ᠡᠨᠡ ᠵᠢᠯ ᠬᠦᠬᠡᠬᠤᠳᠠ 15 ᠲᠦᠮᠡᠨ ᠮᠥ ᠢᠳᠡᠰᠢᠨ ᠨᠣᠭᠤᠭ᠎ᠠ ᠲᠠᠷᠢᠬᠤ ᠪᠠᠷ ᠪᠤᠢ
ᠨᠡᠶᠢᠲᠡᠯᠡᠭᠰᠡᠨ ᠴᠠᠭ᠄
2021/2/18
     ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠭᠡᠨ ︽ᠬᠥᠬᠡᠬᠤᠲᠠ ᠶᠢᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠭᠡᠬᠦ ᠮᠡᠳᠡᠭᠳᠡᠯ ᠳᠠᠷᠤᠮᠠᠯᠯᠠᠨ ᠲᠠᠷᠬᠠᠭᠠᠵᠤ᠂ 2021 ᠣᠨ ᠳᠤ ᠪᠦᠬᠦ ᠬᠤᠲᠠ ᠶᠢᠨ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ 15 ᠲᠦᠮᠡᠨ ᠮᠦ ᠶᠢ ᠲᠠᠪᠠᠭᠤᠯᠵᠤ᠂ 2022 ᠣᠨ ᠠᠴᠠ ᠬᠤᠶᠢᠰᠢ ᠨᠢᠭᠡᠨᠲᠡ ᠪᠦᠷᠢᠯᠳᠦᠭᠰᠡᠨ ᠢᠳᠡᠰᠢᠨ ᠨᠣᠭᠤᠭ᠎ᠠ ᠲᠠᠷᠢᠬᠤ ᠲᠠᠯᠠᠪᠠᠢ ᠶᠢ ᠪᠦᠬᠦ ᠲᠠᠯ᠎ᠠ ᠪᠠᠷ ᠪᠠᠬᠢᠵᠢᠭᠦᠯᠦᠨ᠎ᠡ᠂ ᠵᠠᠷᠴᠢᠮ ᠳᠡᠭᠡᠷ᠎ᠡ ᠪᠠᠨ ᠲᠠᠷᠢᠬᠤ ᠲᠠᠯᠠᠪᠠᠢ ᠶᠢ ᠶᠡᠭᠡ ᠬᠡᠪᠴᠢᠶ᠎ᠡ ᠪᠠᠷ ᠨᠡᠮᠡᠭᠳᠡᠭᠦᠯᠬᠦ ᠦᠭᠡᠢ᠂ ᠢᠳᠡᠰᠢᠨ ᠨᠣᠭᠤᠭ᠎ᠠ ᠶᠢᠨ ᠵᠢᠯ ᠤᠨ ᠭᠠᠷᠤᠯᠲᠠ ᠶᠢ 60 ᠲᠦᠮᠡᠨ ᠲᠣᠨ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ ᠭᠡᠵᠡᠢ᠃      ᠮᠡᠳᠡᠭᠳᠡᠯ ᠳᠤ᠂ ᠳᠠᠪᠠᠭᠤᠯᠢᠭ ᠣᠷᠣᠨ ᠪᠦᠰᠡ ᠳᠤ ᠣᠷᠣᠨ ᠤ ᠲᠥᠪ ᠬᠤᠲᠠ ᠶᠢᠨ ᠠᠷᠠᠳ ᠤᠨ ᠬᠡᠷᠡᠭᠯᠡᠭᠡᠨ ᠤ ᠣᠯᠠᠨ ᠲᠦᠮᠡᠨᠴᠢ ᠢᠳᠡᠰᠢᠨ ᠨᠣᠭᠤᠭ᠎ᠠ ᠶᠢ ᠭᠤᠣᠯᠳᠠᠯᠭ᠎ᠠ ᠲᠠᠢ ᠬᠥᠭᠵᠢᠭᠦᠯᠵᠦ᠂ ᠣᠷᠣᠨ ᠤ ᠲᠥᠪ ᠬᠤᠲᠠ ᠶᠢᠨ ᠵᠠᠬ᠎ᠠ ᠳᠡᠯᠭᠡᠭᠦᠷ ᠤᠨ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠪᠠᠷ ᠬᠠᠷᠠᠯᠲᠠ ᠪᠣᠯᠭᠠᠵᠤ᠂ ᠬᠠᠤᠯᠢ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠠᠰᠢᠭᠯᠠᠵᠤ᠂ ᠪᠠᠯᠠ ᠣᠷᠣᠭᠤᠯᠤᠯᠲᠠ ᠶᠢ ᠨᠡᠶᠢᠳᠭᠡᠵᠦ ᠣᠲᠣ ᠪᠠᠶᠢᠭ᠎ᠠ ᠬᠡᠪᠴᠢᠶᠡᠵᠢᠭᠰᠡᠨ ᠲᠦᠬᠦᠭᠡᠷᠤᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠥᠭᠡᠷᠡᠴᠢᠯᠡᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠴᠠ ᠶᠢ ᠰᠢᠯᠢᠳᠡᠭᠵᠢᠭᠦᠯᠵᠦ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠰᠢᠰᠲ᠋ᠧᠮ ᠲᠡᠭᠦᠯᠳᠡᠷᠵᠢᠭᠰᠡᠨ ᠣᠲᠣ ᠦᠶ᠎ᠡ ᠶᠢᠨ ᠴᠢᠨᠠᠷ ᠰᠠᠶᠢᠲᠠᠶ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠭᠦᠢᠯᠭᠡᠭᠡᠨ ᠤ ᠰᠢᠰᠲ᠋ᠧᠮ ᠢ ᠪᠦᠷᠢᠯᠳᠦᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃      ᠬᠦᠬᠡᠬᠤᠳᠠ ᠪᠠᠰᠠ ᠲᠦᠭᠦᠭᠡᠷᠦᠮᠵᠢᠳᠤ ᠢᠳᠡᠰᠢᠨ ᠨᠣᠭᠤᠭ᠎ᠠ ᠵᠢᠴᠢ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠶᠢᠨ ᠨᠥᠬᠦᠪᠥᠷᠢ ᠥᠭᠬᠦ ᠲᠥᠷᠥᠯ ᠵᠦᠢᠯ ᠵᠢᠴᠢ ᠭᠠᠷᠤᠯᠲᠠ ᠶᠢᠨ ᠱᠠᠭᠠᠷᠳᠠᠯᠭ᠎ᠠ ᠶᠢ ᠲᠣᠭᠲᠠᠭᠠᠵᠤ᠂ ᠨᠥᠬᠦᠴᠡᠯ ᠳᠤ ᠨᠡᠶᠢᠴᠡᠪᠡᠯ ᠦᠢᠯᠡᠳᠪᠦᠷᠢᠯᠡᠬᠦ᠂ ᠴᠢᠬᠢ ᠪᠤᠶᠢᠵᠢᠭᠤᠯᠬᠤ᠂ ᠲᠦᠭᠦᠭᠡᠷᠦᠮᠵᠢᠳᠤ ᠢᠳᠡᠰᠢᠨ ᠨᠣᠭᠤᠭ᠎ᠠ ᠶᠢ ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠬᠤ ᠵᠡᠷᠭᠡ ᠡᠯ᠎ᠡ ᠲᠥᠷᠥᠯ ᠤᠨ ᠨᠥᠬᠦᠪᠥᠷᠢ ᠣᠯᠵᠤ ᠪᠣᠯᠤᠨ᠎ᠠ᠂ ᠨᠥᠬᠦᠪᠥᠷᠢ ᠣᠯᠬᠤ ᠪᠠᠷ ᠭᠤᠶᠤᠴᠢᠯᠠᠭᠰᠠᠨ ᠢᠳᠡᠰᠢᠨ ᠨᠣᠭᠤᠭ᠎ᠠ ᠶᠢᠨ ᠭᠠᠷᠤᠯᠲᠠ ᠨᠢ ᠵᠠᠪᠠᠯ ᠭᠠᠷᠤᠯᠲᠠ ᠶᠢᠨ ᠱᠠᠭᠠᠷᠳᠠᠯᠭ᠎ᠠ ᠳᠤ ᠬᠦᠷᠬᠦ ᠶᠢᠨ ᠬᠠᠮᠲᠤ ᠤᠯᠤᠰ ᠤᠨ ᠪᠠᠶᠢᠴᠠᠭᠠᠨ ᠬᠡᠮᠵᠢᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠢᠳᠡᠰᠢᠨ ᠨᠣᠭᠤᠭ᠎ᠠ ᠶᠢᠨ ᠠᠵᠤ ᠦᠢᠯᠡᠰ ᠢ ᠪᠠᠯᠠ ᠮᠥᠩᠭᠦ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠴᠢᠩᠭᠠᠳᠬᠠᠵᠤ᠂ ᠢᠳᠡᠰᠢᠨ ᠨᠣᠭᠤᠭ᠎ᠠ ᠶᠢᠨ ᠨᠥᠬᠦᠪᠥᠷᠢ ᠶᠢᠨ ᠬᠥᠳᠡᠯᠦᠩᠭᠦᠶ ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠵᠡᠷᠭᠡ ᠡᠯ᠎ᠡ  ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠬᠤᠲᠠ ᠶᠢᠨ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号