ᠦᠷᠢᠶ᠎ᠡ ᠬᠦᠩᠭᠡᠯᠡᠭᠴᠢ ᠶᠢᠨ ᠭᠠᠷ ᠢ ᠴᠠᠶᠢᠷᠠᠭᠤᠯᠬᠤ ᠶᠤᠰᠤᠨ
ᠨᠡᠶᠢᠲᠡᠯᠡᠭᠰᠡᠨ ᠴᠠᠭ᠄
2021/2/4
     ᠮᠤᠩᠭᠤᠯᠴᠣᠳ ᠡᠷᠲᠡ ᠳᠡᠭᠡᠳᠦ ᠠᠴᠠ ᠪᠠᠨ ᠬᠦᠩᠭᠡᠯᠡᠭᠴᠢ ᠳᠤ ᠡᠳ᠋ ᠪᠠᠷᠠᠭ᠎ᠠ ᠪᠣᠶᠣ ᠵᠤᠭᠤᠰ ᠮᠦᠩᠭᠦ ᠪᠠᠷᠢᠭᠤᠯᠵᠤ᠂ ᠬᠦᠩᠭᠡᠯᠡᠭᠴᠢ ᠶᠢᠨ ᠭᠠᠷ ᠢ ᠴᠠᠶᠢᠷᠠᠭᠤᠯᠬᠤ ᠶᠢ ᠡᠷᠬᠢᠮᠯᠡᠳᠡᠭ ᠶᠤᠮ᠃ ᠨᠠᠰᠤᠲᠠᠶᠢᠴᠤᠳ ᠠᠴᠠ ᠰᠣᠨᠣᠰᠬᠤᠯ᠎ᠠ᠂ ᠡᠷᠲᠡᠨ ᠳᠡᠭᠡᠨ ᠪᠣᠯ ᠨᠢᠭᠡ ᠱᠧᠩ ᠡᠵᠢ ᠨᠠᠭᠤᠷ ᠤᠨ ᠳᠠᠪᠤᠰᠤ ᠪᠠ ᠴᠠᠭᠠᠨ ᠲᠣᠷᠭᠠᠨ ᠬᠠᠳᠠᠭ ᠲᠠᠢ ᠪᠡᠯᠡᠭ ᠪᠠᠷᠢᠳᠠᠭ ᠭᠡᠨ᠎ᠡ᠃ ᠰᠡᠭᠦᠯᠡᠷ ᠨᠢ ᠪᠣᠯᠣᠭᠠᠳ ᠨᠢᠭᠡ ᠱᠧᠩ ᠬᠠᠭᠤᠷᠤᠭᠰᠠᠨ ᠪᠤᠳᠠᠭ᠎ᠠ᠂ ᠲᠣᠷᠭᠠᠨ ᠬᠠᠳᠠᠭ ᠲᠠᠢ ᠪᠠᠷᠢᠬᠤ ᠪᠣᠯᠵᠣ᠂ ᠪᠠᠰᠠ ᠵᠠᠷᠢᠮ ᠨᠢ ᠠᠯᠢᠪᠠ ᠪᠦᠬᠦᠨ ᠦᠭᠡᠳᠡ ᠡᠰᠡᠷᠡᠭ ᠪᠠᠶᠢᠬᠤ ᠶᠢ ᠪᠡᠯᠭᠡᠳᠡᠨ ᠦᠭᠡᠳᠡ ᠠᠮᠠᠰᠠᠷ ᠲᠠᠢ ᠲᠠᠮᠠᠬᠢᠨ ᠲᠠᠭᠠᠷᠴᠤᠭ ᠳᠡᠭᠡᠷ᠎ᠡ ᠪᠠᠭ᠎ᠠ ᠰᠠᠭ᠎ᠠ ᠵᠤᠭᠤᠰ ᠲᠠᠢ ᠪᠡᠯᠡᠭ ᠪᠠᠷᠢᠬᠤ ᠪᠤᠯᠵᠠᠢ᠃ ᠬᠡᠵᠢᠶ᠎ᠡ ᠬᠤᠶᠢᠨ᠎ᠠ ᠨᠢ ᠪᠣᠯᠣᠭᠠᠳ ᠠᠮᠢᠳᠤᠷᠠᠯ ᠤᠨ ᠨᠦᠭᠦᠴᠡᠯ ᠰᠠᠶᠢᠵᠢᠷᠠᠭᠰᠠᠨ ᠠᠴᠠ ᠬᠤᠨᠢ ᠪᠤᠶᠤ ᠬᠤᠷᠠᠭ᠎ᠠ ᠪᠠᠷ ᠪᠡᠯᠡᠭ ᠪᠠᠶᠢᠬᠤ ᠪᠤᠯᠤᠭᠰᠠᠨ ᠪᠠᠶᠢᠨ᠎ᠠ᠃      ︵ᠢᠷᠡᠯᠲᠡ᠄ ᠪᠤᠷᠵᠤᠤ᠂ ᠤᠯᠠᠭᠠᠨᠪᠠᠭᠠᠲᠤᠷ᠂ ᠲᠠᠨ᠎ᠠ ᠶᠢᠨ ᠨᠠᠶᠢᠷᠠᠭᠤᠯᠤᠭᠰᠠᠨ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号