ᠲᠠᠷᠢᠶᠠᠯᠠᠬᠤ ᠠᠷᠭ᠎ᠠ ᠬᠡᠯᠪᠡᠷᠢ
ᠨᠡᠶᠢᠲᠡᠯᠡᠭᠰᠡᠨ ᠴᠠᠭ᠄
2021/2/13
     ᠮᠣᠩᠭᠤᠯᠴᠤᠳ᠂ ᠲᠠᠷᠢᠶᠠᠯᠠᠩ ᠡᠷᠬᠢᠯᠡᠭᠰᠡᠨ ᠲᠡᠦᠬᠡᠨ ᠶᠠᠪᠤᠴᠠ ᠳᠤ ᠪᠠᠨ ᠭᠠᠵᠠᠷ ᠵᠦᠢ ᠶᠢᠨ ᠪᠠᠶᠢᠷᠢᠰᠢᠯ᠂ ᠠᠭᠤᠷ ᠠᠮᠢᠰᠬᠤᠯ᠂ ᠬᠤᠷ᠎ᠠ ᠲᠤᠨᠤᠳᠠᠰᠤ ᠶᠢᠨ ᠪᠠᠶᠢᠳᠠᠯ ᠢ ᠦᠨᠳᠦᠰᠦᠯᠡᠵᠦ᠂ ᠠᠳᠠᠯᠢ ᠪᠤᠰᠤ ᠲᠠᠷᠢᠶᠠᠯᠠᠬᠤ ᠬᠡᠯᠪᠡᠷᠢ ᠶᠢ ᠠᠪᠴᠤ ᠪᠠᠶᠢᠭᠰᠠᠨ ᠪᠠᠶᠢᠨ᠎ᠠ᠃ ᠮᠣᠩᠭᠤᠯᠴᠣᠳ ᠤᠨ ᠲᠠᠷᠢᠶᠠᠯᠠᠬᠤ ᠠᠷᠭ᠎ᠠ ᠬᠡᠯᠪᠡᠷᠢ ᠨᠢ ᠠᠩᠬ᠎ᠠ ᠡᠬᠢᠨ ᠳᠤ ᠪᠠᠨ ᠨᠠᠮᠤᠭ ᠭᠠᠵᠠᠷ ᠲᠤ ᠲᠠᠷᠢᠶᠠᠨ ᠦᠷ᠎ᠡ ᠰᠠᠴᠤᠵᠤ᠂ ᠦᠬᠡᠷ᠂ ᠠᠳᠤᠭᠤᠨ ᠰᠦᠷᠦᠭ ᠢᠶᠠᠷ ᠭᠢᠰᠭᠢᠭᠦᠯᠬᠦ ᠮᠡᠲᠦ ᠠᠷᠭ᠎ᠠ ᠬᠡᠷᠡᠭᠯᠡᠵᠦ ᠪᠠᠶᠢᠭᠰᠠᠨ ᠢᠶᠠᠨ ᠤᠯᠠᠮ ᠢᠶᠠᠷ ᠭᠠᠵᠠᠷ ᠬᠠᠭᠠᠯᠪᠤᠷᠢᠯᠠᠵᠤ ᠲᠠᠷᠢᠬᠤ ᠪᠤᠯᠤᠭᠰᠠᠨ ᠪᠠᠶᠢᠨ᠎ᠠ᠃ ᠮᠦᠨ ᠭᠠᠵᠠᠷ ᠵᠦᠢ᠂ ᠬᠤᠷ᠎ᠠ ᠲᠤᠨᠤᠳᠠᠰᠤ ᠠᠴᠠ ᠰᠢᠯᠲᠠᠭᠠᠯᠠᠵᠤ ᠶᠡᠷᠦᠩᠬᠡᠢ ᠳᠤ ᠪᠠᠨ ᠬᠠᠭᠤᠷᠠᠢ ᠲᠠᠷᠢᠶ᠎ᠠ ᠪᠠᠷ ᠭᠤᠣᠯᠳᠠᠵᠤ ᠪᠠᠶᠢᠭᠰᠠᠨ ᠢᠶᠠᠨ ᠵᠠᠷᠢᠮ ᠭᠠᠵᠠᠷ ᠤᠷᠤᠨ ᠳᠤ ᠤᠰᠤᠨ ᠲᠠᠷᠢᠶ᠎ᠠ ᠲᠠᠷᠢᠬᠤ ᠴᠤ ᠪᠣᠯᠵᠠᠢ᠃ ᠡᠶᠢᠮᠦ ᠠᠴᠠ ᠮᠤᠩᠭᠤᠯᠴᠣᠳ ᠤᠨ ᠲᠠᠷᠢᠶᠠᠯᠠᠬᠤ ᠠᠷᠭ᠎ᠠ ᠬᠡᠯᠪᠡᠷᠢ ᠶᠢ ᠶᠡᠷᠦᠩᠬᠡᠢ ᠳᠤ ᠨᠢ ᠨᠠᠮᠤᠭ ᠲᠠᠷᠢᠶ᠎ᠠ᠂ ᠵᠤᠷᠬᠠᠲᠤ ᠲᠠᠷᠢᠶ᠎ᠠ᠂ ᠬᠠᠭᠤᠷᠠᠢ ᠲᠠᠷᠢᠶ᠎ᠠ᠂ ᠣᠰᠣᠨ ᠲᠠᠷᠢᠶ᠎ᠠ ᠭᠡᠵᠦ ᠬᠤᠪᠢᠶᠠᠵᠤ ᠪᠤᠯᠤᠨ᠎ᠠ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号