ᠤᠯᠤᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠣᠷᠣᠨ ᠳᠤ ᠬᠦᠷᠴᠦ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2021/12/9
     11 ᠰᠠᠷ᠎ᠠ ᠶᠢᠨ 30 ᠤ ᠡᠳᠦᠷ ᠠᠴᠠ 12 ᠰᠠᠷ᠎ᠠ ᠶᠢᠨ 2 ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠡᠷᠬᠢᠯᠡᠭᠴᠢ ᠰᠢᠨ ᠱᠧᠩ ᠫᠧᠩ  ᠢᠶᠠᠷ ᠲᠦᠷᠦᠭᠦᠯᠡᠭᠦᠯᠦᠭᠰᠡᠨ ᠤᠯᠤᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠣᠷᠣᠨ ᠤ ᠪᠤᠭᠤᠲᠤ ᠬᠤᠲᠠ ᠶᠢᠨ ᠭᠦᠶᠡᠩ ᠰᠢᠶᠠᠨ ᠳᠤ ᠬᠦᠷᠴᠦ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠴᠠᠭᠠᠨ ᠰᠤᠳᠤᠯᠤᠯᠲᠠ ᠪᠠ ᠮᠡᠷᠭᠡᠵᠢᠯ ᠤᠨ ᠵᠢᠯᠣᠭᠤᠳᠣᠯᠭ᠎ᠠ ᠶᠢᠨ ᠠᠵᠢᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶ ᠮᠠᠯ ᠠᠵᠤ ᠠᠬᠤᠶ ᠶᠢᠨ ᠮᠡᠷᠭᠡᠵᠢᠯᠲᠡᠨ ᠭᠤᠤ ᠰᠢᠤᠸᠠᠢ ᠹᠧᠩ  ᠂ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠡᠷᠬᠢᠯᠡᠭᠴᠢ ᠪᠣᠣ ᠾᠧ ᠫᠢᠩ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠡᠳ᠋ ᠳᠠᠷᠤᠭ᠎ᠠ ᠵᠣᠣ ᠶᠦᠩ ᠴᠦᠨ ᠵᠡᠷᠭᠡ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠬᠥᠮᠦᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠭᠤᠤᠯᠳᠠᠭᠤ ᠶᠠᠷᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ ᠪᠷᠦ᠋ᠼᠧᠯ ᠤᠨ ᠡᠪᠡᠳᠴᠢᠲᠡᠨ᠂ ᠠᠮᠢᠲᠠᠨ ᠤ ᠬᠢᠵᠢᠭ ᠰᠡᠷᠭᠡᠶᠢᠯᠡᠭᠴᠢ ᠶᠢ ᠰᠣᠷᠪᠤᠯᠵᠢᠯᠠᠬᠤ ᠵᠡᠷᠭᠡ ᠬᠡᠯᠪᠡᠷᠢ ᠪᠠᠷ ᠲᠤᠬᠠᠶ ᠶᠢᠨ ᠭᠠᠵᠠᠷ ᠤᠨ ᠪᠷᠦ᠋ᠼᠧᠯ ᠡᠪᠡᠳᠴᠢᠨ ᠵᠡᠷᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠰᠠᠨᠠᠯ ᠰᠠᠨᠠᠭᠤᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠶ ᠱᠠᠭᠠᠷᠳᠠᠯᠭ᠎ᠠ ᠳᠤᠷᠠᠳᠴᠠᠶ᠃ ᠡᠩ ᠲᠡᠷᠢᠭᠦᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ ᠪᠣᠯᠤᠨ 6 ᠪᠠᠯᠭᠠᠰᠤᠨ ᠤ ᠭᠤᠤᠯ ᠤᠳᠤᠷᠢᠳᠤᠯᠭ᠎ᠠ ᠵᠢᠴᠢ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠨ ᠲᠠᠢ ᠶᠠᠷᠢᠯᠴᠠᠪᠠ᠃ ᠶᠠᠷᠢᠯᠴᠠᠬᠤ ᠬᠤᠷᠠᠯ ᠳᠡᠭᠡᠷ᠎ᠡ ᠭᠦᠶᠡᠩ ᠰᠢᠶᠠᠨ ᠤ ᠳᠠᠷᠤᠭ᠎ᠠ ᠭᠤᠤ ᠢᠦᠢ ᠳ᠋ᠠᠢ ᠪᠥᠬᠦ ᠰᠢᠶᠠᠨ ᠤ ᠪᠠᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠰᠢᠶᠠᠩ ᠪᠠᠯᠭᠠᠰᠤ ᠲᠣᠰ ᠲᠣᠰ ᠬᠥᠮᠦᠨ ᠤ ᠪᠷᠦ᠋ᠼᠧᠯ ᠡᠪᠡᠳᠴᠢᠨ ᠢ ᠣᠨᠣᠰᠢᠯᠠᠨ ᠵᠠᠰᠠᠭᠰᠠᠨ ᠪᠠᠶᠢᠳᠠᠯ ᠪᠣᠯᠤᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠭᠰᠡᠨ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠪᠡ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠰᠢᠩ ᠱᠦᠨ ᠰᠢ ᠪᠠᠯᠭᠠᠰᠤ ᠪᠣᠯᠤᠨ ᠬᠤᠸᠠᠢ ᠱᠦᠸᠧ ᠪᠠᠯᠭᠠᠰᠤᠨ ᠤ 5 ᠲᠡᠵᠢᠭᠡᠨ ᠦᠷᠡᠵᠢᠭᠦᠯᠬᠦ ᠡᠷᠦᠬᠡ ︵ᠡᠭᠦᠨ  ᠳᠤ 2 ᠨᠢ ᠪᠷᠦ᠋ᠼᠧᠯ ᠤᠨ ᠡᠪᠡᠳᠴᠢᠲᠡᠨ︶᠂ 1 ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ 1 ᠡᠭᠦᠯᠳᠡᠷ ᠤᠨ ᠬᠤᠨᠢᠨ ᠤ ᠲᠠᠯᠠᠪᠠᠶ ᠶᠢ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠭᠰᠡᠨ ᠪᠥᠭᠡᠳ ᠬᠡᠰᠡᠭ ᠮᠠᠯ ᠤᠨ ᠠᠷᠠᠯᠵᠢᠶᠠᠨ  ᠤ ᠵᠠᠭᠤᠴᠢᠯᠠᠭᠴᠢ ᠲᠠᠢ ᠶᠠᠷᠢᠯᠴᠠᠵᠤ᠂ ᠡᠭᠡᠯᠢᠯᠡᠭᠡ ᠬᠢᠬᠦ ᠠᠷᠢᠭᠤᠳᠬᠠᠯ ᠤᠨ ᠪᠠᠶᠢᠳᠠᠯ᠂ ᠬᠢᠵᠢᠭ ᠡᠪᠡᠳᠴᠢᠨ ᠢ ᠤᠰᠠᠳᠬᠠᠬᠤ ᠶᠢ ᠨᠠᠶᠢᠳᠠᠪᠤᠷᠢᠵᠢᠭᠰᠠᠨ ᠪᠠᠶᠢᠳᠠᠯ᠂ ᠬᠢᠵᠢᠭ ᠪᠠᠶᠢᠴᠠᠭᠠᠭᠰᠠᠨ ᠭᠡᠷᠡᠴᠢ ᠭᠠᠷᠭᠠᠵᠤ ᠥᠭᠭᠦᠭᠰᠡᠨ ᠪᠠᠶᠢᠳᠠᠯ᠂ ᠰᠢᠯᠵᠢᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠶᠢ ᠳᠠᠩᠰᠠᠯᠠᠭᠰᠠᠨ ᠪᠠᠶᠢᠳᠠᠯ᠂ ᠬᠢᠵᠢᠭ ᠡᠪᠡᠳᠴᠢᠨ ᠢ ᠣᠨᠣᠰᠢᠯᠠᠨ ᠵᠠᠰᠠᠭᠰᠠᠨ ᠪᠠᠶᠢᠳᠠᠯ ᠵᠡᠷᠭᠡ ᠪᠷᠦ᠋ᠼᠧᠯ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠮᠠᠯ ᠤᠨ ᠠᠷᠠᠯᠵᠢᠶᠠᠨ ᠤ ᠠᠵᠢᠯᠯᠠᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ ᠣᠶᠢᠯᠠᠭᠠᠪᠠ᠃ ᠡᠴᠦᠰ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠭᠦᠶᠡᠩ ᠰᠢᠶᠠᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠪᠠᠶᠢᠳᠠᠯ ᠵᠢᠴᠢ ᠣᠶᠢᠷ᠎ᠠ ᠶᠢᠨ ᠬᠤᠭᠤᠴᠠᠭᠠᠨ ᠳᠤ ᠣᠯᠤᠭᠰᠠᠨ ᠦᠷ᠎ᠡ ᠪᠦᠲᠦᠮᠵᠢ ᠶᠢ ᠨᠤᠲᠠᠯᠠᠪᠠ᠃ ᠡᠭᠦᠨ ᠤ ᠬᠠᠮᠲᠤ ᠭᠦᠶᠡᠩ ᠰᠢᠶᠠᠨ ᠳᠤ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ  ᠶᠢᠨ ᠬᠠᠮᠲᠤ ᠰᠢᠨ᠎ᠡ ᠬᠡᠯᠪᠡᠷᠢ ᠶᠢᠨ ᠰᠢᠰᠲ᠋ᠧᠮᠲᠦ ᠴᠢᠨᠠᠷᠲᠠᠶ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠬᠡᠷᠡᠭᠯᠡᠵᠦ᠂ ᠤᠯᠤᠰ ᠤᠨ ᠪᠷᠦ᠋ᠼᠧᠯ ᠡᠪᠡᠳᠴᠢᠨ ᠤ ᠬᠢᠵᠢᠭ ᠤᠨ ᠪᠠᠶᠢᠳᠠᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠴᠡᠭ ᠢᠶᠠᠷ ᠭᠤᠶᠤᠴᠢᠯᠠᠨ ᠮᠡᠳᠡᠭᠦᠯᠵᠦ᠂ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠰᠠᠶᠢᠲᠤᠷ ᠰᠢᠢᠳᠪᠦᠷᠢᠯᠡᠨ᠂ ᠪᠷᠦ᠋ᠼᠧᠯ ᠡᠪᠡᠳᠴᠢᠨ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠬᠥᠲᠥᠯᠥᠨ ᠳᠠᠭᠠᠭᠤᠯᠵᠤ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃

 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号