ᠦᠨᠳᠡᠭᠡᠯᠡᠬᠦ ᠱᠠᠲᠤᠨ ᠳᠤ ᠣᠷᠤᠭᠰᠠᠨ ᠲᠠᠬᠢᠶᠠᠨ ᠤ ᠠᠷᠠᠴᠢᠯᠠᠭ᠎ᠠ ᠬᠠᠮᠢᠶᠠᠷᠤᠯᠲᠠ
ᠨᠡᠶᠢᠲᠡᠯᠡᠭᠰᠡᠨ ᠴᠠᠭ᠄
2021/12/7
     ︵ᠨᠢᠭᠡ︶ ᠲᠡᠵᠢᠭᠡᠬᠦ ᠠᠷᠭ᠎ᠠ ᠪᠠ ᠲᠡᠵᠢᠭᠡᠬᠦ ᠨᠢᠭᠲᠠᠴᠠ      ᠦᠨᠳᠡᠭᠡᠯᠡᠵᠦ ᠪᠠᠶᠢᠭ᠎ᠠ ᠬᠤᠭᠤᠴᠠᠭᠠᠨ ᠳᠠᠬᠢ ᠦᠷ᠎ᠡ ᠶᠢᠨ ᠲᠠᠬᠢᠶ᠎ᠠ ᠶᠢ ᠲᠡᠵᠢᠭᠡᠬᠦ ᠠᠷᠭ᠎ᠠ ᠳᠤ ᠭᠤᠣᠯᠳᠠᠭᠤ ᠭᠠᠵᠠᠷ ᠳᠡᠭᠡᠷ᠎ᠡ ᠲᠠᠷᠠᠬᠠᠢ ᠲᠡᠵᠢᠭᠡᠬᠦ᠂ ᠲᠣᠣᠷ ᠳᠡᠭᠡᠷ᠎ᠡ ᠲᠡᠵᠢᠭᠡᠬᠦ ᠪᠠ ᠰᠢᠩᠭᠡᠯᠢᠭ ᠲᠤ ᠬᠤᠷᠢᠵᠦ ᠲᠡᠵᠢᠭᠡᠬᠦ ᠵᠡᠷᠭᠡ ᠭᠤᠷᠪᠠᠨ ᠵᠦᠢᠯ ᠪᠠᠶᠢᠳᠠᠭ᠃      ᠮᠠᠨ ᠤ ᠤᠯᠤᠰ ᠲᠤ ᠭᠤᠣᠯᠳᠠᠭᠤ ᠰᠢᠩᠭᠡᠯᠢᠭ ᠲᠤ ᠬᠤᠷᠢᠵᠦ ᠲᠡᠵᠢᠭᠡᠵᠦ ᠪᠠᠶᠢᠬᠤ ᠪᠦᠭᠡᠳ ᠱᠠᠲᠤᠯᠢᠭ ᠬᠡᠯᠪᠡᠷᠢ ᠶᠢᠨ ᠳᠠᠪᠬᠤᠷᠭ᠎ᠠ ᠭᠠᠷᠭᠠᠨ ᠲᠡᠵᠢᠭᠡᠵᠦ ᠪᠣᠢ᠂ ᠡᠨᠡ ᠨᠢ ᠭᠠᠷ ᠬᠡᠬᠡᠯᠳᠦᠭᠦᠯᠭᠡ ᠬᠢᠬᠦ ᠳᠤ ᠳᠦᠭᠦᠮ ᠪᠡᠶᠢᠳᠠᠭ ︵ᠬᠦᠰᠦᠨᠦᠭᠲᠦ 1 - 10 ᠳᠤ ᠦᠵᠡᠭᠡᠷᠡᠢ︶᠃      ᠦᠷ᠎ᠡ ᠶᠢᠨ ᠲᠠᠬᠢᠶ᠎ᠠ ᠶᠢ ᠬᠡᠲᠦᠷᠭᠡᠢ ᠰᠢᠬᠠᠯᠴᠠᠭᠤᠯᠵᠤ ᠪᠣᠯᠬᠤ ᠦᠭᠡᠢ᠂ ᠰᠡᠶᠢᠷᠡᠭ ᠲᠡᠵᠢᠭᠡᠵᠦ᠂ ᠪᠡᠶ᠎ᠡ ᠶᠢᠨ ᠴᠢᠩᠭ᠎ᠠ ᠰᠤᠯᠠ ᠪᠠ ᠡᠷᠡᠭᠴᠢᠨ ᠡᠮᠡᠭᠴᠢᠨ ᠢ ᠢᠯᠭᠠᠨ ᠰᠠᠯᠭᠠᠵᠤ ᠰᠦᠷᠦᠭ ᠬᠤᠪᠢᠶᠠᠵᠤ ᠲᠡᠵᠢᠭᠡᠪᠡᠯ ᠨᠡᠩ ᠰᠠᠶᠢᠨ ᠪᠠᠶᠢᠳᠠᠭ᠃

      ︵ᠬᠤᠶᠠᠷ︶ ᠣᠷᠴᠢᠨ ᠲᠤᠭᠤᠷᠢᠨ ᠢ ᠡᠵᠡᠮᠰᠢᠬᠦ

     ᠦᠷ᠎ᠡ ᠶᠢᠨ ᠲᠠᠬᠢᠶ᠎ᠠ ᠶᠢ ᠲᠡᠵᠢᠭᠡᠬᠦ ᠣᠷᠴᠢᠨ ᠲᠤᠭᠤᠷᠢᠨ ᠨᠢ ᠲᠠᠸᠠᠷ ᠤᠨ ᠲᠠᠬᠢᠶ᠎ᠠ ᠲᠠᠢ ᠦᠨᠳᠦᠰᠦᠨ ᠳᠡᠭᠡᠨ

ᠠᠳᠠᠯᠢ ᠪᠣᠯᠪᠠᠴᠦ ᠦᠷ᠎ᠡ ᠶᠢᠨ ᠲᠠᠬᠢᠶᠠᠳ ᠢ ᠬᠤᠷᠤᠭᠳᠠᠯ ᠰᠦᠢᠳᠦᠯ ᠦᠭᠡᠢ ᠪᠣᠶᠢᠵᠢᠭᠤᠯᠵᠤ᠂ ᠨᠡᠯᠢᠶᠡᠳ ᠶᠡᠭᠡ

ᠦᠨᠳᠡᠭᠡᠨ ᠤ ᠬᠦᠨᠳᠦᠴᠡ ᠪᠠ ᠡᠭᠦᠯᠳᠡᠷ ᠤᠨ ᠲᠠᠬᠢᠶᠠᠨ ᠤ ᠬᠢᠷᠢ ᠲᠡᠩᠴᠡᠭᠰᠡᠨ ᠨᠤᠷᠮ᠎ᠠ ᠶᠢ ᠳᠡᠭᠡᠭᠰᠢᠯᠡᠭᠦᠯᠬᠦ ᠳᠤ

ᠡᠬᠢᠯᠡᠵᠦ ᠦᠨᠳᠡᠭᠡᠯᠡᠬᠦ ᠠᠴᠠ ᠡᠮᠦᠨᠡᠬᠢ ᠭᠡᠷᠡᠯ ᠤᠨ ᠳᠤᠰᠬᠠᠯᠲᠠ ᠶᠢ ᠦᠨᠳᠡᠭᠡᠨ ᠲᠠᠬᠢᠶ᠎ᠠ ᠶᠢᠨ ᠬᠢ ᠠᠴᠠ 2 ~ 8

ᠭᠠᠷᠠᠭ ᠬᠤᠶᠢᠰᠢᠯᠠᠭᠤᠯᠬᠤ ᠬᠡᠷᠡᠭᠲᠡᠢ᠃

      ︵ᠭᠤᠷᠪᠠ︶ ᠦᠷ᠎ᠡ ᠶᠢᠨ ᠦᠨᠳᠡᠭᠡ ᠶᠢ ᠬᠤᠷᠢᠶᠠᠨ ᠴᠤᠭᠯᠠᠭᠤᠯᠬᠤ ᠪᠠ ᠠᠷᠢᠭᠤᠳᠬᠠᠬᠤ

     ᠦᠷ᠎ᠡ ᠶᠢᠨ ᠦᠨᠳᠡᠭᠡ ᠶᠢ ᠲᠣᠭᠲᠠᠭᠰᠠᠨ ᠴᠠᠭ ᠲᠤ ᠬᠤᠷᠢᠶᠠᠨ ᠴᠤᠭᠯᠠᠭᠤᠯᠬᠤ ᠬᠡᠷᠡᠭᠲᠡᠢ ᠪᠦᠭᠡᠳ ᠡᠳᠦᠷ

ᠪᠦᠷᠢ ᠨᠠᠭᠠᠲᠦ ᠵᠠᠬ᠎ᠠ ᠳᠠᠭᠠᠨ 6 ᠤᠳᠠᠭ᠎ᠠ ᠬᠤᠷᠢᠶᠠᠵᠤ ᠠᠪᠬᠤ ᠬᠡᠷᠡᠭᠲᠡᠢ᠃ ᠡᠳᠦᠷ ᠪᠦᠷᠢ ᠲᠠᠬᠢᠶᠠᠨ ᠰᠦᠷᠦᠭ ᠤᠨ

5% ᠨᠢ ᠦᠨᠳᠡᠭᠡᠯᠡᠬᠦ ᠠᠴᠠ ᠡᠬᠢᠯᠡᠨ ᠬᠤᠷᠢᠶᠠᠨ ᠴᠤᠭᠯᠠᠭᠤᠯᠵᠤ᠂ ᠶᠡᠷᠦ ᠳᠡᠭᠡᠨ ᠬᠤᠶᠠᠷ ᠴᠠᠭ ᠪᠣᠯᠬᠤ ᠪᠦᠷᠢ ᠨᠢᠭᠡ

ᠤᠳᠠᠭ᠎ᠠ ᠬᠤᠷᠢᠶᠠᠵᠤ ᠪᠠᠶᠢᠪᠠᠯ ᠨᠡᠩ ᠰᠠᠶᠢᠨ ᠪᠠᠶᠢᠳᠠᠭ᠃ ᠲᠡᠷᠡ ᠮᠦᠷᠲᠡᠭᠡᠨ ᠤᠳᠠᠭ᠎ᠠ ᠪᠦᠷᠢ ᠶᠢᠨ ᠬᠤᠷᠢᠶᠠᠨ

ᠠᠪᠤᠭᠰᠠᠨ ᠦᠨᠳᠡᠭᠡ ᠪᠠᠨ ᠴᠠᠭ ᠲᠤᠬᠠᠢ ᠳᠤᠨᠢ ᠤᠳᠤᠵᠤ ᠠᠷᠢᠭᠤᠳᠬᠠᠭᠰᠠᠨ ᠤ ᠰᠡᠭᠦᠯᠡᠷ ᠰᠠᠶ᠋ᠢ ᠦᠷ᠎ᠡ ᠶᠢᠨ

ᠦᠨᠳᠡᠭᠡᠨ ᠤ ᠬᠦᠮᠦᠷᠭᠡ ᠳᠤ ᠬᠦᠷᠭᠡᠨ᠎ᠡ᠃ ᠦᠨᠳᠡᠭᠡ ᠬᠤᠷᠢᠶᠠᠨ ᠴᠤᠭᠯᠠᠭᠤᠯᠬᠤ ᠦᠶ᠎ᠡ ᠳᠤ ᠪᠤᠵᠠᠷ ᠦᠨᠳᠡᠭᠡ᠂

ᠣᠨᠴᠠᠭᠠᠢ ᠵᠢᠵᠢᠭ ᠪᠤᠶᠤ ᠬᠡᠳᠦ ᠲᠣᠮᠤ ᠦᠨᠳᠡᠭᠡ᠂ ᠵᠡᠷᠡᠮᠳᠡᠭ ᠦᠨᠳᠡᠭᠡ᠂ ᠡᠪᠳᠡᠷᠡᠭᠰᠡᠨ ᠦᠨᠳᠡᠭᠡ ᠶᠢ ᠢᠯᠭᠠᠵᠤ

ᠭᠠᠷᠭᠠᠬᠤ ᠬᠡᠷᠡᠭᠲᠡᠢ᠃ ᠡᠨᠡ ᠨᠢ ᠬᠤᠵᠢᠮ ᠤᠨ ᠭᠠᠷ ᠰᠤᠩᠭᠤᠯᠲᠠ ᠬᠢᠬᠦ ᠠᠴᠠ ᠪᠣᠯᠵᠤ ᠪᠣᠬᠢᠷᠳᠤᠬᠤ ᠠᠴᠠ

ᠰᠡᠷᠭᠡᠶᠢᠯᠡᠵᠦ ᠪᠠᠶᠢᠬᠤ ᠶᠤᠮ᠃

     ᠦᠷ᠎ᠡ ᠶᠢᠨ ᠦᠨᠳᠡᠭᠡ ᠶᠢ ᠬᠦᠮᠦᠷᠭᠡ ᠳᠤ ᠬᠦᠷᠭᠡᠭᠰᠡᠨ ᠤ ᠰᠡᠭᠦᠯᠡᠷ ᠳᠠᠬᠢᠨ ᠨᠢᠭᠡ ᠤᠳᠠᠭ᠎ᠠ ᠠᠷᠢᠭᠤᠳᠬᠠᠵᠤ᠂

ᠳᠠᠬᠢᠨᠲᠠ ᠪᠤᠬᠢᠷᠳᠤᠬᠤ ᠠᠴᠠ ᠰᠡᠷᠭᠡᠶᠢᠯᠡᠬᠦ ᠬᠡᠷᠡᠭᠲᠡᠢ᠃ ᠦᠨᠳᠡᠭᠡᠨ ᠬᠠᠯᠢᠰᠤᠨ ᠳᠡᠭᠡᠷᠡᠬᠢ ᠪᠠᠺᠠᠲ᠋ᠧᠷᠢ ᠶᠢᠨ ᠦᠷᠡᠵᠢᠬᠦ

ᠬᠤᠷᠳᠤᠴᠠ ᠨᠢ ᠮᠠᠰᠢ ᠲᠦᠷᠭᠡᠨ ᠪᠠᠶᠢᠳᠠᠭ ᠪᠣᠯᠪᠠᠴᠤ ᠠᠯᠠᠵᠤ ᠤᠰᠠᠳᠬᠠᠬᠤ ᠳᠤ ᠳᠦᠭᠦᠮ ᠪᠠᠶᠢᠳᠠᠭ᠃ ᠬᠡᠷᠪᠡ

ᠪᠠᠺᠠᠲ᠋ᠧᠷᠢ ᠨᠢ ᠦᠨᠳᠡᠭᠡᠨ ᠳᠣᠲᠤᠷ᠎ᠠ ᠣᠷᠤᠴᠢᠬᠠᠪᠠᠯ ᠠᠷᠢᠯᠭᠠᠵᠤ ᠤᠰᠠᠳᠬᠠᠬᠤ ᠳᠤ ᠲᠤᠩ ᠬᠦᠴᠢᠷ ᠪᠣᠯᠳᠠᠭ᠃

ᠦᠨᠳᠡᠭᠡᠨ ᠤ ᠳᠣᠲᠤᠷ᠎ᠠ ᠣᠷᠤᠭᠰᠠᠨ ᠪᠠᠺᠠᠲ᠋ᠧᠷᠢ ᠨᠢ ᠦᠰᠦᠨ ᠪᠣᠶᠢᠵᠢᠵᠦ ᠪᠠᠶᠢᠭ᠎ᠠ ᠬᠦᠪᠦᠷᠡᠯ ᠳᠤ ᠬᠠᠯᠳᠠᠪᠤᠷᠢᠯᠠᠵᠤ᠂

ᠴᠣᠷᠪᠤᠭ᠎ᠠ ᠳᠤ ᠶᠠᠮᠠᠷ ᠨᠢᠭᠡᠨ ᠵᠦᠢᠯ ᠤᠨ ᠡᠪᠡᠳᠴᠢᠨ ᠢ ᠬᠠᠯᠳᠠᠭᠠᠵᠤ ᠮᠡᠳᠡᠬᠦ ᠶᠤᠮ᠃ ᠪᠠᠺᠠᠲ᠋ᠧᠷᠢ ᠨᠢ ᠪᠠᠰᠠ

ᠦᠨᠳᠡᠭᠡᠨ ᠤ ᠳᠣᠲᠤᠷ᠎ᠠ ᠠᠭᠤᠯᠤᠭᠳᠠᠵᠤ ᠪᠠᠶᠢᠭ᠎ᠠ ᠪᠣᠳᠠᠰ ᠲᠤ ᠬᠢᠮᠢ ᠶᠢᠨ ᠤᠷᠪᠠᠯ ᠡᠭᠦᠰᠭᠡᠵᠦ᠂ ᠬᠦᠪᠦᠷᠡᠯ ᠤᠨ

ᠰᠢᠮ᠎ᠡ ᠲᠡᠵᠢᠭᠡᠯ ᠢ ᠬᠦᠷᠲᠡᠬᠦ ᠳᠤ ᠰᠠᠭᠠᠳ ᠪᠣᠯᠳᠠᠭ᠃ ᠦᠷ᠎ᠡ ᠶᠢᠨ ᠦᠨᠳᠡᠭᠡ ᠶᠢ ᠠᠷᠢᠭᠤᠳᠬᠠᠬᠤ ᠳᠤ ᠳᠤᠯᠠᠭᠠᠨ ᠤ

ᠬᠡᠮᠵᠢᠶ᠎ᠡ ᠨᠢ 22℃᠂ ᠬᠠᠷᠢᠴᠠᠩᠭᠤᠢ ᠴᠢᠬᠢᠭ ᠤᠨ ᠬᠡᠮᠵᠢᠶ᠎ᠡ ᠨᠢ 75%᠂ ᠦᠷᠭᠦᠯᠵᠢᠯᠡᠬᠦ ᠴᠠᠭ ᠨᠢ 36 ᠮᠢᠨᠦ᠋ᠲ

ᠪᠠᠶᠢᠬᠤ ᠶᠢ ᠱᠠᠭᠠᠷᠳᠠᠬᠤ ᠪᠦᠭᠡᠳ ᠹᠣᠷᠮᠠᠯᠢᠨ 35 ᠭᠷᠡᠮ/ ᠺᠦᠸᠠᠳ᠋ ᠮᠧᠲᠷ᠂ ᠳᠡᠭᠡᠲᠦ ᠮᠠᠩᠭᠠᠨ ᠬᠦᠴᠢᠯ ᠤᠨ ᠺᠠᠯᠢ

17.5 ᠭᠷᠡᠮ/ ᠺᠦᠸᠠᠳ᠋ ᠮᠧᠲᠷ᠂ ᠴᠡᠪᠡᠷ ᠤᠰᠤ 35 ᠮᠢᠯᠢᠯᠢᠲᠷ/ ᠺᠦᠸᠠᠳ᠋ ᠮᠧᠲᠷ ᠢ ᠱᠠᠭᠠᠵᠠᠩ ᠰᠠᠪᠠᠨ ᠳᠤ

ᠬᠢᠵᠦ ᠠᠶ᠎ᠠ ᠪᠠᠷ ᠨᠢ ᠠᠭᠤᠷᠰᠢᠭᠤᠯᠪᠠᠯ ᠪᠣᠯᠴᠢᠬᠠᠳᠠᠭ᠃

     ᠦᠷ᠎ᠡ ᠶᠢᠨ ᠦᠨᠳᠡᠭᠡ ᠶᠢ ᠬᠤᠷᠢᠶᠠᠨ ᠴᠤᠭᠯᠠᠭᠤᠯᠬᠤ ᠬᠤᠭᠤᠴᠠᠭ᠎ᠠ ᠨᠢ ᠡᠬᠢᠯᠡᠵᠦ ᠦᠨᠳᠡᠭᠡᠯᠡᠭᠰᠡᠨ ᠠᠴᠠ

ᠠᠪᠤᠭᠠᠳ 7 ᠬᠤᠨᠤᠭ ᠤᠨ ᠳᠣᠲᠤᠷ᠎ᠠ ᠪᠣᠯ ᠬᠠᠮᠤᠭ ᠠᠴᠠ ᠲᠣᠬᠢᠷᠠᠮᠵᠢᠲᠠᠢ ᠬᠠᠳᠠᠭᠠᠯᠠᠬᠤ ᠬᠤᠭᠤᠴᠠᠭ᠎ᠠ ᠪᠣᠯᠤᠨ᠎ᠠ᠃

ᠦᠷ᠎ᠡ ᠶᠢᠨ ᠦᠨᠳᠡᠭᠡ ᠶᠢ ᠬᠠᠳᠠᠭᠠᠯᠠᠬᠤ ᠲᠣᠬᠢᠷᠠᠮᠵᠢᠲᠡᠢ ᠳᠤᠯᠠᠭᠠᠨ ᠤ ᠬᠡᠮᠵᠢᠶ᠎ᠡ ᠨᠢ 16℃ ~ 18℃᠂

ᠬᠠᠷᠢᠴᠠᠩᠭᠤᠢ ᠴᠢᠬᠢᠭ ᠤᠨ ᠬᠡᠮᠵᠢᠶ᠎ᠡ ᠨᠢ 76% ~ 80%᠂ ᠡᠭᠦᠨ ᠠᠴᠠ ᠭᠠᠳᠠᠨ᠎ᠠ ᠰᠠᠯᠬᠢ ᠨᠡᠪᠲᠡᠷᠡᠬᠦ ᠨᠢ

ᠰᠠᠶᠢᠨ ᠪᠠᠶᠢᠬᠤ ᠬᠡᠷᠡᠭᠲᠡᠢ᠃ ᠬᠡᠷᠪᠡ ᠦᠨᠳᠡᠭᠡ ᠬᠠᠳᠠᠭᠠᠯᠠᠬᠤ ᠬᠤᠭᠤᠴᠠᠭ᠎ᠠ ᠨᠢ 5 ᠡᠳᠦᠷ ᠠᠴᠠ ᠬᠡᠲᠦᠷᠡᠭᠰᠡᠨ

ᠪᠠᠶᠢᠪᠠᠯ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠠᠴᠠ ᠭᠠᠳᠠᠨ᠎ᠠ ᠦᠨᠳᠡᠭᠡ ᠶᠢ ᠡᠳᠦᠷ ᠪᠦᠷᠢ ᠤᠷᠪᠠᠭᠤᠯᠵᠤ

ᠪᠠᠶᠢᠬᠤ ᠬᠡᠷᠡᠭᠲᠡᠢ᠃ ᠲᠡᠶᠢᠮᠦ ᠪᠢᠰᠢ ᠪᠣᠯ ᠦᠨᠳᠡᠭᠡᠨ ᠤ ᠨᠡᠪᠴᠢᠯᠲᠡ ᠶᠢᠨ ᠨᠤᠷᠮ᠎ᠠ ᠶᠢ ᠨᠦᠯᠦᠭᠡᠯᠡᠬᠦ ᠪᠣᠯᠤᠨ᠎ᠠ᠃

     ︵ᠢᠷᠡᠯᠲᠡ᠄ ᠵᠢᠷᠭᠠᠯ ᠡᠷᠬᠢᠯᠡᠨ ᠨᠠᠶᠢᠷᠠᠭᠤᠯᠤᠭᠰᠠᠨ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ

ᠮᠡᠷᠭᠡᠵᠢᠯ︾ ᠭᠡᠬᠦ ᠨᠣᠮ ᠠᠴᠠ ᠰᠤᠩᠭᠤᠨ ᠰᠡᠶᠢᠷᠡᠭᠦᠯᠪᠠ᠃︶

 
ᠢᠷᠡᠯᠲᠡ᠄ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ ᠮᠡᠷᠭᠡᠵᠢᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号