| | | 2 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠬᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠲᠥᠷᠥ ᠶᠢᠨ | ᠪᠣᠳᠣᠯᠭ᠎ᠠ ᠶᠢᠨ ᠲᠤᠬᠠᠢ ᠵᠣᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ | ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠳ᠋ᠠᠶ ᠶᠠᠨ ᠬᠠᠮᠢᠶ᠎ᠠ ᠪᠥᠬᠦᠶ ᠪᠠᠶᠢᠳᠠᠯ ᠳᠤ ᠲᠠᠨᠢᠯᠴᠠᠭᠤᠯᠭ᠎ᠠ | ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯ ᠤᠨ ᠦᠭᠡ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠳ᠋ᠠᠶ ᠶᠠᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ 2020 ᠣᠨ ᠤ 12 ᠰᠠᠷ᠎ᠠ ᠶᠢᠨ | 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 31 ᠳ᠋ᠦ᠋ᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ 248 ᠳ᠋ᠣᠭᠠᠷ ᠲᠤᠭᠠᠲᠤ ᠵᠠᠷᠯᠢᠭ ᠢᠶᠠᠷ ᠨᠡᠶᠢᠲᠡᠯᠡᠵᠦ᠂ 2021 | ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠳᠣᠤᠷ᠎ᠠ ᠪᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠣᠭᠲᠠᠭᠠᠯ︾ ︵ᠳᠣᠷᠣᠭᠰᠢ ︽ᠳᠡᠰ ᠳᠠᠷᠠᠭᠠᠯᠠᠯ ᠤᠨ ᠲᠣᠭᠲᠠᠭᠠᠯ︾ ᠭᠡᠵᠦ ᠲᠣᠪᠴᠢᠯᠠᠨ᠎ᠠ︶ ᠢ | ᠨᠡᠶᠢᠲᠡᠯᠡᠭᠰᠡᠨ ᠬᠠᠮᠢᠶ᠎ᠠ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠤᠶ᠎ᠠ᠃ | ᠨᠢᠭᠡ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠭᠰᠡᠨ ᠠᠬᠤᠶ ᠪᠠᠶᠢᠳᠠᠯ ᠪᠠ ᠲᠣᠭᠲᠠᠭᠠᠭᠰᠠᠨ ᠶᠠᠪᠤᠴᠠ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ | ᠠᠴᠠ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠤᠯᠠᠨ | ᠨᠡᠶᠢᠲᠡ ᠶᠢᠨ ᠬᠢᠨ ᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ | ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠶᠢ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ | ᠪᠣᠯᠭᠠᠬᠤ ᠪᠠᠷ ᠲᠣᠭᠲᠠᠭᠠᠪᠠ᠃ 2019 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ | ︵ᠳᠣᠷᠣᠭᠰᠢ ︽ᠲᠦᠷ ᠬᠡᠷᠡᠭᠵᠢᠭᠦᠯᠬᠦ ᠲᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠥᠬᠦ ᠴᠤᠪᠤᠷᠠᠯ ᠳᠤ ᠪᠣᠳᠠᠲᠠᠶ ᠲᠣᠭᠲᠠᠭᠠᠯ ᠭᠠᠷᠭᠠᠵᠤ᠂ ᠲᠠᠰ | ᠳᠠᠷᠠᠭᠠᠯᠠᠯ᠂ ᠪᠠᠷᠢᠮᠵᠢᠶ᠎ᠠ ᠵᠡᠷᠭᠡ ᠲᠠᠯ᠎ᠠ ᠳᠤ ᠪᠦᠷ ᠨᠠᠩ ᠥᠨᠳᠥᠷ ᠱᠠᠭᠠᠷᠳᠠᠯᠭ᠎ᠠ ᠳᠤᠷᠠᠳᠴᠠᠶ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 209 ᠳ᠋ᠦ᠋ᠭᠡᠷ ᠲᠣᠭᠠᠲᠤ︶ ᠢ 2015 ᠣᠨ ᠳᠤ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠣᠮᠵᠢᠭᠤᠯᠤᠨ ᠰᠢᠨᠵᠢᠯᠡᠬᠦ ᠤᠬᠠᠭᠠᠨᠴᠢ᠂ | ᠠᠷᠠᠳᠴᠢᠯᠠᠯ ᠢᠶᠠᠷ᠂ ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠲᠤᠯᠠᠬᠤ ᠲᠠᠯ᠎ᠠ ᠪᠠᠷ ᠴᠢᠬᠤᠯᠠ | ᠦᠶᠯᠡᠳᠦᠯ ᠦᠵᠡᠭᠦᠯᠪᠡ᠃ ᠭᠡᠪᠡᠴᠦ ᠦᠢᠯᠡᠳᠦᠯᠭᠡ ᠶᠢᠨ ᠳᠤᠮᠳᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠨᠢ ᠲᠣᠳᠣᠷᠬᠠᠶ ᠦᠭᠡᠶ᠂ ᠳᠡᠰ ᠳᠠᠷᠠᠭᠠᠯᠠᠯ ᠨᠢ ᠪᠦᠷᠢᠨ ᠪᠤᠰᠤ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ᠂ ᠰᠠᠨᠠᠯ ᠬᠤᠷᠢᠶᠠᠬᠤ ᠪᠠ ᠬᠠᠮᠲᠤ ᠪᠠᠷ ᠶᠠᠷᠢᠯᠴᠠᠬᠤ ᠶᠢ ᠪᠤᠲᠠᠲᠠᠶᠢᠵᠢᠭᠤᠯᠤᠭᠰᠠᠨ ᠦᠭᠡᠶ | ᠪᠠᠶᠢᠳᠠᠯ ᠣᠷᠣᠰᠢᠵᠤ ᠪᠠᠶᠢᠬᠤ ᠠᠴᠠ ᠪᠣᠯᠵᠣ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ | ᠪᠣᠳᠠᠲᠤ ᠴᠣᠭᠴᠠ ᠡᠰᠡᠭᠦᠯ᠎ᠡ ᠳᠡᠰ ᠳᠠᠷᠠᠭᠠᠯᠠᠯ ᠤᠨ ᠲᠠᠯ᠎ᠠ ᠪᠠᠷ ᠬᠠᠤᠯᠢ ᠶᠢ ᠵᠥᠷᠢᠴᠡᠵᠦ᠂ ᠵᠠᠰᠠᠭ ᠤᠨ ᠣᠷᠳᠣᠨ ᠤ | ᠨᠡᠶᠢᠲᠡ ᠳᠤ ᠢᠲᠡᠭᠡᠭᠦᠯᠬᠦ ᠬᠦᠴᠦᠨ ᠢ ᠬᠤᠬᠢᠷᠠᠭᠤᠯᠤᠨ᠂ ᠭᠠᠵᠠᠷ ᠣᠷᠣᠨ ᠤ ᠡᠵᠡᠩᠨᠡᠨ ᠬᠤᠳᠠᠯᠳᠣᠭᠠᠯᠠᠬᠤ ᠣᠷᠴᠢᠨ | ᠨᠦᠭᠦᠴᠡᠯ ᠢ ᠡᠪᠳᠡᠵᠦ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠠᠬᠢᠯᠲᠠ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠬᠤ ᠶᠢ ᠣᠯᠵᠣ ᠮᠡᠳᠡᠵᠡᠢ᠃ ᠲᠥᠷᠥ ᠶᠢᠨ ᠶᠠᠪᠤᠳᠠᠯ ᠤᠨ ᠬᠤᠷᠢᠶᠠᠨ | ᠤ ︽ᠲᠦᠷ ᠬᠡᠷᠡᠭᠵᠢᠭᠦᠯᠬᠦ ᠳᠦᠷᠢᠮ︾ ᠤᠨ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ | ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ | ᠵᠢᠷᠤᠮᠵᠢᠭᠤᠯᠤᠨ᠂ ᠮᠠᠨ ᠤ ᠣᠷᠣᠨ ᠤ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠵᠤ᠂ ᠰᠢᠶᠳᠪᠦᠷᠢᠲᠦ ᠪᠣᠳᠣᠯᠭ᠎ᠠ | ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠤᠨ ᠲᠣᠭᠲᠠᠭᠠᠯ︾ ᠳᠤ ᠵᠠᠰᠠᠪᠤᠷᠢ ᠣᠷᠣᠭᠤᠯᠬᠤ ᠶᠢ ᠲᠤᠯᠭᠠᠮ ᠱᠠᠭᠠᠷᠳᠠᠵᠤ ᠪᠣᠢ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢ ᠣᠷᠣᠯᠠᠨ ︽ᠲᠠᠰ ᠳᠠᠷᠠᠭᠠᠯᠠᠯ ᠤᠨ ᠲᠣᠭᠲᠠᠭᠠᠯ︾ ᠢ ᠲᠤᠭᠤᠷᠪᠢᠵᠤ᠂ ᠬᠠᠤᠯᠢ ᠳᠤ | ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠪᠥᠬᠦ ᠨᠡᠶᠢᠭᠡᠮ ᠠᠴᠠ ᠥᠷᠭᠡᠨ ᠢᠶᠠᠷ ᠰᠠᠨᠠᠯ ᠬᠤᠷᠢᠶᠠᠭᠰᠠᠨ ᠪᠥᠭᠡᠳ | ᠭᠦᠶᠴᠡᠳ ᠪᠠᠶᠢᠴᠠᠭᠠᠨ ᠰᠤᠳᠤᠯᠵᠤ ᠨᠤᠲᠠᠯᠠᠯᠲᠠ ᠬᠢᠪᠠ᠃ ︽ᠲᠠᠰ ᠳᠠᠷᠠᠭᠠᠯᠠᠯ ᠤᠨ ᠲᠣᠭᠲᠠᠭᠠᠯ︾ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2020 ᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ | ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ | ᠬᠤᠶᠠᠷ᠂ ︽ᠲᠠᠰ ᠳᠠᠷᠠᠭᠠᠯᠠᠯ ᠤᠨ ᠲᠣᠭᠲᠠᠭᠠᠯ︾ ᠤᠨ ᠭᠤᠣᠯ ᠠᠭᠤᠯᠭ᠎ᠠ | ︽ᠲᠠᠰ ᠳᠠᠷᠠᠭᠠᠯᠠᠯ ᠤᠨ ᠲᠣᠭᠲᠠᠭᠠᠯ︾ ᠨᠢ 10 ᠪᠦᠯᠦᠭ ᠢᠶᠠᠷ ᠪᠦᠷᠢᠯᠳᠦᠵᠦ᠂ ᠨᠡᠶᠢᠲᠡ 59 ᠵᠦᠢᠯ ᠪᠣᠢ᠂ | ᠳᠣᠣᠷᠠᠬᠢ ᠮᠡᠲᠦ ᠬᠠᠤᠯᠢ ᠲᠣᠭᠲᠠᠭᠠᠬᠤ ᠣᠨᠴᠠᠯᠢᠭ ᠲᠠᠢ᠄ | ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠬᠦᠷᠢᠶ᠎ᠡ ᠬᠡᠪᠴᠢᠶ᠎ᠡ | ᠶᠢ ᠲᠣᠳᠣᠷᠬᠠᠶᠢᠯᠠᠪᠠ᠃ ︽ᠲᠠᠰ ᠳᠠᠷᠠᠭᠠᠯᠠᠯ ᠤᠨ ᠲᠣᠭᠲᠠᠭᠠᠯ︾ ᠳᠤ ᠵᠢᠭᠰᠠᠭᠠᠨ ᠲᠣᠭᠠᠴᠢᠬᠤ ᠬᠡᠯᠪᠡᠷᠢ ᠪᠠᠷ ᠴᠢᠬᠤᠯᠠ | ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠬᠡᠪᠴᠢᠶ᠎ᠡ ᠶᠢ ᠲᠣᠳᠣᠷᠬᠠᠶᠢᠯᠠᠪᠠ᠃ | ᠡᠭᠦᠨ ᠤ ᠬᠠᠮᠲᠤ᠂ ᠡᠯ᠎ᠡ ᠱᠠᠲᠤᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠠᠵᠢᠯ ᠶᠠᠪᠤᠳᠠᠯ | ᠬᠠᠮᠢᠶᠠᠷᠬᠤ ᠡᠷᠬᠡ ᠶᠢᠨ ᠠᠳᠠᠯᠢ ᠪᠤᠰᠤ᠂ ᠡᠯ᠎ᠡ ᠭᠠᠵᠠᠷ ᠤᠨ ᠪᠣᠳᠠᠲᠤ ᠪᠠᠶᠢᠳᠠᠯ ᠤᠨ ᠠᠳᠠᠯᠢ ᠪᠤᠰᠤ ᠠᠴᠠ ᠪᠣᠯᠵᠣ᠂ | ︽ᠲᠠᠰ ᠳᠠᠷᠠᠭᠠᠯᠠᠯ ᠤᠨ ᠲᠣᠭᠲᠠᠭᠠᠯ︾ ᠳᠤ ᠡᠯ᠎ᠡ ᠱᠠᠲᠤᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ | ᠲᠣᠭᠲᠠᠭᠠᠯ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠪᠠ ᠲᠣᠰ ᠭᠠᠵᠠᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠭᠠᠷᠴᠠᠭ᠂ ᠪᠠᠷᠢᠮᠵᠢᠶ᠎ᠠ | ᠶᠢ ᠲᠣᠭᠲᠠᠭᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ ᠭᠡᠵᠦ | ᠲᠣᠳᠣᠷᠬᠠᠶᠢᠯᠠᠪᠠ᠃ ᠢᠩᠭᠢᠵᠦ ᠲᠣᠭᠲᠠᠭᠠᠭᠰᠠᠨ ᠨᠢ ᠱᠠᠲᠤ ᠳᠠᠪᠬᠤᠷᠭ᠎ᠠ ᠶᠢᠨ ᠵᠥᠷᠢᠶ᠎ᠡ ᠪᠠ ᠣᠷᠣᠨ ᠪᠦᠰᠡ ᠶᠢᠨ | ᠵᠥᠷᠢᠶ᠎ᠡ ᠶᠢ ᠭᠦᠶᠴᠡᠳ ᠪᠣᠳᠣᠯᠬᠢᠯᠠᠵᠤ᠂ ᠨᠠᠩ ᠢᠯᠡᠭᠦᠦ ᠬᠠᠨᠳᠤᠯᠭᠠᠲᠤ ᠴᠢᠨᠠᠷ ᠪᠠ ᠪᠣᠯᠤᠮᠵᠢᠲᠤ ᠴᠢᠨᠠᠷ ᠲᠠᠢ ᠶᠤᠮ᠃ | ︵ᠬᠤᠶᠠᠷ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ | ᠢ ᠨᠠᠷᠢᠯᠢᠭᠵᠢᠭᠤᠯᠪᠠ᠃ ︽ᠲᠠᠰ ᠳᠠᠷᠠᠭᠠᠯᠠᠯ ᠤᠨ ᠲᠣᠭᠲᠠᠭᠠᠯ︾ ᠳᠤ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ | ᠬᠡᠷᠡᠭᠵᠢᠭᠦᠯᠬᠦ ᠲᠦᠷᠢᠮ︾ ᠳᠤ ᠲᠣᠭᠲᠠᠭᠠᠭᠰᠠᠨ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ | ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ | ᠪᠠᠷ ᠶᠠᠷᠢᠯᠴᠠᠨ ᠲᠣᠭᠲᠠᠭᠠᠬᠤ ᠵᠡᠷᠭᠡ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠳᠤ | ᠴᠢᠬᠤᠯᠠ ᠪᠥᠬᠦᠶ ᠨᠠᠷᠢᠯᠢᠭᠵᠢᠭᠤᠯᠤᠯᠲᠠ ᠪᠠ ᠨᠦᠬᠦᠪᠦᠷᠢᠯᠡᠯᠲᠡ ᠬᠢᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠢ | ᠴᠢᠩᠭᠠᠳᠬᠠᠪᠠ᠃ ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ ᠲᠠᠯ᠎ᠠ ᠪᠠᠷ᠂ ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ | ᠵᠦᠢᠯᠡᠰ ᠢ ᠰᠤᠳᠤᠯᠤᠨ ᠨᠤᠲᠠᠯᠠᠬᠤ ᠪᠡᠶᠡᠴᠢ ᠴᠣᠭᠴᠠ ᠶᠢ ᠨᠠᠷᠢᠯᠢᠬᠵᠢᠭᠤᠯᠵᠤ᠂ ᠲᠤᠰᠬᠠᠢ ᠮᠡᠷᠭᠡᠵᠢᠯᠲᠡᠨ ᠪᠤᠶᠤ | ᠲᠤᠰᠬᠠᠢ ᠪᠠᠶᠢᠭᠤᠯᠤᠮᠵᠢ ᠳᠤ ᠨᠠᠶᠢᠳᠠᠵᠤ ᠲᠤᠭᠤᠷᠪᠢᠨ ᠪᠢᠴᠢᠭᠦᠯᠵᠦ ᠪᠣᠯᠬᠤ ᠲᠣᠭᠲᠠᠭᠠᠯ ᠢ ᠨᠡᠮᠡᠪᠡ︔ ᠣᠯᠠᠨ | ᠨᠡᠶᠢᠲᠡ ᠶᠢᠨ ᠬᠢᠨ ᠤᠷᠤᠯᠴᠠᠬᠤ ᠲᠠᠯ᠎ᠠ ᠪᠠᠷ ᠰᠠᠨᠠᠯ ᠰᠣᠨᠣᠰᠬᠤ ᠠᠷᠭ᠎ᠠ ᠮᠠᠶ᠋ᠢᠭ ᠪᠠ ᠠᠷᠠᠳ ᠤᠨ ᠰᠠᠨᠠᠭ᠎ᠠ ᠶᠢ | ᠪᠠᠶᠢᠴᠠᠭᠠᠬᠤ ᠬᠤᠯᠪᠣᠭᠳᠠᠯ ᠪᠥᠬᠦᠶ ᠠᠭᠤᠯᠭ᠎ᠠ ᠶᠢ ᠨᠥᠬᠦᠪᠥᠷᠢᠯᠡᠵᠦ᠂ ᠭᠡᠷᠡᠴᠢᠯᠡᠭᠡ ᠰᠣᠨᠣᠰᠬᠤ ᠬᠤᠷᠠᠯ | ᠬᠤᠷᠠᠯᠳᠤᠭᠤᠯᠬᠤ ᠬᠤᠯᠪᠣᠭᠳᠠᠯ ᠪᠥᠬᠦᠶ ᠲᠣᠭᠲᠠᠭᠠᠯ ᠢ ᠨᠠᠷᠢᠯᠢᠬᠵᠢᠭᠤᠯᠪᠠ︔ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ ᠲᠠᠯ᠎ᠠ ᠪᠠᠷ᠂ ᠲᠤᠰᠬᠠᠶ ᠮᠡᠷᠭᠡᠵᠢᠯᠲᠡᠨ ᠪᠠ ᠲᠤᠰᠬᠠᠶ ᠪᠠᠶᠢᠭᠤᠯᠤᠮᠵᠢ ᠪᠠᠷ ᠨᠤᠲᠠᠯᠠᠭᠤᠯᠬᠤ ᠶᠠᠪᠤᠴᠠ ᠳᠤ | ᠮᠠᠲ᠋ᠧᠷᠢᠶᠠᠯ ᠪᠠᠶᠢᠴᠠᠭᠠᠨ ᠦᠵᠡᠬᠦ᠂ ᠬᠤᠷᠠᠯ ᠳᠤ ᠰᠤᠯᠠ ᠣᠷᠣᠯᠴᠠᠬᠤ᠂ ᠪᠠᠶᠢᠴᠠᠭᠠᠨ ᠰᠤᠳᠤᠯᠬᠤ ᠠᠵᠢᠯᠯᠠᠭ᠎ᠠ ᠳᠤ | ᠣᠷᠣᠯᠴᠠᠬᠤ ᠵᠡᠷᠭᠡ ᠡᠷᠬᠡ ᠲᠠᠢ ᠪᠠᠶᠢᠬᠤ ᠪᠠ ᠨᠢᠭᠤᠴᠠ ᠶᠢ ᠬᠠᠮᠠᠭᠠᠯᠠᠬᠤ᠂ ᠨᠤᠲᠠᠯᠠᠯᠲᠠ ᠶᠢᠨ ᠰᠠᠨᠠᠯ ᠳᠤ | ᠬᠠᠷᠢᠭᠤᠴᠠᠯᠭ᠎ᠠ ᠡᠭᠦᠷᠭᠡᠯᠡᠬᠦ ᠵᠡᠷᠭᠡ ᠡᠭᠦᠷᠭᠡ ᠶᠢ ᠬᠠᠤᠯᠢ ᠶᠣᠰᠣᠭᠠᠷ ᠡᠭᠦᠷᠭᠡᠯᠡᠬᠦ ᠶᠢ ᠨᠡᠮᠡᠪᠡ︔ ᠲᠦᠭᠰᠢᠭᠦᠷᠢ ᠶᠢ | ᠦᠨᠡᠯᠡᠨ ᠵᠢᠱᠢᠬᠦ ᠲᠠᠯ᠎ᠠ ᠪᠠᠷ᠂ ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠨᠠᠷᠢᠯᠢᠬᠵᠢᠭᠤᠯᠵᠤ᠂ | ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠠᠭᠤᠯᠭ᠎ᠠ ᠶᠢ ᠨᠡᠮᠡᠪᠡ︔ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ ᠲᠠᠯ᠎ᠠ ᠪᠠᠷ᠂ ᠬᠢᠨᠠᠨ ᠪᠠᠶᠢᠴᠠᠭᠠᠬᠤ ᠬᠤᠭᠤᠴᠠᠭ᠎ᠠ᠂ ᠬᠢᠨᠠᠨ ᠪᠠᠶᠢᠴᠠᠭᠠᠬᠤ ᠠᠷᠭ᠎ᠠ ᠬᠡᠯᠪᠡᠷᠢ ᠪᠠ | ᠬᠢᠨᠠᠨ ᠪᠠᠶᠢᠴᠠᠭᠠᠬᠤ ᠰᠠᠨᠠᠯ ᠵᠡᠷᠭᠡ ᠶᠢ ᠲᠣᠭᠲᠠᠭᠠᠪᠠ︔ ᠬᠠᠮᠲᠤ ᠪᠠᠷ ᠶᠠᠷᠢᠯᠴᠠᠨ ᠲᠣᠭᠲᠠᠭᠠᠬᠤ ᠲᠠᠯ᠎ᠠ ᠪᠠᠷ᠂ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠲᠣᠭᠲᠠᠭᠠᠯ ᠶᠣᠰᠣᠭᠠᠷ ᠠᠳᠠᠯᠢ | ᠱᠠᠲᠤᠨ ᠤ ᠨᠠᠮ ᠤᠨ ᠬᠤᠷᠢᠶ᠎ᠠ ᠠᠴᠠ ᠮᠡᠳᠡᠭᠦᠯᠬᠦ ᠠᠭᠤᠯᠭ᠎ᠠ ᠶᠢᠨ ᠵᠢᠭᠠᠪᠤᠷᠢ ᠠᠪᠬᠤ ᠶᠢ ᠨᠡᠮᠡᠪᠡ᠃ | ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ | ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠢ ᠵᠢᠷᠤᠮᠵᠢᠭᠤᠯᠪᠠ᠃ ︽ᠲᠠᠰ ᠳᠠᠷᠠᠭᠠᠯᠠᠯ ᠤᠨ ᠲᠣᠭᠲᠠᠭᠠᠯ︾ ᠨᠢ | ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠠᠰᠠᠭᠤᠳᠠᠯ ᠢ ᠬᠠᠷᠢᠭᠤ ᠲᠤᠰᠬᠠᠬᠤ ᠲᠣᠭᠲᠠᠴᠠ ᠪᠠ | ᠰᠢᠶᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠲᠦᠷᠢᠮ ᠢ ᠤᠯᠠᠮ ᠨᠢᠭᠡ ᠠᠯᠬᠤᠮ | ᠨᠠᠷᠢᠯᠢᠬᠵᠢᠭᠤᠯᠪᠠ᠃ ᠡᠭᠦᠨ ᠤ ᠬᠠᠮᠲᠤ᠂ ︽ᠲᠠᠰ ᠳᠠᠷᠠᠭᠠᠯᠠᠯ ᠤᠨ ᠲᠣᠭᠲᠠᠭᠠᠯ︾ ᠳᠤ ᠬᠠᠤᠯᠢ ᠶᠣᠰᠣᠭᠠᠷ ᠭᠠᠷᠭᠠᠭᠰᠠᠨ | ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ | ᠬᠡᠷᠡᠭᠵᠢᠭᠦᠯᠬᠦ ᠶᠢ ᠵᠣᠭᠰᠣᠭᠠᠵᠤ ᠪᠣᠯᠬᠤ ᠥᠬᠡᠶ᠂ ᠴᠢᠬᠤᠯᠠ ᠶᠡᠭᠡ ᠲᠣᠬᠢᠷᠠᠭᠤᠯᠤᠯᠲᠠ ᠬᠢᠬᠦ ᠴᠢᠬᠤᠯᠠ ᠲᠠᠢ ᠪᠠᠶᠢᠪᠠᠯ᠂ | ᠬᠠᠮᠢᠶ᠎ᠠ ᠪᠥᠬᠦᠶ ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠶᠴᠡᠳᠬᠡᠬᠦ ᠬᠡᠷᠡᠭᠲᠡᠶ ᠭᠡᠵᠦ ᠱᠠᠭᠠᠷᠳᠠᠪᠠ᠃ | ︵ᠳᠦᠷᠪᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠪᠡ᠃ ︽ᠲᠠᠰ ᠳᠠᠷᠠᠭᠠᠯᠠᠯ ᠤᠨ ᠲᠣᠭᠲᠠᠭᠠᠯ︾ ᠳᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ᠂ ᠰᠢᠶᠳᠪᠦᠷᠢᠲᠦ ᠪᠣᠳᠣᠯᠭ᠎ᠠ ᠶᠢ ᠳᠠᠭᠠᠭᠠᠨ ᠭᠦᠶᠴᠡᠳᠬᠡᠬᠦ | ᠨᠢᠭᠡᠴᠢ ᠪᠠ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠵᠢᠴᠢ ᠲᠡᠭᠦᠨ ᠤ ᠬᠠᠮᠢᠶ᠎ᠠ ᠪᠥᠬᠦᠶ ᠠᠵᠢᠯᠲᠠᠨ | ᠵᠢᠴᠢ ᠨᠤᠲᠠᠯᠠᠯᠲᠠ ᠬᠢᠵᠦ ᠦᠨᠡᠯᠡᠨ ᠵᠢᠱᠢᠬᠦ ᠠᠵᠢᠯ ᠢ ᠡᠭᠦᠷᠭᠡᠯᠡᠬᠦ ᠲᠤᠰᠬᠠᠶ ᠮᠡᠷᠭᠡᠵᠢᠯᠲᠡᠨ᠂ ᠲᠤᠰᠬᠠᠶ ᠪᠠᠶᠢᠭᠤᠯᠤᠮᠵᠢ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠡᠳᠡᠷᠭᠦ | ᠪᠠᠶᠢᠴᠠᠭᠠᠬᠤ ᠬᠠᠷᠢᠭᠤᠴᠠᠯᠭ᠎ᠠ ᠶᠢᠨ ᠲᠦᠷᠢᠮ ᠪᠠ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ | ᠲᠣᠳᠣᠷᠬᠠᠶᠢᠯᠠᠪᠠ᠃ | ᠭᠤᠷᠪᠠ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠨ ᠬᠡᠷᠡᠭᠵᠢᠭᠦᠯᠬᠦ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠰᠤᠷᠤᠯᠴᠠᠬᠤ᠂ ᠤᠬᠠᠭᠤᠯᠬᠤ᠂ ᠨᠠᠶᠢᠳᠠᠪᠤᠷᠢᠵᠢᠭᠤᠯᠬᠤ ᠶᠢ ᠦᠨᠠᠨ ᠬᠦ ᠰᠠᠶᠢᠲᠤᠷ | ᠠᠳᠬᠤᠬᠤ ᠬᠡᠷᠡᠭᠲᠡᠶ | ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠡᠰ ᠳᠠᠷᠠᠭᠠᠯᠠᠯ ᠢ | ᠵᠢᠷᠤᠮᠵᠢᠭᠤᠯᠬᠤ ᠪᠣᠯ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ | ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠵᠢᠯ ᠤᠨ | ᠰᠢᠰᠲ᠋ᠧᠮ ᠢ ᠲᠡᠭᠦᠯᠳᠡᠷᠵᠢᠭᠦᠯᠬᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠤᠨ ᠲᠣᠭᠲᠠᠭᠠᠯ︾ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ᠂ | ᠬᠠᠤᠯᠢᠵᠢᠯ ᠤᠨ ᠥᠪᠥᠷ ᠮᠣᠩᠭᠤᠯ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠨᠢᠭᠡ ᠳᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ | ᠠᠬᠢᠭᠤᠯᠬᠤ ᠳᠤ ᠠᠰᠢᠭᠲᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ | ᠬᠠᠤᠯᠢ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠵᠤ ᠴᠢᠳᠠᠬᠤ ᠡᠰᠡᠬᠦ ᠨᠢ ᠬᠠᠤᠯᠢ ᠶᠣᠰᠣᠭᠠᠷ ᠵᠠᠰᠠᠭ | ᠶᠠᠪᠤᠭᠤᠯᠬᠤ ᠬᠢᠷᠢ ᠲᠦᠪᠰᠢᠨ ᠢ ᠬᠠᠷᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠵᠥᠪ ᠢᠶᠠᠷ | ᠭᠦᠢᠴᠡᠳᠬᠡᠵᠦ ᠴᠢᠳᠠᠬᠤ ᠡᠰᠡᠬᠦ ᠯᠦᠭᠡ ᠬᠤᠯᠪᠣᠭᠳᠠᠬᠤ ᠶᠤᠮ᠃ ︽ᠲᠠᠰ ᠳᠠᠷᠠᠭᠠᠯᠠᠯ ᠤᠨ ᠲᠣᠭᠲᠠᠭᠠᠯ︾ ᠨᠢ ᠴᠢᠬᠤᠯᠠ | ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠬᠤ ᠪᠠᠷ | ᠴᠢᠬᠤᠯᠠ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨᠴᠢ ᠲᠠᠰ ᠳᠠᠷᠠᠭᠠᠯᠠᠯ ᠤᠨ ᠲᠦᠷᠢᠮ ᠢᠶᠠᠷ ᠳᠠᠮᠵᠢᠭᠤᠯᠤᠨ ᠵᠠᠰᠠᠭ | ᠤᠨ ᠣᠷᠳᠣᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ | ᠨᠡᠶᠢᠲᠡ ᠳᠤ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠪᠣᠯᠣᠨ᠎ᠠ᠃ ᠡᠨᠡ ᠨᠢ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ᠂ ᠥᠨᠳᠥᠷ ᠪᠦᠲᠦᠮᠵᠢᠲᠡᠢ ᠪᠥᠭᠡᠳ ᠦᠨᠡᠨᠴᠢ | ᠢᠲᠡᠭᠡᠮᠵᠢᠲᠡᠢ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠬᠤ ᠳᠤ ᠣᠷᠣᠯᠠᠭᠤᠯᠵᠤ ᠪᠣᠯᠤᠰᠢ | ᠦᠭᠡᠢ ᠪᠣᠳᠠᠲᠤ ᠠᠴᠢ ᠬᠤᠯᠪᠣᠭᠳᠠᠯ ᠲᠠᠢ ᠶᠤᠮ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠬᠦᠭᠵᠢᠯᠲᠡ ᠶᠢᠨ ᠲᠤᠭᠲᠠᠭᠤᠨ ᠶᠡᠭᠡ | ᠲᠠᠯ᠎ᠠ ᠶᠢ ᠨᠡᠩ ᠰᠠᠶᠢᠲᠤᠷ ᠬᠠᠮᠠᠭᠠᠯᠠᠬᠤ ᠳᠤ ᠠᠰᠢᠭᠲᠠᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠨᠢ ᠢᠮᠠᠭᠲᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ ᠪᠠᠶᠢᠵᠤ᠂ | ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠲᠤᠭᠲᠠᠭᠤᠨ | ᠶᠡᠭᠡ ᠲᠠᠯ᠎ᠠ ᠳᠤ ᠬᠤᠯᠪᠣᠭᠳᠠᠬᠤ ᠪᠣᠯᠤᠨ᠎ᠠ᠃ ︽ᠳᠡᠰ ᠳᠠᠷᠠᠭᠠᠯᠠᠯ ᠤᠨ ᠲᠣᠭᠲᠠᠭᠠᠯ︾ ᠨᠢ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠵᠢᠷᠤᠮᠵᠢᠭᠤᠯᠬᠤ ᠪᠠᠷ | ᠳᠠᠮᠵᠢᠭᠤᠯᠤᠨ᠂ ᠨᠡᠶᠢᠭᠡᠮ ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠵᠠᠰᠠᠭ ᠤᠨ ᠣᠷᠳᠣᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠶᠠᠪᠤᠴᠠ ᠶᠢ ᠲᠦᠮᠡᠨ ᠤ ᠰᠠᠨᠠᠯ ᠢ ᠬᠤᠷᠢᠶᠠᠵᠤ ᠣᠯᠠᠨ ᠤ ᠤᠬᠠᠭᠠᠨ ᠢ ᠲᠥᠪᠯᠡᠷᠡᠭᠦᠯᠬᠦ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠠᠪᠤᠴᠠ ᠪᠣᠯᠭᠠᠵᠤ᠂ ᠴᠢᠨᠠᠭᠰᠢᠳᠠ ᠴᠢᠬᠤᠯᠠ ᠶᠡᠭᠡ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠶᠢᠨ ᠭᠡᠷᠡᠭᠵᠢᠭᠦᠯᠵᠦ ᠪᠤᠯᠬᠤᠶᠢᠴᠠ ᠴᠢᠨᠠᠷ᠂ ᠲᠣᠭᠲᠠᠪᠤᠷᠢᠲᠤ ᠴᠢᠨᠠᠷ ᠢ ᠪᠦᠲᠦᠮᠵᠢᠲᠡᠶ | ᠨᠡᠮᠡᠭᠳᠡᠭᠦᠯᠦᠨ᠎ᠡ᠃ ᠡᠨᠡ ᠨᠢ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠲᠣᠭᠲᠠᠭᠤᠨ ᠶᠡᠭᠡ | ᠲᠠᠯ᠎ᠠ ᠶᠢ ᠬᠠᠮᠠᠭᠠᠯᠠᠬᠤ ᠳᠤ ᠴᠢᠬᠤᠯᠠ ᠢᠳᠡᠪᠬᠢ ᠠᠴᠢ ᠬᠤᠯᠪᠣᠭᠳᠠᠯ ᠲᠠᠢ ᠶᠤᠮ᠃ | ᠭᠤᠷᠪᠠ ᠳᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠬᠤ ᠳᠤ ᠠᠰᠢᠭᠲᠠᠢ᠃ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠪᠣᠯ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠡᠬᠢᠯᠡᠯᠲᠡ | ᠮᠦᠷᠲᠡᠭᠡᠨ ᠵᠠᠰᠠᠭ ᠵᠠᠬᠢᠷᠭᠠᠨ ᠤ ᠡᠷᠬᠡ ᠶᠢ ᠵᠢᠷᠤᠮᠵᠢᠭᠤᠯᠬᠤ ᠶᠢᠨ ᠭᠤᠣᠯᠳᠠᠯᠭ᠎ᠠ ᠪᠣᠯᠣᠨ᠎ᠠ᠃ ︽ᠲᠠᠰ ᠳᠠᠷᠠᠭᠠᠯᠠᠯ ᠤᠨ | ᠲᠣᠭᠲᠠᠭᠠᠯ︾ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ | ᠡᠷᠬᠡ ᠶᠢ ᠢᠯᠡ ᠪᠠᠷ ᠠᠵᠢᠯᠯᠠᠭᠤᠯᠵᠤ᠂ ᠬᠠᠤᠯᠢ ᠲᠣᠭᠲᠠᠭᠠᠯ ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ᠂ | ᠬᠠᠤᠯᠢ ᠶᠣᠰᠣᠨ ᠤ ᠵᠦᠶ ᠵᠣᠬᠢᠰᠲᠠᠶ ᠬᠡᠷᠡᠭᠵᠢᠭᠦᠯᠦᠯᠲᠡ ᠶᠢ ᠪᠡᠶᠡᠯᠡᠭᠦᠯᠬᠦ ᠶᠢᠨ ᠤᠯᠠᠮ ᠠᠴᠠ ᠬᠠᠤᠯᠢᠵᠢᠯ ᠤᠨ ᠵᠠᠰᠠᠭ | ᠤᠨ ᠣᠷᠳᠣᠨ ᠤ ᠪᠠᠶᠢᠭᠤᠯᠤᠯᠲᠠ ᠶᠢᠨ ᠪᠢᠲᠡᠭᠦᠦ ᠬᠡᠯᠬᠢᠶ᠎ᠡ ᠶᠢ ᠪᠡᠶᠡᠯᠡᠭᠦᠯᠦᠨ᠎ᠡ᠂ ᠡᠨᠡ ᠨᠢ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠶᠢᠨ ᠬᠡᠷᠡᠭᠵᠢᠭᠦᠯᠦᠭᠴᠢ ᠳᠤ ᠠᠪᠴᠤ ᠬᠡᠯᠡᠪᠡᠯ᠂ ᠬᠢᠵᠠᠭᠠᠷᠯᠠᠯ | ᠮᠥᠷᠲᠡᠭᠡᠨ ᠪᠠᠰᠠ ᠬᠠᠮᠠᠭᠠᠯᠠᠯᠲᠠ ᠪᠣᠯᠤᠨ᠎ᠠ᠃ ᠡᠶᠢᠮᠦ ᠠᠴᠠ᠂ ︽ᠳᠡᠰ ᠳᠠᠷᠠᠭᠠᠯᠠᠯ ᠤᠨ ᠲᠣᠭᠲᠠᠭᠠᠯ︾ ᠢ ᠨᠡᠶᠢᠲᠡᠯᠡᠨ | ᠬᠡᠷᠡᠭᠵᠢᠭᠦᠯᠬᠦ ᠨᠢ ᠪᠢᠳᠡᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ᠂ ᠤᠨᠴᠠᠭᠠᠶᠢᠯᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠲᠤᠶᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ | ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠰᠦᠷ ᠨᠢ ᠴᠢᠩᠭ᠎ᠠ ᠬᠡᠷᠡᠭᠵᠢᠭᠦᠯᠬᠦ ᠳᠤ ᠪᠣᠢ᠃ ︽ᠳᠡᠰ | ᠳᠠᠷᠠᠭᠠᠯᠠᠯ ᠤᠨ ᠲᠣᠭᠲᠠᠭᠠᠯ︾ ᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤ ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠡᠰ ᠳᠠᠷᠠᠭᠠᠯᠠᠯ ᠤᠨ | ᠲᠣᠭᠲᠠᠭᠠᠯ︾ ᠢ ᠬᠢᠨᠠᠮᠠᠭᠠᠶ ᠰᠤᠷᠤᠯᠴᠠᠨ᠂ ᠭᠦᠨᠵᠡᠭᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ | ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠰᠢᠶᠳᠪᠦᠷᠢᠲᠦ ᠪᠣᠳᠣᠯᠭ᠎ᠠ ᠲᠣᠭᠲᠠᠭᠠᠬᠤ | ᠳᠡᠰ ᠳᠠᠷᠠᠭᠠᠯᠠᠯ ᠢ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ | ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠰᠣᠨᠢᠨ | ᠮᠡᠳᠡᠭᠡ ᠶᠢᠨ ᠬᠢᠨ ᠤ ᠨᠠᠶᠢᠵᠠ ᠨᠠᠷ ᠰᠣᠨᠢᠨ ᠮᠡᠳᠡᠭᠡᠨ ᠤ ᠵᠠᠭᠤᠴᠢ ᠪᠠᠷ ᠳᠠᠮᠵᠢᠭᠤᠯᠤᠨ᠂ ︽ᠳᠡᠰ ᠳᠠᠷᠠᠭᠠᠯᠠᠯ ᠤᠨ | ᠲᠣᠭᠲᠠᠭᠠᠯ︾ ᠢ ᠶᠡᠬᠡᠪᠡᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠲᠤ ᠴᠥᠮ ︽ᠳᠡᠰ ᠳᠠᠷᠠᠭᠠᠯᠠᠯ ᠤᠨ ᠲᠣᠭᠲᠠᠭᠠᠯ︾ | ᠢ ᠬᠡᠷᠡᠭᠵᠢᠭᠦᠯᠬᠦ ᠶᠢ ᠠᠩᠬᠠᠷᠣᠭᠤᠯᠣᠨ᠂ ᠥᠷᠭᠡᠨ ᠣᠯᠠᠨ ᠲᠦᠮᠡᠨ ᠢ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ | ᠲᠣᠭᠲᠠᠭᠠᠬᠤ ᠳᠤ ᠣᠷᠣᠯᠴᠠᠭᠤᠯᠵᠤ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠣᠯᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ | ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠲᠦᠯᠬᠢᠨ ᠠᠬᠢᠭᠤᠯᠬᠤ ᠳᠤ ᠬᠦᠴᠦᠲᠡᠶ ᠪᠠᠲᠤᠯᠠᠭ᠎ᠠ | ᠬᠠᠩᠭᠠᠬᠤ ᠬᠡᠷᠡᠭᠲᠡᠶ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ | ᠲᠤᠬᠠᠢ ᠵᠤᠷᠰᠢᠯᠲᠤ ᠰᠤᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ︽ᠲᠠᠰ ᠳᠠᠷᠠᠭᠠᠯᠠᠯ ᠤᠨ ᠲᠣᠭᠲᠠᠭᠠᠯ︾ | ᠤᠨ ᠬᠡᠷᠡᠭᠯᠡᠭᠳᠡᠬᠦ ᠬᠡᠪᠴᠢᠶ᠎ᠡ ᠨᠢ ᠶᠠᠮᠠᠷ ᠪᠣᠶ︖ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠠᠴᠠ | ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠰ ᠲᠣᠭᠲᠠᠭᠠᠯ ᠢ ᠬᠡᠷᠡᠭᠯᠡᠪᠡᠯ | ᠲᠤᠬᠢᠷᠠᠨ᠎ᠠ ᠤᠤ︖ | ᠳ᠋ᠠᠶ ᠶᠠᠨ᠄ ᠲᠥᠷᠥ ᠶᠢᠨ ᠶᠠᠪᠤᠳᠠᠯ ᠤᠨ ᠬᠤᠷᠢᠶᠠᠨ ᠤ ︽ᠲᠦᠷ ᠬᠡᠷᠡᠭᠵᠢᠭᠦᠯᠬᠦ ᠲᠦᠷᠢᠮ︾ ᠢ ᠦᠨᠳᠦᠰᠦᠯᠡᠨ᠂ | ︽ᠲᠠᠰ ᠳᠠᠷᠠᠭᠠᠯᠠᠯ ᠤᠨ ᠲᠣᠭᠲᠠᠭᠠᠯ︾ ᠤᠨ ᠬᠤᠶᠠᠳᠤᠭᠠᠷ ᠵᠦᠶᠯ ᠳᠤ᠄ ︽ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠭᠠᠷᠭᠠᠬᠤ ᠪᠠ ᠲᠣᠬᠢᠷᠠᠭᠤᠯᠤᠯᠲᠠ ᠬᠢᠬᠦ | ᠲᠠᠰ ᠳᠠᠷᠠᠭᠠᠯᠠᠯ ᠳᠤ ᠲᠣᠰ ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠡ︾ ᠭᠡᠵᠦ ᠲᠤᠭᠲᠠᠭᠠᠵᠠᠢ᠂ ᠳᠠᠷᠣᠢ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠣᠷᠳᠣᠨ ᠪᠣᠯ | ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠣᠯᠤᠨ᠎ᠠ᠃ ︽ᠲᠠᠰ ᠳᠠᠷᠠᠭᠠᠯᠠᠯ ᠤᠨ ᠲᠣᠭᠲᠠᠭᠠᠯ︾ ᠤᠨ ᠲᠠᠪᠢᠨ | ᠨᠠᠶᠮᠠᠳᠤᠭᠠᠷ ᠵᠦᠶᠯ ᠳᠤ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠭᠠᠷᠭᠠᠬᠤ ᠪᠠ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠢ ᠲᠣᠰ | ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠬᠦ ᠬᠡᠷᠡᠭᠲᠡᠢ︾ ᠭᠡᠵᠦ ᠲᠤᠭᠲᠠᠭᠠᠵᠠᠢ᠂ ᠲᠤᠬᠠᠶᠢᠯᠠᠪᠠᠯ ᠵᠠᠰᠠᠭ ᠤᠨ | ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠶᠢᠨ ᠵᠠᠰᠠᠭ ᠤᠨ | ᠣᠷᠳᠣᠨ ᠳᠤ ︽ᠲᠠᠰ ᠳᠠᠷᠠᠭᠠᠯᠠᠯ ᠤᠨ ᠲᠣᠭᠲᠠᠭᠠᠯ︾ ᠢ ᠪᠦᠷᠢᠮᠦᠰᠦᠨ ᠬᠡᠷᠡᠭᠯᠡᠬᠦ ᠥᠬᠡᠶ᠂ ᠬᠠᠷᠢᠨ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠠᠯᠢᠪᠠ ᠴᠢᠬᠤᠯᠠ ᠶᠡᠭᠡ ᠵᠠᠰᠠᠭ | ᠵᠠᠬᠢᠷᠭᠠᠨ ᠤ ᠰᠢᠶᠳᠪᠦᠷᠢᠲᠦ ᠪᠣᠳᠣᠯᠭ᠎ᠠ ᠨᠢ ᠴᠥᠮ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ | ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ | ᠪᠠᠷ ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠲᠠᠰ ᠳᠠᠷᠠᠭᠠᠯᠠᠯ ᠢ ᠡᠷᠬᠡᠪᠰᠢ ᠪᠦᠷᠢᠮᠦᠰᠦᠨ ᠭᠦᠶᠴᠡᠳᠬᠡᠬᠦ ᠬᠡᠷᠡᠭᠲᠡᠶ | ᠤᠤ︖ | ᠳ᠋ᠠᠶ ᠶᠠᠨ᠄ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ | ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ | ᠲᠣᠭᠲᠠᠭᠠᠬᠤ ᠪᠣᠯ ︽ᠲᠠᠰ ᠳᠠᠷᠠᠭᠠᠯᠠᠯ ᠤᠨ ᠲᠣᠭᠲᠠᠭᠠᠯ︾ ᠤᠨ ᠨᠢᠭᠡᠨ ᠭᠤᠤᠯ ᠠᠭᠤᠯᠭ᠎ᠠ ᠪᠣᠯᠤᠨ᠎ᠠ᠃ ᠡᠭᠦᠨ ᠳᠤ | ᠣᠯᠠᠨ ᠨᠡᠶᠢᠲᠡ ᠶᠢᠨ ᠬᠢᠨ ᠤᠷᠤᠯᠴᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ | ᠲᠣᠭᠲᠠᠭᠠᠬᠤ ᠪᠣᠯ ᠵᠠᠪᠠᠯ ᠭᠦᠢᠴᠡᠳᠬᠡᠬᠦ ᠳᠡᠰ ᠳᠠᠷᠠᠭᠠᠯᠠᠯ ᠮᠥᠨ᠂ ᠠᠯᠢᠪᠠ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠨᠢ ᠴᠥᠮ ᠡᠷᠬᠡᠪᠰᠢ ᠭᠦᠢᠴᠡᠳᠬᠡᠬᠦ ᠬᠡᠷᠡᠭᠲᠡᠢ᠃ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ ᠪᠠ ᠲᠦᠭᠰᠢᠭᠦᠷᠢ ᠶᠢ ᠦᠨᠡᠯᠡᠨ ᠵᠢᠱᠢᠬᠦ ᠨᠢ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠢᠰᠢ᠂ ᠲᠦᠷᠢᠮ | ᠳᠤ᠄ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠰᠢᠶᠳᠪᠦᠷᠢᠲᠦ ᠪᠣᠳᠣᠯᠭ᠎ᠠ | ᠲᠣᠭᠲᠠᠭᠠᠬᠤ ᠵᠦᠶᠯᠡᠰ ᠲᠤ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠳᠡᠰ ᠳᠠᠷᠠᠭᠠᠯᠠᠯ ᠢ ᠭᠦᠶᠴᠡᠳᠬᠡᠬᠦ ᠬᠡᠷᠡᠭᠲᠡᠶ︔ | ᠵᠠᠰᠠᠭ ᠵᠠᠬᠢᠷᠭᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢ ᠨᠡᠶᠢᠭᠡᠮ ᠤᠨ ᠲᠣᠭᠲᠠᠭᠤᠨ᠂ | ᠠᠮᠢ ᠠᠬᠤᠶ ᠶᠢᠨ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠦᠭᠡᠶ | ᠨᠥᠯᠥᠭᠡ ᠪᠣᠯᠵᠤ ᠮᠡᠳᠡᠬᠦ ᠳᠤ ᠬᠦᠷᠪᠡᠯ᠂ ᠲᠦᠭᠰᠢᠭᠦᠷᠢ ᠶᠢ ᠦᠨᠡᠯᠡᠨ ᠵᠢᠱᠢᠬᠦ ᠳᠡᠰ ᠳᠠᠷᠠᠭᠠᠯᠠᠯ ᠢ ᠭᠦᠢᠴᠡᠳᠬᠡᠬᠦ | ᠬᠡᠷᠡᠭᠲᠡᠶ ᠭᠡᠵᠦ ᠲᠤᠭᠲᠠᠭᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠲᠠᠪᠤᠨ ᠶᠡᠭᠡ ᠲᠠᠰ ᠳᠠᠷᠠᠭᠠᠯᠠᠯ ᠢ | ᠭᠦᠶᠴᠡᠳᠬᠡᠬᠦ ᠳᠤ ᠲᠣᠭᠲᠠᠭᠰᠠᠨ ᠳᠠᠷᠠᠭᠠᠯᠠᠯ ᠲᠠᠢ ᠤᠤ︖ | ᠳ᠋ᠠᠶ ᠶᠠᠨ᠄ ᠣᠯᠠᠨ ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ | ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ | ᠲᠣᠭᠲᠠᠭᠠᠬᠤ ᠡᠨᠡ ᠲᠠᠪᠤᠨ ᠶᠡᠭᠡ ᠳᠡᠰ ᠳᠠᠷᠠᠭᠠᠯᠠᠯ ᠨᠢ ᠪᠦᠷᠢᠮᠦᠰᠦᠨ ᠬᠡᠪᠰᠢᠭᠰᠡᠨ ᠴᠤᠪᠤᠷᠠᠯ ᠪᠢᠰᠢ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠡᠬᠢᠯᠡᠭᠦᠯᠬᠦ ᠠᠴᠠ ᠠᠪᠤᠭᠠᠳ ᠭᠠᠷᠭᠠᠬᠤ ᠬᠦᠷᠲᠡᠯ᠎ᠡ᠂ ᠶᠡᠭᠡ | ᠲᠥᠯᠥᠪ ᠰᠢᠶᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠲᠤ᠂ ᠲᠥᠰᠦᠯ ᠤᠨ ᠬᠠᠤᠯᠢ ᠶᠣᠰᠣᠴᠢ ᠴᠢᠨᠠᠷ | ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠬᠤ ᠱᠠᠲᠤ ᠭᠡᠵᠦ ᠬᠤᠪᠢᠶᠠᠵᠤ ᠪᠣᠯᠤᠨ᠎ᠠ᠃ ᠣᠯᠠᠨ ᠨᠡᠶᠢᠲᠡ ᠶᠢᠨ ᠬᠢᠨ | ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠪᠣᠯ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠥᠰᠦᠯ ᠤᠨ ᠪᠣᠶ ᠪᠣᠯᠬᠤ ᠱᠠᠲᠤᠨ ᠤ ᠲᠠᠰ ᠳᠠᠷᠠᠭᠠᠯᠠᠯ ᠪᠣᠯᠤᠨ᠎ᠠ᠂ ᠡᠨᠡ ᠭᠤᠷᠪᠠ ᠶᠢᠨ | ᠬᠤᠭᠤᠷᠣᠨᠳᠣ ᠲᠤᠭᠲᠠᠭᠰᠠᠨ ᠡᠮᠦᠨ᠎ᠡ ᠬᠤᠶᠢᠨᠠᠬᠢ ᠲᠠᠰ ᠳᠠᠷᠠᠭᠠᠯᠠᠯ ᠪᠠᠶᠢᠬᠤ ᠥᠬᠡᠶ᠂ ᠰᠢᠶᠳᠪᠦᠷᠢᠲᠦ ᠪᠣᠳᠣᠯᠭ᠎ᠠ ᠶᠢ | ᠳᠠᠭᠠᠭᠠᠨ ᠠᠪᠴᠤ ᠭᠦᠶᠴᠡᠳᠬᠡᠬᠦ ᠨᠢᠭᠡᠴᠢ ᠨᠢ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠶᠯᠡᠰ ᠤᠨ ᠣᠨᠴᠠᠯᠢᠭ ᠪᠠ | ᠪᠣᠳᠠᠲᠠᠶ ᠬᠡᠷᠡᠭᠴᠡᠭᠡ ᠶᠢ ᠦᠨᠳᠦᠰᠦᠯᠡᠨ ᠡᠵᠡᠮᠰᠢᠵᠦ ᠪᠣᠯᠤᠨ᠎ᠠ᠂ ᠵᠠᠷᠢᠮ ᠲᠠᠰ ᠳᠠᠷᠠᠭᠠᠯᠠᠯ ᠢ ᠳᠠᠬᠢᠨ ᠳᠠᠪᠲᠠᠨ ᠣᠯᠠᠨ | ᠤᠳᠠᠭ᠎ᠠ ᠭᠦᠶᠴᠡᠳᠬᠡᠵᠦ ᠪᠣᠯᠤᠨ᠎ᠠ᠂ ᠵᠢᠱᠢᠶᠡᠯᠡᠪᠡᠯ ᠲᠤᠰᠬᠠᠶ ᠮᠡᠷᠭᠡᠵᠢᠯᠲᠡᠨ ᠢᠶᠠᠷ ᠣᠯᠠᠨ ᠤᠳᠠᠭ᠎ᠠ ᠨᠤᠲᠠᠯᠠᠭᠤᠯᠵᠤ | ᠮᠡᠳᠡᠨ᠎ᠡ᠃ ᠡᠭᠦᠨ ᠠᠴᠠ ᠭᠠᠳᠠᠨ᠎ᠠ᠂ ᠲᠦᠭᠰᠢᠭᠦᠷᠢ ᠶᠢ ᠦᠨᠡᠯᠡᠨ ᠵᠢᠱᠢᠬᠦ ᠶᠢ ᠣᠯᠠᠨ ᠨᠡᠶᠢᠲᠡ ᠶᠢᠨ ᠬᠢᠨ ᠤᠷᠤᠯᠴᠠᠬᠤ᠂ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠲᠠᠢ ᠤᠶᠠᠯᠳᠤᠭᠤᠯᠤᠨ ᠵᠡᠷᠭᠡᠪᠡᠷ ᠵᠣᠬᠢᠶᠠᠨ ᠪᠠᠶᠢᠭᠤᠯᠵᠤ | ᠪᠣᠯᠤᠨ᠎ᠠ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠥᠰᠦᠯ ᠪᠦᠷᠢᠯᠳᠦᠭᠰᠡᠨ ᠤ ᠲᠠᠷᠠᠭ᠎ᠠ᠂ ᠬᠠᠤᠯᠢ ᠶᠣᠰᠣᠴᠢ ᠴᠢᠨᠠᠷ | ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠳᠠᠷᠠᠭᠠᠯᠠᠯ ᠢᠶᠠᠷ ᠶᠠᠪᠤᠭᠳᠠᠭᠤᠯᠬᠤ ᠴᠢᠬᠤᠯᠠ ᠲᠠᠢ᠂ | ᠡᠨᠡ ᠬᠤᠶᠠᠷ ᠳᠡᠰ ᠳᠠᠷᠠᠭᠠᠯᠠᠯ ᠪᠣᠯ ᠡᠷᠬᠡᠪᠰᠢ ᠭᠦᠢᠴᠡᠳᠬᠡᠬᠦ ᠳᠡᠰ ᠳᠠᠷᠠᠭᠠᠯᠠᠯ ᠮᠥᠨ᠃ ᠠᠩᠬᠠᠷᠤᠭᠤᠰᠢᠲᠠᠢ ᠨᠢ᠂ | ᠬᠡᠷᠪᠡ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠳᠤᠮᠳᠠ ᠭᠦᠢᠴᠡᠳᠬᠡᠬᠦ ᠶᠣᠰᠣᠲᠠᠢ ᠪᠠᠶᠢᠲᠠᠯ᠎ᠠ ᠣᠯᠠᠨ | ᠨᠡᠶᠢᠲᠡ ᠶᠢᠨ ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ | ᠳᠡᠰ ᠳᠠᠷᠠᠭᠠᠯᠠᠯ ᠢ ᠭᠦᠢᠴᠡᠳᠬᠡᠭᠰᠡᠨ ᠦᠭᠡᠢ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠨᠢ ᠰᠢᠢᠳᠪᠦᠷᠢᠲᠦ ᠪᠤᠳᠤᠯᠭ᠎ᠠ ᠶᠢ ᠳᠠᠭᠠᠭᠠᠨ ᠭᠦᠢᠴᠡᠳᠭᠡᠬᠦ | ᠨᠢᠭᠡᠴᠢ ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠢ ᠨᠥᠬᠦᠪᠥᠷᠢᠯᠡᠨ ᠭᠦᠢᠴᠡᠳᠬᠡᠭᠦᠯᠬᠦ ᠪᠠᠷ ᠱᠠᠭᠠᠷᠳᠠᠵᠤ ᠪᠣᠯᠤᠨ᠎ᠠ᠃ | ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠲᠠᠪᠤᠨ ᠶᠡᠭᠡ ᠳᠡᠰ ᠳᠠᠷᠠᠭᠠᠯᠠᠯ ᠳᠠᠬᠢ ᠬᠠᠮᠤᠭ ᠡᠴᠦᠰ ᠤᠨ ᠨᠢᠭᠡ ᠳᠡᠰ | ᠳᠠᠷᠠᠭᠠᠯᠠᠯ ᠮᠥᠨ᠂ ᠶᠠᠷᠢᠶᠠᠨ ᠦᠭᠡᠢ ᠬᠠᠮᠲᠤ ᠪᠠᠷ ᠶᠠᠷᠢᠯᠴᠠᠬᠤ ᠦᠶ᠎ᠡ ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠢ | ᠰᠢᠨ᠎ᠡ ᠪᠠᠷ ᠭᠦᠢᠴᠡᠳᠬᠡᠬᠦ ᠪᠤᠶᠤ ᠨᠥᠬᠦᠪᠥᠷᠢᠯᠡᠨ ᠭᠦᠢᠴᠡᠳᠬᠡᠭᠦᠯᠬᠦ ᠪᠠᠷ ᠱᠠᠭᠠᠷᠳᠠᠬᠤ ᠶᠢ ᠦᠭᠡᠶᠢᠰᠬᠡᠬᠦ ᠦᠭᠡᠢ ᠶᠤᠮ᠃ | | | | ᠠᠭᠤᠯᠭ᠎ᠠ ᠶᠢᠨ ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ | | |