ᠲᠠᠷᠢᠮᠠᠯ ᠤᠨ ᠡᠪᠡᠳᠴᠢᠨ ᠬᠤᠷᠤᠬᠠᠢ ᠶᠢᠨ ᠬᠦᠨᠦᠭᠡᠯ ᠢ ᠤᠷᠢᠳᠴᠢᠯᠠᠨ ᠬᠡᠮᠵᠢᠵᠦ ᠮᠡᠳᠡᠭᠦᠯᠬᠦ ᠳᠤ ᠶᠠᠮᠠᠷ ᠬᠡᠳᠦᠨ ᠵᠦᠢᠯ ᠪᠠᠶᠢᠳᠠᠭ ᠪᠤᠢ
ᠨᠡᠶᠢᠲᠡᠯᠡᠭᠰᠡᠨ ᠴᠠᠭ᠄
2021/2/9
     1. ᠤᠷᠢᠳᠴᠢᠯᠠᠨ ᠬᠡᠮᠵᠢᠬᠦ ᠬᠤᠭᠤᠴᠠᠭ᠎ᠠ ᠪᠠᠷ ᠨᠢ ᠬᠤᠪᠢᠶᠠᠨ᠎ᠠ᠃      ⑴ᠤᠬᠤᠷ ᠬᠤᠭᠤᠴᠠᠭᠠᠨ ᠤ ᠤᠷᠢᠳᠴᠢᠯᠠᠨ ᠬᠡᠮᠵᠢᠯᠲᠡ᠄ ᠬᠤᠭᠤᠴᠠᠭ᠎ᠠ ᠨᠢ ᠪᠠᠷᠤᠭ 20 ᠬᠤᠨᠤᠭ ᠤᠨ ᠳᠤᠲᠤᠷ᠎ᠠ ᠪᠠᠶᠢᠵᠤ᠂ ᠶᠡᠷᠦ ᠳᠡᠭᠡᠨ ᠬᠡᠳᠦ ᠬᠤᠨᠤᠭ ᠠᠴᠠ ᠠᠷᠪᠠᠨ ᠬᠡᠳᠦ ᠬᠤᠨᠤᠭ ᠯᠡ ᠪᠠᠶᠢᠳᠠᠭ᠃      ⑵ᠳᠤᠮᠳᠠ ᠬᠤᠭᠤᠴᠠᠭᠠᠨ ᠤ ᠤᠷᠢᠳᠴᠢᠯᠠᠨ ᠬᠡᠮᠵᠢᠯᠲᠡ᠄ ᠶᠡᠷᠦ ᠳᠡᠭᠡᠨ 20 ᠬᠤᠨᠤᠭ ᠠᠴᠠ ᠨᠢᠭᠡ ᠤᠯᠠᠷᠢᠯ᠂ ᠤᠯᠠᠩᠬᠢ ᠳᠠᠭᠠᠨ ᠰᠠᠷ᠎ᠠ ᠠᠴᠠ ᠳᠡᠭᠡᠭᠰᠢ ᠪᠠᠶᠢᠵᠤ᠂ ᠶᠡᠷᠦ ᠳᠡᠭᠡᠨ ᠳᠤᠤᠷ᠎ᠠ ᠨᠢᠭᠡ ᠦᠶ᠎ᠡ ᠶᠢᠨ ᠡᠭᠦᠰᠬᠦ ᠪᠠᠶᠢᠳᠠᠯ ᠢ ᠤᠷᠢᠳᠴᠢᠯᠠᠨ ᠬᠡᠮᠵᠢᠵᠦ᠂ ᠰᠡᠷᠭᠡᠶᠢᠯᠡᠨ ᠵᠠᠰᠠᠬᠤ ᠤᠷᠭ᠎ᠠ ᠪᠤᠳᠤᠯᠭ᠎ᠠ ᠪᠣᠯᠣᠨ ᠪᠠᠶᠢᠷᠢᠯᠠᠭᠤᠯᠤᠯᠲᠠ ᠪᠠᠨ ᠲᠤᠭᠲᠠᠭᠠᠳᠠᠭ᠃      ⑶ᠤᠷᠲᠤ ᠬᠤᠭᠤᠴᠠᠭᠠᠨ ᠤ ᠤᠷᠢᠳᠴᠢᠯᠠᠨ ᠬᠡᠮᠵᠢᠯᠲᠡ᠄ ᠬᠤᠭᠤᠴᠠᠭ᠎ᠠ ᠨᠢ ᠤᠯᠠᠩᠬᠢ ᠳᠠᠭᠠᠨ ᠨᠢᠭᠡ ᠤᠯᠠᠷᠢᠯ ᠠᠴᠠ ᠳᠡᠭᠡᠭᠰᠢ ᠪᠠᠶᠢᠳᠠᠭ᠃ ᠵᠢᠱᠢᠶᠡᠯᠡᠪᠡᠯ ᠬᠦᠨᠦᠭᠡᠯᠲᠦ ᠰᠢᠪᠡᠵᠢ ᠶᠢᠨ ᠡᠭᠦᠰᠬᠦ ᠬᠡᠮᠵᠢᠶ᠎ᠡ ᠶᠢ ᠤᠷᠲᠤ ᠬᠤᠭᠤᠴᠠᠭ᠎ᠠ ᠪᠠᠷ ᠤᠷᠢᠳᠴᠢᠯᠠᠨ ᠬᠡᠮᠵᠢᠬᠦ ᠳᠤ ᠡᠪᠦᠯᠵᠢᠭᠰᠡᠨ ᠤ ᠳᠠᠷᠠᠭ᠎ᠠ ᠪᠣᠶᠣ ᠵᠢᠯ ᠤᠨ ᠡᠬᠢᠨ ᠳᠤ ᠶᠠᠮᠠᠷ ᠨᠢᠭᠡ ᠵᠦᠢᠯ ᠤᠨ ᠬᠦᠨᠦᠭᠡᠯᠲᠦ ᠰᠢᠪᠡᠵᠢ ᠶᠢᠨ ᠠᠰᠢᠭᠲᠤ ᠰᠢᠪᠡᠵᠢ ᠶᠢᠨ ᠰᠠᠭᠤᠷᠢ ᠲᠤᠭ᠎ᠠ ᠵᠢᠴᠢ ᠴᠠᠭ ᠠᠭᠤᠷ ᠤᠨ ᠮᠠᠲ᠋ᠧᠷᠢᠶᠠᠯ ᠵᠡᠷᠭᠡ ᠶᠢ ᠦᠨᠳᠦᠰᠦᠯᠡᠨ ᠪᠤᠳᠤᠵᠤ ᠭᠠᠷᠭᠠᠬᠤ ᠪᠤᠯᠤᠨ᠎ᠠ᠃      2.ᠤᠷᠢᠳᠴᠢᠯᠠᠨ ᠮᠡᠳᠡᠭᠦᠯᠬᠦ ᠠᠭᠤᠯᠭ᠎ᠠ ᠪᠠᠷ ᠨᠢ ᠬᠤᠪᠢᠶᠠᠨ᠎ᠠ᠃      ⑴ᠡᠭᠦᠰᠬᠦ ᠬᠤᠭᠤᠴᠠᠭ᠎ᠠ ᠶᠢ ᠤᠷᠢᠳᠴᠢᠯᠠᠨ ᠬᠡᠮᠵᠢᠬᠦ᠄ ᠡᠨᠡ ᠨᠢ ᠶᠠᠮᠠᠷ ᠨᠢᠭᠡ ᠵᠦᠢᠯ ᠤᠨ ᠡᠪᠡᠳᠴᠢᠨ ᠬᠤᠷᠤᠬᠠᠢ ᠶᠢᠨ ᠬᠦᠨᠦᠭᠡᠯ ᠤᠨ ᠢᠯᠡᠷᠡᠬᠦ ᠬᠤᠭᠤᠴᠠᠭ᠎ᠠ ᠪᠣᠶᠣ ᠬᠦᠨᠦᠭᠡᠬᠦ ᠬᠤᠭᠤᠴᠠᠭ᠎ᠠ ᠶᠢ ᠤᠷᠢᠳᠴᠢᠯᠠᠨ ᠮᠡᠳᠡᠭᠦᠯᠦᠨ᠎ᠡ᠃ ᠨᠡᠭᠦᠳᠡᠯᠯᠡᠬᠦ ᠪᠠ ᠲᠠᠷᠬᠠᠬᠤ ᠲᠠᠳᠬᠠᠯ ᠲᠠᠢ ᠬᠦᠨᠦᠭᠡᠯᠲᠦ ᠰᠢᠪᠡᠵᠢ ᠶᠢᠨ ᠲᠤᠬᠠᠢ ᠶᠢᠨ ᠤᠷᠤᠨ ᠳᠤ ᠨᠡᠭᠦᠳᠡᠯᠯᠡᠨ ᠢᠷᠡᠬᠦ ᠪᠣᠶᠣ ᠲᠤᠬᠠᠢ ᠶᠢᠨ ᠤᠷᠤᠨ ᠠᠴᠠ ᠨᠡᠭᠦᠳᠡᠯᠯᠡᠨ ᠶᠠᠪᠤᠬᠤ ᠴᠠᠭ ᠬᠤᠭᠤᠴᠠᠭ᠎ᠠ ᠶᠢ ᠬᠡᠮᠵᠢᠵᠦ᠂ ᠰᠡᠷᠭᠡᠶᠢᠯᠡᠨ ᠵᠠᠰᠠᠬᠤ ᠲᠤᠬᠢᠷᠠᠮᠵᠢᠲᠠᠢ ᠬᠤᠭᠤᠴᠠᠭ᠎ᠠ ᠶᠢ ᠲᠤᠭᠲᠠᠭᠠᠬᠤ ᠦᠨᠳᠦᠰᠦᠯᠡᠯ ᠪᠣᠯᠭᠠᠨ᠎ᠠ᠃      ⑵ᠡᠭᠦᠰᠬᠦ ᠬᠡᠪᠴᠢᠶ᠎ᠡ ᠶᠢ ᠤᠷᠢᠳᠴᠢᠯᠠᠨ ᠬᠡᠮᠵᠢᠬᠦ᠄ ᠡᠨᠡ ᠨᠢ ᠡᠪᠡᠳᠴᠢᠨ ᠬᠤᠷᠤᠬᠠᠢ ᠶᠢᠨ ᠬᠦᠨᠦᠭᠡᠯ ᠤᠨ ᠡᠭᠦᠰᠬᠦ ᠬᠡᠪᠴᠢᠶ᠎ᠡ ᠪᠣᠶᠣ ᠲᠠᠷᠢᠶᠠᠨ ᠳᠤ ᠡᠭᠦᠰᠬᠦ ᠬᠡᠮᠵᠢᠶ᠎ᠡ ᠶᠢ ᠤᠷᠢᠳᠴᠢᠯᠠᠨ ᠬᠡᠮᠵᠢᠨ᠎ᠡ᠃ ᠭᠤᠣᠯ ᠨᠢ ᠬᠦᠨᠦᠭᠡᠯᠲᠦ ᠰᠢᠪᠡᠵᠢ ᠶᠢᠨ ᠢᠷᠡᠭᠡᠳᠦᠢ ᠳᠠᠬᠢ ᠲᠤᠭ᠎ᠠ ᠬᠡᠮᠵᠢᠶ᠎ᠠ ᠪᠣᠶᠣ ᠡᠪᠡᠳᠴᠢᠨ ᠤ ᠬᠦᠨᠦᠭᠡᠯ ᠤᠨ ᠶᠡᠭᠡ ᠪᠠᠷ ᠡᠭᠦᠰᠬᠦ ᠬᠠᠨᠳᠤᠰᠢ  ᠲᠠᠢ ᠡᠰᠡᠬᠦ ᠶᠢ ᠮᠠᠭᠠᠳᠯᠠᠵᠤ ᠰᠡᠷᠭᠡᠶᠢᠯᠡᠨ ᠵᠠᠰᠠᠬᠤ ᠭᠦᠢᠴᠡᠳᠭᠡᠯ ᠲᠤᠭ᠎ᠠ ᠳᠠᠭᠠᠨ ᠬᠦᠷᠦᠨ᠎ᠡ᠃      ⑶ᠤᠨᠠᠯᠲᠠ ᠶᠢᠨ ᠰᠦᠢᠲᠦᠯ ᠢ ᠤᠷᠢᠳᠴᠢᠯᠠᠨ ᠬᠡᠮᠵᠢᠬᠦ᠄ ᠬᠦᠨᠦᠭᠡᠯᠲᠦ ᠠᠮᠢᠳᠤ ᠪᠤᠳᠠᠰ ᠤᠨ ᠡᠭᠦᠰᠦᠭᠰᠡᠨ ᠦᠷ᠎ᠡ ᠳ᠋ᠦᠩ ᠢ ᠤᠷᠢᠳᠴᠢᠯᠠᠨ ᠬᠡᠮᠵᠢᠨ᠎ᠡ᠃ ᠤᠨᠠᠯᠲᠠ ᠪᠣᠯᠣᠨ ᠠᠵᠤ ᠠᠬᠤᠢ ᠶᠢᠨ ᠲᠠᠯ᠎ᠠ ᠪᠠᠷ ᠬᠦᠨᠦᠭᠡᠯᠲᠦ ᠠᠮᠢᠳᠤ ᠪᠤᠳᠠᠰ ᠤᠨ ᠪᠤᠢ ᠪᠣᠯᠭᠠᠭᠰᠠᠨ ᠠᠵᠤ ᠠᠬᠤᠢ ᠶᠢᠨ ᠬᠤᠬᠢᠷᠠᠯ ᠢ ᠤᠷᠢᠳᠴᠢᠯᠠᠨ ᠬᠡᠮᠵᠢᠨ᠎ᠡ᠃      ︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号