠵᠢᠷᠤᠮᠵᠢᠭᠤᠨ ᠭᠦᠭᠵᠢᠯᠲᠡ ᠶᠢ | ᠤᠯᠠᠮ ᠨᠢᠭᠡ ᠠᠯᠬᠤᠮ ᠠᠬᠢᠭᠤᠯᠤᠨ᠎ᠠ | ︵ᠨᠢᠭᠡ︶ ᠺᠣᠮᠫᠠᠨᠢ ᠶᠢᠨ ᠵᠠᠰᠠᠯᠲᠠ ᠪᠠ ᠳᠣᠲᠣᠭᠠᠳᠤ ᠡᠵᠡᠮᠰᠢᠯ ᠢ ᠵᠢᠷᠤᠮᠵᠢᠭᠤᠯᠤᠨ᠎ᠠ᠃ ︽ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠵᠠᠰᠠᠬᠤ ᠲᠦᠷᠢᠮ︾ ︵ᠲᠡᠮᠳᠡᠭᠲᠦ ᠬᠢᠨᠠᠯᠲᠠ ᠲᠠᠷᠬᠠᠭᠠᠭᠰᠠᠨ ︹2020︺ | 1 ᠳ᠋ᠣᠬᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ | ᠲᠤᠰᠠᠭᠠᠷ ᠴᠢᠨᠠᠷ ᠢ ᠬᠠᠮᠠᠭᠠᠯᠠᠵᠤ᠂ ᠬᠤᠪᠢᠴᠠᠭᠠᠳᠠᠨ ᠤ ᠵᠦᠪᠯᠡᠯ᠂ ᠬᠡᠷᠡᠭ ᠮᠡᠳᠡᠭᠴᠢᠳ ᠤᠨ ᠵᠦᠪᠯᠡᠯ᠂ | ᠬᠢᠨᠠᠭᠴᠢᠳ ᠤᠨ ᠵᠥᠪᠯᠡᠯ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠥᠪ ᠲᠠᠯ᠎ᠠ ᠠᠴᠠ | ᠬᠥᠲᠥᠯᠥᠨ ᠵᠢᠯᠣᠭᠤᠳᠬᠤ ᠪᠠ ᠡᠰᠡᠷᠭᠦ ᠲᠠᠯ᠎ᠠ ᠠᠴᠠ ᠨᠢ ᠰᠡᠷᠡᠮᠵᠢᠯᠡᠭᠦᠯᠬᠦ ᠪᠠᠷ ᠳᠠᠮᠵᠢᠭᠤᠯᠤᠨ᠂ ᠬᠤᠪᠢ ᠡᠵᠡᠮᠰᠢᠭᠰᠡᠨ | ᠬᠤᠪᠢᠴᠠᠭᠠᠳᠠᠨ᠂ ᠪᠣᠳᠠᠲᠠᠶ ᠡᠵᠡᠮᠰᠢᠭᠴᠢ᠂ ᠬᠡᠷᠡᠭ ᠮᠡᠳᠡᠭᠴᠢ᠂ ᠬᠢᠨᠠᠭᠴᠢ ᠪᠠ ᠳᠡᠭᠡᠳᠦ ᠲᠡᠰ ᠤᠨ ᠬᠠᠮᠢᠶᠠᠷᠤᠯᠲᠠ ᠶᠢᠨ | ᠠᠵᠢᠯᠲᠠᠨ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ ︾ ᠤ ᠬᠠᠤᠯᠢ ᠰᠠᠬᠢᠵᠤ ᠦᠨᠡᠨᠴᠢ ᠢᠲᠡᠭᠡᠮᠵᠢᠲᠡᠶ ᠪᠠᠶᠢᠬᠤ | ᠪᠠ ᠡᠭᠦᠷᠭᠡ ᠬᠠᠷᠢᠭᠤᠴᠠᠯᠭ᠎ᠠ ᠪᠠᠨ ᠵᠢᠷᠤᠮᠵᠢᠭᠤᠨ ᠭᠦᠢᠴᠡᠳᠬᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠎ᠡ᠃ | ᠺᠣᠮᠫᠠᠨᠢ ᠶᠢ ᠵᠠᠰᠠᠬᠤ ᠲᠤᠰᠬᠠᠶ ᠠᠵᠢᠯᠯᠠᠭᠠᠨ ᠢ ᠥᠷᠨᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠳᠤ᠂ ᠤᠯᠤᠰ ᠤᠨ ᠥᠮᠴᠢᠯᠡᠯᠲᠦ ᠬᠤᠪᠢᠴᠠᠭ᠎ᠠ ᠶᠢ ᠡᠵᠡᠮᠰᠢᠵᠦ | ᠪᠦᠭᠦᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ | ᠴᠢᠬᠤᠯᠠ ᠠᠭᠤᠯᠭ᠎ᠠ ᠪᠣᠯᠭᠠᠵᠤ᠂ ᠪᠣᠳᠠᠲᠠᠶ ᠡᠵᠡᠮᠰᠢᠭᠴᠢ ᠦᠭᠡᠶ ᠪᠠᠷ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ | ᠺᠣᠮᠫᠠᠨᠢ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ | ᠺᠣᠮᠫᠠᠨᠢ ᠶᠢᠨ ᠳᠣᠲᠣᠭᠠᠳᠤ ᠡᠵᠡᠮᠰᠢᠯ ᠢ ᠵᠢᠷᠤᠮᠵᠢᠭᠤᠯᠬᠤ ᠲᠣᠨᠨᠳᠠᠯᠴᠠᠭᠠᠨ ᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠠᠵᠤ ᠠᠬᠤᠶᠢᠯᠠᠯ ᠤᠨ | ᠨᠢᠭᠲᠠᠯᠠᠨ ᠪᠣᠳᠣᠬᠤ ᠲᠦᠷᠢᠮ ᠢ ᠭᠦᠢᠴᠡᠳᠬᠡᠬᠦ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠡᠳ᠋ ᠤᠨ | ᠶᠠᠪᠤᠳᠠᠯ ᠤᠨ ᠮᠡᠳᠡᠭᠡ ᠵᠠᠩᠭᠢ ᠶᠢᠨ ᠶᠠᠰᠣ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠠᠰᠠᠯᠲᠡ ᠶᠢᠨ ᠬᠢᠷᠢ | ᠬᠡᠮᠵᠢᠶ᠎ᠡ ᠶᠢ ᠨᠢ ᠳᠠᠭᠠᠭᠤᠯᠤᠨ ᠲᠡᠬᠡᠭᠰᠢᠯᠡᠬᠦᠯᠦᠨ᠎ᠡ᠃ ᠺᠣᠮᠫᠠᠨᠢ ᠶᠢᠨ ᠵᠠᠰᠠᠯᠲᠠ ᠳᠤ ᠪᠠᠯᠠ ᠣᠷᠣᠭᠤᠯᠤᠭᠴᠢ ᠶᠢᠨ | ᠬᠠᠮᠠᠭᠠᠯᠠᠯᠲᠠ ᠶᠢᠨ ᠪᠠᠶᠢᠭᠤᠯᠤᠮᠵᠢ᠂ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢ᠂ ᠪᠠᠶᠢᠭᠤᠯᠤᠮᠵᠢ ᠶᠢᠨ ᠪᠠᠯᠠ | ᠣᠷᠣᠭᠤᠯᠤᠭᠴᠢ ᠪᠠ ᠳᠤᠮᠳᠠ ᠵᠢᠵᠢᠭ ᠪᠠᠯᠠ ᠣᠷᠣᠭᠤᠯᠤᠭᠴᠢ ᠨᠤᠭᠤᠳ ᠤᠨ ᠣᠷᠣᠯᠴᠠᠬᠤ ᠶᠢ ᠳᠡᠮᠵᠢᠨ᠎ᠡ᠃ | ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠤᠮᠫᠠᠨᠢ ᠶᠢᠨ ᠠᠮᠠᠯᠠᠯᠲᠠ ᠪᠠᠨ ᠭᠦᠢᠴᠡᠳᠬᠡᠬᠦ ᠪᠠ ᠬᠤᠯᠪᠤᠨᠨᠳᠠᠬᠤ | ᠠᠷᠠᠯᠵᠢᠶ᠎ᠠ ᠶᠢ ᠵᠢᠷᠤᠮᠵᠢᠭᠤᠯᠤᠨ᠂ ᠦᠩᠬᠡᠷᠡᠭᠰᠡᠨ ᠤ ᠦᠯᠡᠳᠡᠭᠳᠡᠯ ᠠᠰᠠᠭᠤᠳᠠᠯ᠂ ᠠᠵᠢᠯ ᠲᠥᠷᠥᠯ ᠨᠢᠬᠡᠳᠡᠳ ᠤᠨ | ᠥᠷᠢᠰᠥᠯᠳᠦᠭᠡᠨ ᠬᠢᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠨ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ | ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠮᠡᠳᠡᠭᠡ ᠵᠠᠩᠭᠢ ᠨᠡᠶᠢᠲᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠦᠨᠡᠨ ᠪᠣᠳᠠᠲᠠᠶ᠂ | ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶᠢᠴᠢ᠂ ᠲᠥᠪ ᠭᠤᠤᠯᠴᠢ ᠪᠠᠶᠢᠬᠤ ᠮᠡᠳᠡᠭᠡ ᠵᠠᠩᠭᠢ ᠨᠡᠶᠢᠲᠡᠯᠡᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠯᠠ ᠣᠷᠣᠭᠤᠯᠤᠭᠴᠢᠳ ᠤᠨ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠨ᠂ ᠠᠯᠪᠠᠲᠠᠨ ᠨᠡᠶᠢᠳᠡᠯᠡᠬᠦᠯᠬᠦ ᠪᠠ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠶᠢ ᠬᠠᠷᠢᠯᠴᠠᠨ | ᠤᠶᠠᠯᠳᠤᠭᠤᠯᠬᠤ ᠪᠠᠷ ᠳᠠᠮᠵᠢᠭᠤᠯᠵᠤ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠢᠯᠡ | ᠲᠤᠳᠤᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢ ᠤᠷᠢᠳ ᠢᠶᠠᠷ ᠪᠤᠳᠤᠯᠬᠢᠯᠠᠵᠦ᠂ ᠪᠣᠬᠢᠷᠲᠤᠯ | ᠦᠭᠡᠶ ᠪᠠᠷ ᠬᠥᠭᠵᠢᠭᠦᠯᠬᠦ ᠣᠨᠣᠯᠵᠢᠬᠤᠨ ᠢ ᠲᠤᠭᠤᠰᠢᠯᠠᠭᠤᠯᠵᠦ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ | ᠺᠣᠮᠫᠠᠨᠢ ᠶᠢᠨ ᠣᠷᠴᠢᠨ ᠨᠦᠭᠦᠴᠡᠯ ᠤᠨ ᠲᠠᠯ᠎ᠠ ᠪᠠᠷ ᠬᠢ ᠮᠡᠳᠡᠭᠡ ᠵᠠᠩᠭᠢ ᠨᠡᠶᠢᠲᠡᠯᠡᠬᠦ ᠶᠢ ᠨᠢ ᠴᠢᠩᠭᠠᠷᠠᠭᠤᠯᠤᠨ᠎ᠠ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠶᠣᠰᠣᠭᠠᠷ᠂ | ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠲᠡᠮᠵᠢᠬᠦ ᠪᠠ ᠲᠡᠳᠡᠬᠡᠷ ᠲᠠᠢ ᠬᠠᠮᠵᠢᠯᠴᠠᠵᠦ ᠪᠠᠶᠢᠭᠠᠳ | ᠮᠡᠳᠡᠭᠡ ᠵᠠᠩᠭᠢ ᠨᠡᠶᠢᠲᠡᠯᠡᠬᠦ ᠡᠭᠦᠷᠭᠡ ᠶᠢ ᠨᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠯᠬᠡᠬᠦ ᠬᠡᠷᠡᠭᠲᠡᠶ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠮᠡᠳᠡᠭᠡ ᠵᠠᠩᠭᠢ ᠨᠡᠶᠢᠲᠡᠯᠡᠬᠦ ᠳᠤ ᠬᠢᠨᠠᠯᠲᠠ ᠬᠠᠮᠢᠶᠠᠷᠤᠯᠲᠠ | ᠬᠢᠬᠦ ᠪᠠᠨ ᠴᠢᠩᠭᠠᠳᠬᠠᠵᠤ᠂ ︽ᠬᠠᠯᠠᠮᠰᠢᠯ ᠠᠰᠠᠭᠤᠳᠠᠯ ᠢ ᠲᠠᠯᠢᠮᠳᠠᠭᠤᠯᠬᠤ ︾ ᠵᠡᠷᠭᠡ ᠲᠦᠬᠡᠷᠢᠭᠳᠡᠬᠦᠯᠬᠦ ᠴᠢᠨᠠᠷᠲᠠᠶ | ᠮᠡᠳᠡᠭᠡ ᠵᠠᠩᠭᠢ ᠨᠡᠶᠢᠲᠡᠯᠡᠬᠦ ᠳᠤ ᠴᠢᠩᠭ᠎ᠠ ᠴᠣᠬᠢᠯᠲᠠ ᠥᠭᠴᠦ᠂ ᠲᠤᠳᠤᠭᠠᠳᠤ ᠶᠢᠨ ᠮᠡᠳᠡᠭᠡ ᠵᠠᠩᠭᠢ ᠳᠠᠬᠢ | ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠮᠡᠳᠡᠭᠡ ᠵᠠᠩᠭᠢ ᠨᠡᠶᠢᠲᠡᠯᠡᠬᠦ ᠶᠢᠨ ᠵᠢᠷᠤᠮᠵᠢᠯᠳᠤ ᠴᠢᠨᠠᠷ ᠢ | ᠳᠡᠬᠡᠭᠰᠢᠯᠡᠬᠦᠯᠬᠦ ᠪᠠᠷ ᠳᠠᠮᠵᠢᠭᠤᠯᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ | ᠳᠠᠭᠠᠭᠤᠯᠤᠨ ᠲᠡᠬᠡᠭᠰᠢᠯᠡᠬᠦᠯᠦᠨ᠎ᠡ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠣᠷᠴᠢᠨ | ᠨᠦᠭᠦᠴᠡᠯ᠂ ᠨᠡᠶᠢᠭᠡᠮ ᠪᠠ ᠺᠣᠮᠫᠠᠨᠢ ᠶᠢᠨ ᠵᠠᠰᠠᠯᠲᠠ ︵ ESG ︶ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ | ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ︶ | ︵ᠭᠤᠷᠪᠠ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠠᠰᠢᠭ ᠲᠤᠰᠠ ᠶᠢ ᠬᠠᠮᠠᠭᠠᠯᠠᠨ᠎ᠠ᠃ | ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠢ ᠡᠵᠡᠮᠰᠢᠭᠴᠢ ᠵᠢᠴᠢ ᠪᠤᠰᠤᠳ ᠬᠤᠯᠪᠤᠨᠨᠳᠠᠬᠤ ᠲᠠᠯ᠎ᠠ ᠨᠢ | ᠶᠠᠮᠠᠷ ᠠᠷᠭ᠎ᠠ ᠮᠠᠶ᠋ᠢᠭ ᠢᠶᠠᠷ ᠴᠤ ᠭᠡᠰᠡᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠠᠰᠢᠭ | ᠲᠤᠰᠠ ᠶᠢ ᠦᠪᠡᠷᠴᠢᠯᠡᠵᠦ ᠪᠣᠯᠬᠤ ᠦᠭᠡᠢ᠃ ᠪᠠᠯᠠ ᠮᠥᠩᠭᠦ ᠶᠢ ᠦᠪᠡᠷᠴᠢᠯᠡᠨ ᠬᠡᠷᠡᠭᠯᠡᠭᠰᠡᠨ ᠪᠠ ᠲᠣᠭᠲᠠᠭᠠᠯ ᠠᠴᠠ | ᠵᠦᠷᠢᠴᠡᠨ ᠳᠠᠭᠠᠭᠠᠯᠲᠠ ᠬᠢᠭᠰᠡᠨ ᠺᠤᠮᠫᠠᠨᠢ ᠶᠢ ᠵᠠᠬ᠎ᠠ ᠳᠠᠷᠠᠭᠠᠯᠠᠨ ᠬᠤᠭᠤᠴᠠᠭ᠎ᠠ ᠬᠢᠵᠠᠭᠠᠷᠯᠠᠨ ᠪᠠᠶᠢᠵᠦ ᠳᠥᠯᠥᠵᠦ | ᠳᠠᠭᠤᠰᠭᠠᠯᠭᠠᠬᠤ ᠪᠤᠶᠤ ᠠᠷᠢᠯᠭᠠᠭᠤᠯᠬᠤ ᠬᠡᠷᠡᠭᠳᠡᠢ᠃ ᠲᠣᠭᠲᠠᠭᠰᠠᠨ ᠬᠤᠭᠤᠴᠠᠭᠠᠨ ᠳᠤ ᠲᠥᠯᠥᠵᠦ ᠳᠠᠭᠤᠰᠬᠠᠭᠰᠠᠨ | ᠦᠭᠡᠶ᠂ ᠴᠡᠭᠴᠡᠯᠡᠨ ᠰᠠᠶᠢᠵᠢᠷᠠᠭᠤᠯᠤᠭᠰᠠᠨ ᠦᠭᠡᠶ ᠪᠤᠶᠤ ᠰᠢᠨ᠎ᠡ ᠪᠠᠷ ᠡᠭᠦᠰᠦᠭᠰᠡᠨ ᠪᠡᠯᠡ ᠮᠥᠩᠭᠦ ᠶᠢ ᠦᠪᠡᠷᠴᠢᠯᠡᠨ | ᠬᠡᠷᠡᠭᠯᠡᠬᠦ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ | ᠬᠠᠷᠢᠭᠤᠴᠠᠯᠭ᠎ᠠ ᠲᠠᠢ ᠬᠥᠮᠦᠨ ᠢ ᠴᠠᠭ ᠲᠤᠬᠠᠶ ᠳᠤ ᠨᠢ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠲ᠋ᠤᠺ ᠤᠨ | ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠰᠢᠮᠳᠠᠭᠤᠯᠵᠤ ᠪᠠᠶᠢᠭᠠᠳ ᠬᠤᠪᠢᠴᠠᠭᠠᠳᠠᠨ ᠤ ᠦᠪᠡᠷᠴᠢᠯᠡᠭᠰᠡᠨ | ᠵᠣᠭᠤᠰ ᠢ ᠢᠳᠡᠪᠬᠢᠲᠡᠶ ᠪᠠᠷ ᠰᠢᠪᠠᠳᠠᠨ ᠬᠤᠷᠢᠶᠠᠯᠭᠠᠵᠦ᠂ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠺᠣᠮᠫᠠᠨᠢ ᠶᠢᠨ ᠠᠰᠢᠭ ᠲᠤᠰᠠ ᠪᠠᠨ ᠬᠠᠮᠠᠭᠠᠯᠠᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠺᠣᠮᠫᠠᠨᠢ ᠲᠠᠮᠫᠣᠷᠠᠯ ᠢ ᠵᠠᠷᠯᠠᠵᠦ ᠳᠠᠬᠢᠨ ᠴᠡᠭᠴᠡᠯᠡᠬᠦ ᠶᠢ ᠬᠡᠷᠡᠭᠵᠢᠭᠦᠯᠬᠦ ᠳᠤ ᠪᠠᠨ ᠪᠡᠯᠡ ᠮᠥᠩᠭᠦ | ᠦᠪᠡᠷᠴᠢᠯᠡᠨ ᠬᠡᠷᠡᠭᠯᠡᠬᠦ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠬᠦ ᠠᠰᠠᠭᠤᠳᠠᠯ ᠢ ᠰᠢᠢᠳᠪᠦᠷᠢᠯᠡᠬᠦ ᠦᠨᠡᠨ | ᠬᠦ ᠶᠠᠪᠤᠭᠳᠠᠭᠤᠰᠢᠲᠠᠶ ᠲᠥᠰᠦᠯ ᠢ ᠲᠤᠷᠠᠳᠤᠨ ᠭᠠᠷᠭᠠᠬᠤ ᠴᠢᠬᠤᠯᠠᠳᠠᠢ᠃ ᠰᠲ᠋ᠤᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠺᠣᠮᠫᠠᠨᠢ ᠶᠢᠨ ᠭᠠᠳᠠᠭᠰᠢ ᠳᠠᠭᠠᠭᠠᠯᠲᠠ ᠬᠢᠬᠦ ᠠᠵᠢᠯᠯᠠᠭ᠎ᠠ ᠶᠢᠨ ᠲᠠᠯ᠎ᠠ ᠪᠠᠷ ᠬᠢ ᠮᠡᠳᠡᠭᠡ ᠵᠠᠩᠭᠢ ᠶᠢ | ᠬᠠᠮᠲᠤ ᠳᠤ ᠪᠠᠨ ᠭᠦᠷᠲᠡᠬᠦ᠂ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ | ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶ | ᠭᠤᠷᠪᠠ᠂ ᠬᠥᠷᠥᠩᠭᠡ ᠶᠢᠨ ᠵᠠᠬ᠎ᠠ ᠳᠡᠯᠭᠡᠭᠦᠷ ᠤᠨ ᠮᠠᠨ ᠤ ᠣᠷᠣᠨ ᠤ ᠪᠣᠳᠠᠲᠤ ᠴᠣᠭᠴᠠ ᠶᠢᠨ ᠠᠵᠤ | ᠠᠬᠤᠶ ᠳᠤ ᠲᠡᠮᠵᠢᠯᠬᠡ ᠦᠵᠡᠬᠦᠯᠬᠦ ᠶᠢ ᠨᠢ ᠳᠡᠭᠡᠭᠰᠢᠯᠡᠭᠦᠯᠦᠨ᠎ᠡ | ︵ᠳᠥᠷᠪᠡ︶ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠪᠠᠶᠢᠭ᠎ᠠ ᠪᠡᠯᠡᠳᠬᠡᠯ ᠡᠬᠢ | ᠪᠠᠶᠠᠯᠢᠭ ᠢ ᠪᠤᠢ ᠪᠤᠯᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠨᠢᠭᠡᠨ ᠠᠵᠤ | ᠠᠬᠤᠶᠢᠯᠠᠯ ᠢ ᠭᠠᠷᠭᠠᠪᠠᠯ ᠨᠢᠭᠡ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠨ ᠳᠠᠭᠠᠭᠤᠯᠵᠦ ᠠᠵᠤ ᠦᠢᠯᠡᠰ ᠤᠨ ᠨᠢᠭᠡ | ᠪᠦᠯᠦᠭᠵᠢᠯ ᠢ ᠠᠯᠬᠤᠮ ᠠᠯᠬᠤᠮ ᠢᠶᠠᠷ ᠪᠦᠷᠢᠯᠳᠦᠬᠦᠯᠬᠦ ᠴᠢᠭᠯᠡᠯ ᠶᠣᠰᠣᠭᠠᠷ᠂ ᠰᠲ᠋ᠤᠺ ᠤᠨ ᠵᠠᠬ᠎ᠠ ᠳᠡᠯᠭᠡᠭᠦᠷ ᠲᠤ | ᠭᠠᠷᠴᠤ ᠫᠠᠶᠢᠰᠠ ᠡᠯᠭᠦᠬᠦ ᠲᠠᠯ᠎ᠠ ᠪᠠᠷ ᠬᠢ ᠱᠠᠩᠨᠠᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ ᠬᠢᠬᠦ ᠪᠠ ᠰᠲ᠋ᠤᠺ ᠢᠶᠠᠨ ᠵᠠᠬ᠎ᠠ | ᠳᠡᠯᠭᠡᠭᠦᠷ ᠲᠤ ᠭᠠᠷᠭᠠᠵᠦ᠂ ᠫᠠᠶᠢᠰᠠ ᠡᠯᠭᠦᠬᠦ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠰᠲ᠋ᠤᠺ ᠤᠨ ᠵᠠᠬ᠎ᠠ | ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠡᠬᠢ ᠪᠠᠶᠠᠯᠢᠭ ᠤᠨ | ᠬᠥᠮᠥᠷᠭᠡ ᠶᠢ ᠬᠥᠳᠡᠯᠦᠩᠭᠦᠶ ᠪᠠᠷ ᠲᠡᠭᠦᠯᠳᠡᠷᠵᠢᠬᠦᠯᠦᠨ᠂ ᠡᠯ᠎ᠡ ᠱᠠᠲᠤᠯᠵᠢᠨ ᠡᠩᠨᠡᠬᠡᠨ ᠤ ᠠᠵᠤ ᠠᠬᠤᠶᠢᠯᠠᠯ ᠢ | ᠬᠠᠪᠰᠤᠷᠤᠨ ᠵᠢᠯᠣᠭᠤᠳᠴᠤ ᠪᠤᠢ ᠪᠤᠯᠭᠠᠬᠤ ᠠᠵᠢᠯ ᠢ ᠰᠠᠶᠢᠲᠤᠷ ᠠᠳᠬᠤᠵᠤ᠂ ᠰᠲ᠋ᠤᠺ ᠤᠨ ᠵᠠᠬ᠎ᠠ ᠳᠡᠯᠭᠡᠭᠦᠷ ᠲᠤ | ᠭᠠᠷᠴᠤ ᠫᠠᠶᠢᠰᠠ ᠡᠯᠭᠦᠬᠦ ᠪᠡᠯᠡᠳᠬᠡᠯ ᠠᠵᠤ ᠠᠬᠤᠶᠢᠯᠠᠯ ᠤᠨ ᠵᠠᠯᠭᠠᠨᠨᠰᠠᠨ ᠭᠦᠭᠵᠢᠯᠳᠡ ᠶᠢᠨ ᠪᠠᠶᠢᠳᠠᠯ ᠢ | ᠪᠦᠷᠢᠯᠳᠦᠬᠦᠯᠦᠨ᠎ᠡ᠃ ᠣᠳᠣ ᠶᠢᠨ ᠪᠠᠶᠢᠭ᠎ᠠ ᠡᠯ᠎ᠡ ᠲᠥᠷᠥᠯ ᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠪᠦᠷᠢᠨᠰᠢᠭᠦᠯᠵᠦ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ ᠪᠠ ᠰᠲ᠋ᠤᠺ ᠤᠨ ᠵᠠᠬ᠎ᠠ ᠳᠡᠯᠭᠡᠭᠦᠷ ᠲᠤ | ᠭᠠᠷᠴᠤ ᠫᠠᠶᠢᠰᠠ ᠡᠯᠭᠦᠬᠦ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠱᠠᠩᠬᠠᠶ | ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠠᠢ ᠠᠵᠢᠯ ᠤᠨ ᠬᠤᠯᠪᠣᠭ᠎ᠠ ᠠᠪᠬᠤ ᠪᠠᠶᠢᠩᠭᠤᠵᠢᠭᠰᠠᠨ | ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠪᠤᠯᠪᠠᠰᠣᠷᠠᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ | ᠬᠥᠷᠥᠩᠭᠡ ᠶᠢᠨ ᠵᠠᠬ᠎ᠠ ᠳᠡᠯᠭᠡᠭᠦᠷ ᠤᠨ ᠲᠤᠬᠠᠶ ᠲᠠᠨᠢᠯᠲᠠ ᠪᠠᠨ ᠳᠡᠬᠡᠭᠰᠢᠯᠡᠬᠦᠯᠦᠨ᠎ᠡ᠃ ᠠᠵᠦ ᠠᠬᠤᠶᠢᠯᠠᠯ ᠨᠡᠪᠴᠢᠭᠦᠯᠬᠦ | ᠪᠠ ᠪᠤᠢ ᠪᠤᠯᠭᠠᠬᠤ ᠲᠠᠯ᠎ᠠ ᠪᠠᠷ ᠬᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ | ᠦᠢᠯᠡᠳᠦᠯ ᠢ ᠪᠠᠳᠠᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠲᠠᠪᠤ︶ ᠰᠢᠯᠢᠳᠡᠭ ᠰᠠᠶᠢᠨ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ | ᠡᠯᠭᠦᠬᠦ ᠳᠤ ᠨᠢ ᠲᠡᠮᠵᠢᠯᠬᠡ ᠦᠵᠡᠬᠦᠯᠦᠨ᠎ᠡ᠃ ᠳᠠᠩᠰᠠᠯᠠᠭᠤᠯᠬᠤ ᠲᠦᠷᠢᠮ ᠳᠤᠤᠷᠠᠬᠢ ᠠᠵᠤ ᠠᠬᠤᠶᠢᠯᠠᠯ ᠤᠨ | ᠰᠲ᠋ᠤᠺ ᠢᠶᠠᠨ ᠲᠠᠷᠬᠠᠭᠠᠵᠤ ᠵᠠᠬ᠎ᠠ ᠳᠡᠯᠭᠡᠭᠦᠷ ᠲᠤ ᠭᠠᠷᠭᠠᠬᠤ ᠱᠠᠭᠠᠷᠳᠠᠯᠭ᠎ᠠ ᠪᠠᠷ ᠪᠠᠷᠢᠮᠵᠢᠶᠠᠯᠠᠨ᠂ ᠬᠥᠷᠥᠩᠭᠡ ᠵᠡᠷᠭᠡ | ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠤᠳ ᠢ ᠲᠦᠪᠯᠡᠷᠡᠬᠦᠯᠬᠦ ᠪᠠᠷ ᠬᠥᠲᠥᠯᠥᠨ ᠵᠢᠯᠣᠭᠤᠳᠴᠤ᠂ | ᠭᠤᠤᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ᠂ ᠰᠢᠨ᠎ᠡ ᠠᠵᠤ ᠠᠬᠤᠶ ᠶᠢᠨ ᠲᠥᠯᠥᠭᠡᠯᠡᠬᠦ ᠴᠢᠨᠠᠷᠲᠠᠶ ᠠᠵᠤ | ᠠᠬᠤᠶᠢᠯᠠᠯ᠂ ᠲᠣᠭᠠᠵᠢᠭᠤᠯᠣᠨᠨᠰᠠᠨ ᠬᠡᠯᠪᠡᠷᠢ ᠲᠡᠶᠢᠰᠢ ᠬᠤᠪᠢᠷᠠᠭᠤᠯᠤᠭᠰᠠᠨ ᠤᠯᠠᠮᠵᠢᠯᠠᠯᠲᠤ ᠠᠵᠤ ᠠᠬᠤᠶᠢᠯᠠᠯ | ᠵᠡᠷᠭᠡ ᠶᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠵᠦ ᠭᠦᠭᠵᠢᠯᠲᠡ ᠶᠢ ᠨᠢ ᠠᠬᠢᠭᠤᠯᠬᠤ ᠪᠠᠷ ᠲᠠᠮᠵᠢᠭᠤᠯᠵᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠷᠥᠩᠭᠡ ᠶᠢᠨ ᠭᠦᠢᠯᠬᠡᠬᠡᠨ ᠤ ᠰᠢᠨ᠎ᠡ ᠡᠭᠦᠳᠦᠯᠲᠡ ᠶᠢ ᠳᠠᠭᠠᠭᠤᠯᠤᠨ | ᠪᠡᠶᠡᠯᠡᠬᠦᠯᠦᠨ᠎ᠡ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠰᠠᠭᠤᠷᠢ ᠮᠥᠩᠭᠦ᠂ ᠲᠦᠭᠰᠢᠭᠦᠷᠢᠲᠦ ᠪᠠᠯᠠ | ᠣᠷᠣᠭᠤᠯᠤᠯᠲᠠ ᠶᠢᠨ ᠰᠠᠭᠤᠷᠢ ᠮᠥᠩᠭᠦ᠂ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ | ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠠᠵᠤ | ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠲᠤ ᠪᠡᠯᠡ ᠤᠷᠤᠭᠤᠯᠵᠦ ᠪᠠᠶᠢᠷᠢᠰᠢᠭᠤᠯᠤᠯᠲᠠ | ᠬᠢᠬᠦ ᠶᠢ ᠨᠢ ᠲᠡᠮᠵᠢᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠰᠠᠶᠢᠨ ᠰᠲ᠋ᠣᠺ ᠤᠨ ᠡᠷᠬᠡ ᠶᠢᠨ | ᠪᠠᠯᠠ ᠣᠷᠣᠭᠤᠯᠤᠯᠲᠠ ᠶᠢᠨ ᠪᠠᠶᠢᠭᠤᠯᠤᠮᠵᠢ ᠨᠤᠭᠤᠳ ᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠢᠨ᠎ᠡ ᠪᠠᠷ | ᠪᠤᠢ ᠪᠣᠯᠤᠭᠰᠠᠨ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠲᠤ ᠪᠠᠯᠠ ᠣᠷᠣᠭᠤᠯᠤᠯᠲᠠ ᠬᠢᠯᠬᠡᠬᠦ ᠪᠠᠷ ᠬᠥᠲᠥᠯᠥᠨ | ᠵᠢᠯᠣᠭᠤᠳᠬᠤ ᠪᠠ ᠲᠡᠳᠡᠨᠠᠷ ᠲᠤ ᠲᠡᠮᠵᠢᠯᠬᠡ ᠦᠵᠡᠬᠦᠯᠦᠨ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ | ᠳᠠᠪᠠᠭᠤᠯᠢᠭ ᠠᠵᠤ ᠠᠬᠤᠶᠢᠯᠠᠯ ᠢ ᠦᠬᠡᠷᠡᠴᠢᠯᠡᠨ ᠰᠢᠨᠡᠳᠬᠡᠵᠦ ᠳᠡᠰ ᠳᠡᠪᠰᠢᠭᠦᠯᠦᠨ ᠰᠲ᠋ᠣᠺ ᠤᠨ ᠵᠠᠬ᠎ᠠ ᠳᠡᠯᠭᠡᠭᠦᠷ ᠲᠤ | ᠭᠠᠷᠬᠤ ᠳᠤ ᠨᠢ ᠬᠦᠴᠦᠨ ᠨᠡᠮᠡᠷᠢᠯᠡᠵᠦ᠂ ᠦᠢᠯᠡᠳᠬᠦ ᠦᠢᠯᠡᠰ ᠤᠨ ᠭᠠᠭᠴᠠ ᠵᠦᠢᠯ ᠢᠶᠠᠷ ᠮᠠᠩᠯᠠᠶᠢᠯᠠᠭᠴᠢ ᠠᠵᠤ | ᠠᠬᠤᠶᠢᠯᠠᠯ᠂ ᠲᠤᠰᠬᠠᠶ ᠨᠠᠷᠢᠯᠢᠬ ᠣᠨᠴᠠ ᠰᠢᠨ᠎ᠡ ︽ᠵᠢᠵᠢᠭ ᠠᠲᠠᠯ᠎ᠠ ᠠᠪᠤᠷᠭᠤ︾ ᠵᠡᠷᠭᠡ ᠠᠵᠤ ᠠᠬᠤᠶᠢᠯᠠᠯ ᠵᠢᠴᠢ | ᠬᠤᠯᠢᠮᠠᠭ ᠦᠮᠴᠢᠯᠡᠯᠳᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠤ ᠠᠬᠤᠶᠢᠯᠠᠯ ᠤᠳ ᠢ | ᠭᠤᠤᠯᠳᠠᠯᠭ᠎ᠠ ᠲᠠᠢ ᠲᠡᠳᠬᠦᠨ᠎ᠡ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠬᠢᠯᠢ ᠶᠢᠨ ᠲᠤᠳᠤᠷ᠎ᠠ | ᠰᠲ᠋ᠤᠺ ᠢ ᠨᠢ ᠰᠠᠯᠭᠠᠵᠤ ᠵᠠᠬ᠎ᠠ ᠳᠡᠯᠭᠡᠭᠦᠷ ᠲᠤ ᠭᠠᠷᠭᠠᠬᠤ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ | ᠰᠢᠯᠢᠳᠡᠭ ᠰᠠᠶᠢᠨ ᠭᠦᠷᠦᠩᠬᠡ ᠪᠠᠨ ᠰᠠᠯᠭᠠᠵᠤ ᠰᠲ᠋ᠤᠺ ᠤᠨ ᠵᠠᠬ᠎ᠠ ᠳᠡᠯᠭᠡᠭᠦᠷ ᠲᠤ ᠭᠠᠷᠬᠤ ᠳᠤ ᠨᠢ ᠲᠡᠮᠵᠢᠯᠬᠡ | ᠦᠵᠡᠬᠦᠯᠦᠨ᠎ᠡ᠃ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠥᠪᠡᠷᠲᠡᠭᠡᠨ | ᠵᠠᠰᠠᠬᠤ ᠣᠷᠣᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠨᠡᠪᠲᠡᠷᠡᠯᠴᠡᠨ ᠵᠣᠬᠢᠴᠠᠭᠤᠯᠬᠤ | ᠦᠢᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶ᠎ᠠ | ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ | ᠬᠤᠪᠢᠴᠠᠭᠠᠳᠣ ᠲᠦᠷᠢᠮ ᠤᠨ ᠥᠭᠡᠷᠡᠴᠢᠯᠡᠯᠲᠡ ᠪᠠ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠬᠦᠬᠦ | ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ᠂ ᠫᠠᠶᠢᠰᠠ ᠡᠯᠭᠦᠬᠦ | ᠶᠠᠪᠤᠴᠠ ᠳᠠᠬᠢ ᠡᠯ᠎ᠡ ᠵᠦᠢᠯ ᠤᠨ ᠬᠠᠷᠰᠢ ᠰᠠᠭᠠᠳ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠨ᠎ᠡ᠃ ᠪᠦᠷᠢᠳᠬᠡᠨ | ᠳᠠᠩᠰᠠᠯᠠᠭᠤᠯᠤᠨᠨᠰᠠᠨ ᠠᠵᠤ ᠠᠬᠤᠶᠢᠯᠠᠯ ᠢ ᠬᠠᠪᠰᠤᠷᠤᠨ ᠵᠢᠯᠤᠭᠤᠳᠬᠤ ᠠᠵᠢᠯ ᠳᠠᠬᠢ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠲᠡᠮᠳᠡᠭᠲᠦ ᠶᠢᠨ ᠬᠤᠳᠠᠯᠳᠤᠭᠠᠴᠢᠨ ᠤ ᠬᠠᠪᠰᠤᠷᠤᠨ ᠵᠢᠯᠤᠭᠤᠳᠬᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠲ᠋ᠤᠺ ᠤᠨ ᠵᠠᠬ᠎ᠠ ᠳᠡᠯᠭᠡᠭᠦᠷ ᠲᠤ | ᠭᠠᠷᠬᠤ ᠪᠠᠷ ᠪᠠᠶᠢᠭ᠎ᠠ ᠺᠣᠮᠫᠠᠨᠢ ᠶᠢᠨ ᠵᠢᠷᠤᠮᠵᠢᠨᠨᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ᠵᠠᠬ᠎ᠠ ᠲᠡᠯᠬᠡᠭᠦᠷᠴᠢᠯᠡᠵᠦ ᠬᠤᠳᠠᠯᠳᠤᠨ ᠠᠪᠴᠤ ᠳᠠᠬᠢᠨ ᠵᠤᠬᠢᠶᠠᠨ ᠪᠠᠶᠢᠭᠤᠯᠬᠤ ᠶᠢ | ᠠᠬᠢᠭᠤᠯᠤᠨ᠎ᠠ᠃ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠠᠨᠳᠣᠰᠢ ᠶᠢ | ᠣᠨᠣᠪᠴᠢᠲᠠᠶ ᠡᠵᠡᠮᠰᠢᠵᠦ᠂ ᠵᠦᠢ ᠪᠤᠰᠤ ᠡᠳ᠋ ᠬᠥᠷᠥᠩᠭᠡ ᠶᠢ ᠲᠣᠰᠠᠭᠠᠷᠯᠠᠨ ᠰᠠᠯᠭᠠᠬᠤ᠂ ᠴᠢᠨᠠᠷ ᠰᠠᠶᠢᠳᠠᠢ ᠡᠳ᠋ | ᠬᠥᠷᠥᠩᠭᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ | ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠭᠤᠣᠯ ᠪᠣᠯᠬᠤ ᠠᠵᠢᠯ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠭᠦᠳᠦᠯᠦᠨ | ᠵᠢᠯᠤᠭᠤᠳᠬᠤ ᠪᠠ ᠲᠦᠯᠬᠢᠨ ᠠᠬᠢᠭᠤᠯᠵᠦ ᠪᠠᠶᠢᠭᠠᠳ ᠭᠤᠤᠯ ᠪᠣᠯᠬᠤ ᠠᠵᠢᠯ ᠦᠢᠯᠡᠰ ᠵᠢᠴᠢ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠤᠤᠷᠠᠳᠤ ᠬᠡᠯᠬᠢᠶᠡᠨ ᠤ ᠲᠣᠭᠤᠷᠢᠨ ᠳᠤ ᠨᠡᠶᠢᠯᠡᠭᠦᠯᠦᠨ ᠬᠤᠳᠠᠯᠳᠤᠨ ᠠᠪᠴᠤ ᠳᠠᠬᠢᠨ | ᠵᠤᠬᠢᠶᠠᠨ ᠪᠠᠶᠢᠭᠤᠯᠬᠤ ᠶᠢ ᠬᠡᠷᠡᠭᠵᠢᠬᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢ ᠠᠵᠤ ᠦᠢᠯᠡᠰ ᠤᠨ | ᠪᠥᠭᠡᠮᠨᠡᠷᠡᠯ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠭᠡᠮᠨᠡᠷᠡᠯ ᠢ | ᠪᠤᠢ ᠪᠤᠯᠭᠠᠵᠦ ᠭᠦᠭᠵᠢᠬᠦᠯᠬᠦ ᠶᠠᠪᠤᠴᠠ ᠳᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ | ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠯᠢ ᠶᠢᠨ ᠳᠣᠲᠣᠷ᠎ᠠ | ᠭᠠᠳᠠᠨᠠᠬᠢ ᠬᠢᠷᠢ ᠲᠡᠩᠴᠡᠭᠰᠡᠨ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢᠳ ᠢ ᠲᠡᠳᠡᠨ ᠣᠷᠣᠭᠤᠯᠵᠤ᠂ | ᠳᠤᠤᠷ᠎ᠠ ᠥᠪᠡᠷ ᠤᠨ ᠥᠷᠲᠡᠭ ᠢᠶᠠᠷ ᠥᠷᠭᠡᠳᠬᠡᠬᠦ ᠪᠠ ᠠᠵᠤ ᠦᠢᠯᠡᠰ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠦᠨ᠎ᠡ᠃ | ᠪᠣᠳᠠᠲᠤ ᠬᠦᠴᠦᠨ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠯᠦᠭᠯᠡᠯ ᠤᠳ ᠤᠨ ᠬᠤᠯᠢᠮᠠᠭ | ᠥᠮᠴᠢᠯᠡᠯ ᠤᠨ ᠳᠦᠷᠢᠮᠲᠦ ᠥᠭᠡᠷᠡᠴᠢᠯᠡᠯᠲᠡ ᠬᠢᠬᠦ ᠶᠢ ᠳᠡᠮᠵᠢᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ | ᠲᠠᠪᠴᠠᠩ ᠳᠤ ᠲᠦᠰᠢᠭᠯᠡᠨ ᠬᠤᠪᠢᠴᠠᠭ᠎ᠠ ᠲᠠᠷᠬᠠᠭᠠᠨ ᠡᠳ᠋ ᠬᠥᠷᠥᠩᠭᠡ ᠬᠤᠳᠠᠯᠳᠤᠨ ᠠᠪᠬᠤ᠂ ᠰᠢᠩᠭᠡᠭᠡᠨ ᠠᠪᠴᠤ | ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠬᠦᠯᠢ ᠴᠣᠭᠴᠠ ᠪᠠᠷ ᠨᠢ ᠵᠠᠬ᠎ᠠ ᠳᠡᠯᠭᠡᠭᠦᠷ ᠲᠤ | ᠭᠠᠷᠭᠠᠬᠤ ᠶᠢ ᠪᠡᠶᠡᠯᠡᠭᠦᠯᠵᠦ᠂ ᠲᠡᠮᠳᠡᠭᠲᠦᠴᠢᠯᠡᠬᠦ ᠬᠢᠷᠢ ᠬᠡᠮᠵᠢᠶ᠎ᠡ ᠶᠢ ᠨᠢ ᠪᠦᠲᠦᠮᠵᠢᠲᠡᠶ ᠳᠡᠭᠡᠭᠰᠢᠯᠡᠭᠦᠯᠦᠨ᠎ᠡ᠃ | ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ︵ᠳᠣᠯᠤᠭ᠎ᠠ︶ ᠰᠢᠭᠤᠳ ᠪᠠᠯᠠ ᠳᠣᠭᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠬᠥᠲᠥᠯᠥᠨ ᠵᠢᠯᠣᠭᠤᠳᠴᠤ ᠪᠠᠶᠢᠭᠠᠳ ᠬᠥᠭᠵᠢᠯᠲᠡ ᠶᠢᠨ ᠬᠡᠷᠡᠭᠴᠡᠭᠡ ᠪᠠ | ᠵᠠᠬ᠎ᠠ ᠳᠡᠯᠭᠡᠭᠦᠷ ᠤᠨ ᠪᠠᠶᠢᠳᠠᠯ ᠢ ᠬᠠᠮᠲᠤ ᠳᠤ ᠨᠢ ᠬᠠᠷᠠᠭᠠᠯᠵᠠᠨ ᠪᠠᠶᠢᠵᠦ ᠪᠠᠯᠠ ᠲᠣᠬᠢᠷᠠᠭᠤᠯᠭ᠎ᠠ ᠶᠢᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ | ᠬᠥᠷᠥᠩᠭᠡ ᠶᠢᠨ ᠵᠠᠬ᠎ᠠ ᠳᠡᠯᠭᠡᠭᠦᠷ ᠤᠨ ᠬᠡᠷᠡᠭᠯᠡᠬᠦᠷ ᠢ ᠭᠦᠢᠴᠡᠳ ᠠᠰᠢᠭᠯᠠᠬᠤ ᠶᠢ ᠠᠬᠢᠭᠤᠯᠤᠨ᠂ ᠲᠦᠭᠰᠢᠭᠦᠷᠢ ᠶᠢ | ᠳᠠᠭᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠪᠠᠭ᠎ᠠ ᠲᠣᠭᠠᠨ ᠤ ᠲᠦᠷᠭᠡᠨ ᠪᠥᠭᠡᠳ ᠲᠥᠷᠥᠯ ᠬᠤᠪᠢᠶᠠᠨ | ᠬᠢᠨᠠᠨ ᠬᠠᠷᠭᠤᠭᠤᠯᠬᠤ ᠵᠡᠷᠭᠡ ᠪᠠᠯᠠ ᠲᠣᠬᠢᠷᠠᠭᠤᠯᠭ᠎ᠠ ᠶᠢᠨ ᠲᠣᠭᠲᠠᠴᠠ ᠶᠢ ᠰᠠᠶᠢᠲᠤᠷ ᠬᠡᠷᠡᠭᠯᠡᠵᠦ᠂ ᠴᠢᠨᠠᠷ ᠰᠠᠶᠢᠲᠠᠶ | ᠺᠣᠮᠫᠠᠨᠢ ᠶᠢᠨ ᠰᠲ᠋ᠣᠺ ᠤᠨ ᠡᠷᠬᠡ ᠪᠠᠷ ᠢᠶᠠᠨ ᠪᠠᠯᠠ ᠳᠣᠭᠢᠷᠠᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠬᠵᠢᠭᠤᠯᠤᠨ᠎ᠠ᠃ | ᠵᠠᠰᠠᠭ ᠤᠨ ᠣᠷᠳᠣᠨ ᠤ ᠪᠤᠰᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ | ᠬᠥᠭᠵᠢᠯᠲᠡ ᠶᠢ ᠲᠡᠳᠬᠦᠨ ᠳᠠᠮᠵᠢᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠣᠯᠠᠨ | ᠡᠰᠢᠵᠢᠭᠰᠡᠨ ᠵᠢᠭᠡᠯᠡᠯᠭᠡ ᠶᠢᠨ ᠲᠡᠮᠳᠡᠭᠲᠦ ᠪᠠ ᠡᠳ᠋ ᠬᠥᠷᠥᠩᠭᠡ ᠪᠠᠷ ᠲᠡᠮᠳᠡᠭᠲᠦ ᠶᠢᠨ ᠪᠡᠯᠡ ᠲᠣᠬᠢᠷᠠᠭᠤᠯᠭ᠎ᠠ ᠬᠢᠬᠦ ᠶᠢ | ᠳᠠᠮᠵᠢᠵᠤ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠤᠷᠢᠳᠡᠯ ᠡᠷᠬᠡᠲᠦ ᠰᠲ᠋ᠣᠺ᠂ ᠡᠭᠦᠷᠢᠳᠡ ᠶᠢᠨ | ᠵᠢᠬᠡᠯᠡᠯᠬᠡ ᠶᠢᠨ ᠲᠡᠮᠳᠡᠭᠳᠦ᠂ ᠰᠣᠯᠢᠵᠦ ᠪᠣᠯᠬᠤ ᠵᠢᠬᠡᠯᠡᠯᠭᠡ ᠶᠢᠨ ᠲᠡᠮᠳᠡᠭᠳᠦ᠂ REITs ᠵᠡᠷᠭᠡ ᠰᠢᠨ᠎ᠡ ᠶᠢ | ᠡᠭᠦᠳᠦᠭᠰᠡᠨ ᠪᠡᠯᠡ ᠲᠣᠬᠢᠷᠠᠭᠤᠯᠭ᠎ᠠ ᠶᠢᠨ ᠬᠡᠷᠡᠭᠯᠡᠭᠦᠷ ᠢᠶᠠᠷ ᠳᠠᠮᠵᠢᠭᠤᠯᠤᠨ ᠪᠡᠯᠡ ᠲᠣᠬᠢᠷᠠᠭᠤᠯᠭ᠎ᠠ ᠶᠢᠨ ᠠᠷᠭ᠎ᠠ | ᠪᠠᠷᠢᠯ ᠢᠶᠠᠨ ᠪᠠᠶᠠᠯᠢᠬᠵᠢᠭᠤᠯᠵᠤ᠂ ᠬᠥᠷᠥᠩᠭᠡ ᠶᠢᠨ ᠪᠦᠲᠦᠴᠡ ᠪᠠᠨ ᠰᠢᠯᠢᠳᠡᠭᠵᠢᠭᠦᠯᠬᠦ ᠶᠢ ᠨᠢ ᠵᠣᠷᠢᠬᠵᠢᠭᠤᠯᠤᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠳᠡᠮᠵᠢᠬᠦ ᠡᠯ᠎ᠡ ᠲᠥᠷᠥᠯ ᠤᠨ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠦᠩᠬᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠢᠲᠡᠭᠡᠮᠵᠢ ᠪᠠᠨ ᠨᠡᠮᠡᠭᠳᠡᠭᠦᠯᠬᠦ ᠣᠳᠣ ᠶᠢᠨ | ᠪᠠᠶᠢᠭ᠎ᠠ ᠡᠯ᠎ᠡ ᠲᠥᠷᠥᠯ ᠤᠨ ᠢᠲᠡᠭᠡᠮᠵᠢ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ | ᠪᠡᠯᠡ ᠲᠣᠬᠢᠷᠠᠭᠤᠯᠭ᠎ᠠ ᠶᠢ ᠲᠡᠮᠵᠢᠨ᠎ᠡ᠃ ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠵᠢᠭᠦᠯᠦᠨ᠎ᠡ᠃ | ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶ | ᠳᠥᠷᠪᠡ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠦᠯᠡᠳᠡᠬᠡᠯ ᠲᠦᠭᠰᠢᠭᠦᠷᠢ ᠶᠢ | ᠰᠢᠢᠳᠪᠦᠷᠢᠯᠡᠬᠦ ᠪᠠᠨ ᠲᠦᠷᠬᠡᠳᠬᠡᠨ᠎ᠡ | ︵ᠨᠠᠢᠮᠠ︶ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠪᠠᠨ ᠦᠷᠭᠦᠯᠵᠢᠯᠡᠨ ᠠᠬᠢᠭᠤᠯᠤᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ | ᠠᠷᠢᠯᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠳᠠᠳᠠᠶᠢᠵᠢᠭᠤᠯᠤᠨ ᠴᠢᠩᠭᠠᠳᠬᠠᠵᠦ᠂ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠦᠷᠭᠦᠯᠵᠢᠯᠡᠨ ᠬᠥᠲᠥᠯᠥᠨ ᠵᠢᠯᠣᠭᠤᠳᠴᠤ ᠪᠠᠶᠢᠭᠠᠳ | ᠬᠥᠰᠢᠭᠦᠷᠭᠡ ᠶᠢᠨ ᠲᠦᠪᠰᠢᠨ ᠢ ᠨᠢ ᠪᠠᠭᠤᠷᠠᠭᠤᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠦᠭᠰᠢᠭᠦᠷᠢ ᠶᠢ ᠨᠢ | ᠦᠨᠡᠨ ᠭᠦ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠦᠴᠢᠷᠳᠡᠯ ᠢ ᠲᠠᠶᠢᠯᠵᠦ | ᠬᠥᠭᠵᠢᠭᠦᠯᠬᠦ ᠰᠠᠭᠤᠷᠢ ᠮᠦᠩᠬᠦᠨ ᠤ ᠪᠠᠴᠢᠮ ᠪᠠᠶᠢᠳᠠᠯ ᠢ ᠠᠪᠤᠷᠬᠠᠤ ᠦᠢᠯᠡᠳᠦᠯ ᠢ ᠤᠯᠠᠮ ᠨᠢᠭᠡ ᠠᠯᠬᠤᠮ | ᠪᠠᠳᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠲᠠᠶᠢᠯᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | ᠬᠦᠴᠢᠷᠳᠡᠯ ᠢ ᠲᠠᠶᠢᠯᠬᠤ ᠬᠠᠷᠠᠯᠲᠠ ᠨᠢ ᠲᠣᠳᠣᠷᠬᠠᠶ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠨᠢ | ᠲᠣᠭᠲᠠᠭᠠᠯ ᠳᠤ ᠨᠡᠶᠢᠴᠡᠭᠰᠡᠨ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠡᠮᠵᠢᠭᠰᠡᠨ ᠤᠯᠤᠰ ᠤᠨ | ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠪᠤᠶᠤ ᠰᠠᠭᠤᠷᠢ ᠮᠦᠩᠬᠦᠨ ᠳᠤ | ᠠᠯᠳᠠᠰᠢ ᠶᠢ ᠠᠭᠤᠴᠢᠯᠠᠬᠤ ᠲᠣᠭᠲᠠᠴᠠ ᠶᠢ ᠪᠠᠶᠢᠭᠤᠯᠵᠤ᠂ ᠪᠠᠯᠠ ᠣᠷᠣᠭᠤᠯᠤᠯᠲᠠ ᠶᠢᠨ ᠲᠦᠭᠰᠢᠭᠦᠷᠢ ᠶᠢ ᠨᠡᠬᠡᠮᠵᠢᠯᠡᠬᠦ | ᠪᠠ ᠠᠵᠤ ᠠᠬᠤᠶᠢᠯᠠᠯ ᠤᠨ ᠭᠦᠢᠴᠡᠳᠬᠡᠯ ᠲᠤᠭ᠎ᠠ ᠶᠢ ᠰᠢᠯᠭᠠᠨ ᠬᠢᠨᠠᠬᠤ ᠪᠠᠨ ᠵᠣᠬᠢᠬᠤ ᠬᠡᠮᠵᠢᠶ᠎ᠡ ᠪᠠᠷ ᠭᠡᠯᠳᠦᠷᠢᠭᠦᠯᠦᠨ᠎ᠡ | ᠃ ᠪᠠᠩᠬᠢ᠂ ᠲᠡᠮᠳᠡᠭᠲᠦ᠂ ᠳᠠᠭᠠᠳᠬᠠᠯ᠂ ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ ᠰᠠᠭᠤᠷᠢ ᠮᠥᠩᠭᠦ | ᠵᠡᠷᠭᠡ ᠪᠠᠶᠢᠭᠤᠯᠤᠮᠵᠢ ᠶᠢᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠰᠲ᠋ᠣᠺ ᠤᠨ | ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠳᠤ ᠣᠷᠣᠯᠴᠠᠬᠤ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ | ᠣᠷᠣᠨ ᠤ ᠳᠣᠲᠣᠷᠠᠬᠢ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ | ᠪᠠᠶᠢᠭᠠᠳ ᠲᠠᠯᠠᠪᠤᠷ ᠲᠠᠬᠢ ᠰᠲ᠋ᠣᠺ ᠢ ᠳᠠᠨᠵᠢᠯᠠᠵᠤ ᠪᠠᠯᠠ ᠳᠣᠭᠢᠷᠠᠭᠤᠯᠬᠤ ᠶᠢᠨ ᠲᠦᠭᠰᠢᠭᠦᠷᠢ ᠶᠢ ᠡᠵᠡᠮᠳᠡᠬᠦ | ᠪᠠᠷᠢᠮᠵᠢᠶ᠎ᠠ ᠶᠢ ᠬᠡᠷᠡᠭᠵᠢᠭᠦᠯᠵᠦ᠂ ᠬᠤᠳᠠᠯᠳᠤᠬᠤ ᠶᠢ ᠬᠢᠵᠠᠭᠠᠷᠯᠬᠠᠰᠠᠨ ᠰᠲ᠋ᠣᠺ ᠤᠨ ᠳᠠᠨᠵᠢᠯᠠᠭ᠎ᠠ ᠶᠢ ᠴᠢᠩᠭ᠎ᠠ | ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠶᠢᠰᠦ︶ ᠲᠦᠭᠰᠢᠭᠦᠷᠢ ᠶᠡᠭᠡ ᠲᠠᠢ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠪᠠᠨ ᠠᠬᠢᠭᠤᠯᠤᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠲᠦᠭᠰᠢᠭᠦᠷᠢ ᠶᠡᠭᠡ ᠲᠠᠢ ᠺᠣᠮᠫᠠᠨᠢ ᠶᠢᠨ ᠲᠦᠭᠰᠢᠭᠦᠷᠢ ᠶᠢ | ᠠᠷᠢᠯᠭᠠᠬᠤ ᠳᠤ ᠬᠠᠷᠢᠶ᠎ᠡ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠲᠦᠭᠰᠢᠭᠦᠷᠢ ᠶᠡᠭᠡ ᠲᠠᠢ ᠺᠣᠮᠫᠠᠨᠢ ᠶᠢᠨ ᠣᠷᠣᠰᠢᠵᠦ ᠪᠠᠶᠢᠭ᠎ᠠ ᠲᠦᠭᠰᠢᠭᠦᠷᠢ ᠶᠢ ᠠᠷᠢᠯᠭᠠᠬᠤ ᠬᠠᠷᠢᠶ᠎ᠡ | ᠭᠠᠵᠠᠷ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠡᠭ ᠲᠣᠭᠲᠠᠭᠠᠨ ᠬᠠᠷᠢᠯᠴᠠᠬᠤ ᠲᠣᠭᠲᠠᠴᠠ ᠶᠢ | ᠪᠠᠶᠢᠭᠤᠯᠤᠨ᠎ᠠ᠃ ᠬᠠᠮᠢᠶ᠎ᠠ ᠪᠥᠬᠦᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠳᠤ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠰᠣᠬᠤᠷ | ᠪᠠᠯᠠᠶ ᠪᠠᠷ ᠵᠢᠭᠡᠯᠡᠯᠭᠡ ᠪᠠᠨ ᠪᠤᠴᠠᠭᠠᠬᠤ ᠥᠬᠡᠶ᠂ ᠵᠢᠭᠡᠯᠡᠯᠭᠡ ᠪᠠᠨ ᠵᠣᠨᠨᠰᠣᠭᠠᠬᠤ ᠥᠬᠡᠶ ᠪᠠᠶᠢᠵᠤ᠂ ᠵᠠᠬ᠎ᠠ ᠳᠡᠯᠭᠡᠭᠦᠷ ᠤᠨ | ᠵᠢᠮ᠎ᠡ ᠶᠣᠰᠣ ᠶᠢ ᠭᠦᠢᠴᠡᠳ ᠬᠦᠨᠳᠦᠳᠬᠡᠬᠦ ᠶᠢᠨ ᠵᠡᠷᠭᠡ ᠪᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ | ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠠᠵᠢᠯ ᠳᠠᠬᠢ ᠵᠠᠰᠠᠭ ᠤᠨ ᠣᠷᠳᠣᠨ ᠤ ᠵᠣᠬᠢᠴᠠᠭᠤᠯᠭ᠎ᠠ ᠶᠢ | ᠴᠢᠩᠭᠠᠷᠠᠭᠤᠯᠤᠨ᠂ ᠲᠦᠭᠰᠢᠭᠦᠷᠢ ᠶᠢ ᠠᠷᠢᠯᠭᠠᠬᠤ ᠲᠥᠰᠦᠯ ᠪᠤᠶᠤ ᠰᠢᠢᠳᠪᠦᠷᠢᠯᠡᠬᠦ ᠪᠡᠯᠡᠳᠬᠡᠯ ᠲᠥᠰᠦᠯ ᠢ | ᠲᠣᠭᠲᠠᠭᠠᠵᠤ᠂ ᠲᠦᠭᠰᠢᠭᠦᠷᠢ ᠶᠢ ᠭᠠᠳᠠᠭᠰᠢ ᠲᠦᠬᠡᠬᠡᠬᠦ ᠪᠤᠶᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠢᠲᠡᠭᠡᠮᠵᠢ ᠶᠢᠨ ᠲᠦᠭᠰᠢᠭᠦᠷᠢ ᠪᠤᠯᠵᠦ ᠰᠢᠯᠵᠢᠭᠦᠯᠦᠨ ᠲᠣᠬᠤᠨᠨᠳᠠᠬᠤ ᠠᠴᠠ ᠵᠠᠶᠢᠯᠠᠰᠬᠢᠨ᠎ᠡ᠃ ᠳᠠᠮᠫᠤᠷᠠᠯ ᠢ ᠵᠠᠷᠯᠠᠵᠦ | ᠳᠠᠬᠢᠨ ᠴᠡᠭᠴᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ ᠤ | ᠡᠵᠡᠩᠨᠡᠯᠲᠡ ᠶᠢᠨ ᠲᠦᠭᠰᠢᠭᠦᠷᠢ ᠶᠢ ᠰᠢᠢᠳᠪᠦᠷᠢᠯᠡᠵᠦ᠂ ᠲᠦᠭᠰᠢᠭᠦᠷᠢ ᠶᠢ ᠳᠠᠮᠵᠢᠭᠤᠯᠬᠤ ᠬᠡᠯᠬᠢᠶᠡᠰᠦ ᠶᠢ ᠬᠤᠷᠢᠨᠨᠯᠠᠨ | ᠵᠤᠨᠨᠰᠤᠭᠠᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠲᠦᠭᠰᠢᠭᠦᠷᠢ ᠶᠡᠭᠡ ᠲᠠᠢ ᠺᠣᠮᠫᠠᠨᠢ ᠶᠢ ᠳᠠᠬᠢᠨ | ᠵᠤᠬᠢᠶᠠᠨ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠴᠢᠨᠠᠷ ᠰᠠᠶᠢᠳᠠᠢ ᠡᠳ᠋ | ᠬᠥᠷᠥᠩᠭᠡ ᠶᠢ ᠳᠠᠬᠢᠨ ᠵᠤᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠲ᠋ᠤᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠺᠣᠮᠫᠠᠨᠢ ᠳᠤ ᠣᠷᠣᠬᠤ ᠳᠤ ᠨᠢ ᠶᠡᠬᠡᠬᠡᠨ ᠲᠡᠮᠵᠢᠯᠬᠡ ᠦᠵᠡᠬᠦᠯᠵᠦ᠂ ᠵᠠᠬ᠎ᠠ ᠳᠡᠯᠭᠡᠭᠦᠷ ᠲᠤ ᠭᠠᠷᠬᠤ | ᠦᠯᠡᠳᠡᠭᠡᠯ ᠡᠬᠢ ᠪᠠᠶᠠᠯᠢᠭ ᠢ ᠭᠦᠢᠯᠬᠡᠬᠡᠨ ᠲᠠᠢ ᠪᠣᠯᠭᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠ︶ ᠵᠠᠬ᠎ᠠ ᠳᠡᠯᠭᠡᠭᠦᠷ ᠤᠨ ᠲᠦᠭᠰᠢᠭᠦᠷᠢ ᠶᠢ ᠢᠯᠭᠠᠷᠠᠭᠤᠯᠤᠨ ᠭᠠᠷᠭᠠᠬᠤ ᠶᠢ ᠲᠦᠷᠭᠡᠳᠬᠡᠨ᠎ᠡ᠃ ᠵᠠᠬ᠎ᠠ | ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠠᠴᠠ | ᠪᠣᠴᠠᠨ ᠭᠠᠷᠬᠤ᠂ ᠨᠡᠶᠢᠯᠡᠬᠦᠯᠦᠨ ᠬᠤᠳᠠᠯᠳᠤᠨ ᠠᠪᠴᠤ ᠲᠠᠬᠢᠨ ᠵᠤᠬᠢᠶᠠᠨ ᠪᠠᠶᠢᠭᠤᠯᠬᠤ᠂ ᠳᠠᠮᠫᠤᠷᠠᠯ ᠢ ᠵᠠᠷᠯᠠᠵᠦ ᠳᠠᠬᠢᠨ | ᠴᠡᠭᠴᠡᠯᠡᠬᠦ ᠵᠡᠷᠭᠡ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠣᠯᠠᠨ ᠡᠰᠢᠵᠢᠭᠰᠡᠨ ᠪᠤᠴᠠᠨ ᠭᠠᠷᠬᠤ | ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠠᠵᠤ ᠠᠬᠤᠶᠢᠯᠠᠯ ᠤᠨ ᠦᠷᠭᠦᠯᠵᠢᠯᠡᠨ ᠡᠵᠡᠩᠨᠡᠬᠦ | ᠴᠢᠳᠠᠪᠤᠷᠢ ᠶᠢ ᠤᠨᠴᠠᠭᠠᠶᠢᠯᠠᠨ ᠴᠢᠬᠤᠯᠠᠴᠢᠯᠠᠵᠤ᠂ ᠰᠲ᠋ᠤᠺ ᠤᠨ ᠵᠠᠬ᠎ᠠ ᠳᠡᠯᠭᠡᠭᠦᠷ ᠠᠴᠠ ᠪᠤᠴᠠᠨ ᠭᠠᠷᠬᠤ ᠪᠠᠷᠢᠮᠵᠢᠶ᠎ᠠ ᠳᠤ | ᠬᠦᠷᠦᠭᠰᠡᠨ ᠠᠵᠤ ᠠᠬᠤᠶᠢᠯᠠᠯ ᠤᠨ ᠪᠤᠴᠠᠨ ᠭᠠᠷᠬᠤ ᠶᠣᠰᠣᠲᠠᠶ ᠶᠢ ᠨᠢ ᠪᠦᠬᠦᠨ ᠢ ᠪᠤᠴᠠᠭᠠᠨ ᠭᠠᠷᠭᠠᠵᠤ᠂ ᠵᠠᠬ᠎ᠠ | ᠳᠡᠯᠭᠡᠭᠦᠷ ᠲᠤ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ᠂ ᠰᠢᠨ᠎ᠡ ᠬᠠᠭᠤᠴᠢᠨ ᠤ ᠰᠤᠯᠢᠨᠨᠳᠠᠯ ᠢ | ᠪᠡᠶᠡᠯᠡᠬᠦᠯᠦᠨ᠎ᠡ᠃ ᠳᠠᠮᠫᠤᠷᠠᠭᠰᠠᠨ ᠠᠵᠤ ᠠᠬᠤᠶᠢᠯᠠᠯ ᠤᠨ ᠥᠷᠢ ᠥᠭᠴᠡᠭᠡ ᠠᠴᠠ ᠬᠡᠯᠲᠦᠷᠢᠭᠦᠯᠬᠦ᠂ ᠡᠳ᠋ | ᠬᠥᠷᠥᠩᠭᠡ ᠶᠢ ᠰᠢᠢᠳᠪᠦᠷᠢᠯᠡᠬᠦ ᠵᠡᠷᠭᠡ ᠭᠤᠭᠴᠤᠭ᠎ᠠ ᠳᠤ ᠬᠠᠨᠳᠤᠭᠤᠯᠤᠨᠨᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠳᠠᠮᠫᠤᠷᠠᠭᠰᠠᠨ ᠠᠵᠤ ᠠᠬᠤᠶᠢᠯᠠᠯ ᠤᠨ ᠭᠠᠶᠢᠯᠢ | ᠰᠦᠢᠳᠬᠡᠯ ᠤᠨ ᠳᠠᠷᠤᠭᠠᠰᠤ ᠶᠢ ᠦᠨᠡᠨ ᠬᠦ ᠭᠦᠩᠬᠡᠷᠡᠭᠦᠯᠦᠨᠡ᠃ ᠳᠠᠬᠢᠨ ᠴᠡᠭᠴᠡᠯᠡᠭᠰᠡᠨ ᠪᠤᠶᠤ ᠡᠪᠰᠡᠭᠦᠯᠦᠭᠡᠳ | ᠠᠮᠵᠢᠯᠲᠠ ᠣᠯᠤᠭᠰᠠᠨ ᠠᠵᠤ ᠠᠬᠤᠶᠢᠯᠠᠯ ᠤᠨ ᠢᠲᠡᠭᠡᠮᠵᠢ ᠪᠠᠨ ᠰᠡᠷᠭᠦᠭᠡᠬᠦ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠳᠠᠬᠢᠨ ᠪᠤᠴᠠᠬᠤ ᠶᠢ ᠠᠬᠢᠭᠤᠯᠤᠨ᠎ᠠ᠃ ᠪᠡᠯᠡ | ᠣᠷᠣᠭᠤᠯᠤᠭᠴᠢ ᠶᠢᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠳᠡᠮᠵᠢᠵᠦ᠂ ᠪᠡᠯᠡ ᠣᠷᠣᠭᠤᠯᠤᠭᠴᠢ ᠶᠢᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ᠲᠠᠪᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ | ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ | ︵ᠠᠷᠪᠠᠨ ᠨᠢᠭᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠴᠢᠨᠠᠷ ᠰᠠᠶᠢᠲᠠᠶ | ᠬᠥᠭᠵᠢᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠴᠢᠩᠭᠠᠳᠬᠠᠨ᠎ᠠ᠃ ᠰᠲ᠋ᠤᠺ ᠤᠨ | ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠨᠢ ᠠᠵᠢᠯᠯᠠᠭᠠᠨ ᠢᠶᠠᠨ ᠵᠢᠷᠤᠮᠵᠢᠭᠤᠯᠤᠨ᠂ ᠭᠤᠣᠯ ᠦᠢᠯᠡᠰ ᠢᠶᠠᠨ | ᠲᠤᠪᠤᠶᠢᠯᠭᠠᠵᠦ᠂ ᠲᠤᠰᠬᠠᠶ ᠮᠡᠷᠭᠡᠵᠢᠯ ᠢᠶᠠᠨ ᠨᠠᠷᠢᠯᠢᠬ ᠬᠢᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠤᠷᠠᠨ | ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠳᠡᠢ᠃ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ | ᠦᠵᠡᠯ ᠤᠬᠠᠮᠰᠠᠷ ᠢᠶᠠᠨ ᠴᠢᠩᠭᠠᠳᠬᠠᠵᠤ᠂ ᠪᠡᠯᠡᠨ ᠵᠣᠭᠤᠰ ᠢᠶᠠᠷ ᠨᠤᠨᠨᠳᠠᠯ ᠠᠰᠢᠭ ᠬᠤᠪᠢᠶᠠᠬᠤ ᠬᠠᠷᠢᠴᠠᠯ ᠢ | ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠪᠡᠯᠡ ᠣᠷᠣᠭᠤᠯᠤᠭᠴᠢ ᠳᠤ ᠬᠠᠷᠢᠭᠤ ᠪᠡᠯᠡᠭᠯᠡᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠳᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠦᠢᠯᠡᠰ ᠪᠤᠰᠬᠠᠵᠦ ᠠᠵᠢᠯ ᠣᠯᠭᠤᠬᠤ ᠵᠡᠷᠭᠡ | ᠲᠠᠯ᠎ᠠ ᠪᠠᠷ ᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠦᠲᠦᠯᠦᠨ ᠳᠠᠭᠠᠭᠤᠯᠬᠤ ᠪᠠ | ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠺᠣᠮᠫᠠᠨᠢ ᠶᠢᠨ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠶ ᠡᠵᠡᠮᠰᠢᠭᠴᠢ᠂ ᠬᠡᠷᠡᠭ ᠮᠡᠳᠡᠭᠴᠢ᠂ | ᠬᠡᠷᠡᠭ ᠬᠢᠨᠠᠭᠴᠢ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠡᠷᠭᠡ ᠨᠢ ᠦᠨᠡᠨᠴᠢ ᠬᠢᠴᠢᠶᠡᠩᠭᠦᠶ ᠪᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬ᠎ᠠ ᠳᠡᠯᠭᠡᠭᠦᠷ ᠢ ᠭᠦᠨᠳᠦᠳᠬᠡᠬᠦ᠂ ᠬᠠᠤᠯᠢ ᠪᠠᠷ ᠵᠠᠰᠠᠬᠤ ᠶᠢ | ᠭᠦᠨᠳᠦᠳᠬᠡᠬᠦ᠂ ᠲᠤᠰᠬᠠᠶ ᠮᠡᠷᠭᠡᠵᠢᠯ ᠢ ᠭᠦᠨᠳᠦᠳᠬᠡᠬᠦ᠂ ᠪᠠᠯᠠ ᠣᠷᠣᠭᠤᠯᠤᠭᠴᠢᠳ ᠢ ᠭᠦᠨᠳᠦᠳᠬᠡᠵᠦ᠂ | ᠬᠥᠭᠵᠢᠭᠦᠯᠦᠯᠲᠡ ᠬᠢᠭᠡᠳ ᠲᠦᠭᠰᠢᠭᠦᠷᠢ ᠶᠢ ᠡᠵᠡᠮᠰᠢᠬᠦ ᠴᠢᠳᠠᠪᠤᠷᠢ ᠶᠢᠨ ᠬᠠᠷᠢᠯᠴᠠᠨ ᠵᠣᠬᠢᠴᠠᠯᠳᠤᠬᠤ ᠶᠢ ᠪᠡᠶᠡᠯᠡᠬᠦᠯᠦᠨ᠎ᠡ᠃ | ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | ︵ᠠᠷᠪᠠᠨ ᠬᠤᠶᠠᠷ︶ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠡᠮᠳᠡᠭᠲᠦ ᠶᠢᠨ ᠬᠤᠳᠠᠯᠳᠤᠭᠠᠴᠢᠨ ᠤ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠤᠯᠠᠮ ᠨᠢᠭᠡ | ᠠᠯᠬᠤᠮ ᠳᠠᠮᠵᠢᠵᠤ᠂ ᠬᠥᠷᠥᠩᠭᠡ ᠶᠢᠨ ᠪᠣᠳᠠᠲᠤ ᠬᠦᠴᠦᠨ ᠢ ᠨᠡᠮᠡᠭᠳᠡᠭᠦᠯᠦᠨ᠂ ᠲᠡᠷᠢᠭᠦᠨ ᠤ ᠺᠣᠮᠫᠠᠨᠢ ᠶᠢᠨ ᠵᠠᠰᠠᠯᠲᠠ | ᠬᠢᠭᠰᠡᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠺᠣᠮᠫᠠᠨᠢ ᠶᠢ ᠬᠠᠪᠰᠤᠷᠤᠨ ᠪᠠᠶᠢᠯᠳᠤᠬᠤ ᠪᠣᠳᠣᠯᠭ᠎ᠠ ᠶᠢᠨ ᠪᠠᠯᠠ | ᠣᠷᠣᠭᠤᠯᠤᠭᠴᠢ ᠶᠢ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠳᠤ ᠰᠢᠯᠢᠳᠡᠭ ᠠᠵᠤ | ᠠᠬᠤᠶᠢᠯᠠᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠳᠤ ᠬᠠᠪᠰᠤᠷᠤᠯᠭ᠎ᠠ ᠦᠵᠡᠭᠦᠯᠦᠨ᠎ᠡ᠃ ᠲᠣᠰ | ᠭᠠᠵᠠᠷ ᠤᠨ ᠲᠡᠮᠳᠡᠭᠲᠦ ᠶᠢᠨ ᠬᠤᠳᠠᠯᠳᠤᠭᠠᠴᠢᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠳᠡᠭᠡᠭᠰᠢᠯᠡᠭᠦᠯᠬᠦ ᠶᠢ | ᠳᠠᠮᠵᠢᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠪᠤᠢ ᠪᠤᠯᠭᠠᠬᠤ ᠪᠠ ᠲᠡᠳᠡᠬᠡᠷ ᠺᠤᠮᠫᠠᠨᠢ ᠳᠤ | ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠴᠢᠩᠭᠠᠷᠠᠭᠤᠯᠤᠨ᠎ᠠ᠃ ᠬᠢᠨᠠᠨ ᠪᠤᠳᠤᠬᠤ᠂ ᠬᠠᠤᠯᠢ ᠴᠠᠭᠠᠵᠠ ᠶᠢᠨ | ᠦᠢᠯᠡᠴᠢᠯᠡᠭᠡ᠂ ᠦᠨᠡᠯᠡᠨ ᠵᠢᠱᠢᠬᠦ ᠵᠡᠷᠭᠡ ᠵᠠᠭᠤᠴᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠨᠢ | ᠭᠦᠢᠴᠡᠳᠬᠡᠯᠬᠡᠬᠦ ᠪᠠᠷ ᠤᠯᠠᠮ ᠨᠢᠭᠡ ᠠᠯᠬᠤᠮ ᠰᠢᠪᠠᠳᠠᠨ ᠱᠠᠭᠠᠷᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠠ | ᠪᠠᠶᠢᠭᠤᠯᠤᠮᠵᠢ ᠨᠤᠭᠤᠳ ᠵᠠᠭᠤᠴᠢ ᠪᠠᠶᠢᠭᠤᠯᠤᠮᠵᠢ ᠯᠤᠭ᠎ᠠ ᠬᠠᠮᠵᠢᠯᠴᠠᠨ ᠬᠠᠤᠯᠢ ᠲᠣᠭᠲᠠᠭᠠᠯ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤ ᠨᠢ᠂ | ᠣᠨᠣᠪᠴᠢᠲᠠᠶ ᠪᠠᠷ᠂ ᠪᠦᠷᠢᠨ ᠭᠦᠢᠴᠡᠳ ᠬᠠᠩᠭᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠠᠷᠪᠠᠨ ᠭᠤᠷᠪᠠ︶ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ | ᠴᠢᠩᠭᠠᠷᠠᠭᠤᠯᠤᠨ᠎ᠠ᠃ ᠠᠶᠤᠯ ᠦᠭᠡᠶ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠵᠡᠷᠭᠡ ᠬᠦᠨᠳᠦ ᠨᠤᠴᠢᠳᠠᠢ ᠭᠡᠨᠡᠳᠲᠡ ᠶᠢᠨ ᠬᠡᠷᠡᠭ ᠭᠠᠷᠪᠠᠯ᠂ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ︔ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠨᠨᠰᠠᠨ ᠺᠣᠮᠫᠠᠨᠢ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠬᠦᠨᠳᠦ ᠨᠣᠴᠢᠲᠠᠶ ᠨᠥᠯᠥᠭᠡ ᠭᠠᠷᠭᠠᠨᠨᠰᠠᠨ | ᠪᠠᠶᠢᠪᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠪ ᠤᠨ ᠬᠤᠷᠸ᠎ᠠ ᠲᠥᠷᠥ ᠶᠢᠨ ᠪᠣᠳᠣᠯᠭ᠎ᠠ᠂ ᠮᠥᠩᠭᠦᠨ | ᠭᠦᠢᠯᠭᠡᠭᠡᠨ ᠢᠶᠠᠷ ᠲᠤᠨᠨᠳᠠᠪᠤᠷᠢᠵᠢᠭᠤᠯᠬᠤ ᠵᠡᠷᠭᠡ ᠵᠣᠬᠢᠴᠠᠭᠤᠯᠬᠤ ᠲᠣᠭᠲᠠᠴᠠ ᠳᠤ ᠲᠦᠰᠢᠭᠯᠡᠨ᠂ ᠬᠠᠮᠵᠢᠯᠴᠠᠵᠦ | ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠨ᠂ ᠠᠵᠤ ᠦᠢᠯᠡᠰ᠂ ᠮᠥᠩᠭᠦᠨ ᠭᠦᠢᠯᠭᠡᠭᠡᠨ᠂ ᠡᠳ᠋ ᠤᠨ ᠵᠠᠰᠠᠭ | ᠭᠠᠶᠢᠯᠢ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠨᠡᠶᠢᠳᠡᠪᠦᠷᠢᠵᠢᠭᠤᠯᠤᠨᠡ︔ ᠴᠠᠭ ᠲᠤᠬᠠᠶ ᠳᠤ ᠨᠢ ᠠᠷᠭ᠎ᠠ | ᠬᠡᠮᠵᠢᠶ᠎ᠡ ᠠᠪᠴᠤ᠂ ᠬᠥᠳᠡᠯᠮᠦᠷᠢ ᠦᠢᠯᠡᠴᠢᠯᠡᠭᠡᠨ ᠤ ᠠᠵᠢᠯᠴᠢᠨ ᠬᠡᠷᠡᠭᠯᠡᠬᠦ᠂ ᠦᠢᠯᠡᠳᠪᠦᠷᠢᠯᠡᠯ ᠤᠨ ᠬᠡᠷᠡᠭᠰᠡᠯ᠂ | ᠨᠡᠶᠢᠲᠡ ᠶᠢᠨ ᠦᠢᠯᠡᠰ ᠤᠨ ᠦᠢᠯᠡᠳᠬᠦᠨ ᠤ ᠬᠠᠩᠭᠠᠯᠭ᠎ᠠ ᠪᠠ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠷᠭ᠎ᠠ | ᠵᠠᠮ ᠢ ᠬᠠᠮᠠᠭᠠᠯᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠡᠪ ᠤᠨ ᠠᠵᠢᠯᠯᠠᠭ᠎ᠠ ᠪᠠᠨ | ᠲᠦᠷᠭᠡᠬᠡᠨ ᠰᠡᠷᠭᠦᠭᠡᠬᠦ ᠶᠢ ᠨᠢ ᠲᠡᠮᠵᠢᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠭᠡᠨᠡᠳᠲᠡ | ᠡᠭᠦᠰᠬᠦ ᠦᠢᠯᠡᠳᠪᠦᠷᠢᠯᠡᠯ ᠡᠵᠡᠩᠨᠡᠯᠲᠡ ᠶᠢᠨ ᠬᠡᠷᠡᠭ᠂ ᠲᠤᠨᠨᠳᠠᠪᠤᠷᠢ ᠦᠬᠡᠢ ᠴᠢᠨᠠᠷᠲᠠᠶ ᠲᠦᠭᠰᠢᠭᠦᠷᠢ᠂ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠵᠡᠷᠭᠡ ᠳᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠵᠣᠬᠢᠶᠠᠨ ᠪᠠᠶᠢᠭᠤᠯᠵᠦ ᠵᠣᠬᠢᠴᠠᠭᠤᠯᠬᠤ ᠪᠠᠨ ᠴᠢᠩᠭᠠᠳᠬᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ | ᠺᠣᠮᠫᠠᠨᠢ ᠶᠢᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠨᠢ ᠲᠡᠮᠵᠢᠯᠬᠡ | ᠦᠵᠡᠬᠦᠯᠦᠨ᠎ᠡ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠᠨ ᠳᠥᠷᠪᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠥᠭᠵᠢᠯᠲᠡ ᠶᠢᠨ | ᠣᠷᠴᠢᠨ ᠨᠦᠭᠦᠴᠡᠯ ᠢ ᠬᠦᠴᠦᠯᠡᠨ ᠰᠢᠯᠢᠳᠡᠭᠵᠢᠬᠦᠯᠦᠨ᠎ᠡ᠃ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ | ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠤᠬᠠᠭᠤᠯᠭ᠎ᠠ ᠬᠢᠬᠦ ᠪᠠᠨ ᠴᠢᠩᠭᠠᠳᠬᠠᠵᠤ᠂ | ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠬᠥᠷᠥᠩᠭᠡ ᠶᠢᠨ | ᠵᠠᠬ᠎ᠠ ᠳᠡᠯᠭᠡᠭᠦᠷ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠦᠭᠦᠴᠡᠯ ᠢ ᠪᠤᠢ ᠪᠤᠯᠭᠠᠨ᠎ᠠ᠃ ᠬᠤᠳᠠᠯ | ᠬᠠᠭᠤᠷᠮᠠᠭ ᠮᠡᠳᠡᠭᠡ ᠵᠠᠩᠭᠢ ᠪᠤᠶᠤ ᠲᠦᠬᠡᠷᠢᠭᠳᠡᠬᠦᠯᠬᠦ ᠴᠢᠨᠠᠷᠲᠠᠶ ᠮᠡᠳᠡᠭᠡ ᠵᠠᠩᠭᠢ ᠵᠣᠬᠢᠶᠠᠭᠰᠠᠨ᠂ ᠤᠯᠠᠮᠵᠢᠯᠠᠨ | ᠲᠠᠷᠬᠠᠭᠠᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠦ᠂ ᠮᠡᠳᠡᠭᠡ ᠵᠠᠩᠭᠢ | ᠤᠯᠠᠮᠵᠢᠯᠠᠬᠤ ᠡᠮᠬᠢ ᠳᠢᠭᠯᠢᠮ ᠢ ᠵᠢᠷᠤᠮᠵᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠵᠢᠴᠢ | ᠬᠡᠷᠡᠭ ᠮᠡᠳᠡᠭᠴᠢ᠂ ᠬᠢᠨᠠᠯᠲᠠ ᠲᠠᠯᠪᠢᠬᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠪᠣᠳᠠᠲᠠᠶ | ᠡᠵᠡᠮᠰᠢᠭᠴᠢ ᠶᠢᠨ ᠨᠡᠶᠢᠭᠡᠮ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠣᠨᠣᠯᠵᠢᠬᠤᠨ ᠢ | ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠶᠣᠰᠣ ᠮᠣᠷᠠᠯ ᠤᠨ ᠲᠦᠭᠰᠢᠭᠦᠷᠢ ᠶᠢ | ᠡᠷᠡᠰ ᠰᠡᠷᠭᠡᠶᠢᠯᠡᠵᠦ᠂ ᠭᠠᠵᠠᠷ ᠣᠷᠣᠨ ᠤ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ | ᠠᠬᠤᠶᠢᠯᠠᠯ ᠤᠨ ᠪᠠᠯᠠ ᠲᠣᠬᠢᠷᠠᠭᠤᠯᠭ᠎ᠠ ᠬᠢᠬᠦ ᠬᠦᠴᠢᠷᠳᠡᠯ ᠪᠠ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠪᠤᠢ ᠪᠤᠯᠭᠠᠬᠤ ᠪᠠ ᠲᠡᠳᠡᠬᠡᠷ ᠲᠤ ᠦᠢᠯᠡᠴᠢᠯᠡᠬᠦ ᠳᠤ | ᠬᠤᠯᠪᠣᠭᠳᠠᠬᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠣᠭᠤᠮᠲᠠ᠂ ᠮᠥᠩᠭᠦᠨ ᠭᠦᠢᠯᠭᠡᠭᠡᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ | ᠪᠠᠶᠢᠭᠤᠯᠭ᠎ᠠ ᠵᠡᠷᠭᠡ ᠶᠢᠨ ᠮᠡᠳᠡᠭᠡ ᠵᠠᠩᠭᠢ ᠶᠢ ᠬᠠᠶᠢᠨ ᠯᠠᠪᠯᠠᠵᠤ ᠬᠠᠮᠲᠤ ᠳᠤ ᠪᠠᠨ ᠭᠥᠷᠳᠡᠬᠦ ᠲᠣᠭᠲᠠᠴᠠ ᠶᠢ | ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠨᠢ | ᠳᠡᠭᠡᠭᠰᠢᠯᠡᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠮᠦᠩᠬᠦ ᠥᠭᠬᠦ ᠶᠢ ᠪᠠᠲᠤᠯᠠᠬᠤ ᠬᠠᠮᠢᠶ᠎ᠠ | ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ᠂ ᠫᠠᠶᠢᠰᠠ | ᠡᠯᠭᠦᠭᠰᠡᠨ ᠺᠣᠮᠫᠠᠨᠢ ᠶᠢᠨ ᠬᠤᠷᠢᠶᠠᠪᠠᠰᠤ ᠵᠣᠬᠢᠬᠤ ᠳᠠᠩᠰᠠᠨ ᠳᠠᠬᠢ ᠵᠣᠭᠤᠰ ᠮᠦᠩᠭᠦ ᠶᠢ ᠥᠷᠢᠲᠦᠵᠦ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ ︾ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ | ᠣᠷᠴᠢᠨ ᠨᠦᠭᠦᠴᠡᠯ ᠢ ᠪᠤᠢ ᠪᠤᠯᠭᠠᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ | ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠᠨ ᠲᠠᠪᠤ︶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠪᠠᠨ ᠴᠢᠩᠭᠠᠳᠬᠠᠨ᠎ᠠ᠃ ᠡᠳ᠋ ᠤᠨ ᠶᠠᠪᠤᠳᠠᠯ ᠤᠨ ᠲᠠᠯ᠎ᠠ ᠳᠤ ᠬᠠᠭᠤᠷᠮᠠᠭᠯᠠᠨ ᠵᠣᠬᠢᠶᠠᠬᠤ᠂ ᠰᠲ᠋ᠣᠺ ᠤᠨ | ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠪᠠᠯᠠ ᠮᠥᠩᠭᠦ ᠶᠢ ᠦᠪᠡᠷᠴᠢᠯᠡᠬᠦ᠂ ᠲᠣᠭᠲᠠᠭᠠᠯ ᠠᠴᠠ ᠵᠥᠷᠢᠴᠡᠨ | ᠳᠠᠭᠠᠭᠠᠯᠲᠠ ᠬᠢᠬᠦ᠂ ᠳᠠᠯᠳᠠᠭᠤᠷ ᠠᠷᠠᠯᠵᠢᠶᠠᠯᠠᠬᠤ᠂ ᠵᠠᠬ᠎ᠠ ᠳᠡᠯᠭᠡᠭᠦᠷ ᠢ ᠡᠵᠡᠮᠰᠢᠬᠦ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷ ᠢ ᠪᠠᠨ ᠵᠤᠬᠢᠴᠠᠭᠤᠯᠬᠤ ᠬᠢᠨᠠᠯᠲᠠ | ᠬᠠᠮᠢᠶᠠᠷᠤᠯᠲᠠ᠂ ᠵᠠᠰᠠᠭ ᠵᠠᠬᠢᠷᠭᠠᠨ ᠤ ᠵᠣᠭᠤᠰ ᠢᠶᠠᠷ ᠲᠣᠷᠭᠠᠬᠤ᠂ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ | ᠵᠡᠷᠭᠡ ᠡᠯ᠎ᠡ ᠲᠥᠷᠥᠯ ᠤᠨ ᠥᠪᠡᠷ ᠢ ᠪᠠᠨ ᠵᠤᠬᠢᠴᠠᠭᠤᠯᠬᠤ ᠵᠢᠴᠢ ᠵᠠᠰᠠᠭ ᠵᠠᠬᠢᠷᠭᠠᠨ ᠤ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠰᠦᠪᠡᠭᠴᠢ ᠶᠢ ᠢᠯᠡᠷᠡᠭᠦᠯᠬᠦ ᠪᠠ ᠡᠷᠡᠭᠦᠦ ᠶᠢᠨ ᠬᠡᠷᠡᠭ ᠢ | ᠰᠢᠯᠵᠢᠭᠦᠯᠦᠨ ᠬᠦᠷᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠡᠭᠦᠦ ᠶᠢᠨ ᠬᠡᠷᠡᠭ ᠤᠨ | ᠨᠡᠬᠡᠮᠵᠢᠯᠡᠨ ᠵᠠᠭᠠᠯᠳᠤᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠰᠢᠯᠵᠢᠬᠦᠯᠬᠦ ᠶᠤᠰᠤᠳᠠᠢ ᠶᠢ ᠨᠢ ᠠᠯᠢ ᠴᠢᠳᠠᠬᠤ ᠪᠠᠷ | ᠰᠢᠯᠵᠢᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠬᠢᠭᠡᠳ ᠬᠤᠪᠢᠴᠠᠭ᠎ᠠ ᠡᠵᠡᠮᠰᠢᠭᠰᠡᠨ | ᠬᠤᠪᠢᠴᠠᠭᠠᠳᠠᠨ᠂ ᠪᠣᠳᠠᠲᠠᠶ ᠡᠵᠡᠮᠰᠢᠭᠴᠢ ᠶᠢᠨ ᠬᠠᠷᠢᠭᠤᠴᠠᠯᠭ᠎ᠠ ᠶᠢ ᠵᠦᠷᠢᠶᠡᠴᠢᠯᠡᠨ ᠰᠢᠢᠳᠪᠦᠷᠢᠯᠡᠬᠦ ᠶᠢ ᠠᠬᠢᠭᠤᠯᠵᠤ᠂ | ︽ᠵᠠᠩᠭᠢᠯᠠᠭ᠎ᠠ ᠶᠢᠨ ᠴᠥᠭᠡᠨ ᠲᠣᠭᠠᠲᠠᠨ ︾ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠳᠣᠪᠤᠶᠢᠯᠭᠠᠨ᠎ᠠ᠃ ᠣᠲᠣ ᠶᠢᠨ | ᠪᠠᠶᠢᠭ᠎ᠠ ᠦᠨᠡᠨᠴᠢ ᠢᠲᠡᠭᠡᠮᠵᠢ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠲᠣᠭᠲᠠᠴᠠ ᠳᠤ ᠲᠦᠰᠢᠭᠯᠡᠨ᠂ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠠᠷᠢᠭᠤᠴᠠᠯᠭ᠎ᠠ ᠲᠠᠢ ᠬᠠᠮᠢᠶ᠎ᠠ ᠪᠥᠬᠦᠶ ᠢᠲᠡᠭᠡᠮᠵᠢ ᠠᠯᠳᠠᠭᠰᠠᠨ ᠭᠤᠤᠯ ᠴᠣᠭᠴᠠ ᠶᠢ ᠠᠵᠢᠯ ᠲᠥᠷᠥᠯ ᠳᠤ | ᠵᠥᠪᠰᠢᠶᠡᠷᠡᠨ ᠣᠷᠣᠭᠤᠯᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠢᠯᠢ ᠠᠴᠠ ᠭᠠᠷᠴᠤ ᠶᠠᠪᠤᠵᠤ ᠰᠠᠭᠤᠬᠤ | ᠵᠡᠷᠭᠡ ᠲᠠᠯ᠎ᠠ ᠪᠠᠷ ᠬᠠᠤᠯᠢ ᠶᠣᠰᠣᠭᠠᠷ ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶ᠎ᠠ︶ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |