ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ᠂ | ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠵᠡᠷᠭᠡ 11 ᠰᠠᠯᠠᠭ᠎ᠠ ᠮᠥᠴᠢᠷ ︽ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠦᠷᠭᠡᠳᠬᠡᠨ | ᠪᠦᠳᠦᠭᠡᠨ ᠪᠠᠶᠢᠭᠤᠯᠤᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ | ᠢ ᠳᠠᠷᠤᠮᠠᠯᠯᠠᠨ ᠲᠠᠷᠬᠠᠭᠠᠪᠠ᠃ | ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠮᠠᠷ ᠪᠤᠢ︖ | ᠣᠳᠣᠬᠠᠨ ᠳᠤ᠂ ᠮᠠᠨ ᠤ ᠤᠷᠤᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠤᠨ ᠨᠤᠳᠠᠯᠠᠨ ᠲᠣᠭᠲᠠᠭᠠᠭᠰᠠᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 2.2 ᠲᠦᠮᠡ ᠳᠤ | ᠬᠦᠷᠴᠦ᠂ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 2300 ᠭᠠᠷᠤᠶ ᠪᠣᠯᠪᠠ᠃ ᠭᠡᠪᠡᠴᠦ | ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠨᠢ ᠬᠥᠭᠵᠢᠯᠲᠡ ᠶᠢᠨ ᠡᠬᠢᠨ ᠤ ᠱᠠᠲᠤᠨ ᠳᠤ ᠣᠷᠣᠰᠢᠵᠤ᠂ ᠪᠠᠰᠠ | ᠲᠥᠷᠥ ᠶᠢᠨ ᠪᠣᠳᠣᠯᠭ᠎ᠠ ᠶᠢᠨ ᠰᠢᠰᠲ᠋ᠧᠮ ᠲᠡᠬᠦᠯᠳᠡᠷ ᠪᠤᠰᠤ᠂ ᠬᠠᠮᠢᠶᠠᠷᠤᠯᠲᠠ ᠶᠢᠨ ᠲᠦᠷᠢᠮ ᠵᠢᠷᠤᠮᠵᠢᠯ ᠥᠬᠡᠶ᠂ | ᠦᠢᠯᠡᠴᠢᠯᠡᠭᠡᠨ ᠤ ᠰᠢᠰᠲ᠋ᠧᠮ ᠲᠡᠭᠦᠯᠳᠡᠷ ᠪᠤᠰᠤ ᠵᠡᠷᠭᠡ ᠠᠰᠠᠭᠤᠳᠠᠯ ᠲᠤᠯᠭᠠᠷᠠᠵᠤ ᠪᠤᠢ᠃ ︽ᠰᠠᠨᠠᠯ︾ ᠳᠤ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠵᠢᠱᠢᠶ᠎ᠡ ᠦᠵᠡᠭᠦᠯᠤᠨ ᠡᠭᠦᠳᠦᠨ ᠪᠠᠶᠢᠭᠤᠯᠬᠤ ᠪᠠᠷ ᠭᠠᠷᠳᠠᠴᠠ | ᠪᠣᠯᠭᠠᠵᠤ᠂ ᠵᠢᠯᠤᠭᠤᠳᠤᠨ ᠦᠢᠯᠡᠴᠢᠯᠡᠬᠦ ᠲᠣᠭᠲᠠᠴᠠ ᠶᠢ ᠪᠠᠶᠢᠭᠤᠯᠤᠨ ᠲᠡᠬᠦᠯᠳᠡᠷᠵᠢᠬᠦᠯᠬᠦ ᠪᠠᠷ ᠲᠤᠯᠭᠠᠭᠤᠷᠢ ᠪᠣᠯᠭᠠᠵᠤ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠪᠠᠲᠤᠯᠠᠭ᠎ᠠ ᠪᠣᠯᠭᠠᠵᠤ᠂ ᠪᠦᠳᠦᠭᠡᠨ | ᠪᠠᠶᠢᠭᠤᠯᠬᠤ ᠪᠠ ᠬᠠᠮᠢᠶᠠᠷᠬᠤ ᠶᠢ ᠴᠢᠩᠭᠠᠳᠬᠠᠬᠤ᠂ ᠵᠢᠱᠢᠶ᠎ᠡ ᠦᠵᠡᠭᠦᠯᠤᠨ ᠬᠥᠲᠥᠯᠦᠨ ᠳᠠᠭᠠᠭᠤᠯᠬᠤ ᠶᠢ | ᠴᠢᠩᠭᠠᠷᠠᠭᠤᠯᠬᠤ᠂ ᠲᠡᠳᠬᠦᠨ ᠳᠡᠮᠵᠢᠬᠦ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ 18 | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ 2022 ᠣᠨ ᠪᠣᠯᠬᠤ ᠳᠤ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ | ᠪᠤᠯᠤᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠪᠠ ᠳᠠᠶᠢᠴᠢᠯᠠᠬᠤ ᠴᠢᠳᠠᠪᠤᠷᠢ ᠶᠢ | ᠪᠠᠬᠢᠵᠢᠬᠦᠯᠦᠨ ᠳᠡᠭᠡᠭᠰᠢᠯᠡᠭᠦᠯᠵᠦ᠂ ᠰᠢᠶᠠᠨ ᠤ ᠱᠠᠲᠤᠨ ᠠᠴᠠ ᠳᠡᠭᠡᠭᠰᠢᠬᠢ ᠵᠢᠱᠢᠶᠡᠴᠢ ᠬᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠶᠢ 4000 ᠳᠤ ᠬᠦᠷᠭᠡᠬᠦ ᠪᠠᠷ ᠴᠢᠷᠮᠠᠶᠢᠨ᠎ᠠ ᠬᠡᠪᠡ᠃ | ᠬᠤᠶᠠᠷ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠡᠷᠬᠢᠨ ᠪᠦᠳᠦᠭᠡᠨ ᠪᠠᠶᠢᠭᠤᠯᠬᠤ ᠪᠠ | ᠰᠠᠶᠢᠳᠤᠷ ᠬᠠᠮᠢᠶᠠᠷᠬᠤ ᠪᠣᠶ︖ | ᠨᠢᠭᠡ ᠳᠤ᠂ ᠬᠦᠮᠦᠵᠢᠬᠦᠯᠬᠦ ᠡᠲᠡᠭᠡᠳ ᠢ ᠲᠣᠳᠣᠷᠬᠠᠶᠢᠯᠠᠨ᠎ᠠ᠃ ᠲᠠᠷᠢᠵᠤ ᠲᠡᠵᠢᠭᠡᠬᠦ ᠲᠣᠮᠣ ᠡᠷᠦᠬᠡ ᠪᠣᠯᠤᠨ | ᠲᠤᠰᠬᠠᠶ ᠮᠡᠷᠭᠡᠵᠢᠯ ᠤᠨ ᠲᠣᠮᠣ ᠡᠷᠦᠬᠡ ᠶᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠪᠦᠳᠦᠭᠡᠨ | ᠪᠠᠶᠢᠭᠤᠯᠬᠤ ᠬᠡᠪᠴᠢᠶᠡᠨ ᠳᠤ ᠣᠷᠣᠭᠤᠯᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠣᠯᠭᠠᠨ | ᠬᠥᠭᠵᠢᠭᠦᠯᠬᠦ ᠶᠢ ᠲᠡᠮᠵᠢᠨ᠎ᠠ᠃ ᠬᠤᠶᠠᠷ ᠲᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠵᠡᠩᠨᠡᠯᠲᠡ ᠶᠢᠨ | ᠬᠡᠪᠴᠢᠶ᠎ᠡ ᠶᠢ ᠲᠤᠭᠳᠠᠭᠠᠨ᠎ᠠ᠃ ᠬᠤᠰᠢᠭᠤ ᠰᠢᠶᠠᠨ ᠢᠶᠠᠷ ᠨᠢᠭᠡᠴᠢ ᠪᠣᠯᠭᠠᠨ᠂ ᠲᠤᠰ ᠭᠠᠵᠠᠷ ᠣᠷᠣᠨ ᠤ ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠭᠠᠵᠠᠷ ᠰᠢᠷᠣᠶ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠬᠡᠪᠴᠢᠶ᠎ᠡ | ᠪᠣᠯᠤᠨ ᠮᠠᠯ ᠠᠷᠠᠴᠢᠯᠠᠨ ᠲᠡᠵᠢᠭᠡᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠪᠴᠢᠶ᠎ᠡ ᠨᠢ | ᠵᠣᠬᠢᠰᠲᠠᠶ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠦᠭᠵᠢᠬᠦᠯᠦᠨ᠎ᠠ᠃ ᠭᠤᠷᠪᠠ ᠳᠤ᠂ ᠡᠯ᠎ᠡ | ᠲᠥᠷᠥᠯ ᠤᠨ ᠴᠢᠳᠠᠪᠤᠷᠢᠲᠠᠨ ᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠡᠯᠡᠪᠡᠢ ᠡᠬᠦᠳᠦᠨ ᠪᠠᠶᠢᠭᠤᠯᠬᠤ ᠶᠢ | ᠵᠤᠷᠢᠭᠵᠢᠭᠤᠯᠤᠨ᠎ᠠ᠃ ᠬᠥᠳᠡᠭᠡ ᠲᠣᠰᠬᠤᠨ ᠤ ᠲᠤᠰ ᠭᠠᠵᠠᠷ ᠤᠨ ᠴᠢᠳᠠᠪᠤᠷᠢᠳᠡᠨ᠂ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠪᠤᠶᠤ ᠨᠤᠲᠤᠭ ᠲᠠᠭᠠᠨ ᠠᠴᠢ ᠬᠠᠷᠢᠭᠤᠯᠬᠤ ᠬᠦᠰᠡᠯ ᠡᠷᠡᠮᠡᠯᠵᠡᠯ ᠲᠠᠢ | ᠭᠠᠳᠠᠭᠰᠢ ᠭᠠᠷᠤᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠶᠡᠭᠡ | ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠬᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠶᠢ ᠳᠠᠭᠠᠭᠤᠯᠤᠨ ᠡᠷᠬᠢᠯᠡᠬᠦ ᠶᠢ ᠬᠦᠳᠦᠯᠦᠨ ᠵᠢᠯᠤᠭᠤᠳᠤᠨ᠎ᠠ᠃ ᠳᠥᠷᠪᠡ ᠳᠤ᠂ | ᠦᠨᠡᠯᠡᠨ ᠲᠣᠭᠲᠠᠭᠠᠵᠤ ᠪᠦᠷᠢᠳᠬᠡᠨ ᠳᠠᠩᠰᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠬᠢᠨᠠᠨ ᠵᠥᠪᠰᠢᠶᠡᠷᠡᠬᠦ | ᠳᠡᠰ ᠳᠠᠷᠠᠭᠠᠯᠠᠯ ᠢ ᠳᠥᠭᠦᠮᠴᠢᠯᠡᠵᠦ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠠᠭᠤᠵᠢᠭᠤ ᠲᠠᠯᠪᠢᠵᠤ᠂ ᠦᠨᠡᠯᠡᠨ | ᠲᠤᠭᠳᠠᠭᠠᠬᠤ ᠬᠠᠮᠢᠶᠠᠷᠤᠯᠲᠠ ᠶᠢ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ ᠠᠯᠬᠤᠮ | ᠠᠯᠬᠤᠮ ᠢᠶᠠᠷ ᠪᠡᠶᠡᠯᠡᠬᠦᠯᠦᠨ᠎ᠠ᠃ ᠲᠠᠪᠤ ᠳᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠡᠷᠡᠰ ᠤᠨ | ᠵᠢᠭᠰᠠᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢᠨ | ᠳᠦᠷᠢᠮ ᠢ ᠲᠦᠷᠭᠡᠳᠬᠡᠨ ᠪᠠᠶᠢᠭᠤᠯᠵᠤ᠂ ᠨᠥᠬᠦᠴᠡᠯ ᠳᠤ ᠨᠡᠶᠢᠴᠡᠬᠦ ᠲᠠᠷᠢᠵᠤ ᠲᠡᠵᠢᠭᠡᠬᠦ ᠲᠣᠮᠣ ᠡᠷᠦᠬᠡ᠂ ᠲᠤᠰᠬᠠᠶ | ᠮᠡᠷᠭᠡᠵᠢᠯ ᠤᠨ ᠲᠣᠮᠣ ᠡᠷᠦᠬᠡ ᠶᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠡᠪᠴᠢᠶᠡᠨ ᠳᠤ | ᠣᠷᠣᠭᠤᠯᠵᠤ᠂ ᠪᠦᠬᠦᠨ ᠢ ᠪᠦᠬᠦ ᠤᠯᠤᠰ ᠤᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠨᠡᠷᠡᠰ ᠤᠨ | ᠵᠢᠭᠰᠠᠭᠠᠯᠲᠠ ᠶᠢᠨ ᠰᠢᠰᠲ᠋ᠧᠮ ᠳᠤ ᠲᠠᠭᠯᠠᠨ ᠮᠡᠳᠡᠬᠦᠯᠦᠨ᠎ᠠ᠃ | ᠭᠤᠷᠪᠠ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠬᠡᠷᠬᠢᠨ ᠴᠢᠩᠭᠠᠳᠬᠠᠬᠤ ᠪᠣᠶ︖ | ᠨᠢᠭᠡ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ | ᠠᠬᠢᠭᠤᠯᠤᠨ᠎ᠠ᠃ ᠡᠯ᠎ᠡ ᠲᠥᠷᠥᠯ ᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠢᠱᠢᠶ᠎ᠠ ᠦᠵᠡᠬᠦᠯᠬᠦ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠭᠤᠶᠤᠴᠢᠯᠠᠨ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ | ᠬᠤᠭᠤᠴᠠᠭ᠎ᠠ ᠪᠦᠯᠦᠭ ᠬᠤᠪᠢᠶᠠᠨ ᠪᠡᠯᠡ ᠮᠥᠩᠭᠦ ᠪᠤᠯᠤᠨ ᠲᠥᠷᠥᠯ ᠵᠦᠢᠯ ᠤᠨ ᠲᠡᠳᠬᠦᠮᠵᠢ ᠣᠯᠭᠤᠨ᠎ᠠ᠃ ᠬᠤᠶᠠᠷ ᠲᠤ᠂ | ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠢᠱᠢᠶ᠎ᠠ ᠦᠵᠡᠬᠦᠯᠬᠦ ᠰᠢᠶᠠᠨ ᠢ ᠡᠭᠦᠳᠦᠨ ᠪᠠᠶᠢᠭᠤᠯᠬᠤ ᠶᠢ | ᠥᠷᠨᠢᠭᠦᠯᠦᠨ᠎ᠡ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠢᠱᠢᠶ᠎ᠠ ᠦᠵᠡᠬᠦᠯᠬᠦ ᠬᠤᠰᠢᠭᠤ ᠰᠢᠶᠠᠨ ᠢ | ᠡᠭᠦᠳᠦᠨ ᠪᠠᠶᠢᠭᠤᠯᠬᠤ ᠶᠢ ᠳᠠᠮᠵᠢᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠥᠭᠵᠢᠯᠲᠡ ᠶᠢᠨ | ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ ᠭᠤᠷᠪᠠ ᠳᠤ᠂ ᠨᠡᠶᠢᠲᠡᠯᠢᠭ ᠲᠤᠷᠰᠢᠯᠭ᠎ᠠ ᠶᠢ ᠳ᠋ᠦᠩᠨᠡᠨ | ᠳᠡᠯᠭᠡᠷᠡᠭᠦᠯᠦᠨ᠎ᠡ᠃ ᠠᠳᠠᠯᠢ ᠪᠤᠰᠤ ᠲᠥᠷᠥᠯ ᠬᠡᠯᠪᠡᠷᠢ ᠶᠢᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ | ᠬᠥᠭᠵᠢᠯᠲᠡ ᠶᠢᠨ ᠥᠯᠢᠭᠡᠷ ᠵᠢᠱᠢᠶ᠎ᠡ ᠶᠢ ᠪᠣᠶ ᠪᠣᠯᠭᠠᠵᠤ᠂ ᠰᠠᠶᠢᠨ ᠲᠤᠷᠰᠢᠯᠭ᠎ᠠ ᠰᠠᠶᠢᠨ ᠵᠠᠭᠪᠤᠷ ᠢ ᠳ᠋ᠦᠩᠨᠡᠨ | ᠳᠡᠯᠭᠡᠷᠡᠭᠦᠯᠦᠨ᠎ᠡ᠃ ᠳᠥᠷᠪᠡ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠷᠰᠢᠭᠰᠠᠨ | ᠡᠵᠡᠩᠨᠡᠯᠳᠡ ᠶᠢ ᠬᠦᠭᠵᠢᠬᠦᠯᠬᠦ ᠶᠢ ᠠᠬᠢᠭᠤᠯᠤᠨ᠎ᠠ᠃ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠦᠳᠦᠯᠦᠨ | ᠵᠢᠯᠤᠭᠤᠳᠴᠤ ᠪᠠᠶᠢᠭᠠᠳ ᠮᠠᠯᠴᠢᠨ ᠲᠠᠷᠢᠶᠠᠴᠢᠨ ᠤ ᠬᠤᠷᠰᠢᠶ᠎ᠠ ᠶᠢ ᠲᠠᠭᠠᠭᠤᠯᠤᠨ ᠡᠷᠬᠢᠯᠡᠬᠦ ᠪᠤᠶᠤ ᠬᠤᠷᠰᠢᠶ᠎ᠠ ᠳᠤ | ᠤᠷᠤᠯᠴᠠᠭᠤᠯᠵᠤ᠂ ᠲᠠᠭᠠᠭᠤᠯᠤᠭᠴᠢ ᠠᠵᠤ ᠠᠬᠤᠶᠢᠯᠠᠯ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠯᠤᠭ᠎ᠠ ᠬᠠᠮᠲᠤᠷᠠᠯᠴᠠᠬᠤ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠭᠦᠯᠵᠦ᠂ ᠬᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠡᠶᠢᠭᠡᠮᠯᠢᠭ ᠪᠤᠶᠤ ᠬᠤᠯᠪᠣᠭ᠎ᠠ ᠪᠠᠶᠢᠭᠤᠯᠬᠤ ᠶᠢ ᠵᠣᠷᠢᠭᠵᠢᠭᠤᠯᠤᠨ᠎ᠠ᠃ | ᠳᠥᠷᠪᠡ᠂ ᠶᠠᠮᠠᠷ ᠶᠠᠮᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ | ᠲᠡᠭᠦᠯᠳᠡᠷᠵᠢᠭᠦᠯᠦᠭᠰᠡᠨ ᠪᠣᠶ︖ | ᠨᠢᠭᠡ ᠳᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠭᠠᠵᠠᠷ ᠰᠢᠷᠣᠶ ᠶᠢᠨ ᠡᠵᠡᠩᠨᠡᠯᠳᠡ ᠶᠢᠨ | ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ | ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠬᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠲᠡᠶᠢᠰᠢ ᠡᠮᠬᠢ ᠵᠢᠷᠤᠮ ᠲᠠᠢ ᠪᠠᠷ ᠰᠢᠯᠵᠢᠬᠦᠯᠬᠦ ᠶᠢ ᠵᠣᠷᠢᠭᠵᠢᠭᠤᠯᠤᠨ᠎ᠠ᠃ | ᠬᠤᠶᠠᠷ ᠲᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠰᠠᠭᠤᠷᠢ ᠲᠦᠬᠦᠭᠡᠷᠤᠮᠵᠢ ᠶᠢᠨ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠴᠢᠬᠤᠯᠠ ᠪᠦᠬᠦᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ᠂ ᠣᠨᠴᠠᠯᠢᠭᠲᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠪᠣᠯᠤᠨ ᠣᠳᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ | ᠲᠥᠪᠯᠡᠷᠡᠭᠦᠯᠦᠨ ᠴᠢᠬᠢ ᠪᠤᠶᠢᠵᠢᠭᠤᠯᠬᠤ᠂ ᠬᠥᠮᠥᠷᠭᠡᠯᠡᠨ ᠬᠠᠳᠠᠭᠠᠯᠠᠬᠤ᠂ ᠬᠠᠳᠠᠭᠠᠬᠤ ᠵᠢᠴᠢ ᠰᠢᠨ᠎ᠡ ᠰᠣᠷᠭᠤᠭ ᠢᠶᠠᠷ | ᠬᠠᠳᠠᠭᠠᠯᠠᠬᠤ ᠬᠥᠮᠥᠷᠭᠡ ᠵᠡᠷᠭᠡ ᠰᠠᠭᠤᠷᠢ ᠲᠦᠬᠦᠭᠡᠷᠤᠮᠵᠢ ᠶᠢ ᠥᠪᠡᠰᠦᠪᠡᠨ ᠪᠠᠶᠢᠭᠤᠯᠬᠤ ᠪᠤᠶᠤ ᠬᠠᠮᠲᠤᠪᠠᠷ | ᠪᠠᠶᠢᠭᠤᠯᠬᠤ ᠶᠢ ᠵᠣᠷᠢᠭᠵᠢᠭᠤᠯᠤᠨ᠎ᠠ᠃ ᠭᠤᠷᠪᠠ ᠳᠤ᠂ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢᠨ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠲᠥᠪ ᠤᠨ ᠨᠦᠬᠦᠪᠤᠷᠢ ᠶᠢᠨ ᠪᠡᠯᠡ ᠮᠥᠩᠭᠦ ᠶᠢ | ᠨᠠᠶᠢᠳᠠᠪᠤᠷᠢᠵᠢᠭᠤᠯᠵᠤ᠂ ᠨᠥᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠲᠥᠰᠦᠪ ᠤᠨ | ᠪᠡᠯᠡ ᠮᠥᠩᠭᠦ ᠲᠣᠬᠢᠷᠠᠭᠤᠯᠬᠤ ᠶᠢ ᠵᠤᠷᠢᠭᠵᠢᠭᠤᠯᠵᠤ᠂ ᠱᠠᠩᠨᠠᠬᠤ ᠪᠠᠷ ᠨᠦᠬᠦᠪᠤᠷᠢᠯᠡᠬᠦ ᠶᠢ ᠣᠷᠣᠯᠠᠭᠤᠯᠬᠤ ᠵᠡᠷᠭᠡ ᠠᠷᠭ᠎ᠠ | ᠬᠡᠯᠪᠡᠷᠢ ᠶᠢ ᠠᠪᠴᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢ ᠲᠡᠳᠬᠦᠬᠦ ᠶᠢᠨ | ᠬᠠᠮᠲᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠠᠰᠢᠭ ᠬᠦᠷᠲᠡᠬᠦ ᠬᠡᠪᠴᠢᠶ᠎ᠡ ᠶᠢ ᠵᠢᠯ ᠲᠠᠷᠠᠭᠠᠯᠠᠨ | ᠦᠷᠭᠡᠳᠭᠡᠨ᠎ᠠ᠃ | ᠲᠠᠪᠤ᠂ ᠪᠤᠯᠪᠠᠰᠤᠷᠠᠯ ᠤᠨ ᠦᠢᠯᠡᠴᠢᠯᠡᠭᠡᠨ ᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖ | ᠨᠢᠭᠡ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠬᠠᠨᠳᠤᠭᠤᠯᠤᠭᠰᠠᠨ ᠨᠡᠶᠢᠭᠡᠮᠴᠢᠯᠡᠭᠰᠡᠨ | ᠤᠢᠢᠯᠡᠴᠢᠯᠡᠭᠡ ᠶᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠪᠠᠶᠢᠭᠤᠯᠤᠮᠵᠢ ᠠᠴᠠ | ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠮᠡᠷᠭᠡᠵᠢᠯ ᠳᠡᠯᠭᠡᠷᠡᠭᠦᠯᠬᠦ᠂ ᠶᠠᠰᠤ ᠴᠢᠨᠠᠷ ᠢ ᠪᠠᠶᠢᠴᠠᠭᠠᠨ | ᠰᠢᠯᠭᠠᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠠᠴᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ᠂ | ᠰᠡᠷᠭᠡᠶᠢᠯᠡᠬᠦ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠬᠤᠶᠠᠷ ᠲᠤ᠂ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢ ᠶᠢᠨ ᠪᠤᠯᠪᠠᠰᠤᠷᠠᠯ ᠢ ᠥᠷᠨᠢᠭᠦᠯᠦᠨ᠎ᠡ᠃ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠭᠴᠢᠳ ᠤᠨ ᠪᠤᠯᠪᠠᠰᠤᠷᠠᠯ ᠢ ᠬᠦᠳᠡᠭᠡ ᠠᠵᠤ ᠠᠬᠤᠢ ᠳᠤ | ᠬᠤᠯᠪᠣᠭᠳᠠᠬᠤ ᠪᠤᠯᠪᠠᠰᠤᠷᠠᠯ ᠤᠨ ᠴᠢᠬᠤᠯᠠ ᠡᠭᠦᠷᠭᠡ ᠪᠣᠯᠭᠠᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢᠨ ᠬᠥᠭᠵᠢᠯᠲᠡ ᠶᠢᠨ ᠴᠢᠳᠠᠪᠤᠷᠢ ᠶᠢ ᠬᠦᠴᠦᠯᠡᠨ ᠲᠡᠭᠡᠭᠰᠢᠯᠡᠬᠦᠯᠦᠨ᠎ᠠ᠃ ᠭᠤᠷᠪᠠ ᠳᠤ᠂ ᠬᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠮᠥᠩᠭᠦᠨ ᠬᠦᠢᠯᠭᠡᠭᠡ ᠳᠠᠭᠠᠳᠬᠠᠯ ᠤᠨ ᠦᠢᠯᠡᠴᠢᠯᠡᠭᠡ ᠶᠢ | ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠳᠤ ᠴᠢᠭᠯᠡᠭᠦᠯᠦᠨ ᠲᠤᠰᠬᠠᠶ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ | ᠵᠤᠷᠢᠭᠵᠢᠭᠤᠯᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠡᠷᠡᠭᠴᠡᠭᠡ ᠱᠠᠭᠠᠷᠳᠠᠯᠭ᠎ᠠ ᠶᠢ | ᠪᠦᠲᠦᠮᠵᠢᠲᠡᠶ ᠬᠠᠩᠭᠠᠨ᠎ᠠ᠃ ᠳᠥᠷᠪᠡ ᠳᠤ᠂ ︽ᠢᠨᠲ᠋ᠧᠷ ᠰᠦᠯᠵᠢᠶ᠎ᠡ +︾ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠢ ᠶᠢ ᠬᠥᠭᠵᠢᠭᠦᠯᠬᠦ ᠶᠢ ᠳᠠᠮᠵᠢᠨ᠎ᠠ᠃ ᠢᠨᠲ᠋ᠧᠷ ᠰᠦᠯᠵᠢᠶ᠎ᠡ ᠶᠢ ᠲᠤᠰᠬᠤᠨ ᠪᠠ ᠡᠷᠦᠬᠡ ᠳᠤ ᠣᠷᠣᠭᠤᠯᠬᠤ | ᠢᠨᠵᠧᠨᠧᠷᠢᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ | ᠡᠵᠡᠩᠨᠡᠭᠴᠢ ᠶᠢᠨ ᠢᠨᠲ᠋ᠧᠷ ᠰᠦᠯᠵᠢᠶᠡᠨ ᠤ ᠬᠡᠷᠡᠭᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ |