ᠭᠠᠭ᠋ᠠᠢ ᠶᠢᠨ ᠬᠠᠷ᠎ᠠ ᠮᠢᠬ᠎ᠠ ᠶᠢ ᠨᠡᠮᠡᠭᠳᠡᠭᠦᠯᠬᠦ ᠠᠷᠭ᠎ᠠ
ᠨᠡᠶᠢᠲᠡᠯᠡᠭᠰᠡᠨ ᠴᠠᠭ᠄
2021/2/19
     1.ᠬᠠᠷ᠎ᠠ ᠮᠢᠬᠠᠲᠤ ᠬᠡᠯᠪᠡᠷᠢ ᠶᠢᠨ ᠭᠠᠭ᠋ᠠᠢ ᠪᠠ ᠡᠷᠯᠢᠰᠡ ᠭᠠᠭ᠋ᠠᠢ ᠶᠢᠨ ᠬᠤᠶᠢᠴᠢ ᠦᠶ᠎ᠡ ᠶᠢ ᠰᠣᠩᠭᠤᠨ ᠲᠡᠵᠢᠭᠡᠨ᠎ᠡ᠃ ᠤᠴᠢᠷ ᠨᠢ ᠬᠠᠷ᠎ᠠ ᠮᠢᠬᠠᠲᠤ ᠬᠡᠯᠪᠡᠷᠢ ᠶᠢᠨ ᠭᠠᠭ᠋ᠠᠢ ᠪᠠ ᠡᠷᠯᠢᠰᠡ ᠭᠠᠭ᠋ᠠᠢ ᠪᠣᠯ ᠲᠡᠵᠢᠭᠡᠯ ᠪᠤᠷᠳᠤᠭᠠᠨ ᠤ ᠳᠤᠲᠤᠷᠠᠬᠢ ᠤᠭᠤᠷᠠᠭ ᠢ ᠨᠡᠯᠢᠶᠡᠳ ᠴᠢᠳᠠᠮᠠᠭᠠᠢ ᠪᠠᠷ ᠠᠰᠢᠭᠯᠠᠵᠤ ᠬᠠᠷ᠎ᠠ ᠮᠢᠬ᠎ᠠ ᠪᠤᠯᠭᠠᠨ ᠬᠤᠪᠢᠷᠠᠭᠤᠯᠵᠤ ᠴᠢᠳᠠᠳᠠᠭ᠃      2.ᠮᠢᠬᠠᠨ ᠭᠠᠭ᠋ᠠᠢ ᠶᠢᠨ ᠲᠡᠵᠢᠭᠡᠯᠭᠡ ᠶᠢᠨ ᠬᠤᠭᠤᠴᠠᠭᠠᠨ ᠳᠤ ᠵᠤᠬᠢᠬᠤ ᠬᠡᠮᠵᠢᠶᠡᠨ ᠤ ᠪᠦᠳᠦᠭᠦᠯᠢᠭ ᠤᠭᠤᠷᠠᠭ ᠤᠨ ᠬᠠᠩᠭᠠᠯᠭ᠎ᠠ ᠶᠢ ᠪᠠᠲᠤᠯᠠᠬᠤ᠂ ᠡᠨᠧᠷᠭᠢ ᠬᠠᠩᠭᠠᠬᠤ ᠬᠡᠮᠵᠢᠶ᠎ᠡ ᠶᠢ ᠵᠣᠬᠢᠰᠲᠠᠢ ᠪᠠᠷ ᠪᠠᠭᠠᠰᠬᠠᠬᠤ ᠪᠠ ᠲᠡᠵᠢᠭᠡᠯ ᠪᠤᠷᠳᠤᠭ᠎ᠠ ᠶᠢ ᠨᠢ ᠵᠣᠬᠢᠰᠲᠠᠢ ᠪᠠᠷ ᠬᠢᠵᠠᠭᠠᠷᠯᠠᠬᠤ ᠵᠡᠷᠭᠡ ᠠᠷᠭ᠎ᠠ ᠶᠢ ᠠᠪᠤᠪᠠᠯ ᠭᠤᠯᠤᠤᠵᠠ ᠶᠢᠨ ᠬᠠᠷ᠎ᠠ ᠮᠢᠬᠠᠨ ᠤ ᠨᠤᠷᠮ᠎ᠠ ᠶᠢ ᠳᠡᠭᠡᠭᠰᠢᠯᠡᠭᠦᠯᠵᠦ ᠴᠢᠳᠠᠨ᠎ᠠ᠃      3. ᠵᠣᠬᠢᠰᠲᠠᠢ ᠪᠠᠷ ᠤᠷᠢᠳᠴᠢᠯᠠᠵᠤ ᠨᠢᠲᠤᠯᠤᠨ᠎ᠠ᠃ ᠮᠢᠬᠠᠨ ᠭᠠᠭ᠋ᠠᠢ ᠶᠢᠨ ᠪᠡᠶ᠎ᠡ ᠶᠢᠨ ᠬᠦᠨᠳᠦ ᠨᠢ ᠠᠳᠠᠯᠢ ᠪᠤᠰᠤ ᠦᠶ᠎ᠡ ᠳᠤ ᠨᠢᠲᠤᠯᠪᠠᠯ ᠭᠤᠯᠤᠤᠵᠠ ᠶᠢᠨ ᠬᠠᠷ᠎ᠠ ᠮᠢᠬᠠᠨ ᠤ ᠨᠤᠷᠮ᠎ᠠ ᠨᠢ ᠠᠳᠠᠯᠢ ᠦᠭᠡᠢ ᠪᠠᠶᠢᠳᠠᠭ᠃ ᠡᠶᠢᠮᠦ ᠠᠴᠠ ᠮᠢᠬᠠᠨ ᠭᠠᠭ᠋ᠠᠢ ᠶᠢᠨ ᠮᠢᠬᠠᠯᠠᠵᠤ ᠲᠠᠷᠭᠤᠯᠠᠬᠤ ᠶᠢ ᠳᠡᠮᠡᠢ ᠶᠡᠭᠡ ᠨᠦᠯᠦᠭᠡᠯᠡᠬᠦ ᠦᠭᠡᠢ ᠤᠷᠢᠳᠠᠯ ᠳᠤᠤᠷ᠎ᠠ ᠨᠢᠲᠤᠯᠬᠤ ᠴᠠᠭ ᠢ ᠵᠣᠬᠢᠰᠲᠠᠢ ᠪᠠᠷ ᠤᠷᠢᠳᠴᠢᠯᠠᠭᠤᠯᠪᠠᠯ ᠭᠤᠯᠤᠤᠵᠠ ᠶᠢᠨ ᠬᠠᠷ᠎ᠠ ᠮᠢᠬᠠᠨ ᠤ ᠨᠤᠷᠮ᠎ᠠ ᠶᠢ ᠳᠡᠭᠡᠭᠰᠢᠯᠡᠭᠦᠯᠵᠦ ᠴᠢᠳᠠᠨ᠎ᠠ᠃      4. ᠲᠤᠬᠢᠷᠠᠮᠵᠢᠲᠠᠢ ᠤᠷᠴᠢᠨ ᠲᠤᠭᠤᠷᠢᠨ ᠢ ᠪᠣᠢ ᠪᠤᠯᠭᠠᠵᠤ ᠦᠭᠭᠦᠨ᠎ᠡ᠃ ᠬᠡᠳᠦ ᠬᠠᠯᠠᠭᠤᠨ ᠪᠠ ᠬᠡᠳᠦ ᠬᠦᠢᠲᠡᠨ ᠤᠷᠴᠢᠨ ᠲᠤᠭᠤᠷᠢᠨ ᠪᠣᠯ ᠭᠠᠭ᠋ᠠᠢ ᠶᠢᠨ ᠪᠡᠶ᠎ᠡ ᠳᠤ ᠤᠭᠤᠷᠠᠭ ᠬᠤᠷᠠᠮᠳᠤᠬᠤ ᠳᠤ ᠪᠦᠷ ᠠᠰᠢᠭ ᠦᠭᠡᠢ ᠶᠤᠮ᠃ ᠡᠶᠢᠮᠦ ᠠᠴᠠ ᠲᠡᠵᠢᠭᠡᠯᠭᠡ ᠶᠢᠨ ᠭᠠᠭ᠋ᠠᠢ ᠳᠤ ᠬᠠᠯᠠᠭᠤᠨ ᠬᠦᠢᠲᠡᠨ ᠨᠢ ᠲᠡᠩᠴᠡᠭᠦᠷᠢᠲᠡᠢ᠂ ᠨᠠᠮ ᠵᠢᠮ᠂ ᠲᠠᠭᠠᠯᠠᠮᠵᠢᠲᠡᠢ ᠰᠠᠶᠢᠬᠠᠨ ᠤᠷᠴᠢᠨ ᠲᠤᠭᠤᠷᠢᠨ ᠢ ᠪᠣᠢ ᠪᠣᠯᠭᠠᠵᠤ ᠦᠭᠪᠡᠯ ᠵᠤᠬᠢᠨ᠎ᠠ᠃      ᠨᠢᠭᠡ ᠯᠡ ᠦᠭᠡ ᠪᠠᠷ ᠬᠡᠯᠡᠪᠡᠯ ᠶᠡᠷᠦᠩᠬᠡᠶᠢᠯᠡᠭᠰᠡᠨ ᠴᠢᠨᠠᠷᠲᠠᠢ ᠠᠷᠭ᠎ᠠ ᠬᠡᠮᠵᠢᠶ᠎ᠠ ᠠᠪᠴᠤ᠂ ᠭᠠᠭ᠋ᠠᠢ ᠶᠢᠨ ᠲᠡᠵᠢᠭᠡᠯ ᠪᠤᠷᠳᠤᠭᠠᠨ ᠤ ᠠᠴᠠ ᠠᠪᠤᠭᠠᠳ ᠤᠷᠴᠢᠨ ᠲᠤᠭᠤᠷᠢᠨ ᠬᠦᠷᠲᠡᠯ᠎ᠡ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ ᠴᠢᠳᠠᠪᠠᠯ ᠭᠤᠯᠤᠤᠵᠠ ᠶᠢᠨ ᠬᠠᠷ᠎ᠠ ᠮᠢᠬᠠᠨ ᠤ ᠨᠤᠷᠮ᠎ᠠ ᠶᠢ ᠳᠡᠭᠡᠭᠰᠢᠯᠡᠭᠦᠯᠵᠦ ᠪᠣᠯᠬᠤ ᠶᠣᠮ᠃      ︵ᠢᠷᠡᠯᠲᠡ᠄ ᠰᠤᠳᠤᠭᠡᠷᠡᠯ᠂ ᠪᠠᠪᠤᠯᠠᠢ᠂ ᠬᠦᠭᠵᠢᠯᠲᠦ ᠶᠢᠨ ᠨᠠᠶᠢᠷᠠᠭᠤᠯᠤᠭᠰᠠᠨ ︽ᠮᠠᠯ ᠤᠨ ᠲᠡᠵᠢᠭᠡᠯᠭᠡ ᠪᠤᠷᠳᠤᠯᠭ᠎ᠠ ᠪᠠ ᠠᠰᠢᠭ ᠰᠢᠮ᠎ᠡ ᠶᠢᠨ ᠪᠤᠯᠪᠠᠰᠤᠷᠠᠭᠤᠯᠭ᠎ᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯ ᠤᠨ ᠲᠡᠵᠢᠭᠡᠯᠭᠡ ᠪᠤᠷᠳᠤᠯᠭ᠎ᠠ ᠪᠠ ᠠᠰᠢᠭ ᠰᠢᠮ᠎ᠡ ᠶᠢᠨ ᠪᠤᠯᠪᠠᠰᠤᠷᠠᠭᠤᠯᠭ᠎ᠠ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号