ᠤᠰᠤᠨ ᠲᠠᠷᠢᠶ᠎ᠠ
ᠨᠡᠶᠢᠲᠡᠯᠡᠭᠰᠡᠨ ᠴᠠᠭ᠄
2021/3/24
     ᠤᠰᠤᠨ ᠲᠠᠷᠢᠶ᠎ᠠ ᠭᠡᠵᠦ ᠬᠦᠮᠦᠨ ᠤ ᠬᠦᠴᠦ ᠪᠠᠷ ᠤᠰᠤ ᠣᠷᠣᠭᠤᠯᠬᠤ ᠳᠤ ᠲᠦᠰᠢᠭᠯᠡᠵᠦ ᠲᠠᠷᠢᠳᠠᠭ ᠲᠠᠷᠢᠶ᠎ᠠ ᠶᠢ ᠬᠡᠯᠡᠨ᠎ᠡ᠃ ᠭᠤᠤᠯᠳᠠᠭᠤ ᠤᠰᠤᠨ ᠲᠤᠳᠤᠷᠭ᠎ᠠ ᠶᠢ ᠡᠶᠢᠮᠦᠷᠭᠦᠦ ᠠᠷᠭ᠎ᠠ ᠪᠠᠷ ᠲᠠᠷᠢᠳᠠᠭ᠃ ᠬᠤᠯᠪᠤᠭᠳᠠᠯ ᠪᠦᠬᠦᠢ ᠮᠠᠲ᠋ᠧᠷᠢᠶᠠᠯ ᠢ ᠦᠨᠳᠦᠰᠦᠯᠡᠪᠡᠯ᠂ ᠮᠣᠩᠭᠤᠯ ᠭᠠᠵᠠᠷ ᠬᠠᠮᠤᠭ ᠠᠩᠬ᠎ᠠ ᠣᠰᠣᠨ ᠲᠠᠷᠢᠶ᠎ᠠ ᠲᠠᠷᠢᠭᠰᠠᠨ ᠨᠢ 1919 ᠣᠨ ᠳᠤ᠂ ᠵᠢᠷᠢᠮ ᠠᠶᠢᠮᠠᠭ ᠤᠨ ᠬᠠᠷᠠᠬᠤᠰᠢᠭᠤ ᠭᠡᠳᠡᠭ ᠭᠠᠵᠠᠷ ᠲᠤ ᠰᠣᠯᠣᠩᠭᠤᠰ ᠬᠦᠮᠦᠨ ᠲᠤᠳᠤᠷᠭ᠎ᠠ ᠲᠠᠷᠢᠵᠤ ᠡᠬᠢᠯᠡᠭᠰᠡᠨ ᠠᠴᠠ ᠪᠣᠯᠣᠯ᠎ᠠ ᠭᠡᠳᠡᠭ᠃ ᠮᠣᠩᠭᠤᠯ ᠨᠤᠲᠤᠭ ᠲᠤ ᠤᠰᠤᠨ ᠲᠠᠷᠢᠶ᠎ᠠ ᠲᠠᠷᠢᠵᠤ ᠪᠠᠶᠢᠭᠰᠠᠨ ᠪᠣᠯᠪᠠᠴᠤ ᠦᠷᠭᠡᠨ ᠬᠡᠪᠴᠢᠶ᠎ᠡ ᠪᠠᠷ ᠲᠦᠭᠡᠮᠡᠯᠵᠢᠵᠦ ᠴᠢᠳᠠᠭᠰᠠᠨ ᠦᠭᠡᠢ᠂ ᠵᠦᠪᠬᠡᠨ ᠴᠦᠬᠡᠨ ᠭᠠᠵᠠᠷ ᠲᠤ ᠲᠠᠷᠢᠵᠤ ᠪᠠᠶᠢᠭᠰᠠᠨ ᠲᠡᠳᠦᠢ᠃ ᠤᠰᠤᠨ ᠲᠤᠳᠤᠷᠭ᠎ᠠ ᠪᠣᠯ ᠤᠰᠤ ᠪᠠᠷ ᠳᠠᠮᠵᠢᠵᠦ᠂ ᠬᠦᠷᠦᠰᠦ᠂ ᠪᠤᠷᠳᠤᠭ᠎ᠠ᠂ ᠨᠠᠷᠠᠨ ᠤ ᠢᠯᠴᠢ ᠵᠡᠷᠭᠡ ᠠᠴᠠ ᠰᠢᠮ᠎ᠡ ᠲᠡᠵᠢᠭᠡᠯ ᠬᠦᠷᠲᠡᠲᠡᠭ ᠲᠤᠯᠠ ᠤᠰᠤ ᠪᠣᠯ ᠲᠡᠷᠢᠭᠦᠨ ᠴᠢᠬᠤᠯᠠ ᠨᠦᠭᠦᠴᠡᠯ ᠪᠤᠯᠳᠠᠭ ᠪᠠᠶᠢᠨ᠎ᠠ᠃      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号