ᠮᠠᠯ ᠤᠨ ᠡᠮ ᠤᠨ GMP ᠶᠢᠨ ᠬᠢᠷᠢ ᠲᠡᠩᠴᠡᠭᠰᠡᠨ ᠦᠶᠯᠡᠳᠪᠦᠷᠢᠯᠡᠯ ᠤᠨ ᠱᠤᠭᠤᠮ ᠢ ᠵᠥᠪᠰᠢᠶᠡᠷᠡᠬᠦ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2021/12/15
     ︽ᠮᠠᠯ ᠤᠨ ᠡᠮ ᠤᠨ ᠦᠶᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ︵2020 ᠣᠨ ᠳᠤ ᠵᠠᠰᠠᠪᠤᠷᠢ ᠣᠷᠣᠭᠤᠯᠤᠭᠰᠠᠨ︶︾᠂ ︽ᠮᠠᠯ ᠤᠨ ᠡᠮ ᠤᠨ ᠦᠶᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠴᠠᠭᠠᠵᠤ ᠰᠢᠯᠭᠠᠨ ᠠᠪᠬᠤ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GMP ᠶᠢ ᠪᠠᠶᠢᠴᠠᠭᠠᠵᠤ ᠰᠢᠯᠭᠠᠨ ᠠᠪᠬᠤ ᠠᠵᠢᠯ ᠤᠨ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠪᠠᠶ ᠯᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠠᠳᠠᠷ ᠬᠡᠷᠡᠭᠯᠡᠬᠦ ᠬᠤᠷᠣᠬᠠᠶ ᠠᠯᠠᠬᠤ ᠡᠮ ᠤᠨ ᠲᠦᠭᠦᠬᠡᠶ ᠮᠠᠲ᠋ᠧᠷᠢᠶᠠᠯ ᠡᠮ ︵ᠬᠤᠤᠰ ᠮᠧᠲ᠋ᠢᠯᠲᠦ ᠠᠮᠢᠳᠢᠨ ﹇ᠵᠥᠪᠬᠡᠨ ᠭᠠᠳᠠᠭᠠᠳᠤ ᠳᠤ ᠭᠠᠷᠭᠠᠬᠤ﹈ ᠦᠶᠯᠡᠳᠪᠦᠷᠢᠯᠡᠯ ᠤᠨ ᠱᠤᠭᠤᠮ ᠨᠢ ᠲᠤᠰᠬᠠᠶ ᠮᠡᠷᠭᠡᠵᠢᠯᠲᠡᠨ ᠤ ᠰᠢᠯᠭᠠᠨ ᠠᠪᠬᠤ ᠶᠢ ᠥᠩᠭᠡᠷᠡᠭᠡᠵᠦ᠂ GMP ᠶᠢᠨ ᠬᠢᠷᠢ ᠲᠡᠩᠴᠡᠭᠰᠡᠨ ᠦᠶᠯᠡᠳᠪᠦᠷᠢᠯᠡᠯ ᠤᠨ ᠱᠤᠭᠤᠮ ᠢ ᠵᠦᠪᠰᠢᠶᠡᠷᠡᠬᠦ ᠪᠠᠷ ᠪᠠᠶᠢᠨ᠎ᠠ᠃ ᠡᠳᠦᠭᠡ ᠢᠯᠡ ᠨᠡᠶᠢᠲᠡᠯᠡᠪᠡ᠃       ᠢᠯᠡ ᠨᠡᠶᠢᠲᠡᠯᠡᠬᠦ ᠴᠠᠭ ᠨᠢ 2021 ᠣᠨ ᠤ 12 ᠰᠠᠷ᠎ᠠ ᠶᠢᠨ 14 ᠤ ᠡᠳᠦᠷ ᠠᠴᠠ 21 ᠤ ᠡᠳᠦᠷ ᠪᠣᠯᠲᠠᠯ᠎ᠠ ᠪᠣᠯᠤᠨ᠎ᠠ᠃ ᠬᠡᠷᠪᠡ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ  ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠲᠤᠰᠬᠠᠭᠠᠷᠠᠶ᠃      ᠬᠠᠷᠢᠯᠴᠠᠬᠤ ᠬᠥᠮᠦᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471 - 6651798      ᠹᠠᠺᠰ᠄ 0471 - 6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ 70 ᠳ᠋ᠤᠭᠠᠷ ᠨᠣᠮᠧᠷ                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                             ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ                             ᠮᠠᠯᠵᠢᠬᠤ ᠣᠷᠣᠨ ᠤ ᠲᠢᠩᠬᠢᠮ                             2021 ᠣᠨ ᠤ 12 ᠰᠠᠷ᠎ᠠ ᠶᠢᠨ 14 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号