ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ 8 ᠬᠤᠰᠢᠭᠤ ᠰᠢᠶᠠᠨ ︵ᠬᠤᠲᠠ᠂ ᠲᠣᠭᠤᠷᠢᠭ︶ ᠢ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ︾ ᠭᠡᠵᠦ ᠨᠡᠷᠡᠶᠢᠳᠪᠡ
ᠨᠡᠶᠢᠲᠡᠯᠡᠭᠰᠡᠨ ᠴᠠᠭ᠄
2021/12/9
     ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠶᠢᠨ ᠲᠤᠰᠠᠳᠠ᠂ 2021 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠬᠤ 5 ᠳ᠋ᠤᠭᠠᠷ ᠪᠦᠯᠦᠭ  ᠤᠨ 8 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠠᠷᠭᠤᠭᠤᠯᠤᠨ ᠪᠠᠶᠢᠴᠠᠭᠠᠵᠤ ᠢᠯᠡᠷᠭᠡᠶᠢᠯᠡᠨ ᠡᠯᠭᠦᠬᠦ ᠠᠵᠢᠯ ᠥᠷᠨᠢᠭᠦᠯᠪᠡ᠃ ᠰᠣᠯᠪᠢᠴᠠᠵᠤ ᠬᠠᠷᠢᠯᠴᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠪᠠᠷ ᠳᠡᠮᠵᠢᠨ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠳ᠋ᠧᠩᠺᠸᠤ ᠰᠢᠶᠠᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ᠂ ᠤᠯᠠᠭᠠᠨᠬᠤᠲᠠ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤ ᠵᠡᠷᠭᠡ 8 ᠬᠤᠰᠢᠭᠤ ᠰᠢᠶᠠᠨ ︵ᠬᠤᠲᠠ᠂ ᠲᠣᠭᠤᠷᠢᠭ︶ ᠢ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ︾ ᠢᠶᠠᠷ ᠨᠡᠷᠡᠶᠢᠳᠪᠡ᠃      ᠳᠠᠷᠠᠭᠠᠴᠢ ᠶᠢᠨ ᠠᠯᠬᠤᠮ ᠳᠤ᠂ ᠠᠮᠤᠷ ᠲᠦᠪᠰᠢᠨ ᠰᠢᠶᠠᠨ ᠢ ᠬᠠᠤᠯᠢ ᠶᠣᠰᠣᠭᠠᠷ ᠬᠢᠨᠠᠨ ᠬᠠᠮᠢᠶᠠᠷᠬᠤ ᠦᠯᠢᠭᠡᠷ ᠳᠠᠭᠤᠷᠢᠶᠠᠯ ᠣᠷᠣᠨ ᠪᠣᠯᠭᠠᠬᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠢᠯᠡᠷᠡᠭᠦᠯᠬᠦ ᠣᠷᠣᠨ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠰᠦᠪᠡᠭᠴᠢᠯᠡᠬᠦ ᠲᠦᠷᠦᠭᠦᠴᠢ ᠣᠷᠣᠨ᠂ ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ  ᠶᠢᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠠᠶᠢᠴᠢᠯᠠᠨ ᠳᠡᠭᠡᠭᠰᠢᠯᠡᠭᠦᠯᠬᠦ   ᠶᠢᠨ ᠲᠥᠯᠥᠭᠡ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠰᠢᠶᠠᠨ  ᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ᠲᠠᠢ  ᠬᠠᠷᠢᠴᠠᠭᠤᠯᠤᠨ᠂ ᠲᠣᠣᠷᠵᠢᠭᠰᠠᠨ ᠬᠠᠮᠢᠶᠠᠷᠤᠯᠲᠠ᠂ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠲᠤᠷᠰᠢᠨ ᠬᠡᠷᠡᠭᠵᠢᠭᠦᠯᠬᠦ ᠪᠠ ᠮᠠᠯ ᠲᠠᠷᠢᠶᠠᠨ ᠡᠮ ᠤᠨ ᠦᠯᠡᠳᠡᠭᠳᠡᠯ ᠢ ᠵᠠᠰᠠᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠪᠥᠬᠦ ᠣᠷᠣᠨ ᠤ ᠨᠢᠭᠡᠨᠲᠡ ᠨᠡᠷᠡᠶᠢᠳᠦᠭᠰᠡᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ  ᠤ 48 ᠰᠢᠶᠠᠨ ᠳᠠᠬᠢ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠡᠭᠦᠳᠦᠨ ᠪᠠᠶᠢᠭᠤᠯᠬᠤ ᠱᠠᠭᠠᠷᠳᠠᠯᠭ᠎ᠠ ᠳᠤ ᠨᠡᠶᠢᠴᠡᠬᠦ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠢᠯᠭᠠᠷᠠᠭᠤᠯᠤᠨ ᠪᠤᠴᠠᠭᠠᠵᠤ᠂ ᠬᠢᠨᠠᠨ ᠰᠢᠯᠭᠠᠬᠤ ᠱᠠᠭᠠᠷᠳᠠᠯᠭ᠎ᠠ ᠳᠤ ᠨᠡᠶᠢᠴᠡᠭᠰᠡᠨ᠂ ᠨᠡᠶᠢᠲᠡᠯᠢᠭ ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠢ ᠪᠠᠳᠠᠷᠠᠭᠤᠯᠵᠤ ᠴᠢᠳᠠᠬᠤ ᠬᠤᠰᠢᠭᠤ ᠰᠢᠶᠠᠨ ᠢ ᠤᠷᠮᠠᠰᠢᠯᠠᠭᠤᠯᠵᠤ ᠪᠠᠶᠢᠭᠠᠳ ᠳᠤᠲᠠᠭᠤᠳᠠᠯ  ᠢ ᠨᠦᠬᠦᠪᠦᠷᠢᠯᠡᠵᠦ᠂ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠤᠨ᠂ ᠨᠡᠶᠢᠲᠡᠯᠢᠭ ᠵᠢᠱᠢᠶ᠎ᠡ ᠦᠵᠡᠭᠦᠯᠵᠦ ᠳᠠᠶᠢᠴᠢᠯᠠᠬᠤ ᠦᠶᠯᠡᠳᠦᠯ ᠢ ᠪᠠᠳᠠᠷᠠᠭᠤᠯᠵᠤ᠂ ᠶᠠᠰᠤ ᠴᠢᠨᠠᠷ ᠠᠮᠤᠷ ᠲᠦᠪᠰᠢᠨ ᠰᠢᠶᠠᠨ ᠭᠡᠬᠦ ︽ᠠᠯᠲᠠᠨ ᠦᠰᠦᠭᠲᠦ ᠫᠠᠶᠢᠰᠠ︾ ᠶᠢ ᠰᠠᠶᠢᠲᠤᠷ ᠬᠡᠷᠡᠭᠯᠡᠨ ᠠᠯᠳᠠᠷᠰᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号