ᠥᠪᠥᠷ ᠵᠠᠰᠠᠭ ᠠᠯᠪᠠᠨ ᠲᠠᠷᠬᠠᠭᠠᠭᠰᠠᠨ ︹2021︺ 5 ᠳ᠋ᠤᠭᠠᠷ ᠲᠣᠭᠠᠲᠤ | 2021 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ | ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠶ ᠳᠦᠷᠢᠮ | | ᠨᠢᠭᠡᠳᠦᠭᠡᠷ ᠵᠦᠢᠯ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠡᠳ᠋ ᠤᠨ ᠵᠠᠰᠠᠭ ᠤᠨ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ | ᠦᠨᠡᠯᠡᠯᠲᠡ ᠶᠢᠨ ᠠᠵᠢᠯ ᠢ ᠵᠢᠷᠤᠮᠵᠢᠭᠤᠯᠤᠨ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠶᠠᠰᠤ ᠴᠢᠨᠠᠷ | ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠦᠪ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ | ᠬᠡᠷᠡᠭᠵᠢᠭᠦᠯᠬᠦ ᠳᠦᠷᠢᠮ︾ ︽ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹2018︺ 34 ᠳ᠋ᠤᠭᠡᠷ ᠲᠣᠭᠠᠲᠤ︶᠂ ︽︿ᠲᠥᠷᠥᠯ | ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ﹀ ᠶᠢ | ᠳᠠᠷᠤᠮᠠᠯᠯᠠᠨ ᠶᠠᠪᠤᠭᠤᠯᠬᠤ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠲᠥᠰᠦᠪ ︹2020︺ | 10 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠲᠣᠭᠲᠠᠭᠠᠯ ᠳᠦᠷᠢᠮ ᠪᠠ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠢᠶᠠᠷ ᠳᠣᠭᠢᠷᠠᠭᠤᠯᠤᠭᠰᠠᠨ ᠲᠥᠷᠥᠯ ᠵᠦᠢᠯ ᠤᠨ ᠵᠠᠷᠤᠯᠭ᠎ᠠ ᠳᠤ ᠲᠣᠬᠢᠷᠠᠭᠤᠯᠤᠨ ᠬᠡᠷᠡᠭᠯᠡᠵᠦ᠂ ᠲᠥᠰᠦᠪ ᠤᠨ | ᠪᠠᠯᠠ ᠮᠥᠩᠭᠦ ᠵᠢᠴᠢ ᠬᠠᠮᠢᠶ᠎ᠠ ᠪᠥᠬᠦᠶ ᠠᠵᠢᠯᠯᠠᠭ᠎ᠠ ᠲᠠᠢ ᠬᠤᠯᠪᠣᠭᠳᠠᠬᠤ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠰᠠᠭᠤᠷᠢ ᠮᠥᠩᠭᠦ᠂ ᠡᠷᠬᠡ ᠮᠡᠳᠡᠯᠲᠦ ᠡᠳ᠋ ᠬᠥᠷᠥᠩᠭᠡ ᠶᠢᠨ ᠰᠠᠭᠤᠷᠢ ᠮᠥᠩᠭᠦ᠂ ᠵᠠᠰᠠᠭ ᠤᠨ | ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶᠂ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠥᠷᠥᠯ ᠵᠦᠢᠯ ᠵᠡᠷᠭᠡ ᠶᠢᠨ ᠠᠮᠵᠢᠯᠲᠠ | ᠪᠦᠲᠦᠮᠵᠢ ᠶᠢᠨ ᠦᠨᠡᠯᠡᠯᠲᠡ ᠳᠤ ᠲᠣᠰ ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | ᠭᠤᠷᠪᠠᠳᠤᠭᠠᠷ ᠵᠦᠢᠯ ᠲᠥᠷᠥᠯ ᠵᠦᠢᠯ ᠤᠨ ᠵᠠᠷᠤᠯᠭ᠎ᠠ ᠪᠣᠯ ᠰᠠᠯᠠᠭ᠎ᠠ ᠮᠥᠴᠢᠷ ᠤᠨ ᠵᠠᠷᠤᠯᠭ᠎ᠠ ᠶᠢᠨ | ᠪᠦᠷᠢᠯᠳᠦᠬᠦᠨ ᠬᠡᠰᠡᠭ ᠪᠣᠯᠬᠤ ᠪᠥᠭᠡᠳ ᠡᠯ᠎ᠡ ᠰᠠᠯᠠᠭ᠎ᠠ ᠮᠥᠴᠢᠷ ᠪᠤᠶᠤ ᠨᠢᠭᠡᠴᠢ ᠶᠢᠨ ᠣᠨᠴᠠ ᠲᠣᠭᠲᠠᠭᠰᠠᠨ ᠵᠠᠰᠠᠭ | ᠵᠠᠬᠢᠷᠭᠠᠨ ᠤ ᠠᠵᠢᠯ ᠤᠨ ᠡᠭᠦᠷᠭᠡ ᠪᠤᠶᠤ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠪᠠᠨ ᠪᠡᠶᠡᠯᠡᠭᠦᠯᠬᠦ ᠶᠢᠨ | ᠲᠤᠰᠠᠳᠠ᠂ ᠦᠨᠳᠦᠰᠦᠨ ᠵᠠᠷᠤᠯᠭ᠎ᠠ ᠠᠴᠠ ᠭᠠᠳᠠᠨ᠎ᠠ ᠨᠠᠶᠢᠷᠠᠭᠤᠯᠵᠤ ᠵᠣᠬᠢᠶᠠᠭᠰᠠᠨ ᠣᠨ ᠤ ᠲᠥᠷᠥᠯ ᠵᠦᠢᠯ ᠤᠨ | ᠵᠠᠷᠤᠯᠭ᠎ᠠ ᠪᠣᠯᠤᠨ᠎ᠠ᠃ ᠡᠭᠦᠨ ᠳᠤ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠤᠯᠪᠣᠭᠳᠠᠯ | ᠪᠦᠬᠦᠢ ᠠᠵᠢᠯ ᠦᠢᠯᠡᠰ ᠤᠨ ᠬᠥᠭᠵᠢᠯᠲᠡ ᠶᠢᠨ ᠲᠤᠰᠬᠠᠢ ᠲᠥᠯᠥᠪᠯᠡᠭᠡ᠂ ᠢᠨᠵᠧᠨᠧᠷᠢᠩ᠂ ᠰᠠᠭᠤᠷᠢ ᠮᠥᠩᠭᠦᠨ ᠤ | ᠲᠦᠷᠦᠯ ᠵᠦᠢᠯ᠂ ᠲᠤᠰᠬᠠᠢ ᠲᠤᠬᠠᠶᠢᠯᠠᠭᠰᠠᠨ ᠠᠵᠢᠯ ᠤᠨ ᠲᠦᠷᠦᠯ ᠵᠦᠢᠯ᠂ ᠲᠤᠮᠤ ᠬᠡᠪᠴᠢᠶᠡᠨ ᠤ ᠰᠡᠯᠪᠢᠨ ᠵᠠᠰᠠᠯᠲᠠ᠂ | ᠶᠡᠭᠡ ᠬᠡᠮᠵᠢᠶ᠎ᠡ ᠪᠠᠷ ᠬᠤᠳᠠᠯᠳᠤᠨ ᠠᠪᠬᠤ᠂ ᠲᠤᠮᠤ ᠬᠡᠪᠴᠢᠶᠡᠨ ᠤ ᠬᠤᠷᠠᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠰᠬᠠᠢ ᠲᠦᠷᠦᠯ ᠵᠦᠢᠯ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ ᠬᠥᠭᠵᠢᠯᠲᠡ᠂ ᠲᠦᠷᠦ ᠶᠢᠨ | ᠪᠤᠳᠤᠯᠭ᠎ᠠ ᠶᠢᠨ ᠴᠢᠨᠠᠷᠲᠠᠢ ᠨᠡᠮᠡᠭᠦᠷᠢ᠂ ᠭᠠᠳᠠᠭᠠᠳᠤ ᠳᠤ ᠲᠤᠰᠠᠯᠠᠮᠵᠢ ᠦᠵᠡᠭᠦᠯᠬᠦ᠂ ᠬᠥᠭᠵᠢᠭᠡᠳᠦᠢ ᠭᠠᠵᠠᠷ ᠣᠷᠣᠨ ᠢ | ᠲᠤᠰᠠᠯᠠᠬᠤ ᠵᠡᠷᠭᠡ ᠲᠥᠷᠥᠯ ᠵᠦᠢᠯ ᠪᠠᠭᠲᠠᠨ᠎ᠠ᠃ | ᠳᠥᠷᠪᠡᠳᠦᠭᠡᠷ ᠵᠦᠢᠯ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ | ︵ᠳᠣᠷᠣᠭᠰᠢ ᠠᠮᠵᠢᠯᠲᠠ ᠪᠦᠲᠦᠮᠵᠢ ᠶᠢᠨ ᠦᠨᠡᠯᠡᠯᠲᠡ ᠭᠡᠵᠦ ᠲᠣᠪᠴᠢᠯᠠᠨ᠎ᠠ︶ ᠭᠡᠳᠡᠭ ᠨᠢ ᠡᠳ᠋ ᠤᠨ ᠵᠠᠰᠠᠭ ᠤᠨ | ᠰᠠᠯᠠᠭ᠎ᠠ ᠮᠥᠴᠢᠷ᠂ ᠲᠥᠰᠦᠪ ᠬᠢᠵᠦ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠣᠭᠲᠠᠭᠠᠭᠰᠠᠨ ᠠᠮᠵᠢᠯᠲᠠ | ᠪᠦᠲᠦᠮᠵᠢ ᠶᠢᠨ ᠬᠠᠷᠠᠯᠲᠠ ᠪᠠᠨ ᠦᠨᠳᠦᠰᠦᠯᠡᠨ᠂ ᠲᠥᠷᠥᠯ ᠵᠦᠢᠯ ᠤᠨ ᠵᠠᠷᠤᠯᠭ᠎ᠠ ᠶᠢᠨ ᠠᠵᠤ ᠠᠬᠤᠢ ᠶᠢᠨ ᠴᠢᠨᠠᠷ᠂ | ᠦᠷ᠎ᠡ ᠪᠦᠲᠦᠮᠵᠢ ᠶᠢᠨ ᠴᠢᠨᠠᠷ᠂ ᠦᠷ᠎ᠡ ᠠᠰᠢᠭ ᠤᠨ ᠴᠢᠨᠠᠷ ᠪᠠ ᠡᠷᠬᠡ ᠲᠡᠭᠰᠢ ᠶᠢᠨ ᠴᠢᠨᠠᠷ ᠢ ᠪᠤᠰᠤᠳᠴᠢ ᠪᠥᠭᠡᠳ | ᠭᠤᠣᠯᠴᠢ ᠪᠠᠷ ᠬᠡᠮᠵᠢᠬᠦ᠂ ᠵᠠᠳᠠᠯᠬᠤ ᠪᠠ ᠦᠨᠡᠯᠡᠬᠦ ᠶᠢ ᠵᠢᠭᠠᠵᠤ ᠪᠤᠶ᠃ | ᠲᠠᠪᠤᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠮᠵᠢᠯᠲᠠ ᠪᠦᠲᠦᠮᠵᠢ ᠶᠢᠨ ᠦᠨᠡᠯᠡᠯᠲᠡ ᠳᠤ | ᠨᠢᠭᠡᠴᠢ ᠶᠢᠨ ᠥᠪᠡᠷᠰᠡᠳ ᠤᠨ ᠦᠨᠡᠯᠡᠯᠲᠡ᠂ ᠰᠠᠯᠠᠭ᠎ᠠ ᠮᠥᠴᠢᠷ ᠤᠨ ᠦᠨᠡᠯᠡᠯᠲᠡ ᠪᠠ ᠡᠳ᠋ ᠤᠨ ᠵᠠᠰᠠᠭ ᠤᠨ | ᠦᠨᠡᠯᠡᠯᠲᠡ ᠪᠠᠭᠲᠠᠨ᠎ᠠ᠃ ᠨᠢᠭᠡᠴᠢ ᠶᠢᠨ ᠥᠪᠡᠷᠰᠡᠳ ᠤᠨ ᠦᠨᠡᠯᠡᠯᠲᠡ ᠭᠡᠳᠡᠭ ᠪᠣᠯ ᠲᠥᠷᠥᠯ ᠵᠦᠢᠯ ᠤᠨ ᠨᠢᠭᠡᠴᠢ ᠨᠢ | ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ ᠠᠮᠵᠢᠯᠲᠠ ᠪᠦᠲᠦᠮᠵᠢ ᠶᠢᠨ ᠬᠠᠷᠠᠯᠲᠠ ᠶᠢ | ᠪᠡᠶᠡᠯᠡᠭᠦᠯᠦᠭᠰᠡᠨ ᠪᠠᠶᠢᠳᠠᠯ ᠳᠤ ᠪᠠᠨ ᠥᠪᠡᠷᠰᠡᠳ ᠢᠶᠠᠨ ᠦᠨᠡᠯᠡᠯᠲᠡ ᠬᠢᠬᠦ ᠶᠢ ᠵᠢᠭᠠᠵᠤ ᠪᠤᠶ᠃ ᠰᠠᠯᠠᠭ᠎ᠠ ᠮᠥᠴᠢᠷ ᠤᠨ | ᠦᠨᠡᠯᠡᠯᠲᠡ ᠭᠡᠳᠡᠭ ᠪᠣᠯ ᠡᠯ᠎ᠡ ᠱᠠᠲᠤᠨ ᠤ ᠲᠥᠰᠦᠪ ᠬᠢᠵᠦ ᠪᠦᠬᠦᠢ ᠰᠠᠯᠠᠭ᠎ᠠ ᠮᠥᠴᠢᠷ ᠨᠢ ᠬᠠᠮᠢᠶ᠎ᠠ ᠪᠦᠬᠦᠢ | ᠱᠠᠭᠠᠷᠳᠠᠯᠭ᠎ᠠ ᠶᠢ ᠦᠨᠳᠦᠰᠦᠯᠡᠨ᠂ ᠠᠮᠵᠢᠯᠲᠠ ᠪᠦᠲᠦᠮᠵᠢ ᠳᠤ ᠦᠨᠡᠯᠡᠯᠲᠡ ᠬᠢᠬᠦ ᠰᠢᠨᠵᠢᠯᠡᠬᠦ ᠤᠬᠠᠭᠠᠨᠴᠢ᠂ ᠵᠦᠢ | ᠵᠣᠬᠢᠰᠲᠠᠶ ᠭᠦᠢᠴᠡᠳᠬᠡᠯ ᠲᠤᠭ᠎ᠠ᠂ ᠦᠨᠡᠯᠡᠬᠦ ᠪᠠᠷᠢᠮᠵᠢᠶ᠎ᠠ ᠪᠠ ᠦᠨᠡᠯᠡᠬᠦ ᠠᠷᠭ᠎ᠠ ᠶᠢ ᠬᠡᠷᠡᠭᠯᠡᠨ ᠲᠤᠰ ᠰᠠᠯᠠᠭ᠎ᠠ | ᠮᠥᠴᠢᠷ ᠤᠨ ᠲᠥᠷᠥᠯ ᠵᠦᠢᠯ ᠳᠤ ᠪᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠠᠮᠵᠢᠯᠲᠠ ᠪᠦᠲᠦᠮᠵᠢ ᠶᠢᠨ | ᠦᠨᠡᠯᠡᠯᠲᠡ ᠶᠢ ᠵᠢᠭᠠᠵᠤ ᠪᠤᠶ᠃ ᠡᠳ᠋ ᠤᠨ ᠵᠠᠰᠠᠭ ᠤᠨ ᠦᠨᠡᠯᠡᠯᠲᠡ ᠭᠡᠳᠡᠭ ᠪᠣᠯ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠲᠥᠰᠦᠪ ᠬᠢᠵᠦ ᠪᠦᠬᠦᠢ ᠰᠠᠯᠠᠭ᠎ᠠ ᠮᠥᠴᠢᠷ ᠤᠨ ᠲᠥᠷᠥᠯ ᠵᠦᠢᠯ ᠳᠤ ᠵᠣᠬᠢᠶᠠᠨ ᠪᠠᠶᠢᠭᠤᠯᠵᠤ | ᠥᠷᠨᠢᠭᠦᠯᠦᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠢᠭᠠᠵᠤ ᠪᠤᠶ᠃ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠬᠢᠵᠦ ᠪᠦᠬᠦᠢ ᠨᠢᠭᠡᠴᠢ ᠶᠢᠨ ᠪᠡᠯᠡ | ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ︵ᠭᠤᠣᠯᠴᠢᠯᠠᠨ ᠬᠠᠮᠢᠶᠠᠷᠬᠤ︶ ᠶᠢ ᠭᠦᠢᠴᠡᠳᠬᠡᠬᠦ ᠰᠠᠯᠠᠭ᠎ᠠ ᠮᠥᠴᠢᠷ ᠨᠢ | ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠲᠥᠷᠥᠯ ᠵᠦᠢᠯ ᠳᠤ ᠵᠣᠬᠢᠶᠠᠨ ᠪᠠᠶᠢᠭᠤᠯᠵᠤ ᠥᠷᠨᠢᠭᠦᠯᠦᠭᠰᠡᠨ | ᠠᠮᠵᠢᠯᠲᠠ ᠪᠦᠲᠦᠮᠵᠢ ᠶᠢᠨ ᠦᠨᠡᠯᠡᠯᠲᠡ ᠶᠢ ᠰᠠᠯᠠᠭ᠎ᠠ ᠮᠥᠴᠢᠷ ᠤᠨ ᠦᠨᠡᠯᠡᠯᠲᠡ ᠶᠢᠨ ᠬᠡᠪᠴᠢᠶᠡᠨ ᠳᠤ ᠣᠷᠣᠭᠤᠯᠬᠤ | ᠬᠡᠷᠡᠭᠲᠡᠶ᠃ | ᠵᠢᠷᠭᠤᠳᠤᠭᠠᠷ ᠵᠦᠢᠯ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠤᠭᠤᠴᠠᠭ᠎ᠠ ᠬᠢᠵᠠᠭᠠᠷ ᠲᠤ | ᠣᠨ᠂ ᠤᠷᠲᠤᠪᠲᠤᠷ ᠬᠤᠭᠤᠴᠠᠭ᠎ᠠ ᠵᠢᠴᠢ ᠲᠥᠷᠥᠯ ᠵᠦᠢᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠴᠠᠭ | ᠬᠤᠭᠤᠴᠠᠭ᠎ᠠ ᠶᠢ ᠪᠠᠭᠲᠠᠭᠠᠨ᠎ᠠ︔ 5 ᠵᠢᠯ ︵ᠪᠠᠭᠲᠠᠨ᠎ᠠ︶ ᠠᠴᠠ ᠤᠷᠲᠤ ᠬᠡᠷᠡᠭᠵᠢᠭᠦᠯᠬᠦ ᠬᠤᠭᠤᠴᠠᠭ᠎ᠠ ᠲᠠᠢ ᠲᠥᠷᠥᠯ | ᠵᠦᠢᠯ ᠳᠤ ᠤᠷᠲᠤᠪᠲᠤᠷ ᠬᠤᠭᠤᠴᠠᠭᠠᠨ ᠤ ᠪᠠ ᠬᠡᠷᠡᠭᠵᠢᠭᠦᠯᠦᠭᠰᠡᠨ ᠬᠤᠭᠤᠴᠠᠭᠠᠨ ᠤ ᠳᠠᠷᠠᠭᠠᠬᠢ ᠠᠮᠵᠢᠯᠲᠠ | ᠪᠦᠲᠦᠮᠵᠢ ᠶᠢᠨ ᠦᠨᠡᠯᠡᠯᠲᠡ ᠶᠢ ᠴᠠᠭ ᠲᠤ ᠨᠢ ᠲᠣᠬᠢᠷᠠᠭᠤᠯᠤᠨ ᠥᠷᠨᠢᠭᠦᠯᠬᠦ ᠬᠡᠷᠡᠭᠲᠡᠶ᠃ | | | ᠬᠤᠶᠠᠳᠤᠭᠠᠷ ᠪᠦᠯᠦᠭ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠵᠠᠷᠴᠢᠮ᠂ ᠦᠨᠳᠦᠰᠦᠯᠡᠯ ᠪᠠ | ᠪᠠᠷᠢᠮᠵᠢᠶ᠎ᠠ | | ᠳᠣᠯᠣᠳᠤᠭᠠᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠳᠤ ᠳᠣᠤᠷᠠᠬᠢ ᠦᠨᠳᠦᠰᠦᠨ ᠵᠠᠷᠴᠢᠮ ᠢ | ᠵᠢᠷᠤᠮᠯᠠᠬᠤ ᠬᠡᠷᠡᠭᠲᠡᠶ᠄ | ︵ᠨᠢᠭᠡ︶ ᠰᠢᠨᠵᠢᠯᠡᠬᠦ ᠤᠬᠠᠭᠠᠨᠴᠢ ᠪᠥᠭᠡᠳ ᠲᠥᠪ ᠭᠤᠣᠯᠴᠢ ᠪᠠᠶᠢᠬᠤ᠃ ᠠᠮᠵᠢᠯᠲᠠ ᠪᠦᠲᠦᠮᠵᠢ ᠶᠢᠨ | ᠦᠨᠡᠯᠡᠯᠲᠡ ᠳᠤ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠠᠷᠭ᠎ᠠ ᠶᠢ ᠬᠡᠷᠡᠭᠯᠡᠨ᠂ ᠵᠢᠷᠤᠮᠵᠢᠭᠰᠠᠨ ᠳᠡᠰ ᠳᠠᠷᠠᠭᠠᠯᠠᠯ | ᠶᠣᠰᠣᠭᠠᠷ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠪᠤᠰᠤᠳᠴᠢ ᠪᠥᠭᠡᠳ ᠭᠤᠣᠯᠴᠢ ᠪᠠᠷ ᠲᠤᠰᠬᠠᠬᠤ ᠬᠡᠷᠡᠭᠲᠡᠶ︔ | | ︵ᠬᠤᠶᠠᠷ︶ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ᠃ ᠨᠢᠭᠡᠴᠢ ᠶᠢᠨ ᠥᠪᠡᠷᠰᠡᠳ ᠤᠨ | ᠦᠨᠡᠯᠡᠯᠲᠡ᠂ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠳᠤ ᠡᠭᠦᠷᠭᠡ ᠬᠠᠷᠢᠭᠤᠴᠠᠯᠭ᠎ᠠ ᠶᠢ ᠨᠢ | ᠲᠣᠳᠣᠷᠬᠠᠢ ᠲᠣᠭᠲᠠᠭᠠᠨ᠂ ᠲᠤᠰ ᠲᠤᠰ ᠲᠤ ᠨᠢ ᠭᠤᠣᠯᠳᠠᠯᠭ᠎ᠠ ᠲᠠᠢ ᠪᠠᠶᠢᠯᠭᠠᠵᠤ᠂ ᠬᠠᠷᠢᠯᠴᠠᠨ ᠵᠣᠯᠭᠠᠯᠳᠤᠭᠤᠯᠬᠤ | ᠬᠡᠷᠡᠭᠲᠡᠢ᠃ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢ ᠪᠣᠯ ᠲᠥᠷᠥᠯ ᠵᠦᠢᠯ ᠤᠨ ᠨᠢᠭᠡᠴᠢ ᠨᠢ ᠥᠪᠡᠷᠰᠡᠳ ᠢᠶᠠᠨ | ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠬᠡᠷᠡᠭᠲᠡᠶ᠂ ᠰᠠᠯᠠᠭ᠎ᠠ ᠮᠥᠴᠢᠷ ᠤᠨ ᠦᠨᠡᠯᠡᠯᠲᠡ ᠪᠠ ᠡᠳ᠋ ᠤᠨ ᠵᠠᠰᠠᠭ ᠤᠨ | ᠦᠨᠡᠯᠡᠯᠲᠡ ᠶᠢ ᠪᠣᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠰᠠᠭᠤᠷᠢᠨ ᠳᠡᠭᠡᠷ᠎ᠡ ᠥᠷᠨᠢᠭᠦᠯᠬᠦ ᠬᠡᠷᠡᠭᠲᠡᠶ᠂ | ᠴᠢᠬᠤᠯᠠᠲᠠᠶ ᠦᠶ᠎ᠡ ᠳᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠨ ᠬᠡᠷᠡᠭᠵᠢᠭᠦᠯᠵᠦ ᠪᠣᠯᠤᠨ᠎ᠠ︔ | ︵ᠭᠤᠷᠪᠠ︶ ᠤᠷᠮᠠᠰᠢᠭᠤᠯᠬᠤ ᠪᠠ ᠬᠢᠵᠠᠭᠠᠷᠯᠠᠬᠤ᠃ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ | ᠬᠢᠭᠡᠳ ᠲᠥᠰᠦᠪ ᠤᠨ ᠲᠣᠬᠢᠷᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠬᠠᠯᠠᠨ | ᠰᠠᠶᠢᠵᠢᠷᠠᠭᠤᠯᠬᠤ ᠬᠠᠮᠢᠶᠠᠷᠤᠯᠲᠠ ᠶᠢᠨ ᠮᠥᠨ ᠴᠢᠨᠠᠷ ᠯᠤᠭ᠎ᠠ ᠬᠤᠯᠪᠣᠭᠳᠠᠭᠤᠯᠵᠤ᠂ ᠰᠠᠶᠢᠨ ᠢ ᠨᠢ ᠱᠠᠩᠨᠠᠵᠤ | ᠠᠨᠠᠢ ᠶᠢ ᠨᠢ ᠲᠣᠷᠭᠠᠬᠤ ᠪᠠ ᠤᠷᠮᠠᠰᠢᠭᠤᠯᠬᠤ ᠪᠠᠨ ᠵᠣᠬᠢᠴᠠᠯᠳᠤᠭᠤᠯᠤᠭᠰᠠᠨ ᠤᠳᠤᠷᠢᠳᠤᠮᠵᠢ ᠶᠢ ᠢᠯᠡᠷᠡᠭᠦᠯᠦᠨ᠂ | ᠦᠷ᠎ᠡ ᠪᠦᠲᠦᠮᠵᠢ ᠲᠠᠢ ᠪᠣᠯ ᠲᠣᠬᠢᠷᠠᠭᠤᠯᠵᠤ᠂ ᠦᠷ᠎ᠡ ᠪᠦᠲᠦᠮᠵᠢ ᠨᠢ ᠳᠣᠣᠷ᠎ᠠ ᠪᠣᠯ ᠪᠠᠭᠠᠰᠬᠠᠵᠤ᠂ ᠦᠷ᠎ᠡ ᠪᠦᠲᠦᠮᠵᠢ | ᠦᠭᠡᠶ ᠪᠣᠯ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ︔ | ︵ᠳᠥᠷᠪᠡ︶ ᠢᠯᠡ ᠲᠣᠳᠣ ᠪᠠᠶᠢᠯᠭᠠᠬᠤ᠃ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ | ᠬᠠᠤᠯᠢ ᠲᠣᠭᠲᠠᠭᠠᠯ ᠶᠣᠰᠣᠭᠠᠷ ᠢᠯᠡ ᠪᠣᠯᠭᠠᠬᠤ ᠶᠢᠨ ᠬᠠᠮᠲᠤ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠬᠦ ᠬᠡᠷᠡᠭᠲᠡᠢ᠃ | ᠨᠠᠢᠮᠠᠳᠤᠭᠠᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠭᠤᠣᠯ ᠦᠨᠳᠦᠰᠦᠯᠡᠯ᠄ | ︵ᠨᠢᠭᠡ︶ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ︔ | | ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ︔ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ᠂ ᠭᠤᠣᠯᠳᠠᠯᠭ᠎ᠠ ᠲᠠᠢ ᠡᠭᠦᠷᠭᠡ ᠱᠠᠭᠠᠷᠳᠠᠯᠭ᠎ᠠ ᠵᠢᠴᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠠᠷᠠᠯᠲᠠ︔ | ︵ᠭᠤᠷᠪᠠ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠠᠮᠢᠶ᠎ᠠ ᠪᠦᠬᠦᠢ ᠲᠣᠭᠲᠠᠭᠠᠯ︔ | ︵ᠳᠥᠷᠪᠡ︶ ᠬᠠᠮᠢᠶ᠎ᠠ ᠪᠦᠬᠦᠢ ᠠᠵᠢᠯ ᠲᠥᠷᠥᠯ ᠤᠨ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ | ᠪᠠᠷᠢᠮᠵᠢᠶ᠎ᠠ᠂ ᠠᠵᠢᠯ ᠲᠥᠷᠥᠯ ᠤᠨ ᠲᠥᠯᠥᠪᠵᠢᠭᠦᠯᠭᠡ ᠵᠢᠴᠢ ᠲᠤᠰᠬᠠᠶ ᠮᠡᠷᠭᠡᠵᠢᠯ ᠤᠨ ᠵᠢᠷᠤᠮᠵᠢᠯ︔ | ︵ᠲᠠᠪᠤ︶ ᠲᠥᠰᠦᠪ ᠤᠨ ᠬᠠᠮᠢᠶᠠᠷᠤᠯᠲᠠ ᠶᠢᠨ ᠳᠦᠷᠢᠮ ᠵᠢᠴᠢ ᠠᠷᠭ᠎ᠠ᠂ ᠲᠥᠷᠥᠯ ᠵᠦᠢᠯ ᠵᠢᠴᠢ ᠪᠡᠯᠡ | ᠮᠥᠩᠭᠦᠨ ᠤ ᠬᠠᠮᠢᠶᠠᠷᠤᠯᠲᠠ ᠶᠢᠨ ᠠᠷᠭ᠎ᠠ᠂ ᠡᠳ᠋ ᠤᠨ ᠶᠠᠪᠤᠳᠠᠯ ᠪᠠ ᠨᠢᠭᠲᠠᠯᠠᠨ ᠪᠣᠳᠣᠬᠤ ᠶᠢᠨ ᠮᠠᠲ᠋ᠧᠷᠢᠶᠠᠯ︔ | ︵ᠵᠢᠷᠭᠤᠭ᠎ᠠ︶ ᠲᠥᠷᠥᠯ ᠵᠦᠢᠯ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠠ ᠬᠠᠷᠠᠯᠲᠠ᠂ | ᠲᠥᠷᠥᠯ ᠵᠦᠢᠯ ᠢ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ᠂ ᠲᠥᠰᠦᠪ ᠢ ᠭᠦᠢᠴᠡᠳᠬᠡᠭᠰᠡᠨ ᠪᠠᠶᠢᠳᠠᠯ᠂ ᠣᠨ ᠤ | ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ᠂ ᠲᠥᠷᠥᠯ ᠵᠦᠢᠯ ᠤᠨ ᠲᠥᠰᠦᠪ ᠤᠨ ᠭᠦᠢᠴᠡᠳᠬᠡᠯ ᠪᠤᠶᠤ ᠰᠢᠯᠭᠠᠨ | ᠬᠤᠷᠢᠶᠠᠭᠰᠠᠨ ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠮᠠᠲ᠋ᠧᠷᠢᠶᠠᠯ︔ | ︵ᠳᠤᠯᠤᠭ᠎ᠠ︶ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ | ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ᠂ ᠬᠢᠨᠠᠨ ᠪᠤᠳᠤᠭᠰᠠᠨ ᠮᠡᠳᠡᠭᠦᠯᠦᠯᠲᠡ ᠵᠢᠴᠢ ᠲᠣᠭᠲᠠᠭᠠᠯ᠂ | ᠡᠳ᠋ ᠤᠨ ᠵᠠᠰᠠᠭ ᠤᠨ ᠬᠢᠨᠠᠵᠤ ᠲᠤᠯᠭᠠᠨ ᠬᠠᠷᠭᠤᠭᠤᠯᠤᠭᠰᠠᠨ ᠮᠡᠳᠡᠭᠦᠯᠦᠯᠲᠡ ᠵᠡᠷᠭᠡ︔ | ︵ᠨᠠᠢᠮᠠ︶ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃ | ᠶᠢᠰᠦᠳᠦᠭᠡᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠪᠠᠷᠢᠮᠵᠢᠶ᠎ᠠ ᠶᠢ ᠭᠤᠤᠯᠳᠠᠭᠤ ᠠᠮᠵᠢᠯᠲᠠ | ᠪᠦᠲᠦᠮᠵᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠬᠠᠷᠢᠴᠠᠭᠤᠯᠬᠤ ᠳᠤ ᠬᠡᠷᠡᠭᠯᠡᠨ᠎ᠡ᠂ ᠡᠭᠦᠨ ᠳᠤ | ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠲᠥᠯᠥᠪᠯᠡᠭᠡ ᠶᠢᠨ ᠪᠠᠷᠢᠮᠵᠢᠶ᠎ᠠ᠃ ᠡᠨᠡ ᠨᠢ ᠤᠷᠢᠳᠴᠢᠯᠠᠵᠤ ᠲᠣᠭᠲᠠᠭᠠᠭᠰᠠᠨ ᠬᠠᠷᠠᠯᠲᠠ᠂ | ᠲᠥᠯᠥᠪᠯᠡᠭᠡ᠂ ᠲᠥᠰᠦᠪ᠂ ᠲᠣᠭᠲᠠᠭᠰᠠᠨ ᠨᠣᠷᠮ᠎ᠠ ᠵᠡᠷᠭᠡ ᠪᠠᠷ ᠦᠨᠡᠯᠡᠯᠲᠡ ᠶᠢᠨ ᠪᠠᠷᠢᠮᠵᠢᠶ᠎ᠠ ᠪᠣᠯᠭᠠᠬᠤ ᠶᠢ ᠵᠢᠭᠠᠵᠤ | ᠪᠠᠶᠢᠨ᠎ᠠ︔ | ︵ᠬᠤᠶᠠᠷ︶ ᠠᠵᠢᠯ ᠲᠥᠷᠥᠯ ᠤᠨ ᠪᠠᠷᠢᠮᠵᠢᠶ᠎ᠠ᠃ ᠤᠯᠤᠰ ᠠᠴᠠ ᠨᠡᠶᠢᠲᠡᠯᠡᠭᠰᠡᠨ ᠠᠵᠢᠯ ᠲᠥᠷᠥᠯ ᠤᠨ | ᠭᠦᠢᠴᠡᠳᠬᠡᠯ ᠲᠣᠭᠠᠨ ᠤ ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠵᠤ ᠲᠣᠭᠲᠠᠭᠠᠭᠰᠠᠨ ᠦᠨᠡᠯᠡᠯᠲᠡ ᠶᠢᠨ | ᠪᠠᠷᠢᠮᠵᠢᠶ᠎ᠠ ᠶᠢ ᠵᠢᠭᠠᠵᠤ ᠪᠠᠶᠢᠨ᠎ᠠ︔ | ︵ᠭᠤᠷᠪᠠ︶ ᠥᠩᠭᠡᠷᠡᠭᠰᠡᠨ ᠤ ᠪᠠᠷᠢᠮᠵᠢᠶ᠎ᠠ᠃ ᠥᠩᠭᠡᠷᠡᠭᠰᠡᠨ ᠤ ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠵᠤ | ᠲᠣᠭᠲᠠᠭᠠᠭᠰᠠᠨ ᠦᠨᠡᠯᠡᠯᠲᠡ ᠶᠢᠨ ᠪᠠᠷᠢᠮᠵᠢᠶ᠎ᠠ ᠶᠢ ᠵᠢᠭᠠᠵᠤ ᠪᠣᠢ᠂ ᠠᠮᠵᠢᠯᠲᠠ ᠪᠦᠲᠦᠮᠵᠢ ᠶᠢᠨ ᠰᠠᠶᠢᠵᠢᠷᠠᠯᠲᠠ ᠶᠢᠨ | ᠵᠠᠷᠴᠢᠮ ᠢ ᠢᠯᠡᠳᠬᠡᠬᠦ ᠶᠢᠨ ᠲᠣᠰᠠᠳᠠ᠂ ᠪᠡᠶᠡᠯᠡᠭᠦᠯᠵᠦ ᠪᠣᠯᠬᠤ ᠨᠥᠬᠦᠴᠡᠯ ᠳᠤ ᠬᠠᠷᠢᠴᠠᠩᠭᠤᠶ ᠨᠡᠯᠢᠶᠡᠳ ᠥᠨᠳᠥᠷ | ᠦᠨᠡᠯᠡᠯᠲᠡ ᠶᠢᠨ ᠪᠠᠷᠢᠮᠵᠢᠶ᠎ᠠ ᠲᠣᠭᠲᠠᠭᠠᠪᠠᠰᠤ ᠵᠣᠬᠢᠨ᠎ᠠ︔ | ︵ᠳᠥᠷᠪᠡ︶ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠲᠥᠰᠦᠪ ᠬᠢᠵᠦ ᠪᠦᠬᠦᠢ ᠰᠠᠯᠠᠭ᠎ᠠ | ᠮᠥᠴᠢᠷ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠤᠲᠠᠯᠠᠭᠰᠠᠨ ᠪᠤᠶᠤ ᠵᠥᠪᠰᠢᠶᠡᠷᠡᠭᠰᠡᠨ ᠪᠤᠰᠤᠳ ᠪᠠᠷᠢᠮᠵᠢᠶ᠎ᠠ᠃ | | | | ᠭᠤᠷᠪᠠᠳᠤᠭᠠᠷ ᠪᠦᠯᠦᠭ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ | | ᠠᠷᠪᠠᠳᠤᠭᠠᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠬᠢᠬᠦ ᠡᠲᠡᠭᠡᠳ ᠲᠤ ᠵᠠᠰᠠᠭ ᠤᠨ ᠣᠷᠳᠣᠨ ᠤ | ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠪᠤᠶ ᠪᠦᠬᠦᠢ ᠲᠥᠷᠥᠯ ᠵᠦᠢᠯ ᠤᠨ ᠵᠠᠷᠤᠯᠭ᠎ᠠ ᠶᠢ ᠪᠠᠭᠲᠠᠭᠠᠨ᠎ᠠ᠂ | ︽ᠬᠡᠨ ᠵᠠᠷᠤᠴᠠᠭᠤᠯᠪᠠᠯ ᠲᠡᠷᠡ ᠥᠪᠡᠷᠰᠡᠳ ᠢᠶᠠᠨ ᠦᠨᠡᠯᠡᠬᠦ︾ ᠵᠠᠷᠴᠢᠮ ᠶᠣᠰᠣᠭᠠᠷ᠂ ᠥᠪᠡᠷᠰᠡᠳ ᠤᠨ | ᠦᠨᠡᠯᠡᠯᠲᠡ ᠶᠢᠨ ᠠᠵᠢᠯ ᠢ ᠲᠥᠷᠥᠯ ᠵᠦᠢᠯ ᠤᠨ ᠨᠢᠭᠡᠴᠢ ᠨᠢ ᠪᠣᠳᠠᠲᠠᠶ ᠬᠠᠷᠢᠭᠤᠴᠠᠨ ᠬᠡᠷᠡᠭᠵᠢᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠠᠭᠤᠯᠭ᠎ᠠ ᠳᠤ ᠭᠤᠣᠯᠳᠠᠭᠤ᠄ | ᠲᠥᠷᠥᠯ ᠵᠦᠢᠯ ᠤᠨ ᠶᠡᠷᠦᠩᠬᠡᠶ ᠠᠮᠵᠢᠯᠲᠠ ᠪᠦᠲᠦᠮᠵᠢ ᠶᠢᠨ ᠬᠠᠷᠠᠯᠲᠠ᠂ ᠡᠯ᠎ᠡ ᠵᠦᠢᠯ ᠤᠨ ᠠᠮᠵᠢᠯᠲᠠ ᠪᠦᠲᠦᠮᠵᠢ ᠶᠢᠨ | ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠲᠥᠰᠦᠪ ᠢ ᠭᠦᠢᠴᠡᠳᠬᠡᠭᠰᠡᠨ ᠪᠠᠶᠢᠳᠠᠯ ᠪᠠᠭᠲᠠᠨ᠎ᠠ᠃ | ᠠᠮᠵᠢᠯᠲᠠ ᠪᠦᠲᠦᠮᠵᠢ ᠶᠢᠨ ᠬᠠᠷᠠᠯᠲᠠ ᠪᠠᠨ ᠪᠡᠶᠡᠯᠡᠭᠦᠯᠦᠭᠰᠡᠨ ᠦᠭᠡᠶ ᠪᠤᠶᠤ ᠠᠮᠵᠢᠯᠲᠠ ᠪᠦᠲᠦᠮᠵᠢ ᠶᠢᠨ | ᠬᠠᠷᠠᠯᠲᠠ ᠠᠴᠠ ᠪᠠᠨ ᠨᠡᠯᠢᠶᠡᠳ ᠶᠡᠭᠡ ᠵᠠᠶᠢᠳᠠᠭᠰᠠᠨ ᠲᠥᠷᠥᠯ ᠵᠦᠢᠯ ᠳᠤ ᠰᠢᠯᠲᠠᠭᠠᠨ ᠢ ᠨᠢ ᠵᠠᠳᠠᠯᠬᠤ ᠶᠢᠨ ᠬᠠᠮᠲᠤ | ᠲᠡᠭᠦᠨ ᠢ ᠲᠣᠳᠣᠷᠬᠠᠶᠢᠯᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠰᠤᠳᠤᠯᠤᠨ ᠳᠤᠷᠠᠳᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠪᠣᠯ | ᠲᠥᠰᠦᠪ ᠢ ᠴᠣᠬᠤᠯᠠᠪᠤᠷᠢᠯᠠᠬᠤ ᠳᠤ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠤᠶᠤ | ᠳᠡᠭᠡᠳᠦ ᠱᠠᠲᠤᠨ ᠤ ᠲᠤᠰᠬᠠᠶ ᠪᠡᠯᠡ ᠮᠥᠩᠭᠦ ᠶᠢ ᠭᠤᠶᠤᠴᠢᠯᠠᠬᠤ ᠳᠤ ᠲᠣᠭᠲᠠᠭᠠᠭᠰᠠᠨ ᠠᠮᠵᠢᠯᠲᠠ ᠪᠦᠲᠦᠮᠵᠢ ᠶᠢᠨ | ᠭᠦᠢᠴᠡᠳᠬᠡᠯ ᠲᠤᠭ᠎ᠠ ᠪᠣᠯᠤᠨ᠎ᠠ᠂ ᠡᠭᠦᠨ ᠳᠤ ᠲᠥᠷᠥᠯ ᠵᠦᠢᠯ ᠤᠨ ᠦᠢᠯᠡᠳᠪᠦᠷᠢᠯᠡᠵᠦ ᠭᠠᠷᠭᠠᠭᠰᠠᠨ ᠬᠡᠮᠵᠢᠶ᠎ᠡ᠂ ᠶᠠᠰᠤ | ᠴᠢᠨᠠᠷ᠂ ᠬᠦᠴᠦᠨ ᠲᠠᠢ ᠬᠤᠭᠤᠴᠠᠭ᠎ᠠ᠂ ᠥᠪᠡᠷ ᠤᠨ ᠥᠷᠲᠡᠭ ᠵᠢᠴᠢ ᠠᠵᠤ ᠠᠬᠤᠶ ᠶᠢᠨ ᠦᠷ᠎ᠡ ᠠᠰᠢᠭ᠂ | ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ᠂ ᠦᠷᠬᠦᠯᠵᠢᠯᠡᠬᠦ᠋ᠢᠴᠡ ᠨᠥᠯᠥᠭᠡᠯᠡᠯ᠂ ᠦᠢᠯᠡᠴᠢᠯᠡᠭᠡ | ᠬᠦᠷᠲᠡᠭᠰᠡᠳ ᠤᠨ ᠰᠡᠳᠬᠢᠯ ᠬᠠᠨᠤᠮᠵᠢᠲᠡᠢ ᠪᠠᠶᠢᠬᠤ ᠪᠠᠶᠢᠳᠠᠯ ᠵᠡᠷᠭᠡ ᠪᠠᠭᠲᠠᠨ᠎ᠠ᠃ | ᠠᠷᠪᠠᠨ ᠭᠤᠷᠪᠠᠳᠤᠭᠠᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠭᠦᠢᠴᠡᠳᠬᠡᠯ ᠲᠣᠭᠠᠨ ᠤ | ᠡᠵᠡᠯᠡᠬᠦ ᠬᠤᠪᠢᠳᠠᠯ ᠢ ᠡᠯ᠎ᠡ ᠨᠢᠭᠡᠴᠢ ᠨᠢ ᠲᠥᠷᠥᠯ ᠵᠦᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ | ᠵᠠᠷᠴᠢᠮ ᠳᠡᠭᠡᠷ᠎ᠡ ᠪᠠᠨ ᠲᠥᠰᠦᠪ ᠢ ᠭᠦᠢᠴᠡᠳᠬᠡᠭᠰᠡᠨ ᠨᠣᠷᠮ᠎ᠠ ᠪᠠ ᠨᠢᠭᠡᠳᠦᠭᠡᠷ ᠳᠡᠰ ᠤᠨ ᠭᠦᠢᠴᠡᠳᠬᠡᠯ ᠲᠣᠭᠠᠨ ᠤ | ᠡᠵᠡᠯᠡᠬᠦ ᠬᠤᠪᠢᠳᠠᠯ ᠢ᠄ ᠲᠥᠰᠦᠪ ᠢ ᠭᠦᠢᠴᠡᠳᠬᠡᠭᠰᠡᠨ ᠨᠣᠷᠮ᠎ᠠ 10%᠂ ᠦᠢᠯᠡᠳᠪᠦᠷᠢᠯᠡᠵᠦ ᠭᠠᠷᠭᠠᠭᠰᠠᠨ | ᠭᠦᠢᠴᠡᠳᠬᠡᠯ ᠲᠤᠭ᠎ᠠ 50%᠂ ᠦᠷ᠎ᠡ ᠠᠰᠢᠭ ᠤᠨ ᠭᠦᠢᠴᠡᠳᠬᠡᠯ ᠲᠤᠭ᠎ᠠ 30%᠂ ᠦᠢᠯᠡᠴᠢᠯᠡᠭᠡ | ᠬᠦᠷᠲᠡᠭᠰᠡᠳ ᠤᠨ ᠰᠡᠳᠬᠢᠯ ᠬᠠᠨᠤᠮᠵᠢᠲᠡᠢ ᠪᠠᠶᠢᠬᠤ ᠪᠠᠶᠢᠳᠠᠯ ᠤᠨ ᠭᠦᠢᠴᠡᠳᠬᠡᠯ ᠲᠤᠭ᠎ᠠ 10% ᠪᠠᠷ ᠨᠢᠭᠡᠳᠦᠯᠲᠡᠢ | ᠲᠣᠭᠲᠠᠭᠠᠪᠠ᠃ ᠣᠨᠴᠠᠭᠠᠶ ᠪᠠᠶᠢᠳᠠᠯ ᠲᠠᠢ ᠪᠣᠯ᠂ ᠨᠢᠭᠡᠳᠦᠭᠡᠷ ᠳᠡᠰ ᠤᠨ ᠭᠦᠢᠴᠡᠳᠬᠡᠯ ᠲᠣᠭᠠᠨ ᠤ ᠡᠵᠡᠯᠡᠬᠦ | ᠬᠤᠪᠢᠳᠠᠯ ᠢ ᠨᠢ ᠵᠣᠬᠢᠰᠲᠠᠶ ᠲᠣᠬᠢᠷᠠᠭᠤᠯᠵᠤ ᠪᠣᠯᠤᠨ᠎ᠠ᠃ ᠬᠤᠶᠠᠷ᠂ ᠭᠤᠷᠪᠠᠳᠤᠭᠠᠷ ᠳᠡᠰ ᠤᠨ ᠭᠦᠢᠴᠡᠳᠬᠡᠯ | ᠲᠤᠭ᠎ᠠ ᠶᠢ ᠭᠦᠢᠴᠡᠳᠬᠡᠯ ᠲᠣᠭᠠᠨ ᠤ ᠴᠢᠬᠤᠯᠠ ᠶᠢᠨ ᠬᠡᠮᠵᠢᠶ᠎ᠡ᠂ ᠲᠥᠷᠥᠯ ᠵᠦᠢᠯ ᠢ ᠬᠡᠷᠡᠭᠵᠢᠭᠦᠯᠬᠦ ᠱᠠᠲᠤ ᠦᠶ᠎ᠡ | ᠵᠡᠷᠭᠡ ᠬᠦᠴᠦᠨ ᠵᠦᠢᠯ ᠢ ᠦᠨᠳᠦᠰᠦᠯᠡᠨ ᠶᠡᠷᠦᠩᠬᠡᠶᠢᠯᠡᠨ ᠲᠣᠭᠲᠠᠭᠠᠵᠤ᠂ ᠲᠥᠷᠥᠯ ᠵᠦᠢᠯ ᠤᠨ ᠦᠢᠯᠡᠳᠪᠦᠷᠢᠯᠡᠵᠦ | ᠭᠠᠷᠭᠠᠭᠰᠠᠨ ᠬᠡᠮᠵᠢᠶ᠎ᠡ ᠪᠠ ᠦᠷ᠎ᠡ ᠠᠰᠢᠭ ᠢ ᠣᠨᠣᠪᠴᠢᠲᠠᠶ ᠲᠤᠰᠬᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠳᠤ ᠲᠣᠭᠲᠠᠮᠠᠯ ᠬᠡᠮᠵᠢᠶ᠎ᠡ ᠬᠢᠭᠡᠳ | ᠲᠣᠭᠲᠠᠮᠠᠯ ᠴᠢᠨᠠᠷ ᠤᠨ ᠦᠨᠡᠯᠡᠯᠲᠡ ᠶᠢ ᠤᠶᠠᠯᠳᠤᠭᠤᠯᠤᠭᠰᠠᠨ ᠠᠳᠠᠯᠢᠳᠬᠠᠬᠤ ᠠᠷᠭ᠎ᠠ ᠶᠢ ᠬᠡᠷᠡᠭᠯᠡᠵᠦ᠂ ᠶᠡᠷᠦᠩᠬᠡᠶ | ᠬᠤᠪᠢ ᠶᠢ ᠡᠯ᠎ᠡ ᠵᠦᠢᠯ ᠤᠨ ᠭᠦᠢᠴᠡᠳᠬᠡᠯ ᠲᠤᠭ᠎ᠠ ᠳᠤ ᠣᠯᠤᠭᠰᠠᠨ ᠬᠤᠪᠢ ᠶᠢ ᠬᠤᠷᠢᠶᠠᠩᠭᠤᠶᠢᠯᠠᠭᠠᠳ ᠲᠣᠭᠲᠠᠭᠠᠬᠤ | ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠣᠭᠲᠠᠮᠠᠯ ᠬᠡᠮᠵᠢᠶᠡᠨ ᠤ ᠭᠦᠢᠴᠡᠳᠬᠡᠯ ᠲᠤᠭ᠎ᠠ ᠳᠤ ᠣᠯᠭᠤᠬᠤ ᠬᠤᠪᠢ ᠶᠢ | ᠳᠣᠣᠷᠠᠬᠢ ᠠᠷᠭ᠎ᠠ ᠪᠠᠷ ᠦᠨᠡᠯᠡᠨ ᠲᠣᠭᠲᠠᠭᠠᠨ᠎ᠠ᠄ | ︵ᠨᠢᠭᠡ︶ ᠵᠢᠯ ᠤᠨ ᠡᠬᠢᠨ ᠤ ᠪᠤᠶᠤ ᠲᠥᠷᠥᠯ ᠵᠦᠢᠯ ᠳᠤ ᠲᠣᠭᠲᠠᠭᠠᠭᠰᠠᠨ ᠭᠦᠢᠴᠡᠳᠬᠡᠯ ᠲᠣᠭᠠᠨ ᠤ | ᠬᠡᠮᠵᠢᠭᠳᠡᠯ ᠲᠠᠢ ᠬᠠᠷᠢᠴᠠᠭᠤᠯᠵᠤ᠂ ᠭᠦᠢᠴᠡᠳᠬᠡᠯ ᠲᠣᠭᠠᠨ ᠤ ᠬᠡᠮᠵᠢᠭᠳᠡᠯ ᠢ ᠪᠡᠶᠡᠯᠡᠭᠦᠯᠦᠭᠰᠡᠨ ᠪᠠᠶᠢᠪᠠᠯ᠂ ᠲᠣᠰ | ᠭᠦᠢᠴᠡᠳᠬᠡᠯ ᠲᠤᠭ᠎ᠠ ᠳᠤ ᠣᠨᠣᠭᠳᠠᠭᠰᠠᠨ ᠪᠥᠬᠦ ᠬᠤᠪᠢ ᠶᠢᠨ ᠬᠡᠮᠵᠢᠭᠳᠡᠯ ᠢ ᠲᠡᠮᠳᠡᠭᠯᠡᠬᠦ ᠬᠡᠷᠡᠭᠲᠡᠶ︔ | ︵ᠬᠤᠶᠠᠷ︶ ᠪᠡᠶᠡᠯᠡᠭᠦᠯᠦᠭᠰᠡᠨ ᠬᠡᠮᠵᠢᠭᠳᠡᠯ ᠨᠢ ᠭᠦᠢᠴᠡᠳᠬᠡᠯ ᠲᠣᠭᠠᠨ ᠤ ᠬᠡᠮᠵᠢᠭᠳᠡᠯ ᠠᠴᠠ ᠨᠡᠯᠢᠶᠡᠳ ᠶᠡᠭᠡ | ᠪᠠᠶᠢᠪᠠᠯ᠂ ᠰᠢᠯᠲᠠᠭᠠᠨ ᠢ ᠨᠢ ᠵᠠᠳᠠᠯᠬᠤ ᠬᠡᠷᠡᠭᠲᠡᠶ᠂ ᠬᠡᠷᠪᠡ ᠵᠢᠯ ᠤᠨ ᠡᠬᠢᠨ ᠤ ᠪᠤᠶᠤ ᠲᠥᠷᠥᠯ ᠵᠦᠢᠯ ᠤᠨ ᠭᠦᠢᠴᠡᠳᠬᠡᠯ | ᠲᠣᠭᠠᠨ ᠤ ᠬᠡᠮᠵᠢᠭᠳᠡᠯ ᠢ ᠢᠯᠡᠷᠬᠡᠶ ᠪᠠᠭ᠎ᠠ ᠲᠣᠭᠲᠠᠭᠠᠭᠰᠠᠨ ᠠᠴᠠ ᠪᠣᠯᠤᠭᠰᠠᠨ ᠪᠠᠶᠢᠪᠠᠯ᠂ ᠵᠠᠶᠢᠳᠠᠭᠰᠠᠨ ᠬᠡᠮᠵᠢᠶ᠎ᠡ ᠪᠠᠷ | ᠬᠤᠪᠢ ᠶᠢᠨ ᠬᠡᠮᠵᠢᠭᠳᠡᠯ ᠢ ᠨᠢ ᠵᠣᠬᠢᠰᠲᠠᠶ ᠲᠣᠬᠢᠷᠠᠭᠤᠯᠤᠨ ᠬᠠᠰᠤᠬᠤ ᠬᠡᠷᠡᠭᠲᠡᠶ︔ | ︵ᠭᠤᠷᠪᠠ︶ ᠭᠦᠢᠴᠡᠳᠬᠡᠯ ᠲᠣᠭᠠᠨ ᠤ ᠬᠡᠮᠵᠢᠭᠳᠡᠯ ᠢ ᠪᠡᠶᠡᠯᠡᠭᠦᠯᠦᠭᠰᠡᠨ ᠦᠭᠡᠢ ᠪᠠᠶᠢᠪᠠᠯ᠂ ᠪᠡᠶᠡᠯᠡᠭᠦᠯᠦᠭᠰᠡᠨ | ᠬᠡᠮᠵᠢᠭᠳᠡᠯ ᠪᠠ ᠭᠦᠢᠴᠡᠳᠬᠡᠯ ᠲᠣᠭᠠᠨ ᠤ ᠬᠡᠮᠵᠢᠭᠳᠡᠯ ᠤᠨ ᠬᠠᠷᠢᠴᠠᠯ ᠢᠶᠠᠷ ᠬᠤᠪᠢ ᠶᠢ ᠨᠢ ᠲᠡᠮᠳᠡᠭᠯᠡᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠲᠣᠭᠲᠠᠮᠠᠯ ᠴᠢᠨᠠᠷ ᠤᠨ ᠭᠦᠢᠴᠡᠳᠬᠡᠯ ᠲᠤᠭ᠎ᠠ ᠳᠤ ᠣᠯᠭᠤᠬᠤ ᠬᠤᠪᠢ ᠶᠢ | ᠳᠣᠣᠷᠠᠬᠢ ᠠᠷᠭ᠎ᠠ ᠪᠠᠷ ᠦᠨᠡᠯᠡᠨ ᠲᠣᠭᠲᠠᠭᠠᠨ᠎ᠠ᠄ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠨᠢ | ᠦᠨᠳᠦᠰᠦᠯᠡᠨ ᠣᠨ ᠤ ᠲᠣᠬᠢᠷᠠᠯᠴᠠᠬᠤ ᠭᠦᠢᠴᠡᠳᠬᠡᠯ ᠲᠤᠭ᠎ᠠ᠂ ᠣᠨ ᠤ ᠲᠣᠬᠢᠷᠠᠯᠴᠠᠬᠤ ᠬᠡᠰᠡᠭ ᠭᠦᠢᠴᠡᠳᠬᠡᠯ ᠲᠤᠭ᠎ᠠ | ᠪᠥᠭᠡᠳ ᠵᠣᠬᠢᠬᠤ ᠦᠷ᠎ᠡ ᠪᠦᠲᠦᠮᠵᠢ ᠲᠠᠢ᠂ ᠣᠨ ᠤ ᠥᠯᠥ ᠲᠣᠬᠢᠷᠠᠯᠴᠠᠬᠤ ᠭᠦᠢᠴᠡᠳᠬᠡᠯ ᠲᠤᠭ᠎ᠠ ᠮᠥᠷᠲᠡᠭᠡᠨ ᠦᠷ᠎ᠡ | ᠪᠦᠲᠦᠮᠵᠢ ᠪᠠᠷ ᠨᠡᠯᠢᠶᠡᠳ ᠠᠨᠠᠶ ᠭᠤᠷᠪᠠᠨ ᠳᠡᠰ ᠬᠤᠪᠢᠶᠠᠨ᠎ᠠ᠂ ᠲᠤᠰ ᠭᠦᠢᠴᠡᠳᠬᠡᠯ ᠲᠤᠭ᠎ᠠ ᠲᠠᠢ ᠬᠠᠷᠠᠭᠠᠯᠵᠠᠬᠤ | ᠬᠤᠪᠢ ᠶᠢᠨ ᠬᠡᠮᠵᠢᠭᠳᠡᠯ ᠤᠨ ᠣᠷᠣᠨ ᠢ 100% — 80% ︵ᠪᠠᠭᠲᠠᠨ᠎ᠠ ︶᠂ 80% — 60% | ︵ᠪᠠᠭᠲᠠᠨ᠎ᠠ ︶᠂ 60% — 0% ᠪᠠᠷ ᠬᠤᠪᠢᠶᠠᠷᠢ ᠬᠡᠮᠵᠢᠭᠳᠡᠯ ᠢ ᠨᠢ ᠲᠤᠰ ᠲᠤᠰ ᠵᠣᠬᠢᠰᠲᠠᠶ ᠲᠣᠭᠲᠠᠭᠠᠬᠤ | ᠬᠡᠷᠡᠭᠲᠡᠢ᠃ | ᠠᠷᠪᠠᠨ ᠳᠣᠯᠣᠳᠤᠭᠠᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢ ᠪᠣᠯ ᠭᠤᠤᠯᠳᠠᠭᠤ ᠲᠥᠷᠥᠯ | ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠬᠦᠰᠦᠨᠦᠭᠲᠦ ᠪᠠ | ᠥᠪᠡᠷᠰᠡᠳ ᠤᠨ ᠦᠨᠡᠯᠡᠯᠲᠡ ᠶᠢᠨ ᠮᠡᠳᠡᠭᠦᠯᠦᠯᠲᠡ ᠶᠢᠨ ᠬᠡᠯᠪᠡᠷᠢ ᠪᠠᠷ ᠳᠠᠮᠵᠢᠭᠤᠯᠤᠨ ᠲᠤᠰᠬᠠᠵᠤ᠂ ᠥᠪᠡᠷᠰᠡᠳ ᠤᠨ | ᠦᠨᠡᠯᠡᠯᠲᠡ ᠶᠢᠨ ᠦᠷ᠎ᠡ ᠳ᠋ᠦᠩ ᠳᠤ ᠠᠭᠤᠯᠭ᠎ᠠ ᠶᠢ ᠨᠢ ᠪᠦᠷᠢᠨ ᠪᠦᠲᠦᠨ᠂ ᠡᠵᠡᠯᠡᠬᠦ ᠬᠤᠪᠢᠳᠠᠯ ᠢ ᠨᠢ ᠵᠦᠶ ᠵᠣᠬᠢᠰᠲᠠᠶ᠂ | ᠲᠤᠭ᠎ᠠ ᠪᠠᠷᠢᠮᠲᠠ ᠶᠢ ᠨᠢ ᠦᠨᠡᠨ ᠪᠣᠳᠠᠲᠠᠶ᠂ ᠦᠷ᠎ᠡ ᠳ᠋ᠦᠩ ᠢ ᠨᠢ ᠪᠤᠰᠤᠳᠴᠢ ᠪᠠᠶᠢᠯᠭᠠᠬᠤ ᠬᠡᠷᠡᠭᠲᠡᠶ᠃ ᠲᠥᠷᠥᠯ | ᠵᠦᠢᠯ ᠤᠨ ᠨᠢᠭᠡᠴᠢ ᠨᠢ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠤᠨ ᠦᠨᠡᠨ ᠪᠣᠳᠠᠲᠤ ᠴᠢᠨᠠᠷ ᠪᠠ | ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠢᠭᠡᠴᠢ ᠶᠢᠨ ᠥᠪᠡᠷᠰᠡᠳ ᠤᠨ | ᠦᠨᠡᠯᠡᠯᠲᠡ ᠶᠢᠨ ᠦᠷ᠎ᠡ ᠳ᠋ᠦᠩ ᠢ ᠰᠤᠭᠤᠴᠢᠨ ᠪᠠᠶᠢᠴᠠᠭᠠᠵᠤ ᠬᠠᠷᠭᠤᠭᠤᠯᠤᠨ ᠰᠢᠯᠭᠠᠬᠤ ᠬᠡᠷᠡᠭᠲᠡᠢ᠃ ᠰᠤᠭᠤᠴᠢᠨ | ᠪᠠᠶᠢᠴᠠᠭᠠᠵᠤ ᠬᠠᠷᠭᠤᠭᠤᠯᠤᠨ ᠰᠢᠯᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠲᠥᠷᠥᠯ ᠵᠦᠢᠯ ᠤᠨ ᠨᠢᠭᠡᠴᠢ ᠨᠢ ᠴᠠᠭ | ᠲᠤᠬᠠᠶ ᠳᠤ ᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠶ᠃ | | | ᠳᠥᠷᠪᠡᠳᠦᠭᠡᠷ ᠪᠦᠯᠦᠭ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠶᠢ ᠵᠣᠬᠢᠶᠠᠨ | ᠪᠠᠶᠢᠭᠤᠯᠵᠤ ᠬᠡᠷᠡᠭᠵᠢᠭᠦᠯᠬᠦ | | ᠠᠷᠪᠠ ᠶᠢᠰᠦᠳᠦᠭᠡᠷ ᠵᠦᠢᠯ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠳᠤ ᠣᠨ ᠤ | ᠲᠥᠯᠥᠪᠯᠡᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠵᠢᠯ ᠤᠨ ᠡᠬᠢᠨ ᠳᠤ ᠲᠥᠰᠦᠪ ᠬᠢᠵᠦ ᠪᠦᠬᠦᠢ ᠰᠠᠯᠠᠭ᠎ᠠ | ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ | ᠠᠵᠢᠯ ᠤᠨ ᠲᠥᠯᠥᠪᠯᠡᠭᠡ ᠶᠢ ᠨᠢᠭᠡᠳᠦᠯᠲᠡᠶ ᠲᠥᠯᠥᠪᠯᠡᠵᠦ ᠰᠤᠳᠤᠯᠤᠨ ᠲᠣᠭᠲᠠᠭᠠᠵᠤ᠂ ᠲᠥᠰᠦᠪ ᠬᠢᠵᠦ ᠪᠦᠬᠦᠢ | ᠰᠠᠯᠠᠭ᠎ᠠ ᠮᠥᠴᠢᠷ ᠨᠢ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠲᠥᠯᠥᠪᠯᠡᠭᠡ ᠪᠠᠨ ᠠᠳᠠᠯᠢ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠬᠤᠷᠢᠳᠤᠭᠠᠷ ᠵᠦᠢᠯ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠦᠨᠡᠯᠡᠯᠲᠡ ᠬᠢᠬᠦ ᠰᠠᠯᠠᠭ᠎ᠠ ᠮᠥᠴᠢᠷ ᠨᠢ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠶᠡᠭᠡ ᠥᠭᠡᠷᠡᠴᠢᠯᠡᠯᠲᠡ | ᠬᠥᠭᠵᠢᠯᠲᠡ ᠶᠢᠨ ᠲᠥᠷᠥᠯ ᠵᠦᠢᠯ ᠢ ᠦᠨᠡᠯᠡᠯᠲᠡ ᠬᠢᠯᠭᠡᠬᠦ ᠡᠲᠡᠭᠡᠳ ᠢᠶᠠᠷ ᠡᠩ ᠲᠡᠷᠢᠭᠦᠨ ᠳᠤ ᠰᠣᠩᠭᠤᠵᠤ᠂ ᠵᠠᠷᠴᠢᠮ | ᠳᠡᠭᠡᠷ᠎ᠡ ᠪᠠᠨ 5 ᠵᠢᠯ ᠢᠶᠠᠷ ᠦᠶᠡᠯᠡᠬᠦ ᠬᠤᠭᠤᠴᠠᠭ᠎ᠠ ᠪᠣᠯᠭᠠᠨ᠂ ᠰᠠᠯᠠᠭ᠎ᠠ ᠮᠥᠴᠢᠷ ᠤᠨ ᠦᠨᠡᠯᠡᠯᠲᠡ ᠶᠢᠨ | ᠭᠤᠣᠯᠳᠠᠯᠭ᠎ᠠ ᠲᠠᠢ ᠲᠥᠷᠥᠯ ᠵᠦᠢᠯ ᠪᠥᠬᠦᠨ ᠢ ᠬᠠᠮᠤᠷᠴᠤ ᠪᠠᠭᠲᠠᠭᠠᠭᠰᠠᠨ ᠪᠠᠶᠢᠬᠤ ᠬᠡᠷᠡᠭᠲᠡᠢ᠂ ᠡᠩ ᠤᠨ ᠴᠢᠨᠠᠷᠲᠠᠢ | ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠲᠠᠰᠢᠷᠠᠮ ᠢᠶᠠᠷ ᠰᠤᠭᠤᠴᠢᠨ ᠰᠣᠩᠭᠤᠵᠤ ᠪᠣᠯᠣᠨ᠎ᠠ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ | ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠡᠳ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠷᠥᠯ ᠵᠦᠢᠯ ᠵᠢᠴᠢ ᠬᠠᠮᠤᠷᠬᠤ ᠬᠡᠪᠴᠢᠶ᠎ᠡ ᠨᠢ ᠥᠷᠭᠡᠨ᠂ ᠨᠥᠯᠥᠭᠡᠯᠡᠬᠦ | ᠬᠦᠴᠦᠨ ᠢᠶᠠᠷ ᠶᠡᠭᠡ᠂ ᠨᠡᠶᠢᠭᠡᠮ ᠤᠨ ᠬᠢᠨ ᠤ ᠠᠩᠬᠠᠷᠤᠯ ᠤᠨ ᠭᠡᠮᠵᠢᠶ᠎ᠠ ᠶᠡᠭᠡ᠂ ᠬᠡᠷᠡᠭᠵᠢᠭᠦᠯᠬᠦ ᠬᠤᠭᠤᠴᠠᠭ᠎ᠠ ᠨᠢ | ᠤᠷᠲᠤ ᠪᠠᠶᠢᠭ᠎ᠠ ᠲᠥᠷᠥᠯ ᠵᠦᠢᠯ ᠢ ᠦᠨᠡᠯᠡᠯᠲᠡ ᠬᠢᠯᠭᠡᠬᠦ ᠲᠥᠷᠥᠯ ᠵᠦᠢᠯ ᠢᠶᠠᠷ ᠡᠩ ᠲᠡᠷᠢᠭᠦᠨ ᠳᠤ ᠰᠣᠩᠭᠤᠬᠤ | ᠬᠡᠷᠡᠭᠲᠡᠶ᠃ ᠭᠤᠣᠯᠳᠠᠯᠭ᠎ᠠ ᠲᠠᠢ ᠲᠥᠷᠥᠯ ᠵᠦᠢᠯ ᠳᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ | ᠦᠶᠡᠯᠡᠯ ᠤᠨ ᠴᠢᠨᠠᠷᠲᠠᠶ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠰᠤᠭᠤᠴᠢᠨ ᠪᠠᠶᠢᠴᠠᠭᠠᠬᠤ | ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠣᠬᠢᠬᠤ ᠲᠣᠭᠠᠨ ᠤ | ᠰᠠᠯᠠᠭ᠎ᠠ ᠮᠥᠴᠢᠷ ᠤᠨ ᠦᠨᠡᠯᠡᠯᠲᠡ ᠶᠢᠨ ᠲᠥᠷᠥᠯ ᠵᠦᠢᠯ ᠢ ᠵᠢᠯ ᠪᠦᠷᠢ ᠰᠤᠭᠤᠴᠢᠨ ᠠᠪᠴᠤ᠂ ᠦᠨᠡᠯᠡᠯᠲᠡ ᠶᠢᠨ | ᠦᠷ᠎ᠡ ᠳ᠋ᠦᠩ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠵᠡᠷᠭᠡ ᠶᠢ ᠨᠢ ᠳᠠᠬᠢᠨ ᠬᠠᠷᠭᠤᠭᠤᠯᠵᠣ᠂ | ᠦᠨᠡᠯᠡᠯᠲᠡ ᠶᠢᠨ ᠦᠷ᠎ᠡ ᠳ᠋ᠦᠩ ᠤᠨ ᠪᠤᠰᠤᠳᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠳᠠᠬᠢᠨ ᠬᠠᠷᠭᠤᠭᠤᠯᠬᠤ | ᠠᠵᠢᠯ ᠢ ᠭᠤᠤᠯᠳᠠᠭᠤ ᠡᠳᠦᠷ ᠲᠤᠲᠤᠮ ᠤᠨ ᠡᠵᠡᠮᠰᠢᠭᠰᠡᠨ ᠪᠠᠶᠢᠳᠠᠯ ᠲᠠᠢ ᠤᠶᠠᠯᠳᠤᠭᠤᠯᠤᠨ᠂ ᠠᠮᠵᠢᠯᠲᠠ | ᠪᠦᠲᠦᠮᠵᠢ ᠶᠢᠨ ᠥᠪᠡᠷᠰᠡᠳ ᠤᠨ ᠦᠨᠡᠯᠡᠯᠲᠡ ᠪᠤᠶᠤ ᠦᠨᠡᠯᠡᠯᠲᠡ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ | ᠲᠤᠯᠭᠠᠭᠤᠷᠢᠯᠠᠬᠤ ᠡᠬᠡ ᠲᠠᠩᠰᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠵᠠᠩᠭᠢᠯᠠᠭ᠎ᠠ ᠶᠢᠨ ᠭᠦᠢᠴᠡᠳᠬᠡᠯ | ᠲᠣᠭᠠᠨ ᠤ ᠪᠡᠶᠡᠯᠡᠭᠦᠯᠦᠭᠰᠡᠨ ᠪᠠᠶᠢᠳᠠᠯ ᠢ ᠪᠣᠳᠠᠲᠠᠶ ᠭᠠᠵᠠᠷ ᠲᠤ ᠨᠢ ᠭᠦᠡᠵᠡᠭᠡᠶᠢᠷᠡᠵᠣ ᠬᠠᠷᠭᠤᠭᠤᠯᠵᠣ ᠲᠣᠭᠳᠠᠭᠠᠬᠤ | ᠵᠡᠷᠭᠡ ᠠᠷᠭ᠎ᠠ ᠮᠠᠶ᠋ᠢᠭ ᠢᠶᠠᠷ ᠥᠷᠨᠢᠭᠦᠯᠵᠦ᠂ ᠰᠤᠭᠤᠴᠢᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠰᠠᠯᠠᠭ᠎ᠠ | ᠮᠥᠴᠢᠷ ᠲᠤ ᠴᠠᠭ ᠲᠤᠬᠠᠶ ᠳᠤ ᠨᠢ ᠬᠠᠷᠢᠭᠤ ᠲᠤᠰᠬᠠᠵᠤ ᠬᠠᠷᠭᠤᠭᠤᠯᠣᠨ ᠲᠣᠭᠳᠠᠭᠠᠵᠣ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠶᠢ ᠭᠤᠷᠪᠠᠳᠠᠬᠢ | ᠡᠲᠡᠭᠡᠳ ᠤᠨ ᠪᠠᠶᠢᠭᠤᠯᠤᠮᠵᠢ ᠳᠤ ᠨᠠᠶᠢᠳᠠᠨ ᠬᠡᠷᠡᠭᠵᠢᠭᠦᠯᠬᠦ ᠳᠤ᠂ ᠬᠤᠯᠪᠣᠭᠳᠠᠯ ᠪᠦᠬᠦᠢ ᠳᠦᠷᠢᠮ ᠪᠠ ᠠᠷᠭ᠎ᠠ ᠶᠢᠨ | ᠶᠣᠰᠣᠭᠠᠷ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠵᠢᠴᠢ ᠠᠵᠢᠯ ᠤᠨ ᠶᠠᠰᠤ ᠴᠢᠨᠠᠷ ᠲᠤ ᠠᠵᠢᠯ ᠶᠠᠪᠤᠳᠠᠯ ᠤᠨ | ᠡᠮᠦᠨᠡᠬᠢ᠂ ᠠᠵᠢᠯ ᠶᠠᠪᠤᠳᠠᠯ ᠤᠨ ᠳᠤᠮᠳᠠᠬᠢ᠂ ᠠᠵᠢᠯ ᠶᠠᠪᠤᠳᠠᠯ ᠤᠨ ᠳᠠᠷᠠᠭᠠᠬᠢ ᠪᠦᠬᠦ ᠶᠠᠪᠤᠴᠠ ᠶᠢ ᠬᠢᠨᠠᠨ | ᠬᠠᠮᠢᠶᠠᠷᠬᠤ ᠶᠢᠨ ᠬᠠᠮᠲᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠭᠠᠷᠭᠠᠭᠰᠠᠨ ᠦᠨᠡᠯᠡᠯᠲᠡ ᠶᠢᠨ | ᠮᠡᠳᠡᠭᠦᠯᠦᠯᠲᠡ ᠳᠤ ᠬᠢᠨᠠᠨ ᠲᠣᠭᠲᠠᠭᠠᠬᠤ ᠳᠦᠷᠢᠮ ᠢ ᠪᠠᠶᠢᠭᠤᠯᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ | ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠶᠢᠨ ᠠᠭᠤᠯᠭ᠎ᠠ ᠳᠤ | ᠭᠤᠣᠯᠳᠠᠭᠤ᠄ ᠲᠥᠷᠥᠯ ᠵᠦᠢᠯ ᠪᠠᠶᠢᠭᠤᠯᠤᠭᠰᠠᠨ ᠪᠠᠶᠢᠳᠠᠯ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠠᠮᠵᠢᠯᠲᠠ | ᠪᠦᠲᠦᠮᠵᠢ ᠶᠢᠨ ᠭᠦᠢᠴᠡᠳᠬᠡᠯ ᠲᠤᠭ᠎ᠠ ᠶᠢ ᠲᠣᠭᠲᠠᠭᠠᠭᠰᠠᠨ ᠪᠠᠶᠢᠳᠠᠯ᠂ ᠪᠡᠯᠡ ᠮᠥᠩᠭᠦᠨ ᠤ ᠬᠠᠮᠢᠶᠠᠷᠤᠯᠲᠠ ᠪᠠ | ᠬᠡᠷᠡᠭᠯᠡᠭᠰᠡᠨ ᠪᠠᠶᠢᠳᠠᠯ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢᠨ ᠪᠦᠷᠢᠨ ᠲᠡᠭᠦᠯᠳᠡᠷ ᠴᠢᠨᠠᠷ | ᠵᠢᠴᠢ ᠬᠡᠷᠡᠭᠵᠢᠭᠦᠯᠦᠭᠰᠡᠨ ᠪᠠᠶᠢᠳᠠᠯ᠂ ᠪᠡᠶᠡᠯᠡᠭᠦᠯᠤᠭ᠍ᠰᠡᠨ ᠦᠢᠯᠡᠳᠪᠦᠷᠢᠯᠡᠵᠦ ᠭᠠᠷᠭᠠᠭᠰᠠᠨ ᠪᠠᠶᠢᠳᠠᠯ᠂ ᠣᠯᠣᠭᠰᠠᠨ | ᠦᠷ᠎ᠡ ᠠᠰᠢᠭ ᠤᠨ ᠪᠠᠶᠢᠳᠠᠯ᠂ ᠦᠢᠯᠡᠴᠢᠯᠡᠭᠡ ᠬᠦᠷᠲᠡᠭᠰᠡᠳ ᠤᠨ ᠰᠡᠳᠬᠢᠯ ᠬᠠᠨᠤᠮᠵᠢᠲᠠᠢ ᠪᠠᠶᠢᠬᠤ ᠪᠠᠶᠢᠳᠠᠯ᠂ ᠪᠤᠰᠤᠳ | ᠬᠠᠮᠢᠶ᠎ᠠ ᠪᠦᠬᠦᠢ ᠠᠭᠤᠯᠭ᠎ᠠ ᠵᠡᠷᠭᠡ ᠪᠠᠭᠲᠠᠨ᠎ᠠ᠃ | ᠬᠤᠷᠢᠨ ᠳᠥᠷᠪᠡᠳᠦᠭᠡᠷ ᠵᠦᠢᠯ ᠦᠨᠡᠯᠡᠯᠲᠡ ᠶᠢᠨ ᠠᠵᠢᠯ ᠳᠤ ᠭᠤᠤᠯᠳᠠᠭᠤ ᠳᠣᠤᠷᠠᠬᠢ ᠭᠤᠭᠴᠤᠭ᠎ᠠ ᠪᠠᠭᠳᠡᠨ᠎ᠠ᠄ | | ︵ᠨᠢᠭᠡ︶ ᠠᠮᠵᠢᠯᠲᠠ ᠪᠦᠲᠦᠮᠵᠢ ᠶᠢᠨ ᠦᠨᠡᠯᠡᠯᠲᠡ ᠬᠢᠯᠭᠡᠬᠦ ᠡᠲᠡᠭᠡᠳ ᠪᠠ ᠬᠡᠪᠴᠢᠶ᠎ᠡ ᠶᠢ ᠲᠣᠭᠲᠠᠭᠠᠬᠤ︔ | ︵ᠬᠤᠶᠠᠷ︶ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠮᠡᠳᠡᠭᠳᠡᠯ ᠪᠠᠭᠤᠯᠭᠠᠬᠤ︔ | ︵ᠭᠤᠷᠪᠠ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠲᠥᠰᠦᠯ ᠢ ᠰᠤᠳᠤᠯᠤᠨ ᠲᠣᠭᠲᠠᠭᠠᠬᠤ︔ | | ︵ᠳᠥᠷᠪᠡ︶ ᠬᠠᠮᠢᠶ᠎ᠠ ᠪᠦᠬᠦᠢ ᠲᠤᠭ᠎ᠠ ᠪᠠᠷᠢᠮᠲᠠ ᠮᠠᠲ᠋ᠧᠷᠢᠶᠠᠯ ᠢ ᠴᠤᠭᠯᠠᠭᠤᠯᠬᠤ ᠶᠢᠨ ᠬᠠᠮᠲᠤ᠂ ᠲᠤᠬᠠᠶ ᠶᠢᠨ | ᠭᠠᠵᠠᠷ ᠲᠤ ᠨᠢ ᠪᠠᠶᠢᠴᠠᠭᠠᠨ ᠰᠤᠳᠤᠯᠬᠤ᠂ ᠰᠠᠭᠤᠳᠠᠯ ᠤᠨ ᠬᠤᠷᠠᠯ ᠬᠢᠬᠦ︔ | ︵ᠲᠠᠪᠤ︶ ᠬᠤᠯᠪᠣᠭᠳᠠᠯ ᠪᠦᠬᠦᠢ ᠪᠠᠶᠢᠳᠠᠯ ᠢ ᠬᠢᠨᠠᠨ ᠬᠠᠷᠭᠤᠭᠤᠯᠵᠤ᠂ ᠵᠠᠳᠠᠯᠤᠯᠲᠠ ᠬᠢᠵᠦ ᠠᠩᠬ᠎ᠠ | ᠠᠯᠬᠤᠮ ᠤᠨ ᠳ᠋ᠦᠩᠨᠡᠯᠲᠡ ᠭᠠᠷᠭᠠᠬᠤ︔ | ︵ᠵᠢᠷᠭᠤᠭ᠎ᠠ︶ ᠦᠨᠡᠯᠡᠯᠲᠡ ᠬᠢᠯᠭᠡᠭᠰᠡᠨ ᠰᠠᠯᠠᠭ᠎ᠠ ᠮᠥᠴᠢᠷ ︵ᠨᠢᠭᠡᠴᠢ︶ ᠲᠠᠢ ᠰᠠᠨᠠᠯ ᠢᠶᠠᠨ ᠰᠣᠯᠢᠯᠴᠠᠬᠤ︔ | ︵ᠳᠣᠯᠤᠭ᠎ᠠ︶ ᠶᠡᠷᠦᠩᠬᠡᠶᠢᠯᠡᠨ ᠵᠠᠳᠠᠯᠤᠯᠲᠠ ᠬᠢᠬᠦ ᠶᠢᠨ ᠬᠠᠮᠲᠤ ᠡᠴᠦᠰ ᠤᠨ ᠳ᠋ᠦᠩᠨᠡᠯᠲᠡ ᠭᠠᠷᠭᠠᠬᠤ︔ | ︵ᠨᠠᠢᠮᠠ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠲᠤᠰᠢᠶᠠᠬᠤ︔ | ︵ᠶᠢᠰᠦ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠳᠠᠩᠰᠠ ᠡᠪᠬᠡᠮᠡᠯ ᠢ ᠪᠠᠶᠢᠭᠤᠯᠬᠤ᠃ | ᠬᠤᠷᠢᠨ ᠲᠠᠪᠤᠳᠤᠭᠠᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠮᠡᠳᠡᠭᠳᠡᠯ ᠳᠤ ᠦᠨᠡᠯᠡᠯᠲᠡ ᠶᠢᠨ | ᠡᠭᠦᠷᠭᠡ᠂ ᠦᠨᠡᠯᠡᠯᠲᠡ ᠬᠢᠯᠭᠡᠬᠦ ᠡᠲᠡᠭᠡᠳ᠂ ᠦᠨᠡᠯᠡᠯᠲᠡ ᠶᠢᠨ ᠠᠭᠤᠯᠭ᠎ᠠ᠂ ᠦᠨᠡᠯᠡᠯᠲᠡ ᠶᠢᠨ ᠠᠵᠢᠯ ᠤᠨ | ᠠᠬᠢᠴᠠ ᠶᠢᠨ ᠲᠣᠬᠢᠷᠠᠭᠤᠯᠤᠯᠲᠠ᠂ ᠲᠥᠷᠥᠯ ᠵᠦᠢᠯ ᠤᠨ ᠨᠢᠭᠡᠴᠢ ᠶᠢᠨ ᠬᠠᠩᠭᠠᠬᠤ ᠴᠢᠬᠤᠯᠠᠲᠠᠶ ᠮᠠᠲ᠋ᠧᠷᠢᠶᠠᠯ ᠵᠡᠷᠭᠡ ᠶᠢ | ᠲᠣᠳᠣᠷᠬᠠᠢ ᠲᠣᠭᠲᠠᠭᠠᠵᠤ᠂ ᠦᠨᠡᠯᠡᠯᠳᠡ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠴᠠ ᠡᠮᠦᠨ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠳᠤ ᠪᠠᠭᠤᠯᠭᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠦᠨᠡᠯᠡᠯᠲᠡ ᠶᠢᠨ ᠠᠵᠢᠯ ᠤᠨ ᠲᠥᠰᠦᠯ ᠨᠢ ᠪᠣᠯᠤᠮᠵᠢᠲᠤ ᠴᠢᠨᠠᠷ᠂ ᠪᠦᠬᠦ | ᠲᠠᠯ᠎ᠠ ᠶᠢᠨ ᠴᠢᠨᠠᠷ ᠪᠠ ᠲᠣᠪᠴᠢ ᠲᠣᠳᠣᠷᠬᠠᠢ ᠴᠢᠨᠠᠷ ᠤᠨ ᠵᠠᠷᠴᠢᠮ ᠳᠤ ᠨᠠᠶᠢᠴᠡᠭᠰᠡᠨ ᠪᠠᠶᠢᠵᠤ᠂ ᠦᠨᠡᠯᠡᠯᠲᠡ ᠶᠢᠨ | ᠠᠭᠤᠯᠭ᠎ᠠ᠂ ᠠᠷᠭ᠎ᠠ᠂ ᠠᠯᠬᠤᠮ ᠳᠠᠷᠠᠭ᠎ᠠ ᠪᠠ ᠴᠠᠭ ᠤᠨ ᠵᠠᠩᠭᠢᠶᠠᠰᠤ ᠶᠢᠨ ᠲᠣᠬᠢᠷᠠᠭᠤᠯᠤᠯᠲᠠ ᠨᠢ ᠰᠢᠨᠵᠢᠯᠡᠬᠦ | ᠤᠬᠠᠭᠠᠨᠴᠢ ᠪᠥᠭᠡᠳ ᠵᠦᠢ ᠵᠣᠬᠢᠰᠲᠠᠶ ᠪᠠᠶᠢᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠡᠳ᠋ ᠤᠨ ᠵᠠᠰᠠᠭ ᠪᠠ ᠰᠠᠯᠠᠭ᠎ᠠ ᠮᠥᠴᠢᠷ ᠤᠨ ᠦᠨᠡᠯᠡᠯᠲᠡ ᠶᠢ ᠬᠡᠷᠡᠭᠴᠡᠭᠡ ᠪᠠᠨ | ᠦᠨᠳᠦᠰᠦᠯᠡᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠬᠤ ᠪᠤᠶᠤ ᠬᠠᠮᠢᠶ᠎ᠠ ᠪᠦᠬᠦᠢ ᠬᠦᠷᠢᠶᠡᠨ ᠤ | ᠲᠤᠰᠬᠠᠶ ᠮᠡᠷᠭᠡᠵᠢᠯᠲᠡᠨ ᠢ ᠣᠷᠣᠯᠴᠠᠭᠤᠯᠵᠤ ᠪᠣᠯᠤᠨ᠎ᠠ᠃ ᠬᠠᠮᠢᠶ᠎ᠠ ᠪᠥᠬᠦᠶ ᠬᠦᠷᠢᠶᠡᠨ ᠤ ᠲᠤᠰᠬᠠᠶ ᠮᠡᠷᠭᠡᠵᠢᠯᠲᠡᠨ ᠨᠢ | ᠲᠥᠷᠥᠯ ᠵᠦᠢᠯ ᠳᠤ ᠬᠤᠯᠪᠣᠭᠳᠠᠬᠤ ᠬᠦᠷᠢᠶ᠎ᠡ ᠴᠠᠷᠠᠭᠠᠨ ︵ᠠᠵᠢᠯ ᠲᠥᠷᠥᠯ︶ ᠤ ᠲᠤᠰᠬᠠᠶ ᠮᠡᠷᠭᠡᠵᠢᠯᠲᠡᠨ᠂ ᠡᠳ᠋ ᠤᠨ | ᠶᠠᠪᠤᠳᠠᠯ ︵ᠡᠳ᠋ ᠤᠨ ᠵᠠᠰᠠᠭ︶ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ᠂ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠵᠡᠷᠭᠡ ᠶᠢ ᠪᠠᠭᠲᠠᠭᠠᠨ᠎ᠠ᠃ ᠭᠤᠷᠪᠠᠳᠠᠬᠢ ᠡᠲᠡᠭᠡᠳ ᠤᠨ ᠪᠠᠶᠢᠭᠤᠯᠤᠮᠵᠢ | ᠪᠠ ᠲᠤᠰᠬᠠᠶ ᠮᠡᠷᠭᠡᠵᠢᠯᠲᠡᠨ ᠤ ᠲᠤᠭ᠎ᠠ᠂ ᠲᠤᠰᠬᠠᠶ ᠮᠡᠷᠭᠡᠵᠢᠯ ᠤᠨ ᠪᠦᠲᠦᠴᠡ ᠵᠢᠴᠢ ᠲᠤᠬᠠᠶᠢᠯᠠᠭᠰᠠᠨ ᠠᠵᠢᠯ ᠤᠨ | ᠴᠢᠳᠠᠪᠤᠷᠢ ᠨᠢ ᠦᠨᠡᠯᠡᠯᠲᠡ ᠶᠢᠨ ᠠᠵᠢᠯ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠠᠰᠢᠭ ᠲᠤᠰᠠ ᠶᠢᠨ | ᠬᠠᠷᠢᠴᠠᠭ᠎ᠠ ᠲᠠᠢ ᠬᠥᠮᠥᠰ ᠢ ᠵᠠᠶᠢᠯᠠᠭᠤᠯᠬᠤ᠂ ᠪᠦᠷᠢᠯᠳᠦᠬᠦᠨ ᠤ ᠲᠣᠭᠲᠠᠪᠤᠷᠢᠲᠤ ᠴᠢᠨᠠᠷ ᠵᠡᠷᠭᠡ ᠡᠯᠧᠮᠧᠨ᠋ᠲ ᠢ ᠭᠦᠢᠴᠡᠳ | ᠪᠣᠳᠣᠯᠬᠢᠯᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠤᠶᠤ ᠲᠤᠰᠬᠠᠶ ᠮᠡᠷᠭᠡᠵᠢᠯᠲᠡᠨ ᠨᠢ | ᠲᠥᠷᠥᠯ ᠵᠦᠢᠯ ᠤᠨ ᠨᠢᠭᠡᠴᠢ ᠯᠦᠭᠡ ᠭᠦᠢᠴᠡᠳ ᠨᠡᠪᠲᠡᠷᠡᠯᠴᠡᠭᠰᠡᠨ ᠰᠠᠭᠤᠷᠢᠨ ᠳᠡᠭᠡᠷ᠎ᠡ᠂ ᠪᠦᠷᠢᠨ ᠪᠦᠲᠦᠨ ᠴᠢᠨᠠᠷ᠂ | ᠴᠢᠬᠤᠯᠠ ᠴᠢᠨᠠᠷ᠂ ᠬᠤᠯᠪᠣᠭᠳᠠᠬᠤ ᠴᠢᠨᠠᠷ᠂ ᠬᠠᠷᠢᠴᠠᠭᠤᠯᠵᠤ ᠪᠣᠯᠬᠤᠶᠢᠴᠠ ᠴᠢᠨᠠᠷ᠂ ᠪᠣᠯᠤᠮᠵᠢᠲᠤ ᠴᠢᠨᠠᠷ ᠪᠠ ᠠᠵᠤ | ᠠᠬᠤᠶ ᠶᠢᠨ ᠴᠢᠨᠠᠷ᠂ ᠪᠦᠲᠦᠮᠵᠢᠲᠦ ᠴᠢᠨᠠᠷ ᠵᠡᠷᠭᠡ ᠡᠯᠧᠮᠧᠨ᠋ᠲ ᠢ ᠪᠣᠳᠣᠯᠬᠢᠯᠠᠵᠤ᠂ ᠠᠮᠵᠢᠯᠲᠠ ᠪᠦᠲᠦᠮᠵᠢ ᠶᠢᠨ | ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ ᠵᠦᠶ ᠵᠣᠬᠢᠰᠲᠠᠶ ᠬᠤᠪᠢᠶᠠᠷᠢᠯᠠᠨ᠂ ᠲᠥᠷᠥᠯ ᠵᠦᠢᠯ ᠤᠨ ᠠᠮᠵᠢᠯᠲᠠ | ᠪᠦᠲᠦᠮᠵᠢ ᠶᠢᠨ ᠪᠠᠶᠢᠳᠠᠯ ᠵᠢᠴᠢ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠭᠦᠢᠴᠡᠳ | ᠢᠯᠡᠷᠡᠭᠦᠯᠬᠦ ᠪᠠ ᠪᠤᠰᠤᠳᠴᠢ ᠲᠤᠰᠬᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠦᠨᠡᠯᠡᠯᠲᠡ ᠶᠢᠨ ᠭᠦᠢᠴᠡᠳᠬᠡᠯ ᠲᠤᠭ᠎ᠠ ᠨᠢ ᠳᠣᠤᠷᠠᠬᠢ ᠱᠠᠭᠠᠷᠳᠠᠯᠭ᠎ᠠ ᠳᠤ | ᠨᠠᠶᠢᠴᠡᠭᠦ ᠬᠡᠷᠡᠭᠲᠡᠶ᠄ | ︵ᠨᠢᠭᠡ︶ ᠦᠨᠡᠯᠡᠯᠲᠡ ᠬᠢᠯᠭᠡᠬᠦ ᠡᠲᠡᠭᠡᠳ ᠯᠦᠭᠡ ᠨᠢᠭᠲᠠ ᠬᠤᠯᠪᠣᠭ᠎ᠠ ᠲᠠᠢ ᠪᠠᠶᠢᠵᠣ᠂ ᠲᠥᠷᠥᠯ ᠵᠦᠢᠯ ᠤᠨ | ᠰᠢᠢᠳᠪᠦᠷᠢᠲᠦ ᠪᠣᠳᠣᠯᠭ᠎ᠠ᠂ ᠲᠥᠷᠥᠯ ᠵᠦᠢᠯ ᠪᠠ ᠪᠡᠯᠡ ᠮᠥᠩᠭᠦᠨ ᠤ ᠬᠠᠮᠢᠶᠠᠷᠤᠯᠲᠠ᠂ ᠦᠢᠯᠡᠳᠪᠦᠷᠢᠯᠡᠵᠦ ᠭᠠᠷᠭᠠᠬᠤ | ᠪᠠ ᠦᠷ᠎ᠡ ᠠᠰᠢᠭ ᠢ ᠪᠦᠬᠦ ᠲᠠᠯ᠎ᠠ ᠪᠠᠷ ᠲᠤᠰᠬᠠᠨ᠎ᠠ︔ | ︵ᠬᠤᠶᠠᠷ︶ ᠬᠠᠮᠤᠭ ᠤᠨ ᠲᠥᠯᠥᠭᠡᠯᠡᠬᠦ ᠴᠢᠨᠠᠷᠲᠠᠢ᠂ ᠦᠢᠯᠡᠳᠪᠦᠷᠢᠯᠡᠵᠦ ᠭᠠᠷᠭᠠᠬᠤ ᠪᠠ ᠦᠷ᠎ᠡ ᠠᠰᠢᠭ ᠢ | ᠬᠠᠮᠤᠭ ᠠᠴᠠ ᠰᠢᠭᠤᠳ ᠲᠤᠰᠬᠠᠵᠤ ᠴᠢᠳᠠᠬᠤ ᠭᠤᠣᠯᠯᠠᠬᠤ ᠭᠦᠢᠴᠡᠳᠬᠡᠯ ᠲᠤᠭ᠎ᠠ ᠶᠢ ᠤᠷᠢᠳ ᠢᠶᠠᠷ ᠰᠣᠩᠭᠤᠵᠤ᠂ | ᠴᠣᠮᠬᠠᠳᠬᠠᠨ ᠪᠣᠳᠠᠲᠠᠢ ᠬᠡᠷᠡᠭᠯᠡᠬᠦ ᠪᠣᠯᠭᠠᠨ᠎ᠠ︔ | ︵ᠭᠤᠷᠪᠠ︶ ᠭᠦᠢᠴᠡᠳᠬᠡᠯ ᠲᠣᠭᠠᠨ ᠤ ᠠᠭᠤᠯᠤᠭᠳᠠᠬᠤᠨ ᠢ ᠲᠣᠳᠣᠷᠬᠠᠢ᠂ ᠪᠣᠳᠠᠲᠠᠢ᠂ ᠬᠡᠮᠵᠢᠵᠦ ᠪᠣᠯᠬᠤ ᠪᠠᠷ | ᠲᠣᠭᠲᠠᠭᠠᠵᠤ᠂ ᠲᠤᠭ᠎ᠠ ᠪᠠᠷᠢᠮᠲᠠ ᠵᠢᠴᠢ ᠭᠡᠷᠡᠴᠢᠯᠡᠬᠦ ᠮᠠᠲ᠋ᠧᠷᠢᠶᠠᠯ ᠢ ᠴᠤᠭᠯᠠᠭᠤᠯᠵᠤ᠂ ᠣᠯᠵᠤ ᠪᠣᠯᠬᠤ ᠪᠣᠯᠭᠠᠨ᠎ᠠ︔ | ︵ᠳᠥᠷᠪᠡ︶ ᠠᠳᠠᠯᠢ ᠲᠥᠷᠥᠯ ᠤᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ | ᠭᠦᠢᠴᠡᠳᠬᠡᠯ ᠲᠤᠭ᠎ᠠ ᠪᠠ ᠪᠠᠷᠢᠮᠵᠢᠶ᠎ᠠ ᠨᠢ ᠨᠢᠭᠡᠳᠣᠯᠳᠣ ᠴᠢᠨᠠᠷᠳᠠᠢ᠂ ᠦᠨᠡᠯᠡᠭᠰᠡᠨ ᠦᠷ᠎ᠡ ᠳ᠋ᠦᠩ ᠢ ᠬᠠᠷᠢᠯᠴᠠᠨ | ᠬᠠᠷᠢᠴᠠᠭᠤᠯᠬᠤ ᠳᠤ ᠲᠥᠬᠦᠮ ᠪᠣᠯᠭᠠᠨ᠎ᠠ᠃ | ᠭᠤᠴᠢᠳᠤᠭᠠᠷ ᠵᠦᠢᠯ ᠦᠨᠡᠯᠡᠬᠦ ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ ᠦᠨᠡᠯᠡᠯᠲᠡ ᠶᠢᠨ | ᠰᠢᠰᠲ᠋ᠧᠮ ᠳᠠᠬᠢ ᠡᠯ᠎ᠡ ᠵᠦᠢᠯ ᠤᠨ ᠭᠦᠢᠴᠡᠳᠬᠡᠯ ᠲᠣᠭᠠᠨ ᠤ ᠴᠢᠬᠤᠯᠠ ᠪᠠᠶᠢᠬᠤ ᠬᠡᠮᠵᠢᠶ᠎ᠠ ᠶᠢ ᠦᠨᠳᠦᠰᠦᠯᠡᠨ | ᠲᠣᠭᠲᠠᠭᠠᠨ᠎ᠠ᠂ ᠦᠷ᠎ᠡ ᠳ᠋ᠦᠩ ᠤᠨ ᠤᠳᠤᠷᠢᠳᠤᠮᠵᠢ ᠶᠢ ᠲᠣᠪᠤᠶᠢᠯᠭᠠᠵᠦ᠂ ᠵᠠᠷᠴᠢᠮ ᠳᠡᠭᠡᠷ᠎ᠡ ᠪᠠᠨ ᠦᠢᠯᠡᠳᠪᠦᠷᠢᠯᠡᠵᠦ | ᠭᠠᠷᠭᠠᠬᠤ᠂ ᠦᠷ᠎ᠡ ᠠᠰᠢᠭ ᠤᠨ ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠢ 60% ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠂ ᠣᠨᠴᠠᠭᠠᠢ ᠪᠠᠶᠢᠳᠠᠯ ᠳᠤ ᠵᠣᠬᠢᠰᠲᠠᠢ ᠲᠤᠬᠢᠷᠠᠭᠤᠯᠤᠯᠳᠠ ᠬᠢᠵᠦ ᠪᠣᠯᠤᠨ᠎ᠠ᠃ ᠲᠥᠷᠥᠯ ᠵᠦᠢᠯ ᠨᠢ | ᠠᠳᠠᠯᠢ ᠪᠤᠰᠤ ᠬᠡᠷᠡᠭᠵᠢᠭᠦᠯᠬᠦ ᠱᠠᠲᠤ ᠦᠶ᠎ᠡ ᠳᠤ ᠪᠠᠶᠢᠪᠠᠯ᠂ ᠭᠦᠢᠴᠡᠳᠬᠡᠯ ᠲᠣᠭᠠᠨ ᠤ ᠡᠵᠡᠯᠡᠬᠦ ᠬᠤᠪᠢᠳᠠᠯ ᠨᠢ | ᠵᠥᠷᠢᠶᠡᠲᠦ ᠴᠢᠨᠠᠷ ᠢ ᠢᠯᠡᠷᠡᠭᠦᠯᠦᠭᠰᠡᠨ ᠪᠠᠶᠢᠬᠤ ᠬᠡᠷᠡᠭᠲᠡᠢ᠂ ᠡᠭᠦᠨ ᠳᠤ ᠬᠡᠷᠡᠭᠵᠢᠭᠦᠯᠬᠦ ᠬᠤᠭᠤᠴᠠᠭᠠᠨ ᠳᠠᠬᠢ | ᠦᠨᠡᠯᠡᠯᠲᠡ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠶᠠᠪᠤᠴᠠ ᠪᠠ ᠦᠢᠯᠡᠳᠪᠦᠷᠢᠯᠡᠵᠦ ᠭᠠᠷᠭᠠᠬᠤ ᠶᠢ ᠨᠡᠩ | ᠢᠯᠡᠭᠦᠦ ᠴᠢᠬᠤᠯᠠᠴᠢᠯᠠᠵᠤ᠂ ᠬᠡᠷᠡᠭᠵᠢᠭᠦᠯᠬᠦ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠦᠨᠡᠯᠡᠯᠲᠡ ᠳᠤ | ᠦᠢᠯᠡᠳᠪᠦᠷᠢᠯᠡᠵᠦ ᠭᠠᠷᠭᠠᠬᠤ ᠪᠠ ᠦᠷ᠎ᠡ ᠠᠰᠢᠭ ᠢ ᠨᠠᠩ ᠢᠯᠡᠭᠦᠤ ᠴᠢᠬᠤᠯᠠᠴᠢᠯᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠳᠤ ᠵᠠᠷᠴᠢᠮ ᠳᠡᠭᠡᠷ᠎ᠡ ᠪᠠᠨ ᠠᠬᠤᠢ | ᠲᠠᠯᠠᠪᠠᠶ ᠪᠠ ᠠᠬᠤᠢ ᠲᠠᠯᠠᠪᠠᠶ ᠶᠢᠨ ᠪᠤᠰᠤ ᠦᠨᠡᠯᠡᠯᠲᠡ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠬᠦ ᠬᠡᠷᠡᠭᠲᠡᠶ᠃ | ︵ᠨᠢᠭᠡ︶ ᠠᠬᠤᠢ ᠲᠠᠯᠠᠪᠠᠶ ᠶᠢᠨ ᠦᠨᠡᠯᠡᠯᠲᠡ ᠭᠡᠳᠡᠭ ᠨᠢ ᠦᠨᠡᠯᠡᠯᠲᠡ ᠬᠢᠬᠦ ᠠᠵᠢᠯᠲᠠᠳ ᠲᠥᠷᠥᠯ ᠵᠦᠢᠯ ᠤᠨ | ᠠᠬᠤᠢ ᠲᠠᠯᠠᠪᠠᠶ ᠳᠤ ᠬᠦᠷᠴᠦ ᠬᠠᠶᠢᠨ ᠪᠠᠶᠢᠴᠠᠭᠠᠬᠤ᠂ ᠠᠰᠠᠭᠤᠨ ᠯᠠᠪᠯᠠᠬᠤ᠂ ᠳᠠᠬᠢᠨ ᠬᠠᠷᠭᠤᠭᠤᠯᠬᠤ ᠪᠤᠶᠤ ᠲᠥᠷᠥᠯ | ᠵᠦᠢᠯ ᠤᠨ ᠨᠢᠭᠡᠴᠢ ᠲᠠᠢ ᠶᠠᠷᠢᠯᠴᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠬᠤᠯᠪᠣᠭᠳᠠᠯ ᠪᠥᠬᠦᠶ ᠪᠠᠶᠢᠳᠠᠯ ᠢ | ᠬᠠᠷᠭᠤᠭᠤᠯᠬᠤ᠂ ᠡᠵᠡᠮᠰᠢᠭᠰᠡᠨ ᠮᠠᠲ᠋ᠧᠷᠢᠶᠠᠯ ᠳᠤ ᠵᠠᠳᠠᠯᠤᠯᠲᠠ ᠬᠢᠬᠦ᠂ ᠲᠥᠷᠥᠯ ᠵᠦᠢᠯ ᠳᠤ ᠦᠨᠡᠯᠡᠯᠲᠡ ᠬᠢᠬᠦ | ᠶᠠᠪᠤᠴᠠ ᠶᠢ ᠵᠢᠭᠠᠵᠤ ᠪᠣᠶ᠃ ᠠᠬᠤᠢ ᠲᠠᠯᠠᠪᠠᠶ ᠶᠢᠨ ᠦᠨᠡᠯᠡᠯᠲᠡ ᠶᠢᠨ ᠬᠡᠪᠴᠢᠶ᠎ᠡ ᠶᠢ ᠨᠠᠶᠢᠳᠠᠭᠰᠠᠨ ᠲᠠᠯ᠎ᠠ ᠶᠢᠨ | ᠱᠠᠭᠠᠷᠳᠠᠯᠭ᠎ᠠ ᠶᠢ ᠨᠢ ᠦᠨᠳᠦᠰᠦᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠪᠣᠳᠠᠲᠠᠶ ᠲᠥᠷᠥᠯ ᠵᠦᠢᠯ ᠤᠨ ᠨᠢᠭᠡᠴᠢ | ︵ᠪᠤᠶᠤ ᠲᠥᠷᠥᠯ ᠵᠦᠢᠯ ᠤᠨ ᠲᠤᠭ᠎ᠠ︶ ᠶᠢᠨ ᠶᠡᠷᠦᠩᠬᠡᠶ ᠲᠣᠭᠠᠨ ᠤ 30%᠂ ᠲᠥᠷᠥᠯ ᠵᠦᠢᠯ ᠤᠨ ᠲᠥᠰᠦᠪ ᠤᠨ | ᠶᠡᠷᠦᠩᠬᠡᠶ ᠲᠣᠭᠠᠨ ᠤ 30% ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ | ︵ᠬᠤᠶᠠᠷ︶ ᠠᠬᠤᠢ ᠲᠠᠯᠠᠪᠠᠶ ᠶᠢᠨ ᠪᠤᠰᠤ ᠦᠨᠡᠯᠡᠯᠲᠡ ᠭᠡᠳᠡᠭ ᠨᠢ ᠦᠨᠡᠯᠡᠯᠲᠡ ᠬᠢᠬᠦ ᠠᠵᠢᠯᠲᠠᠳ ᠲᠥᠷᠥᠯ | ᠵᠦᠢᠯ ᠤᠨ ᠨᠢᠭᠡᠴᠢ ᠶᠢᠨ ᠬᠠᠩᠭᠠᠭᠰᠠᠨ ᠲᠥᠷᠥᠯ ᠵᠦᠢᠯ ᠤᠨ ᠬᠠᠮᠢᠶ᠎ᠠ ᠪᠥᠬᠦᠶ ᠮᠠᠲ᠋ᠧᠷᠢᠶᠠᠯ ᠪᠠ ᠡᠯ᠎ᠡ ᠵᠦᠢᠯ ᠤᠨ ᠢᠯᠡ | ᠪᠠᠶᠢᠭ᠎ᠠ ᠲᠤᠭ᠎ᠠ ᠪᠠᠷᠢᠮᠲᠠ ᠶᠢᠨ ᠮᠠᠲ᠋ᠧᠷᠢᠶᠠᠯ ᠳᠤ ᠲᠥᠷᠥᠯ ᠬᠤᠪᠢᠶᠠᠬᠤ᠂ ᠬᠤᠷᠢᠶᠠᠩᠭᠤᠶᠢᠯᠠᠬᠤ ᠪᠠ ᠵᠠᠳᠠᠯᠤᠯᠲᠠ ᠬᠢᠵᠦ᠂ | ᠲᠥᠷᠥᠯ ᠵᠦᠢᠯ ᠳᠤ ᠦᠨᠡᠯᠡᠯᠲᠡ ᠬᠢᠬᠦ ᠶᠠᠪᠤᠴᠠ ᠶᠢ ᠵᠢᠭᠠᠵᠤ ᠪᠣᠶ᠃ ᠠᠬᠤᠢ ᠲᠠᠯᠠᠪᠠᠶ ᠶᠢᠨ ᠪᠤᠰᠤ ᠦᠨᠡᠯᠡᠯᠲᠡ ᠶᠢ | ᠵᠠᠷᠴᠢᠮ ᠳᠡᠭᠡᠷ᠎ᠡ ᠪᠠᠨ ᠲᠥᠷᠥᠯ ᠵᠦᠢᠯ ᠤᠨ ᠬᠡᠷᠡᠭᠵᠢᠭᠦᠯᠬᠦ ᠳᠤ ᠬᠤᠯᠪᠣᠭᠳᠠᠬᠤ ᠪᠣᠶ ᠪᠥᠬᠦᠶ ᠨᠢᠭᠡᠴᠢ ᠪᠠ ᠲᠥᠷᠥᠯ | ᠵᠦᠢᠯ ᠳᠤ ᠣᠷᠣᠭᠤᠯᠤᠭᠰᠠᠨ ᠪᠠᠯᠠ ᠮᠥᠩᠭᠦ ᠶᠢ ᠬᠠᠮᠤᠷᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠦᠨᠡᠯᠡᠯᠲᠡ ᠶᠢᠨ ᠠᠷᠭ᠎ᠠ ᠳᠤ ᠭᠤᠣᠯᠳᠠᠭᠤ ᠥᠪᠡᠷ ᠤᠨ ᠥᠷᠲᠡᠭ ᠦᠷ᠎ᠡ | ᠠᠰᠢᠭ ᠢ ᠵᠠᠳᠠᠯᠬᠤ ᠠᠷᠭ᠎ᠠ᠂ ᠬᠠᠷᠢᠴᠠᠭᠤᠯᠬᠤ ᠠᠷᠭ᠎ᠠ᠂ ᠡᠯᠧᠮᠧᠨ᠋ᠲ ᠢ ᠵᠠᠳᠠᠯᠬᠤ ᠠᠷᠭ᠎ᠠ᠂ ᠬᠠᠮᠤᠭ ᠤᠨ ᠳᠣᠣᠷ᠎ᠠ | ᠥᠪᠡᠷ ᠤᠨ ᠥᠷᠲᠡᠭ ᠤᠨ ᠠᠷᠭ᠎ᠠ᠂ ᠨᠡᠶᠢᠲᠡ ᠣᠯᠠᠨ ᠤ ᠦᠨᠡᠯᠡᠨ ᠮᠠᠭᠠᠳᠯᠠᠬᠤ ᠠᠷᠭ᠎ᠠ᠂ ᠬᠡᠪ ᠳᠠᠭᠤᠷᠢᠶᠠᠯ ᠤᠨ | ᠬᠠᠮᠢᠶᠠᠷᠤᠯᠲᠠ ᠶᠢᠨ ᠠᠷᠭ᠎ᠠ ᠵᠡᠷᠭᠡ ᠪᠠᠭᠲᠠᠨ᠎ᠠ᠃ ᠦᠨᠡᠯᠡᠯᠲᠡ ᠬᠢᠯᠭᠡᠬᠦ ᠡᠲᠡᠭᠡᠳ ᠤᠨ ᠪᠣᠳᠠᠲᠤ ᠪᠠᠶᠢᠳᠠᠯ ᠢ | ᠦᠨᠳᠦᠰᠦᠯᠡᠨ᠂ ᠨᠢᠭᠡ ᠵᠦᠢᠯ ᠤᠨ ᠪᠤᠶᠤ ᠣᠯᠠᠨ ᠵᠦᠢᠯ ᠤᠨ ᠠᠷᠭ᠎ᠠ ᠶᠢ ᠬᠡᠷᠡᠭᠯᠡᠵᠦ ᠪᠣᠯᠤᠨ᠎ᠠ᠃ | ︵ᠨᠢᠭᠡ︶ ᠥᠪᠡᠷ ᠤᠨ ᠥᠷᠲᠡᠭ ᠦᠷ᠎ᠡ ᠠᠰᠢᠭ ᠢ ᠵᠠᠳᠠᠯᠬᠤ ᠠᠷᠭ᠎ᠠ᠃ ᠡᠨᠡ ᠨᠢ ᠣᠷᠣᠭᠤᠯᠤᠯᠲᠠ ᠬᠢᠭᠡᠳ | ᠦᠢᠯᠡᠳᠪᠦᠷᠢᠯᠡᠵᠦ ᠭᠠᠷᠭᠠᠬᠤ᠂ ᠦᠷ᠎ᠡ ᠠᠰᠢᠭ ᠢ ᠬᠤᠯᠪᠣᠭᠳᠠᠭᠤᠯᠤᠨ ᠵᠠᠳᠠᠯᠤᠯᠲᠠ ᠬᠢᠬᠦ ᠠᠷᠭ᠎ᠠ ᠶᠢ ᠵᠢᠭᠠᠵᠤ ᠪᠣᠢ︔ | ︵ᠬᠤᠶᠠᠷ︶ ᠬᠠᠷᠢᠴᠠᠭᠤᠯᠬᠤ ᠠᠷᠭ᠎ᠠ᠃ ᠡᠨᠡ ᠨᠢ ᠬᠡᠷᠡᠭᠵᠢᠭᠦᠯᠦᠭᠰᠡᠨ ᠪᠠᠶᠢᠳᠠᠯ ᠬᠢᠭᠡᠳ ᠠᠮᠵᠢᠯᠲᠠ | ᠪᠦᠲᠦᠮᠵᠢ ᠶᠢᠨ ᠬᠠᠷᠠᠯᠲᠠ᠂ ᠥᠩᠭᠡᠷᠡᠭᠰᠡᠨ ᠤ ᠪᠠᠶᠢᠳᠠᠯ᠂ ᠠᠳᠠᠯᠢ ᠪᠤᠰᠤ ᠰᠠᠯᠠᠭ᠎ᠠ ᠮᠥᠴᠢᠷ ᠪᠠ ᠭᠠᠵᠠᠷ ᠣᠷᠣᠨ ᠤ | ᠠᠳᠠᠯᠢ ᠲᠦᠷᠦᠯ ᠤᠨ ᠵᠠᠷᠤᠯᠭ᠎ᠠ ᠶᠢᠨ ᠪᠠᠶᠢᠳᠠᠯ ᠲᠠᠢ ᠬᠠᠷᠢᠴᠠᠭᠤᠯᠬᠤ ᠠᠷᠭ᠎ᠠ ᠶᠢ ᠵᠢᠭᠠᠵᠤ ᠪᠣᠢ︔ | ︵ᠭᠤᠷᠪᠠ︶ ᠡᠯᠧᠮᠧᠨ᠋ᠲ ᠢ ᠵᠠᠳᠠᠯᠬᠤ ᠠᠷᠭ᠎ᠠ᠃ ᠡᠨᠡ ᠨᠢ ᠠᠮᠵᠢᠯᠲᠠ ᠪᠦᠲᠦᠮᠵᠢ ᠶᠢᠨ ᠬᠠᠷᠠᠯᠲᠠ ᠶᠢ | ᠪᠡᠶᠡᠯᠡᠭᠦᠯᠬᠦ᠂ ᠬᠡᠷᠡᠭᠵᠢᠭᠦᠯᠦᠭᠰᠡᠨ ᠤ ᠦᠷ᠎ᠡ ᠪᠦᠲᠦᠮᠵᠢ ᠶᠢ ᠨᠢ ᠨᠥᠯᠥᠭᠡᠯᠡᠬᠦ ᠳᠣᠲᠣᠭᠠᠳᠤ ᠭᠠᠳᠠᠭᠠᠳᠤ ᠲᠠᠯ᠎ᠠ ᠶᠢᠨ | ᠡᠯᠧᠮᠧᠨ᠋ᠲ ᠲᠤ ᠶᠡᠷᠦᠩᠬᠡᠶᠢᠯᠡᠭᠰᠡᠨ ᠵᠠᠳᠠᠯᠤᠯᠲᠠ ᠬᠢᠬᠦ ᠠᠷᠭ᠎ᠠ ᠶᠢ ᠵᠢᠭᠠᠵᠤ ᠪᠤᠶ︔ | ︵ᠳᠥᠷᠪᠡ︶ ᠬᠠᠮᠤᠭ ᠤᠨ ᠳᠣᠤᠷ᠎ᠠ ᠥᠪᠡᠷ ᠤᠨ ᠥᠷᠲᠡᠭ ᠤᠨ ᠠᠷᠭ᠎ᠠ᠃ ᠡᠨᠡ ᠨᠢ ᠠᠮᠵᠢᠯᠲᠠ | ᠪᠦᠲᠦᠮᠵᠢ ᠶᠢᠨ ᠬᠠᠷᠠᠯᠲᠠ ᠶᠢ ᠲᠣᠭᠲᠠᠭᠠᠭᠰᠠᠨ ᠤᠷᠢᠲᠠᠯ ᠳᠣᠣᠷ᠎ᠠ᠂ ᠥᠪᠡᠷ ᠤᠨ ᠥᠷᠲᠡᠭ ᠢᠶᠠᠷ ᠬᠠᠮᠤᠭ ᠤᠨ | ᠪᠠᠭ᠎ᠠ ᠶᠢ ᠨᠢ ᠰᠠᠶᠢᠨ ᠭᠡᠵᠦ ᠦᠨᠡᠯᠡᠬᠦ ᠠᠷᠭ᠎ᠠ ᠶᠢ ᠵᠢᠭᠠᠵᠤ ᠪᠤᠶ︔ | ︵ᠲᠠᠪᠤ︶ ᠨᠡᠶᠢᠲᠡ ᠣᠯᠠᠨ ᠤ ᠦᠨᠡᠯᠡᠨ ᠮᠠᠭᠠᠳᠯᠠᠬᠤ ᠠᠷᠭ᠎ᠠ᠃ ᠲᠤᠰᠬᠠᠶ ᠮᠡᠷᠭᠡᠵᠢᠯᠲᠡᠨ ᠤ ᠦᠨᠡᠯᠡᠨ ᠵᠢᠱᠢᠬᠦ᠂ | ᠨᠡᠶᠢᠲᠡ ᠣᠯᠠᠨ ᠢᠶᠠᠷ ᠠᠰᠠᠭᠤᠯᠲᠠ ᠬᠠᠷᠢᠭᠤᠯᠬᠤ ᠵᠢᠴᠢ ᠥᠯᠢᠭᠡᠷ ᠠᠪᠴᠤ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠦᠨᠡᠯᠡᠯᠲᠡ ᠬᠢᠬᠦ ᠠᠷᠭ᠎ᠠ ᠶᠢ ᠵᠢᠭᠠᠵᠤ ᠪᠣᠢ︔ | ︵ᠵᠢᠷᠭᠤᠭ᠎ᠠ︶ ᠬᠡᠪ ᠳᠠᠭᠤᠷᠢᠶᠠᠯ ᠤᠨ ᠬᠠᠮᠢᠶᠠᠷᠤᠯᠲᠠ ᠶᠢᠨ ᠠᠷᠭ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠠᠳᠠᠯᠢ ᠠᠵᠢᠯ ᠲᠥᠷᠥᠯ ᠤᠨ ᠳᠣᠲᠣᠷᠠᠬᠢ ᠨᠡᠯᠢᠶᠡᠳ ᠥᠨᠳᠥᠷ ᠠᠮᠵᠢᠯᠲᠠ ᠪᠦᠲᠦᠮᠵᠢ ᠶᠢᠨ ᠬᠢᠷᠢ | ᠬᠡᠮᠵᠢᠶ᠎ᠡ ᠪᠠᠷ ᠬᠡᠪ ᠳᠠᠭᠤᠷᠢᠶᠠᠯ ᠪᠣᠯᠭᠠᠵᠤ ᠦᠨᠡᠯᠡᠨ ᠮᠠᠭᠠᠳᠯᠠᠬᠤ ᠠᠷᠭ᠎ᠠ ᠶᠢ ᠵᠢᠭᠠᠵᠤ ᠪᠤᠶ︔ | ︵ᠳᠣᠯᠤᠭ᠎ᠠ︶ ᠦᠨᠡᠯᠡᠯᠲᠡ ᠶᠢᠨ ᠪᠤᠰᠤᠳ ᠠᠷᠭ᠎ᠠ᠃ ᠭᠤᠴᠢᠨ ᠭᠤᠷᠪᠠᠳᠤᠭᠠᠷ ᠵᠦᠢᠯ ᠦᠨᠡᠯᠡᠯᠲᠡ ᠶᠢᠨ | ᠠᠵᠢᠯ ᠤᠨ ᠳᠤᠭᠤᠶᠢᠯᠠᠩ ᠨᠢ ᠠᠬᠤᠢ ᠲᠠᠯᠠᠪᠠᠶ ᠶᠢᠨ ᠦᠨᠡᠯᠡᠯᠲᠡ ᠪᠠ ᠠᠬᠤᠢ ᠲᠠᠯᠠᠪᠠᠶ ᠶᠢᠨ ᠪᠤᠰᠤ ᠦᠨᠡᠯᠡᠯᠲᠡ ᠶᠢᠨ | ᠪᠠᠶᠢᠳᠠᠯ ᠢ ᠡᠮᠬᠢᠯᠡᠨ ᠬᠤᠷᠢᠶᠠᠩᠭᠤᠶᠢᠯᠠᠵᠤ ᠵᠠᠳᠠᠯᠤᠯᠲᠠ ᠬᠢᠭᠰᠡᠨ ᠰᠠᠭᠤᠷᠢᠨ ᠳᠡᠭᠡᠷ᠎ᠡ᠂ ᠲᠥᠷᠥᠯ ᠵᠦᠢᠯ ᠤᠨ ᠶᠡᠷᠦᠩᠬᠡᠶ | ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ᠂ ᠦᠨᠡᠯᠡᠯᠲᠡ ᠶᠢᠨ ᠦᠷ᠎ᠡ ᠳ᠋ᠦᠩ ᠢ ᠭᠠᠷᠭᠠᠬᠤ ᠶᠢᠨ ᠬᠠᠮᠲᠤ | ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠲᠤᠭᠤᠷᠪᠢᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠦᠨᠡᠯᠡᠯᠲᠡ ᠶᠢᠨ ᠦᠷ᠎ᠡ ᠳ᠋ᠦᠩ ᠳᠤ ᠬᠤᠪᠢ ᠲᠣᠭᠲᠠᠭᠠᠬᠤ ᠪᠠ ᠳᠡᠰ | ᠲᠣᠭᠲᠠᠭᠠᠬᠤ ᠶᠢ ᠤᠶᠠᠯᠳᠤᠭᠤᠯᠤᠭᠰᠠᠨ ᠠᠷᠭ᠎ᠠ ᠮᠠᠶ᠋ᠢᠭ ᠢ ᠬᠡᠷᠡᠭᠯᠡᠨ᠂ ᠪᠣᠳᠠᠲᠠᠶ ᠬᠤᠪᠢ ᠶᠢᠨ ᠬᠡᠮᠵᠢᠭᠳᠡᠯ ᠪᠠ ᠵᠡᠷᠭᠡ | ᠳᠡᠰ ᠢ ᠨᠢ ᠠᠳᠠᠯᠢ ᠪᠤᠰᠤ ᠦᠨᠡᠯᠡᠯᠲᠡ ᠶᠢᠨ ᠠᠭᠤᠯᠭ᠎ᠠ ᠶᠢ ᠦᠨᠳᠦᠰᠦᠯᠡᠨ ᠲᠣᠭᠲᠠᠭᠠᠵᠤ ᠪᠣᠯᠤᠨ᠎ᠠ᠃ ᠶᠡᠷᠦᠩᠬᠡᠶ | ᠬᠤᠪᠢ ᠶᠢ ᠶᠡᠷᠦ ᠳᠤ ᠪᠠᠨ 100 ᠬᠤᠪᠢ ᠪᠠᠷ ᠲᠣᠭᠲᠠᠭᠠᠵᠤ᠂ ᠵᠡᠷᠭᠡ ᠳᠡᠰ ᠢ ᠨᠢ ᠶᠡᠷᠦ ᠳᠤ ᠪᠠᠨ ᠳᠥᠷᠪᠡᠨ ᠳᠡᠰ | ᠬᠤᠪᠢᠶᠠᠨ᠎ᠠ᠄ 90 ︵ᠪᠠᠭᠲᠠᠨ᠎ᠠ︶ — 100 ᠬᠤᠪᠢ ᠨᠢ ᠰᠢᠯᠢᠳᠡᠭ᠂ 80 ︵ᠪᠠᠭᠲᠠᠨ᠎ᠠ︶ — 90 | ᠬᠤᠪᠢ ᠨᠢ ᠰᠠᠶᠢᠨ᠂ 60 ︵ᠪᠠᠭᠲᠠᠨ᠎ᠠ︶ — 80 ᠬᠤᠪᠢ ᠨᠢ ᠳᠤᠮᠳᠠ ᠶᠢᠨ᠂ 60 ᠬᠤᠪᠢ ᠠᠴᠠ ᠪᠠᠭ᠎ᠠ ᠶᠢ ᠨᠢ | ᠠᠨᠠᠶ ᠭᠡᠵᠦ ᠬᠤᠪᠢᠶᠠᠨ᠎ᠠ᠃ | ᠭᠤᠴᠢᠨ ᠲᠠᠪᠤᠳᠤᠭᠠᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠳᠤ ᠦᠨᠡᠯᠡᠯᠲᠡ | ᠬᠢᠭᠰᠡᠨ ᠲᠥᠷᠥᠯ ᠵᠦᠢᠯ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠶᠢᠯᠠᠨ ᠪᠢᠴᠢᠵᠦ᠂ ᠦᠨᠡᠯᠡᠯᠲᠡ ᠶᠢ | ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠠᠶᠢᠳᠠᠯ ᠢᠶᠠᠨ ᠲᠣᠳᠣᠷᠬᠠᠶᠢᠯᠠᠬᠤ ᠶᠢᠨ ᠬᠠᠮᠲᠤ᠂ ᠪᠦᠬᠦ ᠲᠠᠯ᠎ᠠ ᠪᠠᠷ | ᠵᠠᠳᠠᠯᠵᠣ ᠳ᠋ᠦᠩᠨᠡᠨ ᠦᠨᠡᠯᠡᠭᠰᠡᠨ ᠰᠠᠭᠤᠷᠢᠨ ᠳᠡᠭᠡᠷ᠎ᠡ᠂ ᠦᠨᠡᠯᠡᠯᠲᠡ ᠶᠢᠨ ᠭᠦᠢᠴᠡᠳᠬᠡᠯ ᠲᠣᠭᠠᠨ ᠤ | ᠲᠣᠭᠲᠠᠯᠴᠠᠭ᠎ᠠ ᠲᠠᠢ ᠬᠠᠷᠢᠴᠠᠭᠤᠯᠤᠭᠠᠳ ᠪᠣᠳᠠᠲᠠᠶ ᠠᠮᠵᠢᠯᠲᠠ ᠪᠦᠲᠦᠮᠵᠢ ᠶᠢᠨ ᠵᠠᠳᠠᠯᠤᠯᠲᠠ ᠪᠠ ᠳ᠋ᠦᠩᠨᠡᠯᠲᠡ | ᠭᠠᠷᠭᠠᠬᠤ ᠬᠡᠷᠡᠭᠲᠡᠶ᠃ ᠲᠥᠷᠥᠯ ᠵᠦᠢᠯ ᠤᠨ ᠠᠮᠵᠢᠯᠲᠠ ᠪᠦᠲᠦᠮᠵᠢ᠂ ᠭᠤᠤᠯ ᠪᠣᠯᠬᠤ ᠠᠰᠠᠭᠤᠳᠠᠯ ᠤᠨ ᠵᠠᠳᠠᠯᠤᠯᠲᠠ | ᠵᠡᠷᠭᠡ ᠳᠤ ᠲᠤᠭ᠎ᠠ ᠪᠠᠷᠢᠮᠲᠠ ᠨᠢ ᠦᠨᠡᠨ ᠪᠣᠳᠠᠲᠠᠶ᠂ ᠠᠭᠤᠯᠭ᠎ᠠ ᠨᠢ ᠪᠦᠷᠢᠨ ᠲᠡᠭᠦᠯᠳᠡᠷ᠂ ᠬᠡᠷᠡᠭ ᠤᠨ ᠵᠢᠱᠢᠶ᠎ᠡ ᠨᠢ | ᠨᠠᠷᠢᠨ ᠪᠣᠳᠠᠲᠠᠶ᠂ ᠦᠨᠳᠦᠰᠦᠯᠡᠯ ᠨᠢ ᠪᠦᠷᠢᠨ ᠭᠦᠢᠴᠡᠳ᠂ ᠵᠠᠳᠠᠯᠤᠯᠲᠠ ᠨᠢ ᠨᠡᠪᠲᠡᠷᠬᠡᠶ᠂ ᠳ᠋ᠦᠩᠨᠡᠯᠲᠡ ᠨᠢ | ᠣᠨᠣᠪᠴᠢᠲᠠᠶ ᠪᠠᠶᠢᠵᠦ᠂ ᠳᠤᠷᠠᠳᠤᠭᠰᠠᠨ ᠰᠠᠨᠠᠭᠤᠯᠭ᠎ᠠ ᠨᠢ ᠬᠠᠨᠳᠤᠯᠭᠠᠲᠤ ᠴᠢᠨᠠᠷ ᠪᠠ ᠪᠣᠯᠤᠮᠵᠢᠲᠤ ᠴᠢᠨᠠᠷ ᠲᠠᠢ ᠪᠠᠶᠢᠬᠤ | ᠬᠡᠷᠡᠭᠲᠡᠶ᠃ | | | ᠲᠠᠪᠤᠳᠤᠭᠠᠷ ᠪᠦᠯᠦᠭ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠡᠷᠡᠭᠯᠡᠬᠦ ᠵᠢᠴᠢ | ᠲᠡᠭᠦᠨ ᠢ ᠢᠯᠡ ᠪᠣᠯᠭᠠᠬᠤ | | ᠭᠤᠴᠢᠨ ᠵᠢᠷᠭᠤᠳᠤᠭᠠᠷ ᠵᠦᠢᠯ ᠲᠥᠷᠥᠯ ᠵᠦᠢᠯ ᠤᠨ ᠨᠢᠭᠡᠴᠢ ᠨᠢ ᠨᠢᠭᠡᠴᠢ ᠶᠢᠨ ᠥᠪᠡᠷᠰᠡᠳ ᠤᠨ | ᠦᠨᠡᠯᠡᠯᠲᠡ ᠶᠢᠨ ᠦᠷ᠎ᠡ ᠳ᠋ᠦᠩ ᠢᠶᠠᠨ ᠡᠮᠬᠢᠯᠡᠨ ᠳᠢᠭᠯᠡᠬᠦ ᠪᠠ ᠵᠠᠳᠠᠯᠤᠯᠲᠠ ᠬᠢᠬᠦ ᠶᠢ ᠦᠨᠡᠨ ᠬᠦ ᠴᠢᠩᠭᠠᠳᠬᠠᠵᠤ᠂ | ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠢ ᠲᠣᠰ ᠨᠢᠭᠡᠴᠢ ᠶᠢᠨ ᠲᠥᠷᠥ ᠶᠢᠨ ᠪᠣᠳᠣᠯᠭ᠎ᠠ᠂ ᠲᠦᠷᠢᠮ ᠢᠶᠠᠨ | ᠲᠡᠭᠦᠯᠳᠡᠷᠵᠢᠭᠦᠯᠬᠦ ᠪᠠ ᠬᠠᠮᠢᠶᠠᠷᠤᠯᠲᠠ ᠪᠠᠨ ᠰᠠᠶᠢᠵᠢᠷᠠᠭᠤᠯᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ | ᠲᠥᠰᠦᠪ ᠢ ᠭᠦᠢᠴᠡᠳᠬᠡᠭᠰᠡᠨ ᠨᠣᠷᠮ᠎ᠠ ᠨᠢ ᠳᠣᠣᠷ᠎ᠠ᠂ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠨᠢ ᠨᠡᠯᠢᠶᠡᠳ | ᠠᠨᠠᠶ ᠪᠠᠶᠢᠭ᠎ᠠ ᠲᠥᠷᠥᠯ ᠵᠦᠢᠯ ᠳᠤ ᠪᠠᠨ ᠰᠢᠯᠲᠠᠭᠠᠨ ᠢ ᠨᠢ ᠠᠰᠲᠠᠭᠠᠨ ᠲᠣᠳᠣᠷᠬᠠᠶᠢᠯᠠᠵᠤ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠦᠨᠡᠯᠡᠯᠲᠡ ᠶᠢᠨ ᠠᠵᠢᠯ ᠢ | ᠪᠡᠶᠡᠯᠡᠭᠦᠯᠦᠭᠰᠡᠨ ᠤ ᠳᠠᠷᠠᠭ᠎ᠠ᠂ ᠦᠨᠡᠯᠡᠯᠲᠡ ᠬᠢᠭᠰᠡᠨ ᠲᠠᠯ᠎ᠠ ᠨᠢ ᠦᠨᠡᠯᠡᠯᠲᠡ ᠶᠢᠨ ᠦᠷ᠎ᠡ ᠳ᠋ᠦᠩ ᠢᠶᠠᠨ ᠦᠨᠡᠯᠡᠯᠲᠡ | ᠬᠢᠯᠭᠡᠭᠰᠡᠨ ᠡᠲᠡᠭᠡᠳ ᠲᠤ ᠴᠠᠭ ᠲᠤᠬᠠᠶ ᠳᠤ ᠨᠢ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ | ᠴᠠᠭ ᠤᠨ ᠬᠢᠵᠠᠭᠠᠷ ᠢ ᠨᠢ ᠲᠣᠳᠣᠷᠬᠠᠶ ᠲᠣᠭᠲᠠᠭᠠᠵᠤ ᠥᠭᠬᠦ ᠬᠡᠷᠡᠭᠲᠡᠶ᠃ ᠦᠨᠡᠯᠡᠯᠲᠡ ᠬᠢᠯᠭᠡᠭᠰᠡᠨ ᠡᠲᠡᠭᠡᠳ ᠨᠢ | ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠦᠨ | ᠬᠦᠷᠭᠡᠵᠦ᠂ ᠦᠨᠡᠯᠡᠯᠲᠡ ᠶᠢᠨ ᠦᠷ᠎ᠡ ᠳ᠋ᠦᠩ ᠬᠢᠭᠡᠳ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ ᠨᠢ ᠨᠡᠯᠢᠶᠡᠳ | ᠶᠡᠭᠡ ᠵᠥᠷᠢᠶ᠎ᠡ ᠲᠠᠢ ᠪᠠᠶᠢᠪᠠᠯ᠂ ᠵᠥᠷᠢᠶ᠎ᠡ ᠭᠠᠷᠤᠭᠰᠠᠨ ᠰᠢᠯᠲᠠᠭᠠᠨ ᠳᠤ ᠨᠢ ᠭᠦᠨᠵᠡᠭᠡᠶ ᠵᠠᠳᠠᠯᠤᠯᠲᠠ ᠬᠢᠵᠦ᠂ ᠬᠠᠮᠢᠶ᠎ᠠ | ᠪᠥᠬᠦᠶ ᠠᠵᠢᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠬᠤ ᠬᠡᠷᠡᠭᠲᠡᠶ᠃ ᠦᠨᠡᠯᠡᠯᠲᠡ ᠬᠢᠭᠰᠡᠨ ᠰᠠᠯᠠᠭ᠎ᠠ | ᠮᠥᠴᠢᠷ ᠨᠢ ᠱᠠᠭᠠᠷᠳᠠᠯᠭ᠎ᠠ ᠶᠣᠰᠣᠭᠠᠷ ᠰᠠᠯᠠᠭ᠎ᠠ ᠮᠥᠴᠢᠷ ᠤᠨ ᠦᠨᠡᠯᠡᠯᠲᠡ ᠶᠢᠨ ᠦᠷ᠎ᠡ ᠳ᠋ᠦᠩ ᠢ ᠨᠢ ᠲᠤᠰ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠥᠰᠦᠪ ᠬᠢᠵᠦ ᠪᠦᠬᠦᠢ ᠰᠠᠯᠠᠭ᠎ᠠ | ᠮᠥᠴᠢᠷ ᠤᠨ ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠡᠷᠡᠭᠯᠡᠭᠰᠡᠨ ᠪᠠ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢ ᠪᠦᠬᠦ ᠲᠠᠯ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠬᠡᠰᠡᠭ | ᠲᠥᠷᠥᠯ ᠵᠦᠢᠯ ᠢ ᠨᠢ ᠭᠤᠣᠯᠳᠠᠯᠭ᠎ᠠ ᠲᠠᠢ ᠰᠣᠩᠭᠤᠨ ᠲᠤᠰᠬᠠᠶ ᠬᠢᠨᠠᠨ ᠪᠠᠶᠢᠴᠠᠭᠠᠵᠦ᠂ ᠦᠨᠡᠯᠡᠯᠲᠡ ᠶᠢᠨ ᠦᠷ᠎ᠡ | ᠳ᠋ᠦᠩ ᠤᠨ ᠬᠡᠷᠡᠭᠯᠡᠯᠲᠡ ᠶᠢ ᠰᠢᠮᠳᠠᠭᠤᠯᠤᠨ ᠴᠢᠩᠭᠠᠳᠬᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠰᠠᠯᠠᠭ᠎ᠠ ᠮᠥᠴᠢᠷ ᠤᠨ ᠦᠨᠡᠯᠡᠯᠲᠡ ᠶᠢᠨ ᠦᠷ᠎ᠡ ᠳ᠋ᠦᠩ ᠢ ᠲᠤᠰ ᠰᠠᠯᠠᠭ᠎ᠠ | ᠮᠥᠴᠢᠷ ᠤᠨ ᠲᠥᠰᠦᠪ ᠢ ᠲᠣᠬᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠬᠠᠮᠢᠶᠠᠷᠤᠯᠲᠠ ᠶᠢ | ᠰᠠᠶᠢᠵᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ︔ ᠡᠳ᠋ ᠤᠨ ᠵᠠᠰᠠᠭ ᠤᠨ ᠦᠨᠡᠯᠡᠯᠲᠡ ᠶᠢᠨ ᠦᠷ᠎ᠡ | ᠳ᠋ᠦᠩ ᠢ ᠵᠠᠰᠠᠭ ᠤᠨ ᠣᠷᠳᠣᠨ ᠤ ᠲᠥᠰᠦᠪ ᠢ ᠲᠣᠬᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ | ᠬᠠᠮᠢᠶᠠᠷᠤᠯᠲᠠ ᠶᠢ ᠰᠠᠶᠢᠵᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠵᠠᠷᠴᠢᠮ ᠳᠡᠭᠡᠷ᠎ᠡ ᠪᠠᠨ | ᠦᠨᠡᠯᠡᠯᠲᠡ ᠶᠢᠨ ᠵᠡᠷᠭᠡ ᠳᠡᠰ ᠨᠢ ᠰᠢᠯᠢᠳᠡᠭ ᠪᠣᠶᠣ ᠰᠠᠶᠢᠨ ᠪᠠᠶᠢᠪᠠᠯ᠂ ᠪᠠᠶᠢᠳᠠᠯ ᠢ ᠨᠢ ᠦᠨᠳᠦᠰᠦᠯᠡᠨ ᠳᠡᠮᠵᠢᠯᠭᠡ | ᠦᠵᠡᠭᠦᠯᠦᠨ᠎ᠡ︔ ᠦᠨᠡᠯᠡᠯᠲᠡ ᠶᠢᠨ ᠵᠡᠷᠭᠡ ᠳᠡᠰ ᠨᠢ ᠳᠤᠮᠳᠠ ᠪᠣᠶᠣ ᠠᠨᠠᠢ ᠪᠠᠶᠢᠪᠠᠯ᠂ ᠲᠦᠷᠦ ᠶᠢᠨ ᠪᠤᠳᠤᠯᠭ᠎ᠠ ᠪᠠᠨ | ᠲᠡᠭᠦᠯᠳᠡᠷᠵᠢᠭᠦᠯᠦᠨ᠂ ᠬᠠᠮᠢᠶᠠᠷᠤᠯᠲᠠ ᠪᠠᠨ ᠰᠠᠶᠢᠵᠢᠷᠠᠭᠤᠯᠵᠤ᠂ ᠪᠠᠶᠢᠳᠠᠯ ᠢ ᠨᠢ ᠦᠨᠳᠦᠰᠦᠯᠡᠨ ᠲᠥᠰᠦᠪ ᠢ | ᠬᠠᠷᠭᠤᠭᠤᠯᠤᠨ ᠬᠠᠰᠤᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠦᠭᠡᠶ ᠪᠤᠶᠤ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠶᠢᠵᠢᠭᠤᠯᠤᠭᠰᠠᠨ ᠦᠭᠡᠶ ᠪᠠᠶᠢᠪᠠᠯ᠂ ᠪᠠᠶᠢᠳᠠᠯ ᠢ ᠨᠢ ᠦᠨᠳᠦᠰᠦᠯᠡᠨ ᠲᠥᠰᠦᠪ ᠢ ᠵᠣᠬᠢᠴᠠᠩᠭᠤᠶ ᠪᠠᠷ | ᠲᠣᠬᠢᠷᠠᠭᠤᠯᠤᠨ ᠬᠠᠰᠤᠬᠤ ᠪᠤᠶᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠳᠠᠬᠢᠨ | ᠲᠣᠬᠢᠷᠠᠭᠤᠯᠵᠤ ᠥᠭᠬᠦ ᠬᠡᠷᠡᠭᠲᠡᠶ᠃ | ᠳᠥᠴᠢᠳᠦᠭᠡᠷ ᠵᠦᠢᠯ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠪᠠ ᠦᠷ᠎ᠡ ᠳ᠋ᠦᠩ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠢᠨᠠᠨ ᠪᠣᠳᠣᠬᠤ ᠪᠠ ᠡᠳ᠋ ᠤᠨ ᠵᠠᠰᠠᠭ ᠵᠡᠷᠭᠡ ᠰᠠᠯᠠᠭ᠎ᠠ | ᠮᠥᠴᠢᠷ ᠤᠨ ᠬᠢᠨᠠᠯᠲᠠ ᠲᠠᠯᠪᠢᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠦᠯᠢᠶᠡᠬᠦ ᠬᠡᠷᠡᠭᠲᠡᠢ᠃ | | ᠳᠥᠴᠢᠨ ᠨᠢᠭᠡᠳᠦᠭᠡᠷ ᠵᠦᠢᠯ ᠨᠢᠭᠡᠴᠢ ᠶᠢᠨ ᠥᠪᠡᠷᠰᠡᠳ ᠤᠨ ᠦᠨᠡᠯᠡᠯᠲᠡ ᠶᠢᠨ ᠦᠷ᠎ᠡ ᠳ᠋ᠦᠩ᠂ ᠰᠠᠯᠠᠭ᠎ᠠ | ᠮᠥᠴᠢᠷ ᠤᠨ ᠦᠨᠡᠯᠡᠯᠲᠡ ᠪᠠ ᠡᠳ᠋ ᠤᠨ ᠵᠠᠰᠠᠭ ᠤᠨ ᠦᠨᠡᠯᠡᠯᠲᠡ ᠶᠢᠨ ᠦᠷ᠎ᠡ ᠳ᠋ᠦᠩ ᠢ ᠱᠠᠭᠠᠷᠳᠠᠯᠭ᠎ᠠ ᠶᠣᠰᠣᠭᠠᠷ | ᠵᠠᠰᠠᠭ ᠤᠨ ᠣᠷᠳᠣᠨ ᠤ ᠲᠥᠰᠦᠪ ᠤᠨ ᠭᠦᠢᠴᠡᠳᠬᠡᠯ ᠪᠠ ᠲᠤᠰ ᠰᠠᠯᠠᠭ᠎ᠠ ᠮᠥᠴᠢᠷ ᠤᠨ ᠲᠥᠰᠦᠪ ᠤᠨ | ᠭᠦᠢᠴᠡᠳᠬᠡᠯ ᠳᠤ ᠨᠠᠶᠢᠷᠠᠭᠤᠯᠤᠨ ᠣᠷᠣᠭᠤᠯᠵᠤ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ︵ᠠᠵᠢᠯᠯᠠᠬᠤ ᠬᠤᠷᠢᠶ᠎ᠠ︶ ᠳᠤ ᠮᠡᠳᠡᠭᠦᠯᠦᠨ ᠬᠦᠷᠭᠡᠬᠦ ᠶᠢᠨ ᠬᠠᠮᠲᠤ᠂ ᠬᠠᠤᠯᠢ | ᠶᠣᠰᠣᠭᠠᠷ ᠢᠯᠡ ᠪᠣᠯᠭᠠᠬᠤ ᠬᠡᠷᠡᠭᠲᠡᠢ᠃ | | | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | ᠳᠥᠴᠢᠨ ᠬᠤᠶᠠᠳᠤᠭᠠᠷ ᠵᠦᠢᠯ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠡᠳ ᠦᠷ᠎ᠡ ᠠᠰᠢᠭ | ᠣᠯᠣᠭᠰᠠᠨ ᠢᠶᠠᠷ ᠰᠦᠷᠡᠬᠡᠢ ᠪᠠᠭ᠎ᠠ ᠪᠠ ᠦᠴᠦᠬᠡᠨ ᠴᠤ ᠦᠷ᠎ᠡ ᠠᠰᠢᠭ ᠣᠯᠣᠭᠰᠠᠨ ᠦᠭᠡᠢ ᠪᠥᠭᠡᠳ ᠬᠦᠨᠳᠦ ᠶᠡᠭᠡ | ᠬᠤᠬᠢᠷᠠᠯ ᠤᠴᠠᠷᠠᠭᠤᠯᠤᠭᠰᠠᠨ ᠬᠠᠷᠢᠭᠤᠴᠠᠯᠭ᠎ᠠ ᠲᠠᠢ ᠬᠥᠮᠥᠨ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ | ᠶᠠᠪᠤᠴᠠ ᠳᠤ ᠢᠯᠡᠷᠡᠭᠦᠯᠦᠭᠰᠡᠨ ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠡᠳ᠋ ᠤᠨ ᠵᠠᠰᠠᠭ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ ᠰᠢᠢᠳᠬᠡᠬᠦ ᠳᠦᠷᠢᠮ︾ ᠵᠡᠷᠭᠡ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠪᠡᠯᠡ ᠮᠥᠩᠭᠦ ᠬᠡᠷᠡᠭᠯᠡᠭᠰᠡᠨ ᠨᠢᠭᠡᠴᠢ ᠪᠠ ᠬᠤᠪᠢ ᠬᠥᠮᠦᠨ ᠠᠴᠠ | ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠰᠠᠬᠢᠯᠭ᠎ᠠ ᠪᠠᠲᠤ ᠪᠠ ᠬᠠᠤᠯᠢ ᠴᠠᠭᠠᠵᠠ ᠶᠢ ᠵᠥᠷᠢᠴᠡᠭᠰᠡᠨ | ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠳᠤ ᠴᠠᠭ ᠲᠤᠬᠠᠢ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠥᠰᠦᠪ ᠬᠢᠵᠦ | ᠪᠥᠬᠦᠶ ᠰᠠᠯᠠᠭ᠎ᠠ ᠮᠥᠴᠢᠷ ᠪᠠ ᠨᠢᠭᠡᠴᠢ ᠵᠢᠴᠢ ᠲᠡᠳᠡᠭᠡᠷ ᠤᠨ ᠠᠵᠢᠯᠲᠠᠳ ᠠᠮᠵᠢᠯᠲᠠ ᠪᠦᠲᠦᠮᠵᠢ ᠶᠢᠨ ᠦᠨᠡᠯᠡᠯᠲᠡ ᠶᠢᠨ | ᠠᠵᠢᠯ ᠳᠤ ᠲᠣᠰ ᠠᠷᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ | ᠶᠣᠰᠣ ᠶᠢ ᠵᠥᠷᠢᠴᠡᠭᠰᠡᠨ ᠵᠡᠷᠭᠡ ᠬᠠᠤᠯᠢ ᠪᠠ ᠰᠠᠬᠢᠯᠭ᠎ᠠ ᠪᠠᠲᠤ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ | ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠢᠨᠠᠨ ᠪᠠᠶᠢᠴᠠᠭᠠᠬᠤ ᠬᠠᠤᠯᠢ︾ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠣᠷᠭᠠᠵᠤ ᠰᠢᠢᠳᠬᠡᠬᠦ ᠲᠦᠷᠢᠮ︾ ᠵᠡᠷᠭᠡ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠵᠣᠬᠢᠬᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠬᠡᠯᠬᠡᠬᠦ ᠬᠡᠷᠡᠭᠲᠡᠢ᠃ | | | ᠳᠣᠯᠣᠳᠤᠭᠠᠷ ᠪᠦᠯᠦᠭ ᠳᠠᠭᠠᠯᠳᠤᠭᠤᠯᠤᠯ ᠲᠦᠷᠢᠮ | | ᠳᠥᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠥᠴᠢᠨ ᠲᠠᠪᠤᠳᠤᠭᠠᠷ ᠵᠦᠢᠯ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ︵ᠲᠥᠷᠥ ᠶᠢᠨ ᠪᠣᠳᠣᠯᠭ᠎ᠠ︶ ᠪᠤᠶᠤ | ᠲᠥᠷᠥᠯ ᠵᠦᠢᠯ ︵ᠲᠥᠷᠥ ᠶᠢᠨ ᠪᠣᠳᠣᠯᠭ᠎ᠠ︶ ᠤᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠦᠷᠭᠦᠯᠵᠢᠯᠡᠨ | ᠬᠡᠷᠡᠭᠵᠢᠭᠦᠯᠬᠦ ᠴᠢᠬᠤᠯᠠᠲᠠᠶ ᠪᠣᠯ᠂ ᠠᠵᠢᠯ ᠶᠠᠪᠤᠳᠠᠯ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠯᠲᠡ ᠶᠢᠨ | ᠬᠤᠯᠪᠣᠭᠳᠠᠯ ᠪᠥᠬᠦᠶ ᠠᠷᠭ᠎ᠠ ᠪᠠᠷ ᠯᠠᠪᠯᠠᠯᠲᠠ ᠪᠣᠯᠭᠠᠵᠤ ᠠᠵᠢᠯ ᠶᠠᠪᠤᠳᠠᠯ ᠤᠨ ᠡᠮᠦᠨᠡᠬᠢ ᠠᠮᠵᠢᠯᠲᠠ ᠪᠦᠲᠦᠮᠵᠢ ᠶᠢᠨ | ᠦᠨᠡᠯᠡᠯᠲᠡ ᠬᠢᠵᠦ᠂ ᠦᠨᠡᠯᠡᠯᠲᠡ ᠶᠢᠨ ᠦᠷ᠎ᠡ ᠳ᠋ᠦᠩ ᠢ ᠲᠥᠰᠦᠪ ᠭᠤᠶᠤᠴᠢᠯᠠᠬᠤ ᠳᠤ ᠵᠠᠪᠠᠯ ᠪᠦᠷᠢᠳᠦᠭᠦᠯᠬᠦ | ᠨᠥᠬᠦᠴᠡᠯ ᠪᠠ ᠲᠥᠰᠦᠪ ᠤᠨ ᠲᠣᠬᠢᠷᠠᠭᠤᠯᠤᠯᠲᠠ ᠶᠢᠨ ᠴᠢᠬᠤᠯᠠ ᠯᠠᠪᠯᠠᠬᠤ ᠦᠨᠳᠦᠰᠦᠯᠡᠯ ᠪᠣᠯᠭᠠᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2016 ︺ 171 ᠳ᠋ᠤᠭᠡᠷ | ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | | | ᠳᠠᠭᠠᠯᠳᠤᠭᠤᠯᠤᠯ᠄ 1. ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠥᠪᠡᠷᠰᠡᠳ ᠤᠨ | ᠦᠨᠡᠯᠡᠯᠲᠡ ᠶᠢᠨ ᠬᠦᠰᠦᠨᠦᠭᠲᠦ | 2. ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠦᠢᠴᠡᠳᠬᠡᠯ | ᠲᠣᠭᠠᠨ ᠤ ᠲᠣᠭᠲᠠᠯᠴᠠᠭ᠎ᠠ ᠶᠢᠨ ᠪᠣᠷᠣ ᠲᠥᠰᠥᠪ ︵ᠯᠠᠪᠯᠠᠬᠤ︶ | 3. ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ | ︵ᠯᠠᠪᠯᠠᠬᠤ ᠲᠣᠪᠴᠢᠯᠠᠯ︶ | 4. ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ | ᠮᠡᠳᠡᠭᠦᠯᠦᠯᠲᠡ ︵ᠯᠠᠪᠯᠠᠬᠤ ᠲᠣᠪᠴᠢᠯᠠᠯ︶ | ᠳᠠᠭᠠᠯᠳᠤᠭᠤᠯᠤᠯ 3 | ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠮᠡᠳᠡᠬᠦᠯᠦᠯᠳᠡ | ︵ᠯᠠᠪᠯᠠᠬᠤ ᠲᠤᠪᠴᠢᠯᠠᠯ︶ | ᠨᠢᠭᠡ᠂ ᠦᠨᠳᠦᠰᠦᠨ ᠪᠠᠶᠢᠳᠠᠯ | ︵ᠨᠢᠭᠡ︶ ᠲᠥᠷᠥᠯ ᠵᠦᠢᠯ ᠤᠨ ᠲᠦᠢᠮᠣ ᠪᠠᠶᠢᠳᠠᠯ᠃ ᠡᠭᠦᠨ ᠳᠤ ᠲᠥᠷᠥᠯ ᠵᠦᠢᠯ ᠤᠨ ᠠᠬᠤᠶ ᠪᠠᠶᠢᠳᠠᠯ᠂ | ᠭᠤᠣᠯ ᠠᠭᠤᠯᠭ᠎ᠠ ᠬᠢᠭᠡᠳ ᠬᠡᠷᠡᠭᠵᠢᠭᠦᠯᠦᠭᠰᠡᠨ ᠪᠠᠶᠢᠳᠠᠯ᠂ ᠪᠡᠯᠡ ᠮᠥᠩᠭᠦ ᠣᠷᠣᠭᠤᠯᠤᠭᠰᠠᠨ ᠪᠠ ᠬᠡᠷᠡᠭᠯᠡᠭᠰᠡᠨ ᠪᠠᠶᠢᠳᠠᠯ | ᠵᠡᠷᠭᠡ ᠪᠠᠭᠲᠠᠨ᠎ᠠ᠃ | ︵ᠬᠤᠶᠠᠷ︶ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠷᠠᠯᠲᠠ᠃ ᠡᠭᠦᠨ ᠳᠤ ᠶᠡᠷᠦᠩᠬᠡᠶ ᠬᠠᠷᠠᠯᠲᠠ | ᠪᠠ ᠱᠠᠲᠤ ᠦᠶ᠎ᠡ ᠶᠢᠨ ᠴᠢᠨᠠᠷᠲᠠᠶ ᠬᠠᠷᠠᠯᠲᠠ ᠪᠠᠭᠲᠠᠨ᠎ᠠ᠃ | ᠬᠤᠶᠠᠷ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ | ︵ᠨᠢᠭᠡ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠵᠣᠷᠢᠯᠭ᠎ᠠ᠂ ᠡᠲᠡᠭᠡᠳ ᠪᠠ ᠬᠡᠪᠴᠢᠶ᠎ᠡ᠃ | ︵ᠬᠤᠶᠠᠷ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠵᠠᠷᠴᠢᠮ᠂ ᠦᠨᠡᠯᠡᠯᠲᠡ ᠶᠢᠨ ᠭᠦᠢᠴᠡᠳᠬᠡᠯ | ᠲᠣᠭᠠᠨ ᠤ ᠲᠣᠭᠲᠠᠯᠴᠠᠭ᠎ᠠ ︵ᠳᠠᠭᠠᠯᠳᠤᠭᠤᠯᠤᠯ ᠬᠦᠰᠦᠨᠦᠭᠲᠦ ᠶᠢᠨ ᠲᠣᠳᠣᠷᠬᠠᠶᠢᠯᠠᠯᠲᠠ︶᠂ ᠦᠨᠡᠯᠡᠯᠲᠡ ᠶᠢᠨ ᠠᠷᠭ᠎ᠠ᠂ | ᠦᠨᠡᠯᠡᠯᠲᠡ ᠶᠢᠨ ᠪᠠᠷᠢᠮᠵᠢᠶ᠎ᠠ ᠵᠡᠷᠭᠡ᠃ | ︵ᠭᠤᠷᠪᠠ︶ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠶᠠᠪᠤᠴᠠ᠃ ᠡᠭᠦᠨ ᠳᠤ ᠡᠬᠢᠨ ᠤ | ᠬᠤᠭᠤᠴᠠᠭᠠᠨ ᠳᠠᠬᠢ ᠪᠡᠯᠡᠳᠬᠡᠯ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠦᠨᠡᠯᠡᠯᠲᠡ ᠬᠢᠵᠦ ᠵᠠᠳᠠᠯᠬᠤ᠂ | ᠣᠶᠢᠯᠠᠭᠠᠨ ᠨᠡᠪᠲᠡᠷᠡᠯᠴᠡᠵᠦ ᠬᠠᠷᠢᠭᠤ ᠲᠤᠰᠬᠠᠬᠤ ᠵᠡᠷᠭᠡ ᠪᠠᠭᠲᠠᠨ᠎ᠠ᠃ | ᠭᠤᠷᠪᠠ᠂ ᠶᠡᠷᠦᠩᠬᠡᠶᠢᠯᠡᠭᠰᠡᠨ ᠦᠨᠡᠯᠡᠯᠲᠡ ᠬᠢᠵᠦ ᠵᠠᠳᠠᠯᠤᠭᠰᠠᠨ ᠪᠠᠶᠢᠳᠠᠯ ᠵᠢᠴᠢ ᠦᠨᠡᠯᠡᠯᠲᠡ ᠶᠢᠨ ᠳ᠋ᠦᠩᠨᠡᠯᠲᠡ | ︵ᠬᠠᠮᠢᠶ᠎ᠠ ᠪᠥᠬᠦᠶ ᠬᠤᠪᠢ ᠲᠣᠭᠲᠠᠭᠠᠬᠤ ᠬᠦᠰᠦᠨᠦᠭᠲᠦ ᠶᠢ ᠳᠠᠭᠠᠯᠳᠤᠭᠤᠯᠪᠠ︶ | ᠳᠥᠷᠪᠡ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠭᠦᠢᠴᠡᠳᠬᠡᠯ ᠲᠣᠭᠠᠨ ᠤ ᠵᠠᠳᠠᠯᠤᠯᠲᠠ | ︵ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ᠲᠠᠢ ᠤᠶᠠᠯᠳᠤᠭᠤᠯᠤᠨ ᠵᠠᠳᠠᠯᠤᠯᠲᠠ ᠬᠢᠨ᠎ᠠ︶ | ︵ᠨᠢᠭᠡ︶ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠳᠠᠯ᠃ | ︵ᠬᠤᠶᠠᠷ︶ ᠲᠥᠷᠥᠯ ᠵᠦᠢᠯ ᠤᠨ ᠶᠠᠪᠤᠴᠠ ᠶᠢᠨ ᠪᠠᠶᠢᠳᠠᠯ᠃ | ︵ᠭᠤᠷᠪᠠ︶ ᠲᠥᠷᠥᠯ ᠵᠦᠢᠯ ᠤᠨ ᠦᠢᠯᠡᠳᠪᠦᠷᠢᠯᠡᠵᠦ ᠭᠠᠷᠭᠠᠭᠰᠠᠨ ᠪᠠᠶᠢᠳᠠᠯ᠃ | ︵ᠳᠥᠷᠪᠡ︶ ᠲᠥᠷᠥᠯ ᠵᠦᠢᠯ ᠤᠨ ᠦᠷ᠎ᠡ ᠠᠰᠢᠭ ᠤᠨ ᠪᠠᠶᠢᠳᠠᠯ᠃ | ᠲᠠᠪᠤ᠂ ᠭᠤᠣᠯ ᠪᠣᠯᠬᠤ ᠲᠤᠷᠰᠢᠯᠭ᠎ᠠ ᠬᠢᠭᠡᠳ ᠬᠢᠳᠡᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠡᠭᠦᠨ ᠤ | ᠰᠢᠯᠲᠠᠭᠠᠨ ᠤ ᠵᠠᠳᠠᠯᠤᠯᠲᠠ | ᠵᠢᠷᠭᠤᠭ᠎ᠠ᠂ ᠬᠤᠯᠪᠤᠨᠨᠳᠠᠯ ᠪᠦᠬᠦᠢ ᠰᠠᠨᠠᠭᠤᠯᠭ᠎ᠠ | ᠲᠤᠯᠤᠭ᠎ᠠ᠂ ᠲᠣᠳᠣᠷᠬᠠᠶᠢᠯᠠᠬᠤ ᠴᠢᠬᠤᠯᠠᠲᠠᠢ ᠪᠤᠰᠤᠳ ᠠᠰᠠᠭᠤᠳᠠᠯ | ᠳᠠᠭᠠᠯᠳᠤᠭᠤᠯᠤᠯ 4 | ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ | ᠥᠪᠡᠷᠰᠡᠳ ᠤᠨ ᠦᠨᠡᠯᠡᠯᠲᠡ ᠶᠢᠨ ᠮᠡᠳᠡᠭᠦᠯᠦᠯᠲᠡ | ︵ᠯᠠᠪᠯᠠᠬᠤ ᠲᠤᠪᠴᠢᠯᠠᠯ︶ | ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ | ︵ᠨᠢᠭᠡ︶ ᠲᠥᠷᠥᠯ ᠵᠦᠢᠯ ᠤᠨ ᠦᠨᠳᠦᠰᠦᠨ ᠪᠠᠶᠢᠳᠠᠯ ᠤᠨ ᠲᠣᠪᠴᠢ ᠲᠠᠨᠢᠯᠴᠠᠭᠤᠯᠭ᠎ᠠ᠃ | ︵ᠬᠤᠶᠠᠷ︶ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠭᠰᠠᠨ ᠵᠢᠴᠢ ᠭᠦᠢᠴᠡᠳᠬᠡᠯ ᠲᠤᠭ᠎ᠠ ᠶᠢ | ᠪᠡᠶᠡᠯᠡᠭᠦᠯᠦᠭᠰᠡᠨ ᠪᠠᠶᠢᠳᠠᠯ᠃ | ᠬᠤᠶᠠᠷ᠂ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠠᠵᠢᠯ ᠤᠨ ᠪᠠᠶᠢᠳᠠᠯ | ︵ᠨᠢᠭᠡ︶ ᠠᠮᠵᠢᠯᠲᠠ ᠪᠦᠲᠦᠮᠵᠢ ᠶᠢᠨ ᠥᠪᠡᠷᠰᠡᠳ ᠤᠨ ᠦᠨᠡᠯᠡᠯᠲᠡ ᠶᠢᠨ ᠬᠠᠷᠠᠯᠲᠠ᠃ | ︵ᠬᠤᠶᠠᠷ︶ ᠲᠥᠷᠥᠯ ᠵᠦᠢᠯ ᠤᠨ ᠪᠡᠯᠡ ᠮᠥᠩᠭᠦ ᠣᠷᠣᠭᠤᠯᠤᠭᠰᠠᠨ ᠪᠠᠶᠢᠳᠠᠯ᠃ | ︵ᠭᠤᠷᠪᠠ︶ ᠲᠥᠷᠥᠯ ᠵᠦᠢᠯ ᠤᠨ ᠪᠡᠯᠡ ᠮᠥᠩᠭᠦᠨ ᠤ ᠦᠢᠯᠡᠳᠪᠦᠷᠢᠯᠡᠵᠦ ᠭᠠᠷᠭᠠᠭᠰᠠᠨ ᠪᠠᠶᠢᠳᠠᠯ᠃ | ︵ᠳᠥᠷᠪᠡ︶ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠪᠠᠶᠢᠳᠠᠯ᠃ | ᠭᠤᠷᠪᠠ᠂ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠪᠠᠶᠢᠳᠠᠯ | ︵ᠨᠢᠭᠡ︶ ᠦᠢᠯᠡᠳᠪᠦᠷᠢᠯᠡᠵᠦ ᠭᠠᠷᠭᠠᠬᠤ ᠭᠦᠢᠴᠡᠳᠬᠡᠯ ᠲᠤᠭ᠎ᠠ ᠪᠠᠨ ᠪᠡᠶᠡᠯᠡᠭᠦᠯᠦᠭᠰᠡᠨ ᠪᠠᠶᠢᠳᠠᠯ᠃ | ︵ᠬᠤᠶᠠᠷ︶ ᠦᠷ᠎ᠡ ᠠᠰᠢᠭ ᠤᠨ ᠭᠦᠢᠴᠡᠳᠬᠡᠯ ᠲᠤᠭ᠎ᠠ ᠪᠠᠨ ᠪᠡᠶᠡᠯᠡᠭᠦᠯᠦᠭᠰᠡᠨ ᠪᠠᠶᠢᠳᠠᠯ᠃ | ︵ᠭᠤᠷᠪᠠ︶ ᠥᠪᠡᠷᠰᠡᠳ ᠤᠨ ᠦᠨᠡᠯᠡᠯᠲᠡ ᠶᠢᠨ ᠣᠯᠤᠭᠰᠠᠨ ᠬᠤᠪᠢ ᠶᠢᠨ ᠪᠠᠶᠢᠳᠠᠯ᠃ | ᠳᠦᠷᠪᠡ᠂ ᠣᠷᠣᠰᠢᠵᠤ ᠪᠠᠶᠢᠭ᠎ᠠ ᠠᠰᠠᠭᠤᠳᠠᠯ | ︵ᠨᠢᠭᠡ︶ ᠲᠥᠷᠥᠯ ᠵᠦᠢᠯ ᠪᠠᠶᠢᠭᠤᠯᠬᠤ᠂ ᠬᠡᠷᠡᠭᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ᠃ | ︵ᠬᠤᠶᠠᠷ︶ ᠪᠡᠯᠡ ᠮᠥᠩᠭᠦᠨ ᠤ ᠬᠠᠮᠢᠶᠠᠷᠤᠯᠲᠠ ᠪᠠ ᠬᠡᠷᠡᠭᠯᠡᠯᠲᠡ ᠳᠤ ᠣᠷᠣᠰᠢᠵᠤ ᠪᠠᠶᠢᠭ᠎ᠠ ᠠᠰᠠᠭᠤᠳᠠᠯ᠃ | ᠲᠠᠪᠤ᠂ ᠲᠣᠳᠣᠷᠬᠠᠶᠢᠯᠠᠬᠤ ᠴᠢᠬᠤᠯᠠᠲᠠᠢ ᠪᠤᠰᠤᠳ ᠠᠰᠠᠭᠤᠳᠠᠯ | ︵ᠨᠢᠭᠡ︶ ᠬᠤᠶᠢᠰᠢᠳᠠ ᠦᠷᠭᠦᠯᠵᠢᠯᠡᠭᠦᠯᠬᠦ ᠠᠵᠢᠯ ᠤᠨ ᠲᠥᠯᠥᠪᠯᠡᠭᠡ᠃ | ︵ᠬᠤᠶᠠᠷ︶ ᠠᠷᠭ᠎ᠠ ᠬᠡᠮᠵᠢᠶ᠎ᠡ ᠬᠢᠭᠡᠳ ᠠᠷᠭ᠎ᠠ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |