ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 17 ᠳ᠋ᠤᠭᠠᠷ ᠲᠣᠭᠠᠲᠤ | 2021 ᠣᠨ ᠤ 3 ᠳ᠋ᠤᠭᠠᠷ ᠰᠠᠷ᠎ᠠ ᠶᠢᠨ 30 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯᠵᠢᠯ ᠤᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ | ᠡᠷᠡᠭᠦᠯ ᠮᠡᠨᠳᠦ ᠶᠢ ᠠᠬᠢᠭᠤᠯᠬᠤ ᠬᠠᠤᠯᠢ︾ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭᠠᠨ ︵2019 | — 2030 ᠣᠨ︶︾ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠡᠭᠦᠯ ᠡᠩᠬᠡ | ᠥᠪᠥᠷ ᠮᠣᠩᠭᠤᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠢ ᠬᠡᠷᠡᠭᠵᠢᠭᠦᠯᠬᠦ ᠶᠢ ᠨᠢ ᠠᠬᠢᠭᠤᠯᠤᠨ᠂ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠣᠯᠠᠨ ᠳᠡᠰ ᠳᠠᠪᠬᠤᠷᠭ᠎ᠠ ᠶᠢᠨ᠂ ᠣᠯᠠᠨ | ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠂ ᠪᠥᠬᠦ ᠣᠷᠣᠨ ᠤ | ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠡᠮᠡᠭᠲᠡᠶᠢᠴᠦᠳ ᠬᠡᠦᠬᠡᠳ ᠤᠨ ᠠᠵᠢᠯ ᠢ ᠴᠢᠩᠭᠠᠳᠬᠠᠬᠤ | ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠡᠬᠡ ᠨᠢᠯᠬᠠᠰ ᠤᠨ ᠡᠷᠡᠭᠦᠯ ᠮᠡᠨᠳᠦ ᠶᠢᠨ | ᠠᠵᠢᠯ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠬᠡ ᠨᠢᠯᠬᠠᠰ ᠤᠨ ᠡᠷᠡᠭᠦᠯ | ᠮᠡᠨᠳᠦ ᠶᠢᠨ ᠠᠵᠢᠯ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠨᠢ | ᠰᠢᠢᠳᠪᠦᠷᠢᠯᠡᠬᠦ ᠶᠢ ᠠᠬᠢᠭᠤᠯᠵᠤ᠂ ᠪᠦᠬᠦ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠡᠷᠡᠭᠦᠯ ᠡᠩᠬᠡ ᠥᠪᠥᠷ ᠮᠣᠩᠭᠤᠯ ᠤᠨ ᠪᠠᠶᠢᠭᠤᠯᠤᠯᠲᠠ ᠳᠤ | ᠰᠠᠭᠤᠷᠢ ᠲᠠᠯᠪᠢᠨ᠎ᠠ᠃ | ︵ᠬᠤᠶᠠᠷ︶ ᠦᠨᠳᠦᠰᠦᠨ ᠵᠠᠷᠴᠢᠮ᠃ ︽ᠡᠷᠡᠭᠦᠯᠵᠢᠯ ᠢᠶᠠᠷ ᠭᠤᠤᠯ ᠪᠣᠯᠭᠠᠬᠤ ᠪᠠ ᠦᠷᠡᠵᠢᠯ ᠤᠨ ᠡᠷᠡᠭᠦᠯ ᠢ | ᠪᠠᠲᠤᠯᠠᠬᠤ ᠪᠠᠷ ᠵᠣᠷᠢᠯᠭ᠎ᠠ ᠪᠣᠯᠭᠠᠨ᠂ ᠡᠷᠡᠭᠦᠯᠵᠢᠯ ᠬᠢᠭᠡᠳ ᠡᠮᠴᠢᠯᠡᠭᠡᠨ ᠢ ᠤᠶᠠᠯᠳᠤᠭᠤᠯᠵᠤ᠂ ᠨᠡᠶᠢᠲᠡ ᠣᠯᠠᠨ ᠳᠤ | ᠬᠠᠨᠳᠤᠭᠤᠯᠬᠤ᠂ ᠦᠨᠳᠦᠰᠦᠨ ᠱᠠᠲᠤᠨ ᠳᠤ ᠴᠢᠭᠯᠡᠭᠦᠯᠬᠦ ᠪᠠ ᠰᠡᠷᠭᠡᠶᠢᠯᠡᠬᠦ ᠪᠠᠷ ᠭᠤᠤᠯ ᠪᠣᠯᠭᠠᠬᠤ︾ ᠡᠬᠡ | ᠨᠢᠯᠬᠠᠰ ᠤᠨ ᠡᠷᠡᠭᠦᠯ ᠬᠠᠮᠠᠭᠠᠯᠠᠯ ᠤᠨ ᠠᠵᠢᠯ ᠤᠨ ᠴᠢᠭᠯᠡᠯᠲᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠷᠡᠭᠦᠯᠵᠢᠯ | ᠬᠢᠭᠡᠳ ᠡᠮᠴᠢᠯᠡᠭᠡᠨ ᠢ ᠤᠶᠠᠯᠳᠤᠭᠤᠯᠬᠤ᠂ ᠪᠣᠳᠠᠭᠠᠯᠢ ᠪᠡᠶ᠎ᠡ ᠬᠢᠭᠡᠳ ᠨᠡᠶᠢᠲᠡ ᠣᠯᠠᠨ ᠢ ᠤᠶᠠᠯᠳᠤᠭᠤᠯᠬᠤ᠂ ᠬᠢᠲᠠᠳ | ᠡᠮᠨᠡᠯᠭᠡ ᠬᠢᠭᠡᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ | ︵ᠭᠤᠷᠪᠠ︶ ᠬᠥᠭᠵᠢᠯᠲᠡ ᠶᠢᠨ ᠬᠠᠷᠠᠯᠲᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠵᠢᠯ ᠦᠢᠯᠡᠰ ᠪᠣᠯᠭᠠᠵᠤ᠂ | ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠣᠷᠣᠨ | ᠨᠤᠲᠤᠭ ᠤᠨ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠦᠢᠯᠡᠰ ᠤᠨ | ᠲᠥᠯᠥᠪᠵᠢᠭᠦᠯᠭᠡ ᠳᠤ ᠣᠷᠣᠭᠤᠯᠵᠤ᠂ ᠳᠡᠮᠵᠢᠬᠦ ᠪᠠ ᠪᠥᠲᠥᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠪᠠᠷ ᠭᠤᠤᠯ ᠪᠣᠯᠭᠠᠭᠰᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠶ | ᠡᠮᠨᠡᠯᠭᠡ ᠶᠢᠨ ᠬᠤᠷᠢᠶ᠎ᠠ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠤᠷᠭᠠᠯᠲᠠ ᠶᠢᠨ | ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠭᠰᠠᠨ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠪᠠᠷ | ᠨᠥᠬᠦᠪᠥᠷᠢ ᠪᠣᠯᠭᠠᠭᠰᠠᠨ᠂ ᠡᠷᠡᠭᠦᠯᠵᠢᠯ ᠬᠢᠭᠡᠳ ᠡᠮᠴᠢᠯᠡᠭᠡ ᠶᠢ ᠤᠶᠠᠯᠳᠤᠭᠤᠯᠤᠭᠰᠠᠨ᠂ ᠪᠥᠬᠦ ᠣᠷᠣᠨ ᠢ | ᠬᠠᠮᠤᠷᠤᠭᠰᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠦ᠂ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠪᠠᠷ | ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠭᠤᠷᠪᠠᠨ ᠱᠠᠲᠤᠨ ᠳᠤ ᠴᠥᠮ ᠡᠬᠡ ᠨᠢᠯᠬᠠᠰ ᠤᠨ ᠡᠷᠡᠭᠦᠯᠵᠢᠯ ᠤᠨ ᠪᠠᠷᠢᠮᠵᠢᠶᠠᠵᠢᠭᠰᠠᠨ ᠪᠠᠶᠢᠭᠤᠯᠤᠮᠵᠢ ᠶᠢ 1 | ᠪᠠᠶᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ | ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠷᠠᠭᠤᠯᠵᠤ᠂ ᠦᠨᠳᠦᠰᠦᠨ ᠱᠠᠲᠤᠨ ᠤ ᠲᠤᠤᠷ ᠰᠦᠯᠵᠢᠶ᠎ᠡ ᠶᠢᠨ ᠰᠠᠭᠤᠷᠢ ᠪᠠ ᠰᠢᠯᠵᠢᠭᠦᠯᠦᠨ | ᠡᠮᠨᠡᠭᠦᠯᠬᠦ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠡᠬᠡ ᠨᠢᠯᠬᠠᠰ ᠤᠨ ᠡᠷᠡᠭᠦᠯ ᠡᠩᠬᠡ ᠶᠢᠨ ᠬᠠᠮ ᠬᠡᠯᠪᠡᠷᠢ | ᠪᠦᠬᠦᠢ ᠴᠢᠳᠠᠪᠤᠷᠢᠲᠠᠨ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠡᠬᠡ ᠪᠠᠷᠢᠬᠤ ᠠᠵᠢᠯ ᠵᠡᠷᠭᠡ ᠳᠤ ᠪᠠᠴᠢᠮ | ᠬᠡᠷᠡᠭᠴᠡᠭᠡ ᠲᠠᠢ ᠪᠥᠭᠡᠳ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠴᠢᠩᠭᠠᠳᠬᠠᠨ᠎ᠠ᠃ | ᠬᠤᠶᠠᠷ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠦᠨ᠎ᠡ | ︵ᠨᠢᠭᠡ︶ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠬᠡ | ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠵᠦ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ | ᠭᠤᠤᠯᠳᠠᠯᠭ᠎ᠠ ᠲᠠᠢ ᠳᠡᠮᠵᠢᠬᠦ ᠠᠭᠤᠯᠭ᠎ᠠ ᠪᠣᠯᠭᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ | ︵ᠪᠠᠶᠢᠭᠤᠯᠤᠯᠲᠠ ᠪᠠᠷᠢᠮᠵᠢᠶ᠎ᠠ ︹ 2017 ︺ 248 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠡᠬᠡ | ᠨᠢᠯᠬᠠᠰ ᠤᠨ ᠡᠷᠡᠭᠦᠯᠵᠢᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠢᠨᠵᠧᠨᠧᠷᠢᠩ ᠢ | ᠰᠠᠶᠢᠲᠤᠷ ᠵᠣᠬᠢᠶᠠᠨ ᠪᠠᠶᠢᠭᠤᠯᠵᠦ ᠬᠡᠷᠡᠭᠵᠢᠭᠦᠯᠦᠨ᠂ ᠪᠥᠬᠦ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠶᠢ | ᠲᠥᠯᠥᠪᠯᠡᠭᠡ ᠲᠠᠢ ᠠᠬᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ | ᠬᠤᠴᠣᠷᠤᠩᠭᠤᠶ ᠪᠠᠶᠢᠬᠤ ᠲᠣᠪᠤᠶᠢᠮ᠎ᠠ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ | ︵ᠬᠤᠶᠠᠷ︶ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ | ᠦᠷᠭᠦᠯᠵᠢᠯᠡᠨ ᠠᠬᠢᠭᠤᠯᠤᠨ᠎ᠠ᠃ ᠡᠯ᠎ᠡ ᠭᠠᠵᠠᠷ ᠣᠷᠣᠨ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ | ᠲᠤᠰ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠪᠠᠶᠢᠷᠢᠯᠠᠭᠤᠯᠬᠤ ᠲᠥᠯᠥᠪᠵᠢᠭᠦᠯᠭᠡ ᠳᠤ ᠣᠷᠣᠭᠤᠯᠵᠤ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ᠪᠠ | ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢᠨ ᠲᠤᠬᠠᠶ ᠵᠢᠯᠣᠭᠤᠳᠬᠤ ᠰᠠᠨᠠᠯ︾ ︵ᠤᠯᠤᠰ ᠡᠷᠡᠭᠦᠯ ᠡᠬᠡ | ᠨᠢᠯᠬᠠᠰ ᠲᠠᠷᠬᠠᠭᠠᠭᠰᠠᠨ ︹ 2015 ︺ 54 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠬᠡ | ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠪᠠ ᠵᠢᠷᠤᠮᠵᠢᠭᠰᠠᠨ | ᠬᠠᠮᠢᠶᠠᠷᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠨᠢ ᠡᠬᠡ ᠨᠢᠯᠬᠠᠰ ᠤᠨ ᠭᠤᠷᠪᠠᠳᠤᠭᠠᠷ ᠳᠡᠰ ᠤᠨ᠂ ᠬᠤᠶᠠᠳᠤᠭᠠᠷ ᠳᠡᠰ ᠤᠨ ᠡᠷᠡᠭᠦᠯᠵᠢᠯ ᠤᠨ ᠬᠤᠷᠢᠶ᠎ᠠ | ᠪᠠᠶᠢᠭᠤᠯᠬᠤ ᠪᠠᠷᠢᠮᠵᠢᠶ᠎ᠠ ᠶᠣᠰᠣᠭᠠᠷ ᠲᠣᠰ ᠲᠣᠰ ᠲᠤ ᠨᠢ ᠲᠥᠯᠥᠪᠵᠢᠭᠦᠯᠦᠨ ᠪᠠᠶᠢᠷᠢᠯᠠᠭᠤᠯᠵᠤ᠂ ᠨᠥᠬᠦᠴᠡᠯ ᠲᠠᠢ | ᠬᠤᠰᠢᠭᠤ ᠰᠢᠶᠠᠨ ︵ᠬᠤᠲᠠ᠂ ᠲᠣᠭᠤᠷᠢᠭ︶ ᠨᠢ ᠡᠬᠡ ᠨᠢᠯᠬᠠᠰ ᠤᠨ ᠡᠷᠡᠭᠦᠯᠵᠢᠯ ᠤᠨ ᠭᠤᠷᠪᠠᠳᠤᠭᠠᠷ ᠳᠡᠰ ᠤᠨ | ᠪᠠᠶᠢᠭᠤᠯᠤᠮᠵᠢ ᠶᠢ ᠪᠠᠶᠢᠭᠤᠯᠵᠤ ᠪᠣᠯᠤᠨ᠎ᠠ᠃ | ︵ᠭᠤᠷᠪᠠ︶ ᠡᠮᠡᠭᠲᠡᠶ ᠶᠢᠨ ᠡᠮᠨᠡᠯᠭᠡ᠂ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ ᠪᠠ ᠬᠡᠦᠬᠡᠳ ᠤᠨ | ᠡᠮᠨᠡᠯᠭᠡ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶ᠎ᠠ ︵ᠮᠣᠩᠭᠤᠯ ᠡᠮᠨᠡᠯᠭᠡ ᠶᠢᠨ ᠬᠤᠷᠢᠶ᠎ᠠ︶᠂ ᠲᠤᠰᠬᠠᠶ ᠡᠮᠨᠡᠯᠭᠡ ᠶᠢᠨ | ᠬᠤᠷᠢᠶ᠎ᠠ ᠵᠢᠴᠢ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠶᠢᠨ ᠡᠮᠡᠭᠲᠡᠶ ᠶᠢᠨ ᠡᠮᠨᠡᠯᠭᠡ᠂ ᠬᠥᠩᠭᠡᠵᠢᠭᠦᠯᠬᠦ | ᠡᠮᠨᠡᠯᠭᠡ ᠶᠢᠨ ᠰᠠᠯᠠᠭ᠎ᠠ ᠪᠠ ᠬᠡᠦᠬᠡᠳ ᠤᠨ ᠡᠮᠨᠡᠯᠭᠡ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠢ ᠡᠬᠡ ᠨᠢᠯᠬᠠᠰ ᠤᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠳᠤ ᠣᠷᠣᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠤᠯᠴᠢᠯᠠᠨ ᠬᠠᠮᠢᠶᠠᠷᠴᠤ᠂ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠲᠦᠷᠦᠭᠦᠯᠡᠨ ᠬᠠᠷᠢᠭᠤᠴᠬᠠᠰᠠᠨ ᠣᠷᠣᠨ ᠪᠦᠰᠡ ᠶᠢᠨ ᠡᠬᠡ ᠨᠢᠯᠬᠠᠰ ᠤᠨ ᠡᠷᠡᠭᠦᠯᠵᠢᠯ ᠤᠨ | ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠡᠬᠡ ᠨᠢᠯᠬᠠᠰ ᠤᠨ ᠡᠷᠡᠭᠦᠯᠵᠢᠯ ᠪᠠ | ᠡᠮᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠵᠤ᠂ ᠲᠣᠰ ᠭᠠᠵᠠᠷ ᠣᠷᠣᠨ ᠤ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ | ᠦᠢᠯᠡᠴᠢᠯᠡᠭᠡᠨ ᠤ ᠠᠵᠢᠯ ᠢ ᠬᠠᠮᠲᠤ ᠪᠠᠷ ᠰᠠᠶᠢᠲᠤᠷ ᠬᠢᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠬᠡ ᠪᠠᠷᠢᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠪᠣᠶ ᠪᠥᠬᠦᠶ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠴᠥᠮ | ᠨᠢᠷᠠᠶ ᠬᠡᠦᠬᠡᠳ ᠤᠨ ᠡᠮᠨᠡᠯᠭᠡ ᠶᠢᠨ ᠰᠠᠯᠠᠭ᠎ᠠ ︵ᠲᠠᠰᠤᠭ︶ ᠲᠣᠬᠢᠷᠠᠭᠤᠯᠵᠤ᠂ ᠬᠤᠰᠢᠭᠤ ᠰᠢᠶᠠᠨ ︵ᠬᠤᠲᠠ᠂ | ᠲᠣᠭᠤᠷᠢᠭ︶ ᠪᠦᠷᠢ ᠨᠢ ᠨᠠᠭᠠᠳᠤ ᠵᠠᠬ᠎ᠠ ᠳᠤ ᠪᠠᠨ 1 ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠪᠡᠳᠴᠢᠲᠡᠨ ᠤ ᠥᠷᠥᠭᠡ ᠲᠠᠢ ᠬᠡᠦᠬᠡᠳ ᠤᠨ ᠡᠮᠨᠡᠯᠭᠡ ᠶᠢᠨ ᠰᠠᠯᠠᠭ᠎ᠠ | ᠭᠠᠷᠭᠠᠵᠤ᠂ ᠪᠣᠶ ᠪᠥᠬᠦᠶ ᠬᠤᠰᠢᠭᠤ ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ | ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠭᠠᠷᠭᠠᠨ᠎ᠠ︔ | ᠬᠥᠩᠭᠡᠵᠢᠬᠦ ᠡᠮᠡᠭᠲᠡᠢ ᠶᠢᠨ ᠮᠢᠩᠭᠠᠨ ᠬᠥᠮᠥᠨ ᠪᠦᠷᠢ ᠳᠤ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠳᠠᠬᠢ | ᠡᠪᠡᠳᠴᠢᠲᠡᠨ ᠤ ᠣᠷᠣ ᠶᠢ 17 ᠪᠣᠯᠭᠠᠵᠤ᠂ ᠡᠮᠨᠡᠯᠭᠡ ᠳᠤ ᠡᠮᠨᠡᠭᠦᠯᠬᠦ ᠮᠢᠩᠭᠠᠨ ᠬᠡᠦᠬᠡᠳ ᠪᠦᠷᠢ ᠳᠤ ᠡᠪᠡᠳᠴᠢᠲᠡᠨ ᠤ | ᠣᠷᠣ ᠶᠢ 2.2 ᠪᠣᠯᠭᠠᠬᠤ ᠪᠠᠨ ᠪᠠᠲᠤᠯᠠᠨ᠎ᠠ᠃ | ︵ᠳᠥᠷᠪᠡ︶ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢᠨ | ᠰᠠᠭᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ ᠮᠡᠷᠭᠡᠵᠢᠯ ᠤᠨ ᠠᠵᠢᠯᠲᠠᠨ ᠳᠤ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠬᠦ ᠪᠠᠨ ᠴᠢᠩᠭᠠᠳᠬᠠᠵᠤ᠂ ᠡᠬᠡ ᠨᠢᠯᠬᠠᠰ ᠤᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠨ᠎ᠡ︔ ᠦᠨᠳᠦᠰᠦᠨ ᠱᠠᠲᠤᠨ ᠤ ᠡᠬᠡ | ᠨᠢᠯᠬᠠᠰ ᠤᠨ ᠡᠷᠡᠭᠦᠯᠵᠢᠯ ᠤᠨ ᠠᠵᠢᠯ ᠳᠤ ᠣᠷᠣᠭᠤᠯᠤᠯᠲᠠ ᠪᠠᠨ ᠨᠡᠮᠡᠭᠳᠡᠭᠦᠯᠵᠦ᠂ ᠡᠬᠡ ᠨᠢᠯᠬᠠᠰ ᠤᠨ ᠡᠯ᠎ᠡ ᠵᠦᠢᠯ ᠤᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠰᠠᠶᠢᠲᠤᠷ ᠨᠠᠶᠢᠳᠠᠪᠤᠷᠢᠵᠢᠭᠤᠯᠬᠤ | ᠪᠠᠶᠢᠭᠤᠯᠤᠮᠵᠢ ᠲᠠᠢ᠂ ᠠᠵᠢᠯᠲᠠᠨ ᠲᠠᠢ᠂ ᠴᠢᠳᠠᠪᠤᠷᠢ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠰᠤᠮᠤ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠨᠢ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ ᠮᠡᠷᠭᠡᠵᠢᠯ ᠤᠨ ᠠᠵᠢᠯᠲᠠᠨ ᠢ ᠭᠦᠢᠴᠡᠳ | ᠲᠣᠬᠢᠷᠠᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠠᠵᠢᠯ ᠢ ᠲᠤᠰᠬᠠᠶ ᠬᠢᠯᠭᠡᠨ᠎ᠡ᠃ | ᠭᠤᠷᠪᠠ᠂ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠎ᠠ | ︵ᠲᠠᠪᠤ︶ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠪᠥᠬᠦ ᠣᠷᠣᠨ ᠤ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ | ᠦᠢᠯᠡᠴᠢᠯᠡᠭᠡᠨ ᠤ ᠴᠢᠳᠠᠪᠤᠷᠢᠲᠠᠨ ᠳᠤ ᠪᠣᠯᠪᠠᠰᠣᠷᠠᠯ ᠭᠦᠷᠳᠡᠬᠡᠬᠦ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ | ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢᠶᠠᠨ ᠲᠥᠯᠥᠪᠯᠡᠭᠡ ᠶᠣᠰᠣᠭᠠᠷ ᠲᠠᠰ ᠳᠠᠪᠬᠤᠷᠭ᠎ᠠ ᠬᠤᠪᠢᠶᠠᠨ | ᠭᠤᠤᠯᠳᠠᠯᠭ᠎ᠠ ᠲᠠᠢ ᠵᠣᠬᠢᠶᠠᠨ ᠪᠠᠶᠢᠭᠤᠯᠵᠦ ᠥᠷᠨᠢᠭᠦᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠭᠤᠤᠯᠳᠠᠯᠭ᠎ᠠ ᠲᠠᠢ ᠶᠡᠭᠡ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ᠂ ᠰᠤᠳᠤᠯᠤᠯ ᠤᠨ ᠪᠠᠶᠢᠭᠤᠯᠤᠮᠵᠢ ᠳᠤ ᠳᠡᠭᠡᠳᠦ | ᠳᠡᠰ ᠤᠨ ᠰᠤᠷᠪᠤᠯᠵᠢᠯᠠᠬᠤ ᠡᠷᠳᠡᠮᠲᠡᠨ ᠢ ᠰᠣᠩᠭᠤᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠡ | ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠦᠨ᠎ᠡ︔ ᠣᠬᠤᠷ | ᠬᠤᠭᠤᠴᠠᠭᠠᠨ ᠤ ᠳᠠᠪᠲᠠᠨ ᠪᠣᠯᠪᠠᠰᠤᠷᠠᠬᠤ᠂ ᠠᠵᠢᠯ ᠤᠨ ᠪᠠᠶᠢᠷᠢ ᠶᠢ ᠨᠢ ᠰᠣᠯᠢᠵᠦ ᠪᠤᠯᠪᠠᠰᠤᠷᠠᠯ ᠭᠦᠷᠳᠡᠬᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠪᠠ ᠡᠮᠴᠢᠯᠡᠭᠡᠨ ᠤ ᠭᠤᠤᠯᠯᠠᠭᠴᠢ | ᠴᠢᠳᠠᠪᠤᠷᠢᠲᠠᠨ ᠢ ᠬᠥᠮᠦᠵᠢᠭᠦᠯᠦᠨ᠎ᠡ︔ ᠡᠷᠳᠡᠮ ᠰᠢᠨᠵᠢᠯᠡᠭᠡᠨ ᠤ ᠬᠤᠷᠠᠯ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ | ᠠᠵᠢᠯ ᠲᠥᠷᠥᠯ ᠤᠨ ᠮᠡᠷᠭᠡᠵᠢᠯ ᠢᠶᠠᠷ ᠬᠠᠪᠰᠤᠷᠤᠨ ᠲᠡᠳᠬᠦᠵᠦ ᠵᠢᠭᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯᠲᠠᠨ ᠤ ᠮᠡᠷᠭᠡᠵᠢᠯ ᠤᠨ ᠬᠢᠷᠢ ᠲᠦᠪᠰᠢᠨ ᠪᠠ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠨᠢ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠳᠠᠬᠢ ᠠᠨᠠᠭᠠᠬᠤ ᠤᠬᠠᠭᠠᠨ ᠤ | ᠳᠡᠭᠡᠳᠦ ᠰᠤᠷᠭᠠᠭᠤᠯᠢ ᠨᠤᠭᠤᠳ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ ᠬᠢᠭᠡᠳ | ᠬᠡᠦᠬᠡᠳ ᠤᠨ ᠡᠮᠨᠡᠯᠭᠡ ᠶᠢᠨ ᠡᠮᠴᠢ᠂ ᠡᠬᠡ ᠪᠠᠷᠢᠬᠴᠢ ᠵᠡᠷᠭᠡ ᠦᠨᠳᠦᠰᠦᠨ ᠱᠠᠲᠤᠨ ᠳᠤ ᠪᠠᠴᠢᠮ ᠱᠠᠭᠠᠷᠳᠠᠭᠳᠠᠬᠤ ᠡᠬᠡ | ᠨᠢᠯᠬᠠᠰ ᠤᠨ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢᠶᠠᠷ ᠰᠤᠷᠤᠭᠴᠢ ᠡᠯᠰᠡᠬᠦ ᠬᠡᠪᠴᠢᠶ᠎ᠡ ᠪᠠᠨ | ᠨᠡᠮᠡᠭᠳᠡᠭᠦᠯᠵᠦ᠂ ᠦᠨᠳᠦᠰᠦᠨ ᠱᠠᠲᠤᠨ ᠤ ᠪᠣᠳᠠᠲᠠᠢ ᠬᠡᠷᠡᠭᠯᠡᠭᠡᠨ ᠤ ᠬᠡᠯᠪᠡᠷᠢ ᠪᠦᠬᠦᠢ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠨᠢ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ | ᠴᠢᠳᠠᠪᠤᠷᠢᠲᠠᠨ ᠢᠯᠠᠩᠭᠤᠶ᠎ᠠ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ ᠡᠮᠨᠡᠯᠭᠡ ᠶᠢᠨ ᠡᠮᠴᠢ᠂ | ᠡᠬᠡ ᠪᠠᠷᠢᠬᠴᠢ ᠵᠡᠷᠭᠡ ᠪᠠᠴᠢᠮ ᠳᠤᠲᠠᠭᠳᠠᠵᠤ ᠪᠠᠶᠢᠭ᠎ᠠ ᠬᠥᠮᠦᠰ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠬᠠᠮ ᠬᠡᠯᠪᠡᠷᠢ ᠪᠦᠬᠦᠢ ᠴᠢᠳᠠᠪᠤᠷᠢᠲᠠᠨ ᠪᠠ ᠡᠷᠳᠡᠮ ᠰᠢᠨᠵᠢᠯᠡᠭᠡᠨ ᠤ ᠳᠠᠭᠠᠭᠤᠯᠤᠭᠴᠢ ᠶᠢ ᠬᠥᠮᠦᠵᠢᠭᠦᠯᠦᠨ᠂ ᠨᠠᠩ | ᠣᠯᠠᠨ ᠡᠮᠴᠢ ᠶᠢᠨ ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠭ᠎ᠠ ᠬᠢᠭᠡᠳ ᠬᠡᠦᠬᠡᠳ ᠤᠨ | ᠡᠮᠨᠡᠯᠭᠡ ᠶᠢᠨ ᠲᠤᠰᠬᠠᠶ ᠮᠡᠷᠭᠡᠵᠢᠯ ᠤᠨ ᠠᠵᠢᠯ ᠡᠷᠬᠢᠯᠡᠬᠦ ᠶᠢ ᠵᠣᠷᠢᠬᠵᠢᠭᠤᠯᠬᠤ ᠪᠠ ᠬᠥᠲᠥᠯᠦᠨ ᠵᠢᠯᠣᠭᠤᠳᠬᠤ ᠬᠡᠷᠡᠭᠲᠡᠶ᠃ | | ︵ᠵᠢᠷᠭᠤᠭ᠎ᠠ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠨ ᠴᠢᠩᠭᠠᠳᠬᠠᠨ᠎ᠠ᠃ ᠡᠯ᠎ᠡ ᠭᠠᠵᠠᠷ | ᠣᠷᠣᠨ ᠨᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠣᠷᠣᠨ | ᠲᠤᠭ᠎ᠠ ᠶᠢᠨ ᠦᠯᠡᠳᠡᠭᠳᠡᠵᠦ ᠪᠠᠶᠢᠭ᠎ᠠ ᠶᠢ ᠨᠢ ᠴᠢᠯᠥᠭᠡᠲᠡᠶ ᠪᠣᠯᠭᠠᠬᠤ᠂ ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠶᠢ | ᠪᠠᠶᠢᠭᠤᠯᠬᠤ ᠵᠡᠷᠭᠡ ᠠᠷᠭ᠎ᠠ ᠪᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠡᠮᠡᠭᠲᠡᠢ ᠶᠢᠨ ᠡᠮᠨᠡᠯᠭᠡ ᠪᠠ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ ᠡᠮᠨᠡᠯᠭᠡ ᠶᠢᠨ ᠡᠮᠴᠢ᠂ | ᠡᠬᠡ ᠪᠠᠷᠢᠬᠴᠢ ᠵᠡᠷᠭᠡ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠬᠦ ᠬᠡᠷᠡᠭᠲᠡᠶ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ | ᠪᠣᠳᠠᠲᠠᠶ ᠲᠠᠢ ᠪᠠᠨ ᠤᠶᠠᠯᠳᠤᠭᠤᠯᠤᠨ ᠡᠬᠡ ᠨᠢᠯᠬᠠᠰ ᠤᠨ ᠡᠷᠡᠭᠦᠯᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ᠂ ᠤᠷᠢᠵᠤ | ᠡᠯᠰᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠥᠪᠡᠰᠦᠪᠡᠨ | ᠡᠵᠡᠨ ᠮᠡᠳᠡᠵᠦ ᠤᠷᠢᠨ ᠡᠯᠰᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠴᠠᠯᠢᠩ ᠣᠯᠭᠤᠮᠵᠢ ᠪᠠᠨ ᠳᠡᠭᠡᠭᠰᠢᠯᠡᠭᠦᠯᠬᠦ᠂ ᠣᠷᠣᠨ ᠰᠠᠭᠤᠴᠠ ᠲᠥᠪᠬᠢᠨᠡᠭᠦᠯᠬᠦ ᠨᠥᠬᠦᠪᠦᠷᠢ | ᠥᠭᠬᠦ᠂ ᠪᠠᠷᠢᠮᠵᠢᠶ᠎ᠠ ᠪᠠᠨ ᠵᠣᠬᠢᠰᠲᠠᠶ ᠪᠠᠭᠤᠷᠠᠭᠤᠯᠬᠤ ᠵᠡᠷᠭᠡ ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠡᠷᠡᠭᠯᠡᠨ᠂ ᠰᠢᠯᠢᠳᠡᠭ ᠴᠢᠳᠠᠪᠤᠷᠢᠲᠠᠨ ᠢᠯᠠᠩᠭᠤᠶ᠎ᠠ ᠲᠤᠰ ᠭᠠᠵᠠᠷ ᠤᠨ ᠡᠷᠦᠬᠡ ᠠᠮᠠ ᠲᠠᠢ ᠰᠢᠯᠢᠳᠡᠭ | ᠴᠢᠳᠠᠪᠤᠷᠢᠲᠠᠨ ᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ ᠲᠠᠲᠠᠵᠤ ᠠᠪᠴᠢᠷᠠᠨ ᠠᠵᠢᠯᠯᠠᠭᠤᠯᠬᠤ ᠶᠢ ᠨᠢ | ᠵᠣᠷᠢᠬᠵᠢᠭᠤᠯᠬᠤ ᠬᠡᠷᠡᠭᠲᠡᠶ᠃ | ︵ᠳᠣᠯᠤᠭ᠎ᠠ︶ ᠴᠠᠯᠢᠩ ᠣᠯᠭᠤᠮᠵᠢ ᠪᠠᠷ ᠤᠷᠮᠠᠰᠢᠭᠤᠯᠬᠤ ᠶᠢ ᠴᠢᠩᠭᠠᠷᠠᠭᠤᠯᠤᠨ᠎ᠠ᠃ ︽ᠬᠤᠶᠠᠷ ᠬᠡᠦᠬᠡᠳ | ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ ᠲᠥᠯᠥᠪᠯᠡᠭᠡᠲᠦ ᠦᠷᠡᠵᠢᠯ ᠤᠨ | ᠦᠢᠯᠡᠴᠢᠯᠡᠭᠡ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠪᠠ ᠤᠯᠤᠰ ᠤᠨ ᠲᠠᠪᠤᠨ ᠶᠠᠮᠤᠨ | ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠬᠥᠩᠭᠡᠵᠢᠬᠦ ᠪᠥᠬᠦ ᠶᠠᠪᠤᠴᠠ ᠳᠠᠬᠢ ᠦᠨᠳᠦᠰᠦᠨ ᠡᠮᠴᠢᠯᠡᠭᠡ | ᠡᠷᠡᠭᠦᠯᠵᠢᠯ ᠤᠨ ᠦᠢᠯᠡᠴᠢᠯᠡᠭᠡ ᠶᠢ ᠴᠢᠩᠭᠠᠳᠬᠠᠬᠤ ᠲᠤᠬᠠᠶ ᠰᠠᠨᠠᠯ ᠤᠳ︾ ︵ᠤᠯᠤᠰ ᠡᠷᠡᠭᠦᠯ ᠡᠬᠡ ᠨᠢᠯᠬᠠᠰ | ᠲᠠᠷᠬᠠᠭᠠᠭᠰᠠᠨ ︹2016︺ 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢ ᠦᠨᠡᠯᠡᠬᠦ ᠪᠠ ᠴᠢᠳᠠᠪᠤᠷᠢᠲᠠᠨ ᠢ ᠤᠷᠮᠠᠰᠢᠭᠤᠯᠬᠤ | ᠲᠣᠭᠲᠠᠴᠠ ᠶᠢ ᠨᠢ ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢᠨ ᠴᠠᠯᠢᠩ ᠤᠨ ᠳᠣᠲᠣᠭᠠᠳᠤ ᠳᠠᠬᠢ | ᠬᠤᠪᠢᠶᠠᠷᠢᠯᠠᠯᠲᠠ ᠵᠡᠷᠭᠡ ᠲᠠᠯ᠎ᠠ ᠪᠠᠷ ᠬᠥᠩᠭᠡᠵᠢᠭᠦᠯᠬᠦ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ ᠡᠮᠨᠡᠯᠭᠡ ᠶᠢᠨ | ᠡᠮᠴᠢ᠂ ᠡᠬᠡ ᠪᠠᠷᠢᠬᠴᠢ᠂ ᠰᠤᠪᠢᠯᠠᠭᠴᠢ ᠵᠡᠷᠭᠡ ᠳᠤ ᠵᠣᠬᠢᠰᠲᠠᠶ ᠬᠠᠷᠠᠭᠠᠯᠵᠠᠯ ᠦᠵᠡᠭᠦᠯᠵᠦ᠂ ᠡᠮᠴᠢ ᠰᠤᠪᠢᠯᠠᠭᠴᠢ ᠶᠢᠨ | ᠣᠯᠭᠤᠮᠵᠢ ᠶᠢ ᠰᠠᠶᠢᠵᠢᠷᠠᠭᠤᠯᠤᠨ᠂ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ ᠴᠢᠩᠭᠠᠷᠠᠭᠤᠯᠤᠨ᠎ᠠ᠃ | ᠳᠥᠷᠪᠡ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠦᠨ᠎ᠡ | ︵ᠨᠠᠢᠮᠠ︶ ᠪᠠᠴᠢᠮ ᠲᠥᠭᠰᠢᠭᠦᠷᠢ ᠬᠦᠨᠳᠦ ᠭᠡᠮ ᠲᠠᠢ ᠡᠪᠡᠳᠴᠢᠲᠠᠨ ᠢ ᠠᠪᠤᠷᠠᠨ ᠡᠮᠨᠡᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠤᠯᠤᠰ ᠤᠨ ︽ᠬᠦᠨᠳᠦ ᠲᠥᠭᠰᠢᠭᠦᠷᠢ ᠡᠪᠡᠳᠴᠢᠨ ᠲᠠᠢ ᠵᠢᠷᠮᠦᠰᠦᠨ ᠡᠮᠡᠭᠲᠡᠶ᠂ ᠬᠦᠩᠭᠡᠵᠢᠭᠴᠢ | ᠬᠢᠭᠡᠳ ᠨᠢᠷᠠᠶ ᠬᠡᠦᠬᠡᠳ ᠢ ᠠᠪᠤᠷᠠᠨ ᠡᠮᠨᠡᠬᠦ ᠲᠥᠪ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ | ᠵᠦᠭᠯᠡᠭᠦᠷ︾ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠬᠦᠨᠳᠦ ᠲᠥᠭᠰᠢᠭᠦᠷᠢ ᠡᠪᠡᠳᠴᠢᠨ ᠲᠠᠢ ᠵᠢᠷᠮᠦᠰᠦᠨ | ᠡᠮᠡᠭᠲᠡᠶ᠂ ᠬᠦᠩᠭᠡᠵᠢᠭᠴᠢ᠂ ᠨᠢᠷᠠᠶ ᠬᠡᠦᠬᠡᠳ ᠢ ᠰᠢᠯᠵᠢᠭᠦᠯᠦᠨ ︵ᠬᠠᠮᠲᠤᠷᠠᠨ ︶ ᠣᠨᠣᠰᠢᠯᠠᠬᠤ ᠪᠠ ᠠᠪᠤᠷᠠᠨ ᠡᠮᠨᠡᠬᠦ | ᠲᠤᠤᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠷᠮᠦᠰᠦᠨ ᠡᠮᠡᠭᠲᠡᠶ ᠪᠠ ᠬᠦᠩᠭᠡᠵᠢᠭᠴᠢ ᠶᠢᠨ ᠡᠷᠡᠭᠦᠯ | ᠮᠡᠨᠳᠦ ᠶᠢᠨ ᠦᠢᠯᠡᠴᠢᠯᠡᠭᠡᠨ ᠳᠤ ᠰᠦᠯᠵᠢᠶᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠵᠢᠷᠤᠮᠵᠢᠯᠲᠠᠢ ᠪᠠᠷᠢᠮᠵᠢᠶ᠎ᠠ ᠶᠣᠰᠣᠭᠠᠷ᠂ ᠬᠦᠨᠳᠦ ᠲᠥᠭᠰᠢᠭᠦᠷᠢ ᠡᠪᠡᠳᠴᠢᠨ ᠲᠠᠢ | ᠵᠢᠷᠮᠦᠰᠦᠨ ᠡᠮᠡᠭᠲᠡᠶ ᠪᠠ ᠬᠦᠩᠭᠡᠵᠢᠭᠴᠢ᠂ ᠬᠦᠨᠳᠦ ᠲᠥᠭᠰᠢᠭᠦᠷᠢ ᠡᠪᠡᠳᠴᠢᠨ ᠲᠠᠢ ᠨᠢᠷᠠᠶ ᠬᠡᠦᠬᠡᠳ᠂ ᠬᠦᠨᠳᠦ | ᠲᠥᠭᠰᠢᠭᠦᠷᠢ ᠡᠪᠡᠳᠴᠢᠨ ᠲᠠᠢ ᠬᠡᠦᠬᠡᠳ ᠢ ᠠᠪᠤᠷᠠᠨ ᠡᠮᠨᠡᠬᠦ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠦᠨ᠂ ᠠᠪᠤᠷᠠᠨ ᠡᠮᠨᠡᠬᠦ ᠴᠢᠳᠠᠪᠤᠷᠢ ᠪᠠᠨ ᠭᠦᠢᠴᠡᠳ ᠳᠣᠭᠢᠷᠠᠭᠤᠯᠵᠤ᠂ | ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠥᠨ᠂ ᠪᠠᠴᠢᠮ ᠲᠥᠭᠰᠢᠭᠦᠷᠢ ᠬᠦᠨᠳᠦ ᠭᠡᠮ ᠲᠠᠢ ᠡᠪᠡᠳᠴᠢᠲᠠᠨ ᠢ ᠠᠪᠤᠷᠠᠨ | ᠡᠮᠨᠡᠬᠦ ᠳᠤ ᠰᠠᠭᠠᠳ ᠥᠬᠡᠶ ᠨᠡᠪᠲᠡᠷᠡᠬᠦ ᠵᠠᠮ ᠢ ᠨᠢ ᠰᠢᠯᠤᠭᠤᠳᠬᠠᠨ᠎ᠠ᠃ | ︵ᠶᠢᠰᠦ︶ ᠡᠬᠡ ᠨᠢᠯᠬᠠᠰ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ | ᠭᠠᠵᠠᠷ ᠣᠷᠣᠨ ᠨᠢ ᠲᠤᠰ ᠭᠠᠵᠠᠷ ᠤᠨ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠡᠮᠴᠢᠯᠡᠭᠡᠨ ᠤ | ᠣᠨᠣᠰᠢᠯᠠᠨ ᠡᠮᠨᠡᠬᠦ ᠴᠢᠳᠠᠮᠵᠢ ᠶᠢ ᠴᠢᠩᠭᠠᠷᠠᠭᠤᠯᠵᠤ᠂ ᠡᠪᠡᠳᠴᠢᠲᠡᠨ ᠤ ᠣᠷᠣ ᠶᠢ ᠨᠡᠶᠢᠳᠡᠮ ᠲᠣᠬᠢᠷᠠᠭᠤᠯᠤᠨ᠂ | ᠡᠮᠴᠢᠯᠡᠭᠡᠨ ᠤ ᠦᠢᠯᠡᠴᠢᠯᠡᠭᠡ ᠥᠷᠨᠢᠭᠦᠯᠵᠦ᠂ ᠣᠷᠣᠨ ᠪᠦᠰᠡ ᠳᠠᠬᠢ ᠡᠬᠡ ᠨᠢᠯᠬᠠᠰ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠪᠠ ᠡᠷᠡᠭᠦᠯᠵᠢᠯ ᠤᠨ ᠦᠢᠯᠡᠴᠢᠯᠡᠭᠡᠨ ᠤ ᠠᠵᠢᠯ ᠳᠤ ᠰᠠᠶᠢᠨ ᠰᠠᠶᠢᠬᠠᠨ ᠰᠠᠭᠤᠷᠢ ᠶᠢ ᠲᠠᠯᠪᠢᠬᠤ ᠬᠡᠷᠡᠭᠲᠡᠶ᠃ | ᠡᠮᠴᠢᠯᠡᠭᠡᠨ ᠤ ᠦᠢᠯᠡᠴᠢᠯᠡᠭᠡ ᠥᠷᠨᠢᠭᠦᠯᠦᠭᠰᠡᠨ ᠪᠠᠶᠢᠪᠠᠯ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ | ᠡᠮᠨᠡᠯᠭᠡ ᠵᠡᠷᠭᠡ ᠦᠢᠯᠡᠴᠢᠯᠡᠭᠡᠨ ᠤ ᠴᠢᠳᠠᠮᠵᠢ ᠶᠢ ᠢᠳᠡᠪᠬᠢᠲᠡᠶ ᠥᠷᠭᠡᠳᠬᠡᠵᠦ᠂ ᠰᠡᠷᠭᠡᠶᠢᠯᠡᠬᠦ ᠪᠠ ᠡᠮᠨᠡᠬᠦ ᠪᠠᠨ ᠨᠢᠭᠡ | ᠴᠣᠭᠴᠠᠵᠢᠭᠤᠯᠬᠤ ᠶᠢ ᠪᠠᠷᠢᠮᠲᠠᠯᠠᠨ᠂ ᠡᠷᠡᠭᠦᠯᠵᠢᠯ ᠬᠢᠭᠡᠳ ᠡᠮᠴᠢᠯᠡᠭᠡᠨ ᠤ ᠲᠤᠬᠠᠶᠢᠯᠠᠭᠰᠠᠨ ᠠᠵᠢᠯ ᠤᠨ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠶ︔ ᠡᠮᠴᠢᠯᠡᠭᠡᠨ ᠤ ᠦᠢᠯᠡᠴᠢᠯᠡᠭᠡ ᠥᠷᠨᠢᠭᠦᠯᠦᠭᠡᠳᠦᠶ ᠪᠠᠶᠢᠪᠠᠯ ᠲᠥᠯᠥᠪᠯᠡᠭᠡ | ᠲᠣᠭᠲᠠᠭᠠᠵᠤ ᠨᠥᠬᠦᠴᠡᠯ ᠪᠦᠷᠢᠯᠳᠦᠭᠦᠯᠵᠦ ᠪᠠᠶᠢᠭᠠᠳ ᠡᠮᠴᠢᠯᠡᠭᠡᠨ ᠤ ᠦᠢᠯᠡᠴᠢᠯᠡᠭᠡ ᠶᠢ ᠡᠷᠲᠡᠬᠡᠨ ᠥᠷᠨᠢᠭᠦᠯᠬᠦ ᠪᠠᠷ | ᠴᠢᠷᠮᠠᠶᠢᠬᠤ ᠬᠡᠷᠡᠭᠲᠡᠶ᠃ | ︵ᠠᠷᠪᠠ︶ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠦᠷᠢᠶ᠎ᠡ ᠪᠠ ᠠᠭᠤᠯᠤᠭᠳᠠᠬᠤᠨ ᠢ ᠢᠳᠡᠪᠬᠢᠲᠡᠶ ᠥᠷᠭᠡᠳᠬᠡᠵᠦ᠂ | ᠨᠢᠷᠠᠶ ᠬᠡᠦᠬᠡᠳ ᠤᠨ ᠡᠷᠡᠭᠦᠯᠵᠢᠯ᠂ ᠬᠡᠦᠬᠡᠳ ᠤᠨ ᠠᠩᠬᠠᠨ ᠤ ᠪᠤᠶᠢᠵᠢᠯᠲᠠ᠂ ᠬᠡᠦᠬᠡᠳ ᠤᠨ ᠥᠰᠥᠯᠲᠡ᠂ ᠵᠠᠯᠠᠭᠤ | ᠨᠠᠰᠤᠨ ᠤ ᠡᠷᠡᠭᠦᠯᠵᠢᠯ᠂ ᠴᠡᠪᠡᠷᠰᠢᠬᠦ ᠬᠤᠭᠤᠴᠠᠭᠠᠨ ᠤ ᠡᠷᠡᠭᠦᠯᠵᠢᠯ᠂ ᠬᠥᠩᠭᠡᠵᠢᠭᠰᠡᠨ ᠤ ᠳᠠᠷᠠᠭᠠᠬᠢ ᠡᠷᠡᠭᠦᠯᠵᠢᠯ ᠵᠡᠷᠭᠡ | ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠵᠦ᠂ ᠡᠮᠡᠭᠲᠡᠶᠢᠴᠦᠳ ᠬᠡᠦᠬᠡᠳ ᠲᠤ ᠡᠬᠡ ᠨᠢᠯᠬᠠᠰ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠲᠠᠯ᠎ᠠ ᠪᠠᠷ ᠦᠷᠭᠦᠯᠵᠢᠯᠡᠭᠰᠡᠨ᠂ ᠶᠡᠷᠦᠩᠬᠡᠶᠢᠯᠡᠭᠰᠡᠨ᠂ ᠬᠠᠯᠠᠮᠵᠢᠯᠠᠭᠰᠠᠨ | ᠦᠢᠯᠡᠴᠢᠯᠡᠭᠡ ᠶᠢ ᠬᠠᠩᠭᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠲᠥᠷᠥᠯ ᠵᠦᠢᠯ ᠪᠠ ᠦᠨ᠎ᠡ | ᠬᠠᠩᠰᠢ ᠶᠢ ᠵᠣᠬᠢᠰᠲᠠᠶ ᠲᠣᠭᠲᠠᠭᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠥᠭᠵᠢᠯᠲᠡ ᠶᠢ | ᠳᠡᠮᠵᠢᠬᠦ ᠬᠡᠷᠡᠭᠲᠡᠶ᠃ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠨᠢ | ᠦᠨᠳᠦᠰᠦᠨ ᠴᠢᠳᠠᠮᠵᠢ ᠶᠢᠨ ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠣᠰ ᠪᠡᠶ᠎ᠡ ᠶᠢᠨ ᠬᠥᠭᠵᠢᠯᠲᠡ ᠶᠢᠨ | ᠪᠠᠶᠢᠳᠠᠯ ᠢᠶᠠᠨ ᠦᠨᠳᠦᠰᠦᠯᠡᠨ᠂ ᠳᠠᠪᠠᠭᠤᠯᠢᠭ ᠬᠦᠷᠢᠶ᠎ᠡ ᠴᠠᠷᠠᠭ᠎ᠠ ᠶᠢ ᠰᠣᠩᠭᠤᠵᠤ ᠪᠠᠶᠢᠭᠠᠳ ᠡᠬᠡ ᠨᠢᠯᠬᠠᠰ ᠤᠨ | ᠡᠷᠡᠭᠦᠯᠵᠢᠯ ᠤᠨ ᠲᠤᠰᠬᠠᠶ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ | ᠬᠠᠮᠢᠶᠠᠷᠤᠯᠲᠠ ᠪᠠ ᠮᠡᠷᠭᠡᠵᠢᠯ ᠤᠨ ᠦᠢᠯᠡᠴᠢᠯᠡᠭᠡ ᠶᠢ ᠵᠢᠷᠤᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠲᠤᠰᠬᠠᠶ | ᠰᠠᠯᠠᠭ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ︵ᠠᠷᠪᠠᠨ ᠨᠢᠭᠡ︶ ᠡᠮᠡᠭᠲᠡᠶᠢᠴᠦᠳ ᠬᠡᠦᠬᠡᠳ ᠤᠨ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢᠨ ᠠᠬᠢᠭᠤᠯᠤᠯᠲᠠ ᠶᠢ | ᠴᠢᠩᠭᠠᠳᠬᠠᠵᠤ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠡᠮᠨᠡᠬᠦ ᠮᠡᠳᠡᠯᠭᠡ ᠶᠢ ᠲᠦᠭᠡᠮᠡᠯᠵᠢᠭᠦᠯᠦᠨ᠎ᠡ᠃ | ᠵᠢᠷᠮᠦᠰᠦᠯᠡᠭᠰᠡᠨ ᠪᠠ ᠬᠥᠩᠭᠡᠵᠢᠭᠰᠡᠨ ᠡᠮᠡᠭᠲᠡᠢ ᠬᠢᠭᠡᠳ ᠬᠡᠦᠬᠡᠳ ᠲᠤ ᠢᠳᠡᠭᠡᠨ ᠤᠮᠳᠠᠭᠠᠨ ᠢ ᠨᠢ ᠵᠣᠬᠢᠰᠲᠠᠢ | ᠲᠣᠬᠢᠷᠠᠭᠤᠯᠬᠤ ᠶᠢ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠴᠢᠰᠤ ᠳᠤᠲᠠᠬᠤ᠂ ᠰᠢᠮ᠎ᠡ ᠲᠡᠵᠢᠭᠡᠯ ᠳᠤᠲᠠᠭᠳᠠᠬᠤ᠂ | ᠮᠠᠷᠢᠶᠠᠯᠠᠬᠤ ᠵᠡᠷᠭᠡ ᠰᠢᠮ᠎ᠡ ᠲᠡᠵᠢᠭᠡᠯ ᠤᠨ ᠴᠢᠨᠠᠷᠲᠠᠢ ᠡᠪᠡᠳᠴᠢᠨ ᠡᠮᠭᠡᠭ ᠢ ᠰᠡᠷᠭᠡᠶᠢᠯᠡᠬᠦ ᠪᠠ ᠬᠤᠷᠢᠭᠯᠠᠨ᠎ᠠ᠃ | ᠡᠮᠡᠭᠲᠡᠶᠢᠴᠦᠳ ᠬᠡᠦᠬᠡᠳ ᠤᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠰᠠᠭᠤᠨ ᠯᠠᠪᠯᠠᠬᠤ ᠦᠢᠯᠡᠴᠢᠯᠡᠭᠡ | ᠵᠢᠴᠢ ᠬᠡᠦᠬᠡᠳ ᠤᠨ ᠨᠢᠳᠦᠨ ᠤ ᠡᠷᠡᠭᠦᠯ ᠮᠡᠨᠳᠦ ᠶᠢᠨ ᠠᠵᠢᠯ ᠢ ᠥᠷᠨᠢᠭᠦᠯᠵᠦ᠂ ᠡᠮᠡᠭᠲᠡᠶᠢᠴᠦᠳ ᠤᠨ ᠬᠥᠩᠭᠡᠵᠢᠭᠰᠡᠨ ᠤ | ᠳᠠᠷᠠᠭᠠᠬᠢ ᠪᠤᠬᠢᠨᠢᠳᠤᠬᠤ ᠭᠡᠮ ᠰᠠᠭᠤᠬᠤ ᠪᠠ ᠬᠡᠦᠬᠡᠳ ᠤᠨ ᠵᠣᠵᠢᠭ ᠭᠡᠮ ᠲᠠᠢ ᠪᠣᠯᠬᠤ ᠶᠢ ᠰᠡᠷᠭᠡᠶᠢᠯᠡᠬᠦ᠂ ᠡᠷᠲᠡ | ᠢᠯᠡᠷᠡᠭᠦᠯᠬᠦ ᠵᠢᠴᠢ ᠬᠠᠮᠢᠶᠠᠷᠬᠤ ᠠᠵᠢᠯ ᠢ ᠰᠠᠶᠢᠲᠤᠷ ᠬᠢᠨ᠎ᠡ᠃ ᠡᠮᠡᠭᠲᠡᠶᠢᠴᠦᠳ ᠲᠤ ᠪᠠᠶᠢᠩᠭᠤ ᠲᠣᠬᠢᠶᠠᠯᠳᠤᠳᠠᠭ | ᠡᠪᠡᠳᠴᠢᠨ ᠢ ᠲᠣᠭᠲᠠᠮᠠᠯ ᠬᠤᠭᠤᠴᠠᠭ᠎ᠠ ᠲᠠᠢ ᠰᠢᠭᠰᠢᠨ ᠪᠠᠶᠢᠴᠠᠭᠠᠬᠤ ᠲᠦᠷᠢᠮ ᠢ ᠪᠠᠶᠢᠭᠤᠯᠵᠤ᠂ ᠰᠠᠪᠠ ᠶᠢᠨ | ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ᠢ ᠲᠥᠯᠥᠪᠦᠷᠢ ᠥᠬᠡᠶ ᠪᠠᠷ ᠪᠠᠶᠢᠴᠠᠭᠠᠬᠤ ᠬᠡᠪᠴᠢᠶ᠎ᠡ ᠶᠢ ᠨᠢ | ᠥᠷᠭᠡᠳᠬᠡᠵᠦ᠂ ᠡᠮᠡᠭᠲᠡᠶᠢᠴᠦᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠢᠭᠰᠢᠨ ᠪᠠᠶᠢᠴᠠᠭᠠᠬᠤ ᠨᠣᠷᠮ᠎ᠠ ᠪᠠ | ᠡᠷᠲᠡ ᠣᠨᠣᠰᠢᠯᠠᠵᠤ ᠡᠷᠲᠡ ᠡᠮᠨᠡᠬᠦ ᠨᠣᠷᠮ᠎ᠠ ᠶᠢ ᠳᠡᠭᠡᠭᠰᠢᠯᠡᠭᠦᠯᠦᠨ᠎ᠡ︔ ᠬᠡᠦᠬᠡᠳ ᠤᠨ ᠨᠡᠷᠪᠡᠭᠳᠡᠭᠰᠡᠨ ᠬᠦᠨᠳᠦ | ᠬᠡᠴᠡᠭᠦᠦ ᠡᠪᠡᠳᠴᠢᠨ ᠡᠮᠭᠡᠭ ᠢ ᠡᠮᠨᠡᠬᠦ ᠪᠠᠨ ᠴᠢᠩᠭᠠᠳᠬᠠᠵᠤ᠂ ᠠᠶᠢᠽ ᠡᠪᠡᠳᠴᠢᠨ ᠪᠠ ᠪᠡᠯᠭᠡ ᠶᠢᠨ ᠡᠪᠡᠳᠴᠢᠨ ᠢ | ᠰᠡᠷᠭᠡᠶᠢᠯᠡᠨ ᠡᠮᠨᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠲᠤ ᠠᠶᠢᠽ ᠡᠪᠡᠳᠴᠢᠨ᠂ ᠲᠡᠮᠪᠦᠤ᠂ | ᠡᠯᠢᠭᠡᠨ ᠤ B ᠦᠷᠪᠢᠰᠦᠯ ᠬᠠᠯᠳᠠᠪᠤᠷᠢᠯᠠᠬᠤ ᠶᠢ ᠰᠡᠷᠭᠡᠶᠢᠯᠡᠬᠦ ᠪᠠ ᠪᠠᠭᠠᠰᠬᠠᠵᠤ᠂ ︽ᠠᠶᠢᠽ ᠡᠪᠡᠳᠴᠢᠨ ᠳᠤ ᠨᠢᠭᠡ | ᠴᠦ ᠬᠡᠦᠬᠡᠳ ᠨᠡᠷᠪᠡᠭᠳᠡᠬᠦ ᠦᠭᠡᠶ︾ ᠪᠠᠶᠢᠯᠭᠠᠬᠤ ᠬᠠᠷᠠᠯᠲᠠ ᠶᠢ ᠪᠠᠲᠤᠯᠠᠨ᠎ᠠ᠃ | ︵ᠠᠷᠪᠠᠨ ᠬᠤᠶᠠᠷ︶ ᠡᠷᠡᠮᠳᠡᠭ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠵᠦ ᠡᠮᠨᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠷᠡᠮᠳᠡᠭ ᠵᠡᠷᠡᠮᠳᠡᠭ ᠲᠦᠷᠦᠭᠦ ᠶᠢ | ᠰᠡᠷᠭᠡᠶᠢᠯᠡᠨ ᠡᠮᠨᠡᠬᠦ ᠳᠤ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠷᠡᠮᠳᠡᠭ | ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠵᠦ ᠡᠮᠨᠡᠬᠦ ᠳᠤ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠢᠶᠠᠷ ᠭᠤᠤᠯᠯᠠᠭᠤᠯᠤᠭᠰᠠᠨ᠂ ᠣᠯᠠᠨ ᠰᠠᠯᠠᠭ᠎ᠠ ᠮᠥᠴᠢᠷ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠢᠶᠠᠨ | ᠬᠠᠮᠲᠤ ᠪᠠᠷ ᠣᠷᠣᠯᠴᠠᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ | ᠵᠢᠷᠮᠦᠰᠦᠨ ᠪᠠᠶᠢᠭ᠎ᠠ ᠦᠶ᠎ᠡ᠂ ᠨᠢᠷᠠᠢ ᠬᠡᠦᠬᠡᠳ ᠪᠠ ᠬᠡᠦᠬᠡᠳ ᠤᠨ ᠡᠯ᠎ᠡ ᠱᠠᠲᠤ ᠦᠶ᠎ᠡ ᠳᠠᠬᠢ ᠡᠷᠡᠮᠳᠡᠭ ᠵᠡᠷᠡᠮᠳᠡᠭ ᠢ ᠨᠢ | ᠰᠡᠷᠭᠡᠶᠢᠯᠡᠵᠦ ᠡᠮᠨᠡᠬᠦ ᠲᠣᠭᠲᠠᠯᠴᠠᠭ᠎ᠠ ᠶᠢ ᠪᠠᠶᠢᠭᠤᠯᠵᠤ᠂ ᠡᠷᠡᠮᠳᠡᠭ ᠵᠡᠷᠡᠮᠳᠡᠭ ᠢ ᠰᠡᠷᠭᠡᠶᠢᠯᠡᠵᠦ ᠡᠮᠨᠡᠬᠦ ᠲᠠᠯ᠎ᠠ ᠳᠤ ᠡᠷᠬᠡ | ᠲᠡᠭᠰᠢ ᠪᠠᠶᠢᠬᠤ᠂ ᠴᠢᠨᠠᠷ ᠰᠠᠶᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠦᠨᠳᠦᠰᠦᠨ ᠦᠢᠯᠡᠴᠢᠯᠡᠭᠡ ᠬᠠᠩᠭᠠᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠷᠡᠮᠳᠡᠭ ᠵᠡᠷᠡᠮᠳᠡᠭ ᠢ | ᠰᠢᠭᠰᠢᠨ ᠪᠠᠶᠢᠴᠠᠭᠠᠬᠤ ᠲᠣᠣᠷ ᠰᠦᠯᠵᠢᠶ᠎ᠡ ᠪᠠᠷ ᠪᠣᠶ ᠪᠥᠬᠦᠶ ᠬᠤᠰᠢᠭᠤ ᠰᠢᠶᠠᠨ ︵ᠬᠤᠲᠠ᠂ ᠲᠣᠭᠤᠷᠢᠭ ︶ ᠢ | ᠬᠠᠮᠤᠷᠬᠤ ᠪᠣᠯᠭᠠᠨ᠎ᠠ᠃ | ︵ᠠᠷᠪᠠᠨ ᠭᠤᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠡ ᠨᠢᠯᠬᠠᠰ ᠤᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠲᠠᠰᠤᠭ ᠤᠨ ᠪᠠᠶᠢᠭᠤᠯᠤᠯᠲᠠ ᠶᠢ | ᠴᠢᠩᠭᠠᠳᠬᠠᠵᠤ᠂ ᠵᠢᠷᠮᠦᠰᠦᠯᠡᠬᠦ ᠪᠤᠶᠢᠵᠢᠭᠤᠯᠬᠤ ᠲᠣᠬᠢᠷᠠᠭᠤᠯᠬᠤ ᠠᠰᠠᠷᠠᠬᠤ᠂ ᠬᠥᠩᠭᠡᠵᠢᠭᠰᠡᠨ ᠤ ᠳᠠᠷᠠᠭᠠᠬᠢ | ᠡᠷᠡᠭᠦᠯᠵᠢᠬᠦ᠂ ᠬᠡᠦᠬᠡᠳ ᠤᠨ ᠡᠷᠡᠭᠦᠯᠵᠢᠯ ᠵᠡᠷᠭᠡ ᠲᠠᠯ᠎ᠠ ᠳᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠬᠡᠷᠡᠭᠯᠡᠯᠲᠡ ᠶᠢ ᠥᠷᠭᠡᠳᠬᠡᠨ᠎ᠡ᠃ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡ ᠬᠠᠩᠭᠠᠬᠤ ᠡᠮᠴᠢᠯᠡᠭᠡᠨ ᠤ | ᠪᠠᠶᠢᠭᠤᠯᠤᠮᠵᠢ ᠨᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠣᠬᠢᠷᠠᠬᠤ ᠮᠡᠷᠭᠡᠵᠢᠯ ᠪᠠ ᠠᠷᠭ᠎ᠠ ᠶᠢ ᠢᠳᠡᠪᠬᠢᠲᠡᠶ | ᠳᠡᠯᠭᠡᠷᠡᠭᠦᠯᠦᠨ ᠬᠡᠷᠡᠭᠯᠡᠵᠦ᠂ ᠬᠢᠲᠠᠳ ᠡᠮ ︵ᠮᠣᠩᠭᠤᠯ ᠡᠮ︶ ᠢ ᠵᠣᠬᠢᠰᠲᠠᠶ ᠬᠡᠷᠡᠭᠯᠡᠬᠦ ᠪᠠ ᠠᠵᠢᠯᠲᠠᠨ ᠢᠶᠠᠨ | ᠪᠣᠯᠪᠠᠰᠤᠷᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠡᠮᠡᠭᠲᠡᠶᠢᠴᠦᠳ ᠬᠡᠦᠬᠡᠳ ᠤᠨ ᠡᠪᠡᠳᠴᠢᠨ ᠡᠮᠭᠡᠭ ᠢ | ᠣᠨᠣᠰᠢᠯᠠᠨ ᠡᠮᠨᠡᠬᠦ ᠳᠤ ᠬᠢᠲᠠᠳ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠬᠠᠮᠵᠢᠯᠴᠠᠭ᠎ᠠ ᠶᠢ ᠴᠢᠩᠭᠠᠳᠬᠠᠵᠤ᠂ | ᠬᠦᠴᠢᠷ ᠲᠦᠪᠡᠭᠲᠡᠢ ᠡᠪᠡᠳᠴᠢᠨ᠂ ᠪᠠᠴᠢᠮ ᠲᠥᠭᠰᠢᠭᠦᠷᠢᠲᠡᠢ ᠬᠦᠨᠳᠦ ᠡᠪᠡᠳᠴᠢᠨ ᠢ ᠣᠨᠣᠰᠢᠯᠠᠨ ᠡᠮᠨᠡᠬᠦ ᠬᠢᠷᠢ | ᠲᠦᠪᠰᠢᠨ ᠢᠶᠠᠨ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠨᠢ ᠴᠥᠮ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠬᠡᠷᠡᠭᠯᠡᠨ ᠡᠮᠡᠭᠲᠡᠶ ᠶᠢᠨ ᠡᠮᠨᠡᠯᠭᠡ᠂ ᠬᠡᠦᠬᠡᠳ ᠤᠨ | ᠡᠮᠨᠡᠯᠭᠡ ᠵᠢᠴᠢ ᠪᠤᠰᠤᠳ ᠬᠠᠮᠢᠶ᠎ᠠ ᠪᠥᠬᠦᠶ ᠡᠮᠴᠢᠯᠡᠭᠡᠨ ᠤ ᠦᠢᠯᠡᠴᠢᠯᠡᠭᠡ ᠶᠢ ᠥᠷᠨᠢᠭᠦᠯᠬᠦ ᠬᠡᠷᠡᠭᠲᠡᠢ᠃ | ᠲᠠᠪᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ | ᠴᠢᠩᠭᠠᠷᠠᠭᠤᠯᠤᠨ᠎ᠠ | ︵ᠠᠷᠪᠠᠨ ᠳᠥᠷᠪᠡ︶ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠬᠢᠨᠠᠨ | ᠲᠣᠭᠲᠠᠭᠠᠬᠤ ᠪᠠᠷ ᠭᠠᠷᠳᠠᠴᠠ ᠪᠣᠯᠭᠠᠨ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠳᠣᠲᠣᠭᠠᠳᠤ ᠳᠠᠬᠢ | ᠥᠭᠡᠷᠡᠴᠢᠯᠡᠯᠲᠡ ᠶᠢ ᠠᠬᠢᠭᠤᠯᠵᠤ᠂ ᠵᠢᠷᠮᠦᠰᠦᠨ ᠪᠠ ᠬᠥᠩᠭᠡᠵᠢᠬᠦ ᠡᠮᠡᠭᠲᠡᠢ ᠶᠢᠨ ᠡᠷᠡᠭᠦᠯᠵᠢᠯ ᠤᠨ ᠬᠡᠯᠲᠡᠰ᠂ | ᠬᠡᠦᠬᠡᠳ ᠤᠨ ᠡᠷᠡᠭᠦᠯᠵᠢᠯ ᠤᠨ ᠬᠡᠯᠲᠡᠰ᠂ ᠡᠮᠡᠭᠲᠡᠶᠢᠴᠦᠳ ᠤᠨ ᠡᠷᠡᠭᠦᠯᠵᠢᠯ ᠤᠨ ᠬᠡᠯᠲᠡᠰ ᠪᠠ ᠲᠥᠯᠥᠪᠯᠡᠭᠡᠲᠦ | ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠬᠡᠯᠲᠡᠰ ︵ᠰᠠᠯᠠᠭ᠎ᠠ᠂ ᠲᠠᠰᠤᠭ︶ ᠢ ᠵᠢᠷᠤᠮᠵᠢᠭᠤᠯᠤᠨ | ᠪᠠᠶᠢᠷᠢᠯᠠᠭᠤᠯᠵᠤ᠂ ᠡᠷᠡᠭᠦᠯᠵᠢᠯ ᠬᠢᠭᠡᠳ ᠡᠮᠴᠢᠯᠡᠭᠡᠨ ᠤ ᠲᠤᠬᠠᠶᠢᠯᠠᠭᠰᠠᠨ ᠠᠵᠢᠯ ᠤᠨ ᠪᠣᠳᠠᠲᠠᠢ ᠠᠭᠤᠰᠤᠯᠴᠠᠯ ᠢ | ᠪᠡᠶᠡᠯᠡᠭᠦᠯᠦᠨ᠎ᠡ᠃ ᠡᠬᠡ ᠨᠢᠯᠬᠠᠰ ᠤᠨ ᠡᠷᠡᠭᠦᠯᠵᠢᠯ ᠳᠤ ᠮᠡᠷᠭᠡᠵᠢᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ | ᠴᠢᠩᠭᠠᠷᠠᠭᠤᠯᠤᠨ᠂ ᠪᠠᠶᠢᠭᠤᠯᠤᠮᠵᠢ᠂ ᠠᠵᠢᠯᠲᠠᠨ ᠤ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠡᠬᠡ ᠨᠢᠯᠬᠠᠰ ᠤᠨ | ᠡᠷᠡᠭᠦᠯ ᠮᠡᠨᠳᠦ ᠯᠦᠭᠡ ᠬᠠᠮᠢᠶ᠎ᠠ ᠲᠠᠢ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠶᠢ ᠵᠢᠷᠤᠮᠵᠢᠭᠤᠯᠤᠨ᠎ᠠ᠃ | ︵ᠠᠷᠪᠠᠨ ᠲᠠᠪᠤ︶ ᠡᠮᠴᠢᠯᠡᠭᠡᠨ ᠤ ᠶᠠᠰᠤ ᠴᠢᠨᠠᠷ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠲᠤ ᠦᠨᠡᠯᠡᠬᠦ ᠲᠦᠷᠢᠮ ᠪᠠ ᠲᠣᠭᠲᠠᠮᠠᠯ | ᠬᠤᠭᠤᠴᠠᠭ᠎ᠠ ᠲᠠᠢ ᠰᠢᠯᠭᠠᠨ ᠬᠢᠨᠠᠬᠤ ᠲᠦᠷᠢᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠩᠭᠡᠵᠢᠭᠦᠯᠬᠦ | ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ᠂ ᠨᠢᠷᠠᠢ ᠬᠡᠦᠬᠡᠳ ᠤᠨ ᠡᠮᠨᠡᠯᠭᠡ ᠶᠢᠨ ᠶᠠᠰᠤ ᠴᠢᠨᠠᠷ ᠢ ᠡᠵᠡᠮᠳᠡᠬᠦ | ᠲᠥᠪ ᠲᠤ ᠲᠦᠰᠢᠭᠯᠡᠨ᠂ ᠪᠦᠬᠦ ᠣᠷᠣᠨ ᠤ ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠪᠠ | ᠨᠢᠷᠠᠢ ᠬᠡᠦᠬᠡᠳ ᠤᠨ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠠᠮᠤᠷ ᠲᠦᠪᠰᠢᠨ ᠢ ᠵᠢᠭᠠᠨ ᠵᠢᠯᠣᠭᠤᠳᠬᠤ ᠪᠠ | ᠲᠡᠭᠦᠨ ᠳᠤ ᠬᠢᠨᠠᠯᠲᠠ ᠲᠠᠯᠪᠢᠨ᠎ᠠ᠃ ᠡᠬᠡ ᠪᠠᠷᠢᠬᠤ ᠮᠡᠷᠭᠡᠵᠢᠯ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ | ᠪᠠ ᠣᠨᠣᠰᠢᠯᠠᠬᠤ᠂ ᠨᠢᠷᠠᠢ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ᠂ ᠤᠷᠤᠭᠯᠠᠬᠤ ᠠᠴᠠ ᠡᠮᠦᠨᠡᠬᠢ | ᠠᠨᠠᠭᠠᠬᠤ ᠤᠬᠠᠭᠠᠨ ᠤ ᠪᠠᠶᠢᠴᠠᠭᠠᠯᠲᠠ ᠪᠠ ᠬᠥᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠵᠡᠷᠭᠡ ᠮᠡᠷᠭᠡᠵᠢᠯ ᠤᠨ | ᠦᠢᠯᠡᠴᠢᠯᠡᠭᠡᠨ ᠤ ᠶᠠᠰᠤ ᠴᠢᠨᠠᠷ ᠢ ᠡᠵᠡᠮᠳᠡᠬᠦ ᠪᠠᠨ ᠭᠤᠤᠯᠳᠠᠯᠭ᠎ᠠ ᠲᠠᠢ ᠴᠢᠩᠭᠠᠷᠠᠭᠤᠯᠵᠤ᠂ ᠦᠢᠯᠡᠴᠢᠯᠡᠭᠡᠨ ᠤ ᠶᠠᠰᠤ | ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ︵ᠠᠷᠪᠠᠨ ᠵᠢᠷᠭᠤᠭ᠎ᠠ︶ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ ᠶᠢ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ | ᠲᠥᠯᠥᠪᠵᠢᠭᠦᠯᠭᠡ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠡᠮᠡᠭᠲᠡᠶᠢᠴᠦᠳ᠂ ᠬᠡᠦᠬᠡᠳ ᠤᠨ ᠠᠳᠠᠯᠢ ᠪᠤᠰᠤ ᠴᠠᠭ ᠬᠤᠭᠤᠴᠠᠭᠠᠨ ᠳᠠᠬᠢ ᠡᠷᠡᠭᠦᠯ ᠮᠡᠨᠳᠦ ᠶᠢᠨ ᠬᠠᠮᠢᠶᠠᠷᠤᠯᠲᠠ᠂ | ᠦᠢᠯᠡᠴᠢᠯᠡᠭᠡᠨ ᠤ ᠮᠡᠳᠡᠭᠡ ᠵᠠᠩᠭᠢ ᠳᠤ ᠴᠢᠭᠯᠡᠭᠦᠯᠵᠦ ᠬᠥᠳᠡᠯᠦᠩᠭᠦᠶ ᠪᠠᠷ ᠴᠤᠭᠯᠠᠭᠤᠯᠬᠤ᠂ ᠰᠠᠨᠠᠭᠠᠴᠢᠯᠠᠭ᠎ᠠ ᠠᠴᠠ ᠪᠠᠨ | ᠰᠠᠨᠠᠭᠤᠯᠬᠤ ᠪᠠ ᠶᠡᠷᠦᠩᠬᠡᠶᠢᠯᠡᠨ ᠵᠠᠳᠠᠯᠬᠤ ᠶᠢ ᠪᠡᠶᠡᠯᠡᠭᠦᠯᠵᠦ᠂ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ︽ᠢᠨᠲ᠋ᠧᠷ ᠰᠦᠯᠵᠢᠶ᠎ᠡ + ᠡᠬᠡ ᠨᠢᠯᠬᠠᠰ ᠤᠨ ᠡᠷᠡᠭᠦᠯ ᠮᠡᠨᠳᠦ︾ | ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢᠴᠢᠯᠠᠭᠰᠠᠨ ᠠᠷᠭ᠎ᠠ | ᠪᠠᠷᠢᠯ ᠢ ᠭᠦᠢᠴᠡᠳ ᠠᠰᠢᠭᠯᠠᠨ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠰᠦᠯᠵᠢᠶ᠎ᠡ ᠪᠠᠷ ᠣᠨᠣᠰᠢᠯᠠᠨ | ᠡᠮᠨᠡᠬᠦ᠂ ᠪᠣᠯᠵᠣᠵᠤ ᠣᠨᠣᠰᠢᠯᠠᠨ ᠡᠮᠨᠡᠬᠦ᠂ ᠮᠡᠷᠭᠡᠵᠢᠯ ᠤᠨ ᠪᠤᠯᠪᠠᠰᠤᠷᠠᠯ ᠭᠦᠷᠳᠡᠬᠡᠬᠦ ᠪᠠ ᠲᠤᠬᠠᠶᠢᠯᠠᠭᠰᠠᠨ ᠠᠵᠢᠯ ᠤᠨ | ᠵᠢᠭᠠᠨ ᠵᠢᠯᠣᠭᠤᠳᠬᠤ ᠵᠡᠷᠭᠡ ᠠᠵᠢᠯ ᠢ ᠥᠷᠨᠢᠭᠦᠯᠵᠦ᠂ ᠡᠮᠡᠭᠲᠡᠶᠢᠴᠦᠳ ᠬᠡᠦᠬᠡᠳ ᠲᠤ ᠡᠮᠴᠢᠯᠡᠭᠡ ᠡᠷᠡᠭᠦᠯᠵᠢᠯ ᠤᠨ | ᠡᠯᠪᠡᠭ ᠪᠠᠶᠠᠯᠢᠭ᠂ ᠳᠥᠭᠦᠮ ᠳᠥᠲᠡ᠂ ᠬᠠᠯᠠᠭᠤᠨ ᠳᠣᠲᠣᠨᠣ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ | ᠬᠠᠩᠭᠠᠨ᠎ᠠ᠃ | ︵ᠠᠷᠪᠠᠨ ᠳᠣᠯᠤᠭ᠎ᠠ︶ ᠰᠢᠯᠢᠳᠡᠭ ᠦᠢᠯᠡᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ | ᠪᠠᠭᠤᠯᠭᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠡᠬᠡ ᠨᠢᠯᠬᠠᠰ ᠤᠨ | ᠡᠷᠡᠭᠦᠯᠵᠢᠯ ᠤᠨ ᠦᠢᠯᠡᠴᠢᠯᠡᠭᠡᠨ ᠤ ᠡᠮᠴᠢᠯᠡᠭᠡᠨ ᠤ ᠬᠤᠯᠪᠣᠭᠠᠲᠤ ᠴᠣᠭᠴᠠ᠂ ᠲᠤᠰᠬᠠᠶ ᠡᠮᠴᠢᠯᠡᠭᠡᠨ ᠤ ᠬᠤᠯᠪᠣᠭ᠎ᠠ ᠶᠢ | ᠵᠣᠬᠢᠶᠠᠨ ᠪᠠᠶᠢᠭᠤᠯᠬᠤ ᠪᠠ ᠠᠯᠤᠰ ᠡᠵᠡᠮᠰᠢᠯᠲᠦ ᠡᠮᠴᠢᠯᠡᠭᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ᠂ | ᠲᠤᠬᠠᠶᠢᠯᠠᠭᠰᠠᠨ ᠠᠵᠢᠯ ᠢ ᠨᠠᠶᠢᠳᠠᠨ ᠬᠠᠮᠢᠶᠠᠷᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠡᠬᠡ ᠨᠢᠯᠬᠠᠰ ᠤᠨ | ᠡᠷᠡᠭᠦᠯᠵᠢᠯ ᠤᠨ ᠰᠢᠯᠢᠳᠡᠭ ᠦᠢᠯᠡᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠱᠠᠲᠤᠨ ᠤ ᠡᠮᠴᠢᠯᠡᠭᠡᠨ ᠤ ᠪᠠᠶᠢᠭᠤᠯᠤᠮᠵᠢ | ᠬᠢᠭᠡᠳ ᠬᠤᠰᠢᠭᠤ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠬᠤᠰᠢᠭᠤ ᠰᠢᠶᠠᠨ ᠤ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠬᠢᠭᠡᠳ ᠰᠤᠮᠤ ᠰᠢᠶᠠᠩ ᠪᠠᠯᠭᠠᠰᠤᠨ ︵ᠨᠡᠶᠢᠭᠡᠮ ᠲᠣᠭᠤᠷᠢᠭ ︶ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠳᠡᠭᠡᠳᠦ ᠳᠣᠣᠷᠠᠳᠤ ᠱᠠᠲᠤ ᠪᠠᠷ ᠬᠤᠯᠪᠣᠭᠠᠯᠠᠬᠤ ᠶᠢ ᠵᠣᠷᠢᠬᠵᠢᠭᠤᠯᠵᠤ᠂ | ᠬᠤᠯᠪᠣᠭᠠᠲᠤ ᠴᠣᠭᠴᠠ ᠶᠢᠨ ᠳᠣᠲᠣᠭᠠᠳᠤ ᠳᠤ ᠪᠠᠨ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠮᠡᠷᠭᠡᠵᠢᠯ ᠤᠨ | ᠵᠢᠭᠠᠨ ᠵᠢᠯᠣᠭᠤᠳᠬᠤ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠭᠦᠷᠳᠡᠬᠡᠬᠦ ᠵᠡᠷᠭᠡ ᠬᠡᠯᠪᠡᠷᠢ ᠪᠠᠷ ᠳᠠᠮᠵᠢᠭᠤᠯᠤᠨ | ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠯᠠᠭᠠᠨ ᠤ | ᠲᠣᠭᠲᠠᠴᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢ ᠢᠳᠡᠪᠬᠢᠲᠡᠶ ᠠᠬᠢᠭᠤᠯᠤᠨ᠎ᠠ | ︵ᠠᠷᠪᠠᠨ ᠨᠠᠢᠮᠠ︶ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠶᠢ ᠨᠢ ᠠᠬᠢᠭᠤᠯᠤᠨ᠎ᠠ᠃ ᠡᠬᠡ | ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠪᠠ ᠠᠮᠵᠢᠯᠲᠠ | ᠪᠦᠲᠦᠮᠵᠢ ᠶᠢ ᠨᠢ ᠰᠢᠯᠭᠠᠨ ᠬᠢᠨᠠᠬᠤ ᠠᠵᠢᠯ ᠢ ᠢᠳᠡᠪᠬᠢᠲᠡᠶ ᠠᠬᠢᠭᠤᠯᠵᠤ᠂ ᠲᠤᠷᠰᠢᠯᠭ᠎ᠠ ᠪᠠᠨ ᠴᠠᠭ ᠲᠤᠬᠠᠶ ᠳᠤ ᠨᠢ | ᠳ᠋ᠦᠩᠨᠡᠵᠦ ᠳᠡᠯᠭᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠨᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠤ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠶᠠᠮᠠᠷᠪᠠ ᠬᠡᠯᠪᠡᠷᠢ ᠪᠠᠷ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠲᠡᠭᠡᠳ ᠤᠨ ᠬᠢᠷᠢ ᠬᠡᠮ ᠪᠠ ᠥᠮᠴᠢᠯᠡᠬᠦ ᠡᠷᠬᠡ ᠶᠢᠨ | ᠰᠢᠨᠵᠢ ᠴᠢᠨᠠᠷ ᠵᠢᠴᠢ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠲᠤᠰᠠᠭᠠᠷ ᠲᠣᠭᠠᠴᠠᠭ᠎ᠠ ᠬᠢᠬᠦ ᠲᠦᠷᠢᠮ ᠢ | ᠬᠤᠪᠢᠷᠠᠭᠤᠯᠵᠤ ᠪᠣᠯᠬᠤ ᠥᠬᠡᠶ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠲᠤᠬᠠᠶᠢᠯᠠᠭᠰᠠᠨ | ᠠᠵᠢᠯ ᠳᠤ ᠬᠡᠷᠡᠭᠯᠡᠬᠦ ᠬᠡᠷ ᠪᠠᠶᠢᠰᠢᠩ ᠢ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ᠂ ᠲᠦᠷᠢᠶᠡᠰᠦᠯᠡᠭᠦᠯᠵᠦ ︵ᠵᠢᠭᠡᠯᠡᠨ | ᠥᠭᠴᠦ︶ ᠪᠣᠯᠬᠤ ᠥᠬᠡᠶ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢᠨ | ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠢᠮᠠᠭᠲᠠ ᠪᠠᠲᠤᠯᠠᠨ᠎ᠠ᠃ | ︵ᠠᠷᠪᠠ ᠶᠢᠰᠦ︶ ᠠᠵᠢᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ ᠶᠡᠷᠦᠩᠬᠡᠶ ᠱᠦᠵᠢ | ᠰᠢ ᠶᠢᠨ ᠫᠢᠩ ᠤᠨ ︽ᠬᠤᠶᠠᠷ ᠢ ᠵᠥᠪᠰᠢᠶᠡᠷᠡᠬᠦ︾ ︵ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠤᠨ ᠡᠵᠡᠮᠰᠢᠬᠦ ᠬᠢᠷᠢ | ᠬᠡᠮᠵᠢᠶ᠎ᠡ ᠠᠴᠠ ᠳᠠᠪᠠᠭᠤᠯᠬᠤ ᠶᠢ ᠨᠢ ᠵᠥᠪᠰᠢᠶᠡᠷᠡᠬᠦ᠂ ᠡᠮᠴᠢᠯᠡᠭᠡᠨ ᠤ ᠦᠢᠯᠡᠴᠢᠯᠡᠭᠡ ᠶᠢᠨ ᠣᠷᠣᠯᠭ᠎ᠠ ᠠᠴᠠ ᠥᠪᠡᠷ ᠤᠨ | ᠥᠷᠲᠡᠭ ᠢ ᠰᠠᠭᠤᠯᠭᠠᠨ ᠠᠪᠬᠤ ᠶᠢᠨ ᠬᠠᠮᠲᠤ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ | ᠠᠪᠤᠭᠰᠠᠨ ᠤ ᠳᠠᠷᠠᠭ᠎ᠠ ᠭᠤᠤᠯᠳᠠᠭᠤ ᠠᠵᠢᠯᠲᠠᠨ ᠢ ᠱᠠᠩᠨᠠᠬᠤ ᠳᠤ ᠬᠡᠷᠡᠭᠯᠡᠬᠦ ᠶᠢ ᠨᠢ ᠵᠥᠪᠰᠢᠶᠡᠷᠡᠬᠦ︶ ᠲᠤᠬᠠᠶ | ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠲᠤᠰ | ᠭᠠᠵᠠᠷ ᠤᠨ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠡᠳ᠋ ᠤᠨ ᠵᠠᠰᠠᠭ ᠤᠨ ᠪᠥᠬᠦ | ᠲᠤᠭ᠎ᠠ ᠪᠠᠷ ᠪᠠᠲᠤᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠮᠥᠷᠲᠡᠭᠡᠨ ︽ᠬᠤᠶᠠᠷ ᠢ ᠵᠥᠪᠰᠢᠶᠡᠷᠡᠬᠦ ︾ | ᠱᠠᠭᠠᠷᠳᠠᠯᠭ᠎ᠠ ᠶᠣᠰᠣᠭᠠᠷ᠂ ᠪᠠᠲᠤᠯᠠᠬᠤ ᠪᠠ ᠤᠷᠮᠠᠰᠢᠭᠤᠯᠬᠤ ᠶᠢ ᠤᠶᠠᠯᠳᠤᠭᠤᠯᠤᠭᠰᠠᠨ ᠠᠵᠢᠯᠯᠠᠭᠠᠨ ᠤ ᠰᠢᠨ᠎ᠡ | ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠶᠢ ᠨᠢ ᠵᠥᠪᠰᠢᠶᠡᠷᠡᠨ᠎ᠡ᠃ | ᠳᠣᠯᠤᠭ᠎ᠠ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ | ︵ᠬᠤᠷᠢ︶ ᠤᠳᠤᠷᠢᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ | ᠨᠢᠯᠬᠠᠰ ᠤᠨ ᠡᠷᠡᠭᠦᠯᠵᠢᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ︽ᠡᠷᠡᠭᠦᠯ ᠡᠩᠬᠡ ᠥᠪᠥᠷ | ᠮᠣᠩᠭᠤᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠦᠢᠯᠡᠰ ᠢ ᠲᠣᠪᠤᠶᠢᠮ᠎ᠠ ᠪᠠᠶᠢᠷᠢᠨ ᠳᠤ ᠲᠠᠯᠪᠢᠵᠤ᠂ | ︽ᠡᠷᠡᠭᠦᠯ ᠡᠩᠬᠡ ᠥᠪᠥᠷ ᠮᠣᠩᠭᠤᠯ︾ ᠤᠨ ᠬᠠᠷᠠᠯᠲᠠ ᠲᠠᠢ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ | ᠠᠭᠤᠯᠭ᠎ᠠ ᠳᠤ ᠣᠷᠣᠭᠤᠯᠤᠨ᠂ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢ | ᠲᠣᠳᠣᠷᠬᠠᠶ ᠲᠣᠭᠲᠠᠭᠠᠵᠤ᠂ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ | ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠡᠯ᠎ᠡ ᠵᠦᠢᠯ ᠤᠨ ᠬᠠᠷᠠᠯᠲᠠ ᠪᠣᠯᠬᠤ ᠡᠭᠦᠷᠭᠡ ᠪᠠᠨ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ | ︵ᠬᠤᠷᠢᠨ ᠨᠢᠭᠡ︶ ᠬᠠᠤᠯᠢ ᠶᠣᠰᠣᠭᠠᠷ ᠠᠬᠢᠭᠤᠯᠬᠤ ᠶᠢ ᠪᠠᠷᠢᠮᠲᠠᠯᠠᠨ᠎ᠠ᠃ ᠡᠯ᠎ᠡ ᠱᠠᠲᠤᠨ ᠤ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ | ᠠᠵᠢᠯ ᠦᠢᠯᠡᠰ ᠤᠨ ᠡᠯ᠎ᠡ ᠵᠦᠢᠯ ᠤᠨ ᠱᠠᠭᠠᠷᠳᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ | ᠡᠭᠦᠷᠭᠡ ᠪᠠᠨ ᠪᠣᠯᠭᠠᠵᠤ᠂ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠯ᠎ᠡ | ᠬᠠᠮᠢᠶ᠎ᠠ ᠪᠥᠬᠦᠶ ᠨᠢᠭᠡᠴᠢ ᠶᠢᠨ ᠡᠮᠡᠭᠲᠡᠶᠢᠴᠦᠳ ᠬᠡᠦᠬᠡᠳ ᠲᠤ ᠬᠤᠯᠪᠣᠭᠳᠠᠬᠤ ᠡᠯ᠎ᠡ ᠵᠦᠢᠯ ᠤᠨ ᠬᠠᠤᠯᠢ ᠴᠠᠭᠠᠵᠠ | ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠨᠢ | ᠠᠬᠢᠭᠤᠯᠬᠤ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠤᠨ ᠬᠤᠯᠪᠣᠭᠳᠠᠯ ᠪᠥᠬᠦᠶ | ᠵᠦᠢᠯᠡᠰ ᠢ ᠰᠤᠳᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ | ᠬᠠᠮᠲᠤᠷᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠴᠢᠳᠠᠪᠤᠷᠢ ᠶᠢᠨ | ᠪᠠᠶᠢᠭᠤᠯᠤᠯᠲᠠ ᠳᠠᠬᠢ ᠭᠤᠤᠯᠳᠠᠯᠭ᠎ᠠ ᠪᠣᠯᠬᠤ ᠪᠥᠭᠡᠳ ᠲᠦᠪᠡᠭᠲᠡᠶ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ | ᠰᠢᠢᠳᠪᠦᠷᠢᠯᠡᠬᠦ ᠬᠡᠷᠡᠭᠲᠡᠶ᠃ | ︵ᠬᠤᠷᠢᠨ ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠪᠥᠬᠦ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠶ᠃ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠢ︔ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ᠂ ᠡᠷᠬᠡ ᠶᠢᠨ ᠬᠠᠷᠢᠶᠠᠯᠠᠯ ᠢ ᠨᠢ | ᠭᠦᠢᠴᠡᠳᠬᠡᠬᠦ ᠶᠢ ᠬᠠᠷᠢᠭᠤᠴᠠᠨ ᠰᠠᠶᠢᠲᠤᠷ ᠬᠢᠬᠦ ᠬᠡᠷᠡᠭᠲᠡᠢ︔ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠶᠢ ᠬᠢᠨᠠᠨ ᠵᠥᠪᠰᠢᠶᠡᠷᠡᠬᠦ᠂ ᠶᠠᠰᠤ ᠴᠢᠨᠠᠷ | ᠠᠮᠤᠷ ᠲᠦᠪᠰᠢᠨ ᠢ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠪᠠ ᠪᠦᠷᠢᠳᠬᠡᠨ | ᠳᠠᠩᠰᠠᠯᠠᠬᠤ ᠵᠡᠷᠭᠡ ᠠᠵᠢᠯ ᠢ ᠬᠠᠷᠢᠭᠤᠴᠠᠬᠤ ᠬᠡᠷᠡᠭᠲᠡᠢ︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠪᠣᠳᠠᠲᠠᠢ ᠶᠢ ᠦᠨᠳᠦᠰᠦᠯᠡᠨ᠂ ᠡᠬᠡ | ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠤᠷᠢᠵᠤ ᠡᠯᠰᠡᠬᠦ᠂ ᠮᠡᠷᠭᠡᠵᠢᠯ ᠤᠨ ᠴᠣᠯᠠ ᠳᠡᠪᠰᠢᠬᠦ᠂ | ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ | ᠨᠠᠶᠢᠳᠠᠪᠤᠷᠢᠵᠢᠭᠤᠯᠬᠤ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ | ᠮᠡᠨᠳᠦ ᠶᠢᠨ ᠠᠵᠢᠯ ᠦᠢᠯᠡᠰ ᠤᠨ ᠬᠥᠭᠵᠢᠯᠲᠡ ᠳᠤ ᠡᠳ᠋ ᠤᠨ ᠵᠠᠰᠠᠭ ᠠᠴᠠ ᠳᠡᠮᠵᠢᠬᠦ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠬᠤ ᠬᠡᠷᠡᠭᠲᠡᠢ︔ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠨᠢ ᠥᠪᠡᠷᠲᠡᠭᠡᠨ ᠵᠠᠰᠠᠬᠤ ᠣᠷᠣᠨ ᠳᠠᠬᠢ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠪᠠᠷ ᠡᠬᠡ | ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠬᠥᠮᠦᠵᠢᠭᠦᠯᠬᠦ ᠲᠥᠯᠥᠪᠵᠢᠭᠦᠯᠭᠡ | ᠲᠣᠭᠲᠠᠭᠠᠯᠭᠠᠬᠤ ᠶᠢ ᠬᠠᠷᠢᠭᠤᠴᠠᠨ ᠵᠢᠭᠠᠨ ᠵᠢᠯᠣᠭᠤᠳᠴᠤ᠂ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠨ᠎ᠠ︔ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ | ᠬᠠᠩᠰᠢ ᠳᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠪᠠᠶᠢᠭᠤᠯᠬᠤ ᠶᠢ ᠬᠠᠷᠢᠭᠤᠴᠠᠵᠤ᠂ ᠡᠮᠡᠭᠲᠡᠢ ᠶᠢᠨ ᠡᠮᠨᠡᠯᠭᠡ᠂ | ᠬᠥᠩᠭᠡᠵᠢᠭᠦᠯᠬᠦ ᠡᠮᠨᠡᠯᠭᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ | ᠵᠦᠢᠯ ᠤᠨ ᠦᠨ᠎ᠡ ᠬᠠᠩᠰᠢ ᠶᠢ ᠵᠣᠬᠢᠰᠲᠠᠶ ᠲᠣᠬᠢᠷᠠᠭᠤᠯᠬᠤ ᠬᠡᠷᠡᠭᠲᠡᠶ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠳᠤ ᠣᠷᠣᠭᠤᠯᠵᠤ᠂ ᠡᠬᠡ | ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠬᠢᠭᠡᠳ ᠵᠢᠷᠤᠮᠵᠢᠭᠰᠠᠨ ᠬᠠᠮᠢᠶᠠᠷᠤᠯᠲᠠ ᠶᠢ ᠯᠠᠪᠳᠠᠭᠤᠨ | ᠪᠠᠲᠤᠲᠠᠶ ᠠᠬᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠶ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |