ᠬᠦᠩᠭᠡᠯᠡᠨ ᠵᠠᠰᠠᠭᠴᠢ ᠶᠢᠨ ᠭᠠᠷ ᠢ ᠴᠠᠶᠢᠷᠠᠭᠤᠯᠬᠤ ᠶᠠᠪᠤᠳᠠᠯ
ᠨᠡᠶᠢᠲᠡᠯᠡᠭᠰᠡᠨ ᠴᠠᠭ᠄
2021/3/17
     ᠪᠢᠷᠠᠭᠤ᠂ ᠢᠰᠢᠭᠡ᠂ ᠬᠤᠷᠠᠭ᠎ᠠ ᠶᠢ ᠬᠦᠩᠭᠡᠯᠡᠨ ᠵᠠᠰᠠᠭᠴᠢ ᠶᠢᠨ ᠭᠠᠷ ᠢ ᠴᠠᠶᠢᠷᠠᠭᠤᠯᠬᠤ ᠶᠠᠪᠤᠳᠠᠯ ᠪᠣᠯ ᠮᠣᠩᠭᠤᠯᠴᠣᠳ ᠤᠨ ᠳᠡᠭᠡᠳᠦ ᠦᠶ᠎ᠡ ᠠᠴᠠ ᠪᠠᠨ ᠤᠯᠠᠮᠵᠢᠯᠠᠨ ᠢᠷᠡᠭᠰᠡᠨ ᠪᠡᠯᠭᠡᠳᠡᠯ ᠤᠨ ᠠᠭᠤᠯᠭ᠎ᠠ ᠪᠦᠬᠦᠢ ᠶᠠᠪᠤᠳᠠᠯ ᠮᠦᠨ᠃ ᠡᠷᠲᠡ ᠳᠡᠭᠡᠷ᠎ᠡ ᠦᠶ᠎ᠡ ᠪᠠᠶᠢᠬᠤ ᠳᠤ ᠪᠢᠷᠠᠭᠤ᠂ ᠢᠰᠢᠭᠡ᠂ ᠬᠤᠷᠠᠭ᠎ᠠ ᠬᠦᠩᠭᠡᠯᠡᠨ ᠵᠠᠰᠠᠭᠴᠢ ᠳᠤ ᠨᠢᠭᠤᠷ ᠵᠦᠯᠭᠦᠬᠦ ᠠᠯᠴᠢᠭᠤᠷ ᠪᠣᠶᠣ ᠦᠭᠡᠳᠡ ᠡᠰᠡᠷᠡᠭ ᠤᠨ ᠪᠡᠯᠭᠡᠳᠡᠯ ᠲᠠᠢ ᠦᠭᠡᠳᠡ ᠪᠠᠨ ᠠᠮᠠᠰᠠᠷ ᠲᠠᠢ ᠲᠡᠮᠡᠭᠡᠨ ᠲᠠᠭᠠᠷᠴᠤᠭ ᠪᠠ ᠪᠠᠭ᠎ᠠ ᠰᠠᠭ᠎ᠠ ᠵᠤᠭᠤᠰ ᠪᠠᠷᠢᠭᠤᠯᠳᠠᠭ ᠭᠡᠨ᠎ᠡ᠃ ᠠᠮᠢᠳᠤᠷᠠᠯ ᠢᠶᠠᠷ ᠠᠨᠠᠢ ᠵᠠᠷᠢᠮ ᠡᠷᠦᠬᠡ ᠨᠢ ᠨᠢᠭᠡ ᠠᠮᠠ ᠴᠠᠭᠠᠨ ᠪᠦᠰ ᠢᠶᠠᠷ ᠪᠡᠯᠡᠭ ᠪᠤᠯᠭᠠᠳᠠᠭ ᠴᠤ ᠪᠠᠶᠢᠳᠠᠭ ᠭᠡᠨ᠎ᠡ᠃ ᠰᠡᠭᠦᠯ ᠤᠨ ᠦᠶ᠎ᠡ ᠪᠣᠯᠣᠭᠠᠳ ᠠᠷᠠᠳ ᠤᠨ ᠠᠮᠢᠳᠤᠷᠠᠯ ᠳᠡᠭᠡᠭᠰᠢᠯᠡᠬᠦ ᠶᠢ ᠳᠠᠭᠠᠯᠳᠣᠨ ᠪᠡᠯᠡᠭ ᠤᠨ ᠶᠠᠭᠤᠮ᠎ᠠ ᠶᠢᠨ ᠠᠭᠤᠯᠭ᠎ᠠ ᠬᠡᠯᠪᠡᠷᠢ ᠨᠢ ᠴᠤ ᠤᠯᠠᠨ ᠶᠠᠩᠵᠣ ᠪᠣᠯᠣᠭᠰᠠᠨ ᠪᠠᠶᠢᠨ᠎ᠠ᠃      ︵ᠢᠷᠡᠯᠲᠡ᠄ ᠪᠤᠷᠵᠤᠤ᠂ ᠤᠯᠠᠭᠠᠨᠪᠠᠭᠠᠲᠤᠷ᠂ ᠲᠠᠨ᠎ᠠ ᠶᠢᠨ ᠨᠠᠶᠢᠷᠠᠭᠤᠯᠤᠭᠰᠠᠨ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号