ᠥᠪᠥᠷ ᠵᠠᠰᠠᠭ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ | | ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ | ︵2020 - 2022 ᠣᠨ︶︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠬᠤᠯᠪᠣᠭᠳᠠᠯ ᠪᠦᠬᠦᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠤᠨᠨᠳᠠᠯ ᠪᠦᠭᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ | ︵2020 - 2022 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ | 2020 ᠣᠨ ᠤ 12 ᠳ᠋ᠤᠭᠠᠷ ᠰᠠᠷ᠎ᠠ ᠶᠢᠨ 10 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ | ᠠᠵᠢᠯᠯᠠᠭᠠᠨ ᠤ ᠲᠥᠰᠥᠯ ︵2020 - 2022 ᠣᠨ︶ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠡᠨ | ᠬᠦ ᠪᠣᠲᠠᠲᠠᠢ ᠦᠷ᠎ᠡ ᠪᠦᠲᠦᠮᠵᠢ ᠣᠯᠬᠤ ᠶᠢ ᠪᠠᠳᠣᠯᠠᠬᠤ ᠶᠢᠨ ᠲᠤᠰᠠᠳᠠ᠂ ᠦᠪᠡᠷᠳᠡᠬᠡᠨ ᠵᠠᠰᠠᠬᠤ ᠣᠷᠣᠨ ᠤ | ᠪᠣᠲᠠᠲᠠᠢ ᠲᠠᠢ ᠪᠠᠨ ᠤᠶᠠᠯᠳᠤᠭᠤᠯᠵᠤ᠂ ᠲᠤᠰ ᠲᠦᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ᠂ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠡᠷᠢᠭ᠌ᠰᠠᠨ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠠᠵᠤ | ᠦᠢᠯᠡᠰ ᠨᠢ ᠥᠷᠨᠢᠩᠭᠦᠢ ᠬᠥᠭᠵᠢᠭᠰᠡᠨ᠂ ᠠᠮᠢ ᠠᠬᠤᠢ ᠨᠢ ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠰᠤᠨ ᠤ | ᠰᠤᠷᠲᠠᠯ ᠨᠢ ᠪᠣᠯᠪᠠᠰᠤᠨ᠂ ᠴᠡᠭᠴᠡᠯᠡᠵᠦ ᠵᠠᠰᠠᠭᠰᠠᠨ ᠨᠢ ᠪᠦᠲᠦᠮᠵᠢ ᠰᠠᠶᠢᠲᠠᠢ᠂ ᠠᠵᠤ ᠠᠮᠢᠳᠤᠷᠠᠯ ᠨᠢ ᠪᠠᠶᠠᠨ | ᠴᠢᠨᠡᠭᠡᠯᠢᠭ︾ ᠪᠠᠶᠢᠯᠭᠠᠬᠤ ᠶᠡᠷᠦᠩᠬᠡᠢ ᠱᠠᠭᠠᠷᠳᠠᠯᠭ᠎ᠠ ᠶᠣᠰᠣᠭᠠᠷ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠶᠢ ᠠᠬᠢᠭᠤᠯᠬᠤ᠂ ᠳᠠᠪᠠᠭᠤᠯᠢᠭ ᠣᠨᠴᠠᠯᠢᠭ ᠲᠠᠢ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ᠂ | ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠨᠥᠬᠦᠪᠦᠷᠢᠯᠡᠨ ᠪᠦᠷᠢᠨᠰᠢᠭᠦᠯᠬᠦ ᠵᠡᠷᠭᠡ ᠭᠤᠣᠯᠳᠠᠯᠭ᠎ᠠ ᠪᠣᠯᠬᠤ ᠠᠵᠢᠯ ᠢᠶᠠᠨ ᠨᠢᠭᠡᠳᠦᠯᠲᠡᠢ ᠲᠥᠯᠥᠪᠯᠡᠵᠦ᠂ ᠠᠮᠢ | ᠠᠬᠤᠢ ᠶᠢ ᠤᠷᠢᠳ ᠢᠶᠠᠷ ᠪᠤᠳᠤᠯᠬᠢᠯᠠᠵᠦ ᠪᠣᠬᠢᠷᠳᠣᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠮᠠᠯᠵᠢᠬᠤ | ᠣᠷᠣᠨ ᠤ ᠴᠢᠨᠠᠷ ᠰᠠᠶᠢᠲᠠᠢ ᠭᠦᠭᠵᠢᠯᠲᠡ ᠶᠢᠨ ᠰᠢᠨ᠎ᠡ ᠵᠠᠮ ᠢ ᠡᠩ ᠲᠡᠷᠢᠬᠦᠨ ᠳᠤ ᠰᠦᠪᠡᠭᠴᠢᠯᠡᠨ᠎ᠡ᠃ | ︵ᠬᠤᠶᠠᠷ︶ ᠦᠨᠳᠦᠰᠦᠨ ᠵᠠᠷᠴᠢᠮ᠃ | 1. ᠠᠮᠢ ᠠᠬᠤᠢ ᠶᠢ ᠤᠷᠢᠳ ᠢᠶᠠᠷ ᠪᠣᠳᠣᠯᠬᠢᠯᠠᠵᠦ ᠪᠣᠬᠢᠷᠳᠣᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ᠠᠮᠢ | ᠠᠬᠤᠢ ᠶᠢᠨ ᠳᠣᠭᠲᠠᠯ ᠬᠦᠴᠦᠨ ᠢ ᠪᠠᠲᠤᠯᠠᠨ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ | ᠠᠬᠤᠢ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠦᠨᠳᠦᠰᠦᠨ ᠨᠤᠲᠤᠭ | ᠪᠡᠯᠴᠢᠭᠡᠷ ᠢ ᠬᠠᠮᠠᠭᠠᠯᠠᠬᠤ᠂ ᠪᠠᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠰᠡᠯᠭᠦᠬᠦ᠂ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠬᠢᠨᠠᠨ ᠰᠢᠨᠵᠢᠵᠦ ᠦᠨᠡᠯᠡᠬᠦ ᠳᠥᠷᠪᠡᠨ | ᠵᠦᠢᠯ ᠤᠨ ᠦᠨᠳᠦᠰᠦᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ | ᠬᠥᠭᠵᠢᠯᠲᠡ ᠶᠢᠨ ᠠᠷᠭ᠎ᠠ ᠬᠡᠯᠪᠡᠷᠢ ᠶᠢ ᠢᠳᠡᠪᠬᠢᠲᠡᠢ ᠬᠤᠪᠢᠷᠠᠭᠠᠨ᠂ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ | ᠠᠰᠢᠭᠯᠠᠵᠤ᠂ ᠮᠠᠯᠵᠢᠬᠤ ᠣᠷᠣᠨ ᠤ ᠠᠵᠤ ᠠᠬᠤᠢ ᠬᠢᠭᠡᠳ ᠬᠥᠮᠥᠨ ᠠᠮᠠ᠂ ᠡᠬᠢ ᠪᠠᠶᠠᠯᠢᠭ᠂ ᠣᠷᠴᠢᠨ ᠠᠬᠤᠢ ᠶᠢᠨ | ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | 2. ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠣᠨᠴᠠᠯᠢᠭ ᠢ ᠨᠢ ᠳᠣᠪᠤᠶᠢᠯᠭᠠᠬᠤ ᠶᠢ ᠪᠠᠷᠢᠮᠲᠠᠯᠠᠨ᠎ᠠ᠃ | ᠮᠠᠯᠵᠢᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠨᠥᠬᠦᠴᠡᠯ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ᠂ ᠡᠬᠢ ᠪᠠᠶᠠᠯᠢᠭ ᠣᠷᠴᠢᠨ ᠲᠣᠭᠤᠷᠢᠨ ᠤ ᠪᠠᠶᠢᠳᠠᠯ᠂ ᠲᠡᠦᠬᠡ ᠰᠣᠶᠣᠯ ᠤᠨ ᠤᠯᠠᠮᠵᠢᠯᠠᠯ ᠵᠡᠷᠭᠡ | ᠡᠯᠧᠮᠧᠨ᠋ᠲ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠥᠯᠥᠪᠵᠢᠭᠦᠯᠭᠡ ᠶᠢᠨ ᠲᠥᠰᠥᠯ ᠢ ᠵᠣᠬᠢᠰᠲᠠᠢ ᠲᠣᠭᠲᠠᠭᠠᠨ᠂ | ᠲᠤᠷᠰᠢᠯᠲᠠ ᠶᠢᠨ ᠴᠡᠭ ᠤᠨ ᠬᠠᠷᠠᠯᠲᠠ ᠪᠠ ᠠᠵᠢᠯ ᠤᠨ ᠭᠤᠣᠯᠳᠠᠯᠭ᠎ᠠ ᠶᠢ ᠲᠣᠳᠣᠷᠬᠠᠢ ᠲᠣᠭᠲᠠᠭᠠᠵᠤ᠂ | ᠵᠥᠷᠢᠶᠡᠵᠢᠭᠦᠯᠦᠨ ᠠᠬᠢᠭᠤᠯᠤᠨ᠎ᠠ᠂ ᠡᠨᠡ ᠬᠦ ᠠᠵᠢᠯ ᠢ ︽ᠨᠢᠭᠡ ᠠᠳᠠᠯᠢ︾ ︽ᠠᠯᠬᠤᠮ ᠨᠢᠭᠡᠲᠡᠢ︾ ᠪᠠᠶᠢᠯᠭᠠᠬᠤ | ᠪᠢᠰᠢ᠂ ᠲᠤᠬᠠᠢ ᠶᠢᠨ ᠭᠠᠵᠠᠷ ᠤᠨ ᠪᠣᠳᠠᠲᠠᠢ ᠳᠤ ᠨᠢ ᠲᠣᠬᠢᠷᠠᠬᠤ ᠶᠢ ᠦᠨᠡᠨ ᠬᠦ ᠪᠠᠲᠤᠯᠠᠨ᠂ ᠮᠠᠯᠵᠢᠬᠤ ᠣᠷᠣᠨ ᠤ | ᠣᠨᠴᠠᠯᠢᠭ ᠢ ᠢᠯᠡᠷᠡᠭᠦᠯᠦᠨ᠎ᠡ᠃ | 3. ᠲᠤᠷᠰᠢᠯᠲᠠ ᠶᠢᠨ ᠴᠡᠭ ᠲᠤ ᠤᠷᠢᠳ ᠢᠶᠠᠷ ᠬᠡᠷᠡᠭᠵᠢᠭᠦᠯᠵᠦ ᠴᠡᠭ ᠢᠶᠠᠷ ᠨᠡᠶᠢᠳᠡᠮ ᠳᠤ ᠨᠢ ᠳᠠᠶᠢᠴᠢᠯᠠᠬᠤ ᠶᠢ | ᠪᠠᠷᠢᠮᠲᠠᠯᠠᠨ᠎ᠠ᠃ ᠤᠷᠢᠳ ᠢᠶᠠᠷ ᠬᠢᠯᠪᠠᠷ ᠠᠴᠠ ᠨᠢ ᠭᠠᠷᠳᠠᠵᠤ ᠳᠠᠷᠠᠭ᠎ᠠ ᠨᠢ ᠪᠡᠷᠬᠡᠲᠡᠢ ᠳᠤ ᠨᠢ ᠭᠠᠷ ᠣᠷᠣᠬᠤ ᠪᠠ | ᠤᠷᠢᠳ ᠢᠶᠠᠷ ᠴᠡᠭ ᠲᠤ ᠬᠡᠷᠡᠭᠵᠢᠭᠦᠯᠵᠦ ᠳᠠᠷᠠᠭ᠎ᠠ ᠨᠢ ᠨᠡᠶᠢᠳᠡᠮ ᠳᠤ ᠨᠢ ᠳᠠᠶᠢᠴᠢᠯᠠᠬᠤ ᠵᠠᠷᠴᠢᠮ ᠶᠣᠰᠣᠭᠠᠷ | ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠬᠦ ᠪᠠᠷ ᠳᠠᠮᠵᠢᠭᠤᠯᠤᠨ ᠲᠠᠰᠤᠷᠠᠯᠲᠠ ᠦᠭᠡᠢ ᠰᠦᠪᠡᠭᠴᠢᠯᠡᠬᠦ ᠪᠠᠷ | ᠳᠠᠮᠵᠢᠨ ᠲᠤᠷᠰᠢᠯᠭ᠎ᠠ ᠬᠤᠷᠠᠮᠳᠤᠭᠤᠯᠵᠤ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠡᠵᠡᠮᠳᠡᠨ᠂ ᠪᠣᠳᠠᠲᠠᠢ ᠠᠴᠠ | ᠰᠠᠯᠤᠩᠭᠢᠷᠠᠬᠤ ᠶᠢ ᠰᠡᠷᠭᠡᠶᠢᠯᠡᠵᠦ᠂ ᠳᠦᠷᠬᠢᠯᠳᠡᠨ ᠬᠦᠳᠡᠯᠦᠯᠴᠡᠬᠦ ᠪᠠ ᠬᠠᠷ᠎ᠠ ᠠᠯᠪᠠ ᠪᠠᠷ ᠲᠣᠬᠤᠬᠤ ᠶᠢ ᠰᠡᠷᠭᠡᠶᠢᠯᠡᠨ᠂ | ᠦᠯᠢᠶᠡᠵᠦ ᠬᠦᠭᠡᠷᠳᠡᠨ ᠦᠵᠡᠮᠦᠷᠢ ᠶᠢᠨ ᠲᠡᠳᠦᠢ ᠶᠠᠭᠤᠮ᠎ᠠ ᠵᠣᠬᠢᠶᠠᠬᠤ᠂ ᠳᠦᠷᠢ ᠲᠥᠷᠬᠦ ᠶᠢᠨ ᠢᠨᠵᠧᠨᠧᠷᠢᠩ ᠪᠠ | ᠵᠠᠰᠠᠭ ᠤᠨ ᠠᠮᠵᠢᠯᠲᠠ ᠪᠦᠲᠦᠮᠵᠢ ᠶᠢᠨ ᠢᠨᠵᠧᠨᠧᠷᠢᠩ ᠭᠠᠷᠭᠠᠬᠤ ᠶᠢ ᠲᠠᠰᠤ ᠬᠤᠷᠢᠭᠯᠠᠨ᠎ᠠ᠃ | 4. ᠪᠦᠬᠦᠯᠢ ᠴᠣᠭᠴᠠ ᠪᠠᠷ ᠨᠢ ᠠᠬᠢᠭᠤᠯᠵᠤ ᠰᠢᠨ᠎ᠡ ᠡᠭᠦᠳᠦᠯᠲᠡ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠨ᠎ᠠ᠃ | ᠪᠥᠬᠦ ᠲᠠᠯ᠎ᠠ ᠠᠴᠠ ᠭᠠᠷᠳᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ | ᠠᠬᠢᠭᠤᠯᠬᠤ᠂ ᠦᠢᠯᠡᠳᠪᠦᠷᠢᠯᠡᠵᠦ ᠡᠵᠡᠩᠨᠡᠬᠦ ᠲᠣᠭᠲᠠᠴᠠ ᠳᠤ ᠰᠢᠨ᠎ᠡ ᠶᠢ ᠡᠭᠦᠳᠬᠦ᠂ ᠳᠠᠪᠠᠭᠤᠯᠢᠭ ᠪᠥᠭᠡᠳ | ᠣᠨᠴᠠᠯᠢᠭ ᠲᠠᠢ ᠭᠤᠣᠯᠯᠠᠬᠤ ᠠᠵᠤ ᠦᠢᠯᠡᠰ ᠢ ᠬᠥᠭᠵᠢᠭᠦᠯᠬᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ | ᠦᠢᠯᠡᠴᠢᠯᠡᠭᠡ ᠶᠢ ᠴᠢᠩᠭᠠᠳᠬᠠᠬᠤ ᠵᠡᠷᠭᠡ ᠭᠤᠣᠯᠳᠠᠯᠭ᠎ᠠ ᠪᠣᠯᠬᠤ ᠠᠵᠢᠯ ᠳᠤ ᠵᠠᠩᠭᠢᠯᠠᠭ᠎ᠠ ᠶᠢᠨ ᠭᠤᠭᠴᠤᠭ᠎ᠠ ᠶᠢ ᠨᠢ | ᠡᠵᠡᠮᠳᠡᠨ᠂ ᠰᠢᠨ᠎ᠡ ᠶᠢ ᠡᠭᠦᠳᠬᠦ ᠬᠦᠳᠡᠯᠭᠡᠭᠦᠷ ᠬᠦᠴᠦᠨ ᠢ ᠤᠷᠮᠠᠰᠢᠭᠤᠯᠤᠨ ᠬᠥᠭᠵᠢᠭᠡᠵᠦ᠂ ᠭᠤᠣᠯᠳᠠᠯᠭ᠎ᠠ ᠲᠠᠢ ᠪᠠᠷ | ᠰᠢᠪᠲᠤᠯᠤᠯᠲᠠ ᠬᠢᠬᠦ ᠶᠢ ᠪᠡᠶᠡᠯᠡᠭᠦᠯᠦᠨ᠎ᠡ᠃ | 5. ᠵᠠᠰᠠᠭ ᠤᠨ ᠣᠷᠳᠣᠨ ᠭᠤᠣᠯ ᠤᠳᠤᠷᠢᠳᠤᠮᠵᠢ ᠪᠣᠯᠵᠤ ᠮᠠᠯᠴᠢᠳ ᠢᠶᠠᠷ ᠭᠤᠣᠯ ᠴᠣᠭᠴᠠ ᠪᠣᠯᠭᠠᠬᠤ ᠶᠢ | ᠪᠠᠷᠢᠮᠲᠠᠯᠠᠨ᠎ᠠ᠃ ᠠᠶᠢᠮᠠᠭ ᠬᠤᠲᠠ᠂ ᠲᠤᠷᠰᠢᠯᠲᠠ ᠶᠢᠨ ᠴᠡᠭ ᠪᠣᠯᠬᠤ ᠬᠤᠰᠢᠭᠤ ᠨᠢ ᠵᠣᠬᠢᠶᠠᠨ ᠪᠠᠶᠢᠭᠤᠯᠵᠤ | ᠤᠳᠤᠷᠢᠳᠬᠤ᠂ ᠨᠢᠭᠡᠳᠦᠯᠲᠡᠢ ᠲᠥᠯᠥᠪᠯᠡᠵᠦ ᠵᠣᠬᠢᠴᠠᠭᠤᠯᠬᠤ᠂ ᠲᠥᠯᠥᠪᠵᠢᠭᠦᠯᠵᠦ ᠪᠦᠲᠦᠭᠡᠨ ᠪᠠᠶᠢᠭᠤᠯᠬᠤ᠂ | ᠲᠥᠷᠥ ᠶᠢᠨ ᠪᠣᠳᠣᠯᠭ᠎ᠠ ᠪᠠᠷ ᠬᠥᠲᠥᠯᠦᠨ ᠳᠠᠭᠠᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠠᠯᠢᠪᠠ | ᠪᠦᠬᠦᠨ ᠢ ᠡᠭᠦᠷᠭᠡᠯᠡᠬᠦ ᠪᠠ ᠠᠯᠪᠠᠳᠠᠵᠤ ᠵᠠᠷᠯᠢᠭᠳᠠᠬᠤ ᠦᠭᠡᠢ ᠪᠠᠶᠢᠬᠤ ᠬᠡᠷᠡᠭᠳᠡᠢ᠃ ᠠᠷᠠᠳ ᠲᠦᠮᠡᠨ ᠢᠶᠠᠷ ᠭᠤᠣᠯ | ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠨ᠂ ᠣᠯᠠᠨ ᠲᠦᠮᠡᠨ ᠮᠡᠳᠡᠷᠡᠭᠰᠡᠨ᠂ | ᠣᠯᠠᠨ ᠲᠦᠮᠡᠨ ᠣᠷᠣᠯᠴᠠᠭᠰᠠᠨ᠂ ᠣᠯᠠᠨ ᠲᠦᠮᠡᠨ ᠳᠤ ᠲᠠᠭᠠᠰᠢᠶᠠᠭᠳᠠᠭᠰᠠᠨ ᠢᠶᠠᠷ ᠦᠨᠳᠦᠰᠦᠨ ᠱᠠᠭᠠᠷᠳᠠᠯᠭ᠎ᠠ | ᠪᠣᠯᠭᠠᠵᠤ᠂ ᠮᠠᠯᠴᠢᠳ ᠢ ᠬᠥᠲᠦᠯᠦᠨ ᠳᠠᠭᠠᠭᠤᠯᠵᠤ ᠪᠠᠶᠢᠭᠠᠳ ᠠᠵᠢᠯ ᠬᠥᠳᠡᠯᠮᠦᠷᠢ ᠳᠤ ᠣᠷᠣᠯᠴᠠᠭᠤᠯᠤᠨ᠂ ᠥᠷᠭᠡᠨ | ᠣᠯᠠᠨ ᠮᠠᠯᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠷᠮᠠᠰᠢᠭᠤᠯᠤᠨ | ᠬᠥᠭᠵᠢᠭᠡᠨ᠎ᠡ᠃ | ︵ᠭᠤᠷᠪᠠ︶ ᠬᠠᠷᠠᠯᠲᠠᠲᠤ ᠡᠭᠦᠷᠭᠡ᠃ 2021 ᠣᠨ ᠪᠣᠯᠬᠤ ᠳᠤ᠂ ᠠᠪᠠᠭ᠎ᠠ ᠬᠤᠰᠢᠭᠤ᠂ ᠰᠢᠨ᠎ᠡ ᠪᠠᠷᠭᠤ | ᠪᠠᠷᠠᠭᠤᠨ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠠᠷᠤ ᠬᠤᠷᠴᠢᠨ ᠬᠤᠰᠢᠭᠤ ᠵᠡᠷᠭᠡ ᠲᠤᠷᠰᠢᠯᠲᠠ ᠶᠢᠨ | ᠴᠡᠭ ᠪᠣᠯᠬᠤ 4 ᠬᠤᠰᠢᠭᠤᠨ ᠤ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ 2022 ᠣᠨ ᠠᠴᠠ | ᠡᠬᠢᠯᠡᠨ᠂ ᠠᠯᠬᠤᠮ ᠠᠯᠬᠤᠮ ᠢᠶᠠᠷ 33 ᠮᠠᠯᠵᠢᠬᠤ ᠬᠤᠰᠢᠭᠤᠨ ᠳᠤ ᠬᠦᠷᠲᠡᠯ᠎ᠡ ᠥᠷᠭᠡᠳᠬᠡᠵᠦ᠂ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠠᠮᠢ ᠠᠬᠤᠢ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠣᠳᠣᠬᠢᠴᠢᠯᠠᠭᠰᠠᠨ ᠨᠤᠲᠤᠭ ᠪᠡᠯᠴᠢᠭᠡᠷ ᠤᠨ ᠮᠠᠯ ᠠᠵᠤ ᠠᠬᠤᠢ ᠳᠤ | ᠮᠡᠳᠡᠭᠳᠡᠬᠦ᠋ᠢᠴᠡ ᠳᠠᠪᠰᠢᠯᠲᠠ ᠲᠠᠢ ᠪᠣᠯᠭᠠᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠨᠰᠢᠬᠦᠯᠵᠦ᠂ ᠮᠠᠯᠵᠢᠬᠤ ᠣᠷᠣᠨ ᠤ | ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠦᠨ᠂ ᠵᠠᠰᠠᠯᠲᠠ ᠶᠢᠨ | ᠴᠢᠳᠠᠪᠤᠷᠢ ᠪᠠᠨ ᠢᠯᠡᠳᠳᠡ ᠳᠡᠭᠡᠭᠰᠢᠯᠡᠭᠦᠯᠵᠦ᠂ ᠪᠥᠬᠦ ᠤᠯᠤᠰ ᠤᠨ ᠮᠠᠯᠵᠢᠬᠤ ᠣᠷᠣᠨ ᠤ ᠣᠳᠣᠬᠢᠴᠢᠯᠠᠬᠤ | ᠠᠬᠢᠴᠠ ᠶᠢᠨ ᠡᠮᠦᠨᠡᠬᠦᠷ ᠣᠷᠣᠭᠠᠳ ᠮᠠᠯᠵᠢᠬᠤ ᠣᠷᠣᠨ ᠤ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ | ᠡᠩ ᠲᠡᠷᠢᠬᠦᠨ ᠳᠤ ᠪᠠᠶᠢᠭᠤᠯᠤᠨ᠎ᠠ᠃ | ᠬᠤᠶᠠᠷ᠂ ᠭᠤᠣᠯᠳᠠᠯᠭ᠎ᠠ ᠪᠣᠯᠬᠤ ᠡᠭᠦᠷᠭᠡ | ︵ᠨᠢᠭᠡ︶ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠪᠦᠲᠦᠭᠡᠨ ᠪᠠᠶᠢᠭᠤᠯᠬᠤ ᠠᠵᠢᠯ ᠢ ᠤᠯᠠᠮ | ᠨᠢᠭᠡ ᠠᠯᠬᠤᠮ ᠴᠢᠩᠭᠠᠳᠬᠠᠨ᠎ᠠ᠃ | 1. ᠠᠮᠢ ᠠᠬᠤᠢ ᠶᠢᠨ ᠪᠣᠯᠪᠠᠰᠤᠨ ᠤ ᠲᠠᠯ᠎ᠠ ᠪᠠᠷ ᠬᠢ ᠣᠬᠠᠭᠤᠯᠭ᠎ᠠ ᠭᠦᠮᠦᠵᠢᠯ ᠤᠨ ᠠᠵᠢᠯ ᠢ | ᠭᠦᠨᠵᠡᠭᠡᠶᠢᠷᠡᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠪᠠ ᠥᠪᠥᠷ | ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠠᠷ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ ᠪᠣᠲᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ | ᠲᠠᠯ᠎ᠠ ᠨᠤᠲᠤᠭ ᠤᠨ ᠰᠣᠶᠣᠯ ᠳᠠᠬᠢ ᠪᠠᠶᠢᠭᠠᠯᠢ ᠶᠢ ᠡᠷᠬᠢᠮᠯᠡᠨ ᠳᠡᠭᠡᠳᠦᠯᠡᠬᠦ᠂ ᠠᠮᠢ ᠠᠬᠤᠢ ᠣᠷᠴᠢᠨ ᠲᠣᠭᠤᠷᠢᠨ ᠢ | ᠬᠢᠮᠠᠭᠠᠳᠠᠨ ᠨᠠᠨᠳᠢᠩᠨᠠᠬᠤ᠂ ᠡᠬᠢ ᠪᠠᠶᠠᠯᠢᠭ ᠢᠶᠠᠨ ᠥᠨᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠠᠩᠬᠠᠷᠬᠤ | ᠣᠨᠣᠯᠵᠢᠬᠤᠨ ᠢ ᠤᠯᠠᠮᠵᠢᠯᠠᠨ ᠰᠢᠩᠭᠡᠭᠡᠵᠦ᠂ ᠨᠤᠲᠤᠭ ᠪᠡᠯᠴᠢᠭᠡᠷ ᠢ ᠬᠠᠮᠠᠭᠠᠯᠠᠬᠤ ᠬᠢᠭᠡᠳ ᠮᠠᠯ ᠠᠵᠤ ᠠᠬᠤᠢ ᠶᠢ | ᠬᠥᠭᠵᠢᠭᠦᠯᠬᠦ ᠬᠤᠶᠠᠷ ᠲᠠᠯ᠎ᠠ ᠪᠠᠷ ᠪᠦᠷ ᠠᠰᠢᠭ ᠬᠦᠷᠲᠡᠭᠰᠡᠨ ᠨᠡᠶᠢᠲᠡᠯᠢᠭ ᠲᠤᠷᠰᠢᠯᠭ᠎ᠠ ᠶᠢ ᠥᠷᠭᠡᠨ ᠢᠶᠠᠷ ᠤᠬᠠᠭᠤᠯᠵᠤ | ᠳᠡᠯᠭᠡᠷᠡᠭᠦᠯᠦᠨ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ ᠪᠠ ᠪᠣᠬᠢᠷᠳᠤᠯ ᠦᠭᠡᠢ ᠬᠥᠭᠵᠢᠭᠦᠯᠬᠦ ᠶᠢ ᠥᠷᠭᠡᠨ | ᠣᠯᠠᠨ ᠺᠠᠳ᠋ᠷ ᠪᠠ ᠮᠠᠯᠴᠢᠳ ᠤᠨ ᠬᠠᠮᠲᠤ ᠶᠢᠨ ᠣᠨᠣᠯᠵᠢᠬᠤᠨ ᠪᠣᠯᠭᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ | ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ | 2. ᠪᠡᠯᠴᠢᠭᠡᠷᠯᠡᠭᠦᠯᠬᠦ ᠶᠢ ᠵᠣᠭᠰᠣᠭᠠᠵᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ | ᠬᠡᠷᠡᠭᠵᠢᠭᠦᠯᠦᠨ᠎ᠡ᠃ ᠳᠠᠷᠠᠭᠠᠴᠢ ᠶᠢᠨ ᠡᠬᠡᠯᠵᠢᠨ ᠤ ᠨᠤᠲᠤᠭ ᠪᠡᠯᠴᠢᠭᠡᠷ ᠤᠨ ᠨᠥᠬᠦᠪᠦᠷᠢᠯᠡᠵᠦ ᠱᠠᠩᠨᠠᠬᠤ ᠲᠥᠷᠥ ᠶᠢᠨ | ᠪᠣᠳᠣᠯᠭ᠎ᠠ ᠲᠠᠢ ᠤᠶᠠᠯᠳᠤᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠪᠠ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠣᠷᠣᠨ ᠢ ᠵᠣᠬᠢᠰᠲᠠᠢ ᠬᠤᠪᠢᠶᠠᠷᠢᠯᠠᠵᠤ ᠲᠣᠭᠲᠠᠭᠠᠨ᠂ ᠪᠡᠯᠴᠢᠭᠡᠷᠯᠡᠭᠦᠯᠬᠦ ᠶᠢ ᠵᠣᠭᠰᠣᠭᠠᠬᠤ | ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠴᠢ ᠬᠠᠪᠤᠷ ᠤᠨ ᠤᠯᠠᠷᠢᠯ ᠳᠤ ᠪᠡᠯᠴᠢᠭᠡᠷ ᠰᠡᠯᠭᠦᠬᠦ ᠳᠦᠷᠢᠮ ᠢ | ᠢᠳᠡᠪᠬᠢᠲᠡᠢ ᠠᠬᠢᠭᠤᠯᠤᠨ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠮᠠᠯ ᠤᠨ ᠲᠤᠭ᠎ᠠ ᠲᠤᠯᠤᠭᠠᠢ ᠶᠢ ᠬᠤᠰᠢᠭᠤ | ᠬᠤᠪᠢᠶᠠᠨ ᠬᠠᠷᠭᠤᠭᠤᠯᠵᠤ ᠲᠣᠭᠲᠠᠭᠠᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢᠨ | ᠠᠷᠭ᠎ᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠪᠠ ᠰᠢᠯᠭᠠᠨ ᠬᠢᠨᠠᠬᠤ ᠶᠢ ᠴᠢᠩᠭᠠᠳᠬᠠᠨ᠂ | ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ | ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ | 3. ᠪᠡᠯᠴᠢᠭᠡᠷ ᠢ ᠵᠢᠷᠤᠮᠵᠢᠭᠤᠨ ᠪᠦᠭᠡᠳ ᠡᠮᠬᠢ ᠵᠢᠷᠤᠮ ᠲᠠᠢ ᠰᠢᠯᠵᠢᠭᠦᠯᠦᠨ ᠡᠷᠭᠢᠯᠳᠦᠭᠦᠯᠬᠦ ᠪᠠᠨ ᠢᠳᠡᠪᠬᠢᠲᠡᠢ | ᠠᠬᠢᠭᠤᠯᠤᠨ᠎ᠠ᠃ ᠪᠡᠯᠴᠢᠭᠡᠷ ᠢ ᠰᠢᠯᠵᠢᠭᠦᠯᠦᠨ ᠡᠷᠭᠢᠯᠳᠦᠭᠦᠯᠬᠦ ᠨᠢᠭᠡᠳᠦᠯᠲᠡᠢ ᠲᠠᠪᠴᠠᠩ ᠢ ᠪᠠᠶᠢᠭᠤᠯᠵᠤ᠂ ᠬᠤᠰᠢᠭᠤ᠂ | ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠰᠢᠯᠵᠢᠭᠦᠯᠦᠨ ᠡᠷᠭᠢᠯᠳᠦᠭᠦᠯᠬᠦ ᠳᠡᠰ | ᠳᠠᠷᠠᠭᠠᠯᠠᠯ ᠢ ᠪᠦᠷᠢᠨᠰᠢᠭᠦᠯᠦᠨ᠎ᠡ᠃ ᠪᠡᠯᠴᠢᠭᠡᠷ ᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠳᠣᠲᠣᠭᠠᠳᠤ ᠳᠤ ᠪᠠᠨ ᠰᠢᠯᠵᠢᠭᠦᠯᠦᠨ ᠡᠷᠭᠢᠯᠳᠦᠭᠦᠯᠬᠦ ᠶᠢ ᠵᠣᠷᠢᠭᠵᠢᠭᠤᠯᠵᠤ᠂ ᠰᠢᠯᠵᠢᠭᠦᠯᠦᠨ ᠡᠷᠭᠢᠯᠳᠦᠭᠦᠯᠵᠦ ᠪᠠᠶᠢᠭ᠎ᠠ | ᠪᠡᠯᠴᠢᠭᠡᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠡᠭᠦᠨ ᠤ ᠳᠠᠭᠠᠤ ᠬᠤᠷᠰᠢᠶᠠᠵᠢᠯ᠂ ᠬᠠᠮᠲᠤᠷᠠᠭᠰᠠᠨ ᠡᠷᠦᠬᠡ ᠶᠢᠨ ᠨᠤᠲᠤᠭ | ᠪᠡᠯᠴᠢᠭᠡᠷ ᠬᠦᠷᠢᠶᠡᠯᠡᠭᠰᠡᠨ ᠲᠣᠣᠷ ᠢᠶᠠᠨ ᠵᠠᠯᠭᠠᠵᠤ ᠨᠡᠶᠢᠯᠡᠭᠦᠯᠦᠨ ᠡᠵᠡᠩᠨᠡᠬᠦ ᠶᠢ ᠢᠳᠡᠪᠬᠢᠲᠡᠢ ᠠᠬᠢᠭᠤᠯᠵᠤ᠂ | ᠪᠡᠯᠴᠢᠭᠡᠷ ᠤᠨ ᠬᠡᠰᠡᠭ ᠪᠤᠰᠠᠭᠴᠢᠯᠠᠭᠰᠠᠨ ᠠᠰᠠᠭᠤᠳᠠᠯ ᠢ ᠰᠢᠢᠳᠪᠦᠷᠢᠯᠡᠨ᠂ ᠪᠡᠯᠴᠢᠭᠡᠷ ᠤᠨ ᠡᠬᠢ ᠪᠠᠶᠠᠯᠢᠭ ᠢᠶᠠᠨ | ᠰᠢᠨᠵᠢᠯᠡᠬᠦ ᠤᠬᠠᠭᠠᠨᠴᠢ ᠪᠠᠷ ᠠᠰᠢᠭᠯᠠᠬᠤ ᠰᠢᠨ᠎ᠡ ᠵᠠᠭᠪᠤᠷ ᠢ ᠰᠦᠪᠡᠭᠴᠢᠯᠡᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ | ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ︶ | 4. ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠦᠨᠳᠦᠰᠦᠨ ᠨᠤᠲᠤᠭ | ᠪᠡᠯᠴᠢᠭᠡᠷ ᠤᠨ ᠬᠤᠪᠢᠶᠠᠷᠢᠯᠠᠨ ᠲᠣᠭᠲᠠᠭᠠᠬᠤ ᠠᠵᠢᠯ ᠢ ᠲᠡᠭᠦᠯᠳᠡᠷᠵᠢᠭᠦᠯᠬᠦ ᠶᠢᠨ ᠬᠠᠮᠲᠤ᠂ ᠦᠨᠳᠦᠰᠦᠨ ᠨᠤᠲᠤᠭ | ᠪᠡᠯᠴᠢᠭᠡᠷ ᠬᠢᠭᠡᠳ ᠠᠮᠢ ᠠᠬᠤᠢ ᠶᠢᠨ ᠤᠯᠠᠭᠠᠨ ᠱᠤᠭᠤᠮ ᠢ ᠤᠶᠠᠯᠳᠤᠭᠤᠯᠵᠤ ᠪᠠᠶᠢᠭᠠᠳ ᠲᠠᠯ᠎ᠠ ᠨᠤᠲᠤᠭ ᠲᠤ | ᠠᠭᠤᠷᠬᠠᠢ ᠶᠢᠨ ᠭᠠᠷᠤᠯᠲᠠ ᠨᠡᠭᠡᠭᠡᠨ ᠬᠥᠭᠵᠢᠭᠦᠯᠬᠦ ᠰᠢᠨ᠎ᠡ ᠲᠦᠷᠦᠯ ᠵᠦᠢᠯ ᠭᠠᠷᠭᠠᠬᠤ ᠶᠢ ᠴᠢᠩᠭ᠎ᠠ ᠬᠢᠵᠠᠭᠠᠷᠯᠠᠨ᠂ | ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠭᠡᠷᠡᠯ ᠴᠡᠨᠡᠭ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠨᠢ | ᠴᠢᠩᠭ᠎ᠠ ᠡᠵᠡᠮᠰᠢᠨ᠎ᠡ᠃ ᠠᠭᠤᠷᠬᠠᠢ ᠶᠢᠨ ᠵᠠᠰᠠᠯᠲᠠ ᠶᠢ ᠴᠢᠩᠭᠠᠳᠬᠠᠨ᠂ ︽ᠨᠢᠭᠡ ᠠᠭᠤᠷᠬᠠᠢ ᠳᠤ ᠨᠢᠭᠡ ᠲᠥᠷᠥ ᠶᠢᠨ | ᠪᠣᠳᠣᠯᠭ᠎ᠠ ᠲᠠᠢ ᠪᠠᠶᠢᠯᠭᠠᠬᠤ︾ ᠶᠢ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠮᠠᠯᠵᠢᠬᠤ ᠣᠷᠣᠨ ᠳᠤ ᠤᠰᠤᠨ | ᠴᠥᠬᠦᠷᠥᠮ ᠢ ᠵᠢᠭᠰᠠᠭᠠᠨ ᠪᠠᠶᠢᠴᠠᠭᠠᠵᠤ᠂ ᠨᠤᠲᠤᠭ ᠪᠡᠯᠴᠢᠭᠡᠷ ᠲᠤ ᠤᠰᠤᠨ ᠴᠥᠬᠦᠷᠥᠮ ᠪᠠᠶᠢᠭᠤᠯᠬᠤ ᠶᠢ ᠴᠢᠩᠭ᠎ᠠ | ᠬᠢᠵᠠᠭᠠᠷᠯᠠᠨ᠂ ︽ᠨᠠᠭᠤᠷ ᠭᠤᠣᠯ ᠤᠨ ᠪᠠᠶᠢᠳᠠᠯ ᠳᠤ ᠲᠣᠬᠢᠷᠠᠭᠤᠯᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠤᠰᠤ ᠬᠡᠷᠡᠭᠯᠡᠬᠦ ᠪᠠᠶᠢᠳᠠᠯ ᠢ ᠡᠵᠡᠮᠳᠡᠬᠦ ᠪᠠᠨ | ᠴᠢᠩᠭᠠᠷᠠᠭᠤᠯᠤᠨ᠂ ᠬᠥᠷᠥᠰᠥᠨ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ︵ᠪᠤᠰᠤᠳ ᠵᠦᠢᠯ ᠢ ᠬᠡᠲᠦᠷᠬᠡᠢ | ᠪᠠᠶᠢᠭᠤᠯᠬᠤ︶ ᠶᠢ ᠲᠦᠷᠭᠡᠳᠬᠡᠨ ᠵᠠᠰᠠᠵᠤ᠂ ᠤᠰᠤᠯᠠᠯᠲᠠ ᠶᠢᠨ ᠲᠡᠵᠢᠭᠡᠯ ᠡᠪᠡᠰᠦ ᠪᠣᠷᠳᠣᠭᠠᠨ ᠭᠠᠵᠠᠷ ᠢ ᠰᠢᠨ᠎ᠡ | ᠨᠡᠮᠡᠵᠦ ᠪᠠᠶᠢᠭᠤᠯᠬᠤ ᠶᠢ ᠨᠢ ᠴᠢᠩᠭ᠎ᠠ ᠡᠵᠡᠮᠰᠢᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ | ᠬᠤᠰᠢᠭᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ﹇ᠪᠦᠯᠦᠭᠯᠡᠯ﹈ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ︶ | ︵ᠬᠤᠶᠠᠷ︶ ᠨᠤᠲᠤᠭ ᠪᠡᠯᠴᠢᠭᠡᠷ ᠤᠨ ᠮᠠᠯ ᠠᠵᠤ ᠠᠬᠤᠢ ᠶᠢ ᠲᠦᠷᠭᠡᠳᠭᠡᠨ ᠬᠥᠭᠵᠢᠭᠦᠯᠦᠨ᠎ᠡ᠃ | 5. ᠠᠯᠠᠰᠢᠨ ᠤ ᠦᠬᠡᠷ ᠤᠨ ᠣᠳᠣ ᠦᠶ᠎ᠡ ᠶᠢᠨ ᠠᠵᠤ ᠦᠢᠯᠡᠰ ᠢ ᠪᠤᠶᠢᠵᠢᠭᠤᠯᠵᠤ ᠬᠦᠴᠦᠷᠬᠡᠭᠵᠢᠭᠦᠯᠦᠨ᠎ᠡ᠃ | ᠰᠠᠶᠢᠨ ᠡᠭᠦᠯᠳᠡᠷ ᠤᠨ ᠪᠣᠯᠭᠠᠬᠤ ᠠᠬᠢᠴᠠ ᠶᠢ ᠲᠦᠷᠭᠡᠳᠬᠡᠨ᠂ ᠰᠢᠮᠧᠨ᠋ᠳᠠᠷ ᠦᠬᠡᠷ ᠪᠠ ᠠᠩᠭ᠍ᠸᠢᠰ ᠦᠬᠡᠷ ᠢᠶᠠᠷ ᠭᠤᠣᠯ | ᠪᠣᠯᠭᠠᠭᠰᠠᠨ ᠠᠯᠠᠰᠢᠨ ᠤ ᠲᠤᠰᠬᠠᠢ ᠡᠭᠦᠯᠳᠡᠷ ᠰᠠᠶᠢᠵᠢᠷᠠᠭᠤᠯᠬᠤ ᠴᠢᠭᠯᠡᠯ ᠢ ᠪᠠᠷᠢᠮᠲᠠᠯᠠᠵᠤ᠂ ᠴᠢᠨᠠᠷ ᠰᠠᠶᠢᠲᠠᠢ ᠢᠴᠡᠭᠡᠯ | ᠦᠷ᠎ᠡ ᠪᠠᠷ ᠭᠠᠷ ᠬᠡᠭᠡᠯᠲᠦᠭᠦᠯᠭᠡ ᠬᠢᠬᠦ ᠶᠢ ᠬᠦᠴᠦᠲᠡᠢ ᠳᠡᠯᠭᠡᠷᠡᠭᠦᠯᠦᠨ᠂ ᠪᠣᠳᠠᠭᠠᠯᠢ ᠭᠠᠷᠤᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠬᠦᠴᠦᠲᠡᠢ ᠠᠬᠢᠭᠤᠯᠵᠤ᠂ ᠮᠠᠯᠵᠢᠬᠤ ᠡᠷᠦᠬᠡ ᠶᠢ ᠢᠳᠡᠪᠬᠢᠲᠡᠢ ᠬᠦᠲᠦᠯᠦᠨ ᠳᠠᠭᠠᠭᠤᠯᠵᠤ ᠪᠠᠶᠢᠭᠠᠳ ᠪᠣᠷᠳᠣᠨ | ᠲᠡᠵᠢᠭᠡᠬᠦ ᠪᠠ ᠦᠷᠡᠵᠢᠭᠦᠯᠦᠨ ᠪᠤᠶᠢᠵᠢᠭᠤᠯᠬᠤ ᠬᠠᠮᠢᠶᠠᠷᠤᠯᠲᠠ ᠶᠢ ᠴᠢᠩᠭᠠᠳᠬᠠᠨ᠂ ᠪᠠᠷᠢᠮᠵᠢᠶᠠᠵᠢᠭᠰᠠᠨ ᠪᠣᠷᠳᠣᠨ | ᠲᠡᠵᠢᠭᠡᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠦᠷᠡᠵᠢᠬᠦ ᠨᠣᠷᠮ᠎ᠠ ᠶᠢ ᠳᠣᠪᠤᠶᠢᠮ᠎ᠠ ᠳᠡᠭᠡᠭᠰᠢᠯᠡᠭᠦᠯᠦᠨ᠎ᠡ᠃ | ᠲᠤᠰᠬᠠᠶᠢᠵᠢᠭᠰᠠᠨ ᠠᠵᠤ ᠠᠬᠤᠶᠢᠯᠠᠯ ᠤᠨ ᠪᠣᠷᠳᠣᠬᠤ ᠡᠷᠴᠢᠮ ᠢ ᠴᠢᠩᠭᠠᠷᠠᠭᠤᠯᠵᠤ ᠠᠮᠢᠳᠤ ᠮᠠᠯ ᠠᠷᠠᠯᠵᠢᠶᠠᠯᠠᠬᠤ ᠵᠠᠬ᠎ᠠ | ᠳᠡᠯᠭᠡᠭᠦᠷ ᠢ ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 6. ᠠᠯᠠᠰᠢᠨ ᠤ ᠬᠤᠨᠢ ᠢᠮᠠᠭᠠᠨ ᠤ ᠠᠵᠤ ᠦᠢᠯᠡᠰ ᠢ ᠪᠣᠵᠠᠭᠠᠶᠢᠷᠠᠭᠤᠯᠵᠤ ᠬᠦᠴᠦᠷᠬᠡᠭᠵᠢᠭᠦᠯᠦᠨ᠎ᠡ᠃ ᠣᠷᠣᠨ | ᠨᠤᠲᠤᠭ ᠤᠨ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠵᠤ ᠦᠷᠡᠵᠢᠭᠦᠯᠬᠦ ᠠᠵᠢᠯ ᠢ ᠬᠦᠴᠦᠲᠡᠢ ᠰᠠᠶᠢᠲᠤᠷ | ᠠᠳᠬᠤᠨ᠎ᠠ᠃ ᠦᠵᠦᠮᠦᠴᠢᠨ ᠬᠤᠨᠢ᠂ ᠰᠥᠨᠢᠳ ᠬᠤᠨᠢ ᠪᠠ ᠬᠥᠯᠥᠨ ᠪᠤᠶᠢᠷ ᠬᠤᠨᠢ ᠪᠠᠷ ᠭᠤᠣᠯᠯᠠᠭᠤᠯᠬᠤ ᠪᠠᠶᠢᠷᠢ | ᠰᠠᠭᠤᠷᠢ ᠶᠢ ᠳᠣᠪᠤᠶᠢᠯᠭᠠᠨ᠂ ᠡᠭᠦᠯᠳᠡᠷ ᠤᠨ ᠬᠤᠨᠢᠨ ᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠴᠡᠪᠡᠷ ᠡᠭᠦᠯᠳᠡᠷ ᠤᠨ ᠲᠠᠯᠠᠪᠠᠢ᠂ ᠦᠷᠡᠵᠢᠭᠦᠯᠬᠦ ᠲᠠᠯᠠᠪᠠᠢ ᠶᠢ ᠲᠦᠬᠦᠷᠵᠢᠭᠦᠯᠦᠨ ᠪᠠᠶᠢᠭᠤᠯᠵᠤ᠂ ᠡᠭᠦᠯᠳᠡᠷ ᠬᠠᠩᠭᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠮᠠᠯᠵᠢᠬᠤ ᠡᠷᠦᠬᠡ ᠨᠦᠭᠦᠳ ᠬᠤᠨᠢ ᠢᠮᠠᠭᠠᠨ ᠤ ᠡᠭᠦᠯᠳᠡᠷ ᠢ ᠰᠣᠩᠭᠤᠨ ᠬᠡᠷᠡᠭᠯᠡᠵᠦ | ᠪᠠᠶᠢᠭᠠᠳ ᠣᠨᠴᠠ ᠳᠡᠰ᠂ ᠨᠢᠭᠡᠳᠦᠭᠡᠷ ᠳᠡᠰ ᠲᠠᠢ ᠪᠣᠯᠭᠠᠵᠤ᠂ ᠬᠤᠨᠢ ᠢᠮᠠᠭᠠᠨ ᠤ ᠪᠣᠳᠠᠭᠠᠯᠢ ᠪᠡᠶ᠎ᠡ ᠶᠢᠨ | ᠭᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠷᠢᠮᠵᠢᠶᠠᠯᠠᠭᠰᠠᠨ ᠮᠠᠯ ᠤᠨ ᠰᠦᠷᠦᠭ ᠪᠠᠶᠢᠭᠤᠯᠬᠤ ᠶᠢ | ᠠᠬᠢᠭᠤᠯᠤᠨ᠂ ᠪᠠᠷᠢᠮᠵᠢᠶᠠᠵᠢᠭᠤᠯᠤᠨ ᠲᠡᠵᠢᠭᠡᠵᠦ ᠦᠷᠡᠵᠢᠭᠦᠯᠬᠦ ᠶᠢ ᠠᠬᠢᠭᠤᠯᠵᠤ᠂ ᠡᠪᠦᠯ ᠤᠨ ᠲᠥᠯ ᠪᠠ ᠬᠠᠪᠤᠷ ᠤᠨ | ᠡᠬᠢᠨ ᠳᠤ ᠲᠥᠯ ᠲᠣᠰᠬᠤ ᠶᠢ ᠵᠣᠷᠢᠭᠵᠢᠭᠤᠯᠤᠨ᠂ ᠠᠯᠬᠤᠮ ᠠᠯᠬᠤᠮ ᠢᠶᠠᠷ ᠤᠯᠠᠷᠢᠯ ᠰᠣᠯᠪᠢᠵᠤ ᠵᠠᠷᠤᠬᠤ ᠪᠣᠯᠭᠠᠵᠤ᠂ | ᠵᠠᠬ᠎ᠠ ᠳᠡᠯᠭᠡᠭᠦᠷ ᠲᠤ ᠲᠡᠩᠴᠡᠭᠦᠨ ᠢᠶᠠᠷ ᠭᠠᠷᠭᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ | ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 7. ᠠᠳᠤᠭᠤᠨ ᠤ ᠠᠵᠤ ᠦᠢᠯᠡᠰ ᠢ ᠪᠤᠶᠢᠵᠢᠭᠤᠯᠵᠤ ᠬᠥᠭᠵᠢᠭᠦᠯᠦᠨ᠎ᠡ᠃ ᠠᠳᠤᠭᠤᠨ ᠤ ᠠᠵᠤ ᠦᠢᠯᠡᠰ ᠤᠨ | ᠪᠥᠬᠦ ᠠᠵᠤ ᠦᠢᠯᠡᠰ ᠤᠨ ᠬᠡᠯᠬᠢᠶ᠎ᠡ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ | ᠮᠣᠩᠭᠤᠯ ᠠᠳᠤᠭᠤ ᠶᠢ ᠬᠠᠮᠠᠭᠠᠯᠠᠬᠤ᠂ ᠰᠢᠨ᠎ᠡ ᠡᠭᠦᠯᠳᠡᠷ ᠢ ᠪᠤᠶᠢᠵᠢᠭᠤᠯᠬᠤ᠂ ᠠᠳᠤᠭᠤᠨ ᠤ ᠪᠦᠳᠦᠬᠡᠭᠳᠡᠬᠦᠨ ᠢ | ᠨᠡᠭᠡᠭᠡᠨ ᠬᠥᠭᠵᠢᠭᠦᠯᠬᠦ ᠭᠤᠷᠪᠠᠨ ᠭᠤᠭᠴᠤᠭ᠎ᠠ ᠶᠢ ᠳᠣᠪᠤᠶᠢᠯᠭᠠᠵᠤ᠂ ᠠᠳᠤᠭᠤᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ᠃ ᠨᠥᠬᠦᠴᠡᠯ ᠲᠠᠢ ᠮᠠᠯᠵᠢᠬᠤ ᠣᠷᠣᠨ ᠳᠤ ᠮᠣᠷᠢ ᠤᠷᠤᠯᠳᠤᠬᠤ᠂ ᠠᠳᠤᠭᠤ | ᠰᠣᠨᠢᠷᠬᠠᠬᠤ᠂ ᠡᠮᠨᠢᠭ ᠰᠤᠷᠭᠠᠬᠤ ᠵᠢᠴᠢ ᠠᠳᠤᠭᠤᠨ ᠤ ᠪᠦᠳᠦᠬᠡᠭᠳᠡᠬᠦᠨ ᠦᠢᠯᠡᠳᠪᠦᠷᠢᠯᠡᠵᠦ ᠡᠳ᠋ᠰᠢᠭᠦᠯᠬᠦ᠂ ᠪᠡᠶᠡᠴᠢᠯᠡᠨ | ᠣᠶᠢᠯᠠᠭᠠᠬᠤ ᠶᠢ ᠨᠢᠭᠡ ᠴᠣᠭᠴᠠ ᠪᠣᠯᠭᠠᠭᠰᠠᠨ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠪᠠ | ᠠᠳᠤᠭᠤᠨ ᠤ ᠠᠵᠤ ᠦᠢᠯᠡᠰ ᠤᠨ ᠵᠢᠵᠢᠭ ᠪᠠᠯᠭᠠᠰᠤ ᠪᠠᠶᠢᠭᠤᠯᠬᠤ ᠶᠢ ᠳᠡᠮᠵᠢᠵᠦ᠂ ᠠᠳᠤᠭᠤᠨ ᠤ ᠠᠵᠤ ᠦᠢᠯᠡᠰ | ᠬᠢᠭᠡᠳ ᠰᠣᠶᠣᠯ ᠤᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠡᠮᠴᠢᠯᠡᠭᠡᠨ ᠤ ᠠᠵᠤ ᠦᠢᠯᠡᠰ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ | ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 8. ᠦᠨᠳᠦᠰᠦᠲᠡᠨ ᠤ ᠴᠠᠭᠠᠨ ᠢᠳᠡᠭᠡ ᠶᠢᠨ ᠠᠵᠤ ᠦᠢᠯᠡᠰ ᠢ ᠬᠦᠴᠦᠲᠡᠢ ᠬᠥᠭᠵᠢᠭᠦᠯᠦᠨ᠎ᠡ᠃ ᠮᠠᠯᠵᠢᠬᠤ | ᠡᠷᠦᠬᠡ ᠪᠠ ᠮᠠᠯᠴᠢᠳ ᠤᠨ ᠬᠤᠷᠰᠢᠶᠠᠵᠢᠯ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠳᠡᠮᠵᠢᠵᠦ᠂ | ᠦᠨᠳᠦᠰᠦᠲᠡᠨ ᠤ ᠴᠠᠭᠠᠨ ᠢᠳᠡᠭᠡ ᠰᠦᠨ ᠤ ᠢᠷᠡᠯᠲᠡ ᠶᠢᠨ ᠰᠠᠭᠤᠷᠢᠨ ᠭᠠᠵᠠᠷ ᠢ ᠶᠡᠬᠡᠪᠡᠷ ᠪᠠᠶᠢᠭᠤᠯᠤᠨ᠎ᠠ᠃ | ᠮᠠᠯᠵᠢᠬᠤ ᠣᠷᠣᠨ ᠤ ᠦᠨᠳᠦᠰᠦᠲᠡᠨ ᠤ ᠴᠠᠭᠠᠨ ᠢᠳᠡᠭᠡ ᠶᠢᠨ ᠵᠢᠷᠤᠮᠵᠢᠭᠰᠠᠨ ᠦᠢᠯᠡᠳᠬᠡᠯ ᠤᠨ ᠭᠠᠵᠠᠷ ᠬᠥᠭᠵᠢᠭᠦᠯᠬᠦ | ᠪᠠ ᠪᠠᠷᠢᠮᠵᠢᠶᠠᠵᠢᠭᠰᠠᠨ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠬᠤ ᠶᠢ ᠳᠡᠮᠵᠢᠵᠦ᠂ ᠰᠢᠯᠢ ᠶᠢᠨ ᠭᠤᠣᠯ᠂ ᠬᠥᠯᠥᠨ | ᠪᠤᠶᠢᠷ ᠤᠨ ᠬᠤᠷᠤᠳ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠢᠳᠡᠪᠬᠢᠲᠡᠢ | ᠡᠭᠦᠳᠦᠨ᠂ ᠦᠨᠳᠦᠰᠦᠲᠡᠨ ᠤ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠤᠨ ᠣᠨᠴᠠᠯᠢᠭ ᠲᠠᠢ᠂ ᠨᠡᠷᠡᠲᠦ | ᠲᠡᠮᠳᠡᠭ ᠲᠠᠢ ᠪᠥᠭᠡᠳ ᠵᠣᠬᠢᠬᠤ ᠬᠡᠪᠴᠢᠶᠡᠵᠢᠯ ᠲᠠᠢ ᠬᠥᠭᠵᠢᠬᠦ ᠶᠢ ᠠᠬᠢᠭᠤᠯᠤᠨ᠂ ᠠᠵᠤ ᠦᠢᠯᠡᠰ ᠤᠨ ᠨᠡᠮᠡᠯᠲᠡ | ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ | ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 9. ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠦᠬᠡᠷ ᠬᠤᠨᠢ | ᠢᠮᠠᠭᠠᠨ ᠤ ᠮᠢᠬ᠎ᠠ᠂ ᠦᠨᠳᠦᠰᠦᠲᠡᠨ ᠤ ᠰᠦ ᠴᠠᠭᠠᠨ ᠢᠳᠡᠭᠡ ᠪᠣᠯᠪᠠᠰᠤᠷᠠᠭᠤᠯᠬᠤ ᠵᠡᠷᠭᠡ ᠳᠠᠪᠠᠭᠤᠯᠢᠭ ᠪᠥᠭᠡᠳ | ᠭᠤᠣᠯᠯᠠᠬᠤ ᠠᠵᠤ ᠦᠢᠯᠡᠰ ᠲᠤ ᠰᠠᠭᠤᠷᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠭᠡ ᠲᠣᠭᠲᠠᠭᠠᠵᠤ᠂ | ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ᠂ ᠡᠯᠧᠺᠲᠷᠣᠨ ᠬᠤᠳᠠᠯᠳᠤᠭ᠎ᠠ᠂ ᠨᠡᠪᠴᠢᠭᠦᠯᠦᠭᠦᠷ᠂ | ᠪᠠᠷᠠᠭᠠᠨ ᠤ ᠭᠦᠢᠯᠭᠡᠭᠡ ᠪᠠᠷ ᠨᠢᠭᠡ ᠴᠣᠭᠴᠠ ᠪᠣᠯᠭᠠᠭᠰᠠᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠂ | ᠰᠢᠯᠢ ᠶᠢᠨ ᠭᠤᠣᠯ ᠬᠤᠨᠢ᠂ ᠬᠥᠯᠥᠨ ᠪᠤᠶᠢᠷ ᠲᠠᠯ᠎ᠠ ᠨᠤᠲᠤᠭ ᠤᠨ ᠬᠤᠨᠢ᠂ ᠬᠤᠷᠴᠢᠨ ᠦᠬᠡᠷ ᠵᠢᠴᠢ | ᠦᠨᠳᠦᠰᠦᠲᠡᠨ ᠤ ᠴᠠᠭᠠᠨ ᠢᠳᠡᠭᠡ ᠶᠢᠨ ᠣᠷᠣᠨ ᠪᠦᠰᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠣᠢ ᠪᠣᠯᠭᠠᠨ | ᠬᠥᠭᠵᠢᠭᠦᠯᠵᠦ᠂ ᠳᠠᠪᠠᠭᠤᠯᠢᠭ ᠲᠠᠢ ᠪᠥᠭᠡᠳ ᠣᠨᠴᠠᠯᠢᠭ ᠲᠠᠢ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ | ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | ︵ᠭᠤᠷᠪᠠ︶ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠣᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠨᠥᠬᠦᠪᠦᠷᠢᠯᠡᠨ᠎ᠡ᠃ | 10. ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠶᠢ ᠰᠠᠶᠢᠵᠢᠷᠠᠭᠤᠯᠤᠨ᠎ᠠ᠃ ᠭᠡᠷ | ᠪᠦᠯᠢ ᠶᠢᠨ ᠣᠶᠣᠨᠯᠢᠭ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠬᠡᠷᠡᠭᠵᠢᠭᠦᠯᠦᠨ᠂ | ᠸᠢᠳᠢᠣ᠋ ᠪᠠᠷ ᠬᠢᠨᠠᠨ ᠡᠵᠡᠮᠳᠡᠬᠦ᠂ ᠵᠢᠯᠣᠭᠤᠴᠢ ᠦᠭᠡᠢ ᠨᠢᠰᠬᠡᠯ ᠢᠶᠠᠷ ᠮᠠᠯ ᠬᠠᠷᠢᠭᠤᠯᠬᠤ᠂ ᠤᠰᠤ ᠤᠤᠭᠤᠬᠤ ᠣᠶᠣᠨᠴᠢ | ᠪᠡᠯᠡᠳᠬᠡᠮᠵᠢ᠂ ᠲᠡᠵᠢᠭᠡᠯ ᠡᠪᠡᠰᠦ ᠪᠣᠷᠳᠤᠭ᠎ᠠ ᠭᠡᠷᠴᠢᠵᠦ ᠵᠢᠭᠤᠷᠠᠬᠤ ᠮᠠᠰᠢᠨ ᠵᠡᠷᠭᠡ ᠴᠢᠳᠠᠮᠵᠢᠲᠤ ᠴᠢᠨᠠᠷᠲᠠᠢ | ᠦᠢᠯᠡᠳᠪᠦᠷᠢᠯᠡᠯ ᠤᠨ ᠪᠡᠯᠡᠳᠬᠡᠮᠵᠢ ᠶᠢ ᠲᠦᠬᠦᠷᠵᠢᠭᠦᠯᠦᠨ ᠪᠠᠶᠢᠭᠤᠯᠵᠤ᠂ ᠦᠢᠯᠡᠳᠪᠦᠷᠢᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠡᠨᠧᠷᠭᠢ ᠶᠢ ᠬᠡᠷᠡᠭᠯᠡᠨ ᠳᠤᠯᠠᠭᠠᠯᠠᠭ᠎ᠠ ᠬᠠᠩᠭᠠᠬᠤ ᠶᠢ ᠳᠡᠮᠵᠢᠵᠦ᠂ ᠲᠠᠷᠠᠬᠠᠢ | ᠪᠤᠲᠠᠷᠬᠠᠢ ᠰᠠᠭᠤᠷᠢᠰᠢᠵᠤ ᠪᠠᠶᠢᠭ᠎ᠠ ᠣᠨᠴᠠᠯᠢᠭ ᠲᠤ ᠴᠢᠭᠯᠡᠭᠦᠯᠦᠨ᠂ ᠲᠤᠬᠠᠢ ᠶᠢᠨ ᠭᠠᠵᠠᠷ ᠤᠨ ᠪᠠᠶᠢᠳᠠᠯ ᠳᠤ ᠨᠢ | ᠲᠣᠬᠢᠷᠠᠭᠤᠯᠵᠤ᠂ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠵᠤ᠂ ᠨᠠᠷᠠᠨ ᠤ ᠡᠨᠧᠷᠭᠢ᠂ ᠰᠠᠯᠬᠢᠨ ᠤ ᠡᠨᠧᠷᠭᠢ᠂ | ᠴᠠᠬᠢᠯᠭᠠᠨ ᠡᠨᠧᠷᠭᠢ ᠪᠠ ᠠᠮᠢᠳᠤ ᠪᠣᠳᠠᠰ ᠤᠨ ᠬᠡᠢ ᠬᠡᠷᠡᠭᠯᠡᠭᠰᠡᠨ ᠵᠤᠤᠬ᠎ᠠ ᠵᠡᠷᠭᠡ ᠳᠤᠯᠠᠭᠠᠯᠠᠭ᠎ᠠ ᠬᠠᠩᠭᠠᠬᠤ ᠮᠡᠷᠭᠡᠵᠢᠯ ᠢ | ᠰᠣᠩᠭᠤᠨ ᠮᠠᠯᠴᠢᠳ ᠤᠨ ᠤᠤᠯ ᠠᠴᠠ ᠭᠡᠷᠡᠭᠯᠡᠵᠦ ᠪᠠᠶᠢᠭᠰᠠᠨ ᠳᠤᠯᠠᠭᠠᠯᠠᠭ᠎ᠠ ᠶᠢᠨ ᠪᠡᠯᠡᠳᠬᠡᠮᠵᠢ ᠲᠠᠢ ᠤᠶᠠᠯᠳᠤᠭᠤᠯᠤᠨ᠂ | ᠮᠠᠯᠴᠢᠳ ᠢ ᠬᠦᠲᠦᠯᠦᠨ ᠵᠢᠯᠣᠭᠤᠳᠴᠤ ᠪᠠᠶᠢᠭᠠᠳ ᠲᠡᠳᠡᠨ ᠢ ᠪᠣᠬᠢᠷᠲᠤᠯ ᠦᠭᠡᠢ ᠡᠨᠧᠷᠭᠢ ᠠᠷᠪᠢᠯᠠᠬᠤ ᠦᠵᠡᠯ | ᠤᠬᠠᠮᠰᠠᠷ ᠲᠠᠢ ᠪᠣᠯᠭᠠᠨ᠎ᠠ᠂ ᠮᠠᠯᠵᠢᠬᠤ ᠣᠷᠣᠨ ᠤ ᠣᠷᠣᠨ ᠰᠠᠭᠤᠴᠠ ᠳᠤ ᠪᠣᠬᠢᠷᠲᠤᠯ ᠦᠭᠡᠢ ᠲᠤᠯᠠᠭᠠᠯᠠᠭ᠎ᠠ ᠬᠠᠩᠭᠠᠬᠤ | ᠲᠠᠯ᠎ᠠ ᠪᠠᠷ ᠬᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠠᠵᠢᠯ ᠢ ᠥᠷᠨᠢᠭᠦᠯᠵᠦ᠂ ᠮᠠᠯᠴᠢᠨ ᠲᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ | ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ︶ | 11. ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ︵1︶ ᠰᠤᠷᠭᠠᠨ ᠬᠥᠮᠥᠵᠢᠯ ᠤᠨ ᠠᠵᠢᠯ ᠤᠨ ᠲᠠᠯ᠎ᠠ ᠳᠤ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠥᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠢᠳᠡᠪᠬᠢᠲᠡᠢ ᠥᠷᠭᠡᠳᠬᠡᠨ᠂ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠢ ᠶᠡᠬᠡᠪᠡᠷ ᠬᠥᠭᠵᠢᠭᠦᠯᠵᠦ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠪᠤᠶᠤ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠳᠤ ᠦᠢᠯᠡᠴᠢᠯᠡᠬᠦ ᠴᠡᠭ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠲᠣᠬᠢᠷᠠᠬᠤ ᠨᠠᠰᠤᠨ ᠤ ᠬᠡᠦᠬᠡᠳ ᠤᠨ ᠲᠤᠭ᠎ᠠ ᠪᠠ ᠪᠠᠶᠢᠩᠭᠤ ᠰᠠᠭᠤᠭ᠎ᠠ ᠬᠥᠮᠥᠨ ᠠᠮᠠ ᠶᠢᠨ | ᠪᠣᠳᠠᠲᠠᠢ ᠶᠢ ᠦᠨᠳᠦᠰᠦᠯᠡᠵᠦ ᠰᠤᠮᠤ ᠰᠢᠶᠠᠩ ᠪᠠᠯᠭᠠᠰᠤ ᠪᠦᠷᠢ ᠨᠢ ᠬᠡᠷᠡᠭᠴᠡᠭᠡ ᠶᠣᠰᠣᠭᠠᠷ ᠢᠶᠠᠨ ᠠᠯᠪᠠᠨ ᠠᠴᠠ | ᠡᠷᠬᠢᠯᠡᠭᠰᠡᠨ ᠬᠡᠦᠬᠡᠳ ᠤᠨ ᠭᠤᠣᠯ ᠴᠡᠴᠡᠷᠯᠢᠭ ᠢ ᠰᠠᠶᠢᠲᠤᠷ ᠡᠷᠬᠢᠯᠡᠨ᠎ᠡ᠃ ᠮᠠᠯᠵᠢᠬᠤ ᠣᠷᠣᠨ ᠳᠠᠬᠢ | ᠰᠤᠷᠭᠠᠭᠤᠯᠢ ᠨᠤᠭᠤᠳ ᠤᠨ ᠪᠠᠶᠢᠷᠢᠰᠢᠯ ᠢ ᠰᠢᠯᠢᠳᠡᠭᠵᠢᠭᠦᠯᠦᠨ᠂ ᠲᠣᠬᠢᠷᠠᠬᠤ ᠨᠠᠰᠤᠨ ᠤ ᠬᠡᠦᠬᠡᠳ ᠪᠠᠭᠠᠴᠤᠳ ᠤᠨ | ᠣᠶᠢᠷ᠎ᠠ ᠬᠠᠪᠢ ᠳᠤ ᠪᠠᠨ ᠰᠠᠶᠢᠨ ᠰᠠᠶᠢᠬᠠᠨ ᠠᠯᠪᠠᠨ ᠵᠢᠷᠤᠮ ᠤᠨ ᠰᠤᠷᠭᠠᠨ ᠬᠥᠮᠥᠵᠢᠯ ᠬᠦᠷᠲᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ᠮᠠᠯᠵᠢᠬᠤ ᠣᠷᠣᠨ ᠤ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠨ᠂ ᠮᠠᠯᠵᠢᠬᠤ ᠣᠷᠣᠨ ᠤ ᠰᠤᠷᠭᠠᠭᠤᠯᠢ ᠨᠤᠭᠤᠳ ᠢ ᠴᠢᠨᠠᠷ ᠰᠠᠶᠢᠲᠠᠢ ᠰᠤᠷᠭᠠᠨ ᠬᠥᠮᠥᠵᠢᠯ ᠤᠨ | ᠡᠬᠢ ᠪᠠᠶᠠᠯᠢᠭ ᠢᠶᠠᠷ ᠬᠠᠮᠣᠷᠣᠭᠤᠯᠬᠤ ᠶᠢ ᠨᠢ ᠠᠬᠢᠭᠤᠯᠤᠨ᠎ᠠ᠃ ᠤᠯᠤᠰ ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢᠶᠠᠨ ᠭᠦᠨᠵᠡᠭᠡᠶᠢᠷᠡᠭᠦᠯᠦᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ | ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠠᠳᠮᠠᠭᠠᠢ ᠡᠵᠡᠮᠰᠢᠵᠦ | ᠬᠡᠷᠡᠭᠯᠡᠬᠦ ᠶᠢ ᠠᠬᠢᠭᠤᠯᠤᠨ᠂ ᠲᠡᠳᠡᠨ ᠳᠤ ᠣᠳᠣ ᠦᠶ᠎ᠡ ᠶᠢᠨ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠡᠩ | ᠰᠠᠶᠢᠨ ᠬᠦᠷᠲᠡᠭᠡᠵᠦ ᠨᠡᠶᠢᠭᠡᠮ ᠨᠡᠶᠢᠲᠡ ᠯᠦᠭᠡ ᠠᠭᠤᠰᠤᠯᠴᠠᠬᠤ ᠶᠢ ᠨᠢ ᠦᠨᠡᠨ ᠬᠦ ᠪᠠᠲᠤᠯᠠᠨ᠎ᠠ᠃ ︵ᠬᠠᠷᠢᠭᠤᠴᠠᠬᠤ | ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠦᠮᠦᠵᠢᠯ ᠤᠨ ᠲᠢᠩᠬᠢᠮ︶ | ︵2︶ ᠡᠷᠡᠭᠦᠯ ᠬᠠᠮᠠᠭᠠᠯᠠᠯ ᠤᠨ ᠠᠵᠢᠯ ᠤᠨ ᠲᠠᠯ᠎ᠠ ᠳᠤ᠃ ᠲᠤᠷᠰᠢᠯᠲᠠ ᠶᠢᠨ ᠴᠡᠭ ᠪᠣᠯᠬᠤ ᠬᠤᠰᠢᠭᠤ ᠶᠢ | ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠤ ᠪᠠᠶᠢᠷᠢᠰᠢᠯ ᠢ ᠰᠢᠯᠢᠳᠡᠭᠵᠢᠭᠦᠯᠬᠦ᠂ ᠰᠠᠭᠤᠷᠢ ᠪᠡᠯᠡᠳᠬᠡᠮᠵᠢ ᠶᠢ | ᠲᠡᠭᠦᠯᠳᠡᠷᠵᠢᠭᠦᠯᠬᠦ᠂ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠭᠠᠷᠭᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠵᠡᠷᠭᠡ ᠲᠠᠯ᠎ᠠ ᠶᠢᠨ ᠠᠵᠢᠯ ᠢ ᠥᠷᠨᠢᠭᠦᠯᠦᠨ᠎ᠡ᠃ ᠬᠤᠰᠢᠭᠤ ᠨᠤᠭᠤᠳ ᠤᠨ ᠡᠮᠨᠡᠯᠭᠡ ᠶᠢᠨ ᠬᠤᠷᠢᠶᠠᠨ ᠤ | ᠠᠨᠠᠢ ᠪᠠᠶᠢᠭ᠎ᠠ ᠲᠤᠰᠬᠠᠢ ᠰᠠᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ | ᠠᠯᠬᠤᠮ ᠬᠤᠪᠢᠶᠠᠨ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠡᠮᠴᠢᠯᠡᠬᠡᠨ ᠤ ᠬᠤᠯᠪᠣᠭᠠᠲᠤ ᠴᠣᠭᠴᠠ᠂ | ᠡᠮᠴᠢᠯᠡᠬᠡᠨ ᠤ ᠬᠠᠮᠲᠤ ᠶᠢᠨ ᠴᠣᠭᠴᠠ ᠵᠢᠴᠢ ᠠᠯᠤᠰ ᠡᠮᠴᠢᠯᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ ᠪᠠᠶᠢᠭ᠎ᠠ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠳᠡᠯ ᠦᠢᠯᠡᠴᠢᠯᠡᠭᠡᠨ ᠤ ᠲᠡᠷᠭᠡ ᠪᠠ ᠡᠷᠡᠭᠦᠯ | ᠮᠡᠨᠳᠦ ᠶᠢᠨ ᠪᠠᠲᠤᠯᠠᠭ᠎ᠠ ᠶᠢᠨ ︽ᠡᠮ ᠤᠨ ᠵᠢᠵᠢᠭ ᠬᠠᠶᠢᠷᠴᠠᠭ︾ ᠲᠤ ᠲᠦᠰᠢᠭᠯᠡᠨ᠂ ᠨᠡᠭᠦᠳᠡᠯ ᠬᠢᠭᠡᠳ ᠲᠣᠭᠲᠠᠮᠠᠯ ᠢ | ᠤᠶᠠᠯᠳᠤᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠰᠢᠭᠤ ᠪᠦᠷᠢ ᠳᠤ ᠮᠣᠩᠭᠤᠯ ᠬᠢᠲᠠᠳ ᠡᠮᠨᠡᠯᠭᠡ ᠶᠢᠨ 1 ᠲᠤᠰᠬᠠᠶ | ᠰᠠᠯᠠᠭ᠎ᠠ ︵ᠲᠤᠰᠬᠠᠶ ᠡᠮᠴᠢᠯᠡᠭᠡᠨ ᠤ ᠰᠠᠯᠠᠭ᠎ᠠ︶ ᠶᠢ ᠭᠤᠣᠯᠳᠠᠯᠭ᠎ᠠ ᠲᠠᠢ ᠰᠠᠶᠢᠲᠤᠷ ᠪᠠᠶᠢᠭᠤᠯᠤᠨ᠎ᠠ᠃ ︵ᠬᠠᠷᠢᠭᠤᠴᠠᠬᠤ | ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | ︵3︶ ᠰᠣᠶᠣᠯ ᠤᠨ ᠠᠵᠢᠯ ᠤᠨ ᠲᠠᠯ᠎ᠠ ᠳᠤ᠃ ᠤᠯᠠᠭᠠᠨᠮᠥ᠋ᠴᠢᠷ ᠤᠨ ᠬᠥᠭᠵᠢᠯᠲᠡ ᠶᠢ ᠳᠡᠮᠵᠢᠵᠦ᠂ ᠮᠠᠯᠵᠢᠬᠤ | ᠣᠷᠣᠨ ᠤ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠂ ᠮᠠᠯᠵᠢᠬᠤ | ᠣᠷᠣᠨ ᠤ ᠰᠣᠶᠣᠯ ᠤᠨ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠭᠠᠨᠮᠥ᠋ᠴᠢᠷ ᠤᠨ ᠭᠡᠰᠢᠭᠦᠳ ᠮᠠᠯᠵᠢᠬᠤ | ᠣᠷᠣᠨ ᠳᠤ ᠭᠦᠨᠵᠡᠭᠡᠶᠢᠷᠡᠨ ᠤᠬᠠᠭᠤᠯᠵᠤ ᠦᠢᠯᠡᠴᠢᠯᠡᠨ᠂ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠢ | ᠭᠠᠴᠠᠭ᠎ᠠ ᠲᠣᠰᠬᠤᠨ᠂ ᠮᠠᠯᠵᠢᠬᠤ ᠡᠷᠦᠬᠡ ᠳᠤ ᠬᠦᠷᠭᠡᠬᠦ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠡᠬᠢ | ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ | ᠬᠤᠰᠢᠭᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ | ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ︶ | ︵4︶ ᠨᠠᠰᠤᠵᠢᠯ ᠤᠨ ᠠᠵᠢᠯ ᠤᠨ ᠲᠠᠯ᠎ᠠ ᠳᠤ᠃ ᠲᠤᠷᠰᠢᠯᠲᠠ ᠶᠢᠨ ᠴᠡᠭ ᠪᠣᠯᠬᠤ ᠬᠤᠰᠢᠭᠤ ᠠᠴᠠ ᠡᠬᠢᠯᠡᠨ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠲᠤᠰᠢᠶᠠᠬᠤ ᠰᠦᠢᠳᠬᠡᠯ ᠤᠨ ᠳᠡᠰ ᠢ | ᠳᠡᠭᠡᠭᠰᠢᠯᠡᠭᠦᠯᠵᠦ᠂ ᠰᠦᠢᠳᠬᠡᠯ ᠲᠤᠰᠢᠶᠠᠬᠤ ᠨᠡᠮᠡᠭᠦᠷᠢ ᠶᠢ ᠨᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠷᠦᠬᠡ᠂ ᠲᠥᠯᠥᠪᠯᠡᠭᠡᠲᠦ ᠦᠷᠡᠵᠢᠯ ᠤᠨ | ᠣᠨᠴᠠᠭᠠᠶ ᠬᠡᠷ ᠪᠦᠯᠢ᠂ ᠣᠨᠴᠠ ᠬᠦᠴᠢᠷᠳᠡᠯᠲᠡᠶ ᠬᠥᠮᠦᠰ᠂ ᠬᠠᠷᠢᠴᠠᠩᠭᠤᠶ ᠶᠠᠳᠠᠭᠤ ᠬᠦᠴᠢᠷᠳᠡᠯᠲᠡᠶ ᠬᠥᠮᠦᠨ ᠠᠮᠠ᠂ | ᠬᠦᠨᠳᠦ ᠵᠡᠮᠳᠡᠭ ᠬᠥᠮᠦᠨ ᠵᠡᠷᠭᠡ ᠬᠦᠴᠢᠷᠳᠡᠯᠲᠡᠶ ᠬᠥᠮᠦᠰ ᠤᠨ ᠣᠷᠣᠯᠠᠨ ᠲᠤᠰᠢᠶᠠᠬᠤ ᠲᠤᠭ᠎ᠠ ᠶᠢ ᠳᠡᠭᠡᠭᠰᠢᠯᠡᠭᠦᠯᠦᠨ᠎ᠡ᠃ | ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 12 . ᠰᠠᠭᠤᠷᠢ ᠪᠡᠯᠡᠳᠬᠡᠮᠵᠢ ᠪᠠᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ᠃ | ︵1︶ ᠤᠤᠭᠤᠬᠤ ᠤᠰᠤᠨ ᠤ ᠠᠵᠢᠯ ᠤᠨ ᠲᠠᠯ᠎ᠠ ᠳᠤ᠃ ᠭᠦᠨ ᠬᠤᠳᠳᠤᠭ ᠮᠠᠯᠲᠠᠬᠤ᠂ ᠦᠨᠳᠦᠰᠦᠨ ᠤᠰᠤ | ᠬᠠᠩᠭᠠᠬᠤ ᠬᠤᠳᠳᠤᠭ ᠢ ᠵᠣᠬᠢᠰᠲᠠᠶ ᠪᠠᠬᠢᠯᠡᠬᠦ᠂ ᠬᠤᠭᠤᠯᠠᠶ ᠭᠤᠤᠷᠰᠤ ᠪᠠᠷ ᠤᠰᠤ ᠳᠠᠮᠵᠢᠭᠤᠯᠵᠤ ᠤᠰᠤ ᠬᠠᠩᠭᠠᠬᠤ | ᠴᠡᠭ ᠪᠠᠶᠢᠭᠤᠯᠬᠤ᠂ ᠤᠰᠤ ᠬᠠᠳᠠᠭᠠᠯᠠᠬᠤ ᠵᠣᠭᠤᠷᠢ ᠲᠣᠬᠢᠷᠠᠭᠤᠯᠬᠤ᠂ ᠤᠰᠤ ᠬᠦᠷᠭᠡᠬᠦ ᠦᠢᠯᠡᠴᠢᠯᠡᠭᠡᠨ ᠤ ᠠᠩᠭᠢ ᠶᠢ | ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤ ᠬᠡᠴᠡᠭᠦᠦ ᠳᠤᠲᠠᠭᠳᠠᠵᠤ ᠪᠠᠶᠢᠭ᠎ᠠ ᠮᠠᠯᠵᠢᠬᠤ | ᠣᠷᠣᠨ ᠳᠠᠬᠢ ᠬᠥᠮᠦᠨ ᠪᠠ ᠮᠠᠯ ᠤᠨ ᠤᠤᠭᠤᠬᠤ ᠤᠰᠤᠨ ᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ | ᠤᠰᠤᠨ ᠤ ᠡᠬᠢ ᠰᠤᠷᠪᠤᠯᠵᠢ ᠪᠠᠷ ᠨᠡᠯᠢᠶᠡᠳ ᠡᠯᠪᠡᠭ ᠪᠠᠶᠢᠭ᠎ᠠ ᠮᠠᠯᠵᠢᠬᠤ ᠣᠷᠣᠨ ᠤ ᠮᠠᠯᠵᠢᠬᠤ ᠡᠷᠦᠬᠡ ᠨᠢ ᠡᠷᠦᠬᠡ ᠳᠤ | ᠬᠡᠷᠡᠭᠯᠡᠬᠦ ᠬᠤᠩᠭᠢᠶ᠎ᠠ ᠬᠤᠳᠳᠤᠭ᠂ ᠳᠠᠷᠤᠭᠤᠯ ᠬᠤᠳᠳᠤᠭ᠂ ᠵᠢᠵᠢᠭ ᠬᠡᠯᠪᠡᠷᠢ ᠶᠢᠨ ᠮᠠᠰᠢᠨ ᠴᠠᠬᠢᠯᠭᠠᠨ | ᠬᠤᠳᠳᠤᠭ ᠠᠴᠠ ᠤᠰᠤ ᠠᠪᠬᠤ ᠪᠠᠷ ᠭᠤᠣᠯ ᠠᠷᠭ᠎ᠠ ᠮᠠᠶ᠋ᠢᠭ ᠪᠣᠯᠭᠠᠵᠤ᠂ ᠨᠥᠬᠦᠴᠡᠯ ᠲᠠᠢ ᠭᠠᠵᠠᠷ ᠣᠷᠣᠨ ᠨᠢ | ︽ᠨᠢᠭᠡ ᠡᠷᠦᠬᠡ ᠳᠤ ᠨᠢᠭᠡ ᠬᠤᠳᠳᠤᠭ︾ ᠲᠠᠢ ᠪᠠᠶᠢᠯᠭᠠᠬᠤ ᠶᠢ ᠪᠠᠲᠤᠯᠠᠨ᠎ᠠ᠃ ᠬᠥᠮᠦᠨ ᠠᠮᠠ ᠬᠠᠷᠢᠴᠠᠩᠭᠤᠶ | ᠲᠥᠪᠯᠡᠷᠡᠭᠰᠡᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠲᠥᠪᠯᠡᠷᠡᠭᠦᠯᠦᠨ ᠤᠰᠤ ᠬᠠᠩᠭᠠᠬᠤ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠠᠯᠵᠢᠬᠤ ᠣᠷᠣᠨ ᠳᠠᠬᠢ ᠲᠥᠪᠯᠡᠷᠡᠭᠦᠯᠦᠨ | ᠤᠰᠤ ᠬᠠᠩᠭᠠᠬᠤ ᠨᠣᠷᠮ᠎ᠠ ᠪᠠ ᠲᠦᠭᠡᠭᠡᠯ ᠤᠰᠤ ᠬᠠᠩᠭᠠᠬᠤ ᠶᠢ ᠲᠦᠭᠡᠮᠡᠯᠵᠢᠭᠦᠯᠬᠦ ᠨᠣᠷᠮ᠎ᠠ ᠶᠢ ᠨᠢ ᠳᠡᠭᠡᠭᠰᠢᠯᠡᠭᠦᠯᠦᠨ᠎ᠡ᠃ | ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ︶ | ︵2︶ ᠴᠠᠬᠢᠯᠭᠠᠨ ᠬᠦᠴᠦᠨ ᠤ ᠠᠵᠢᠯ ᠤᠨ ᠲᠠᠯ᠎ᠠ ᠳᠤ᠃ ᠲᠤᠷᠰᠢᠯᠲᠠ ᠶᠢᠨ ᠴᠡᠭ ᠪᠣᠯᠬᠤ ᠬᠤᠰᠢᠭᠤ ᠠᠴᠠ | ᠡᠬᠢᠯᠡᠨ᠂ ᠮᠠᠯᠵᠢᠬᠤ ᠣᠷᠣᠨ ᠳᠠᠬᠢ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠥᠭᠡᠷᠡᠴᠢᠯᠡᠨ ᠰᠠᠶᠢᠵᠢᠷᠠᠭᠤᠯᠵᠤ | ᠳᠡᠰ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠠᠬᠢᠯᠭᠠᠨ ᠤ ᠲᠣᠣᠷ ᠰᠢᠯᠵᠢᠭᠦᠯᠬᠦ ᠨᠥᠬᠦᠴᠡᠯ | ᠪᠦᠷᠢᠯᠳᠦᠭᠦᠯᠦᠭᠰᠡᠨ ᠮᠠᠯᠵᠢᠬᠤ ᠡᠷᠦᠬᠡ ᠳᠤ ᠴᠥᠮ ᠲᠣᠣᠷ ᠢᠶᠠᠷ ᠴᠠᠬᠢᠯᠭᠠᠨ ᠨᠡᠪᠲᠡᠷᠡᠭᠦᠯᠵᠦ᠂ 2 ᠺᠢᠯᠣᠸᠠᠲ ᠠᠴᠠ | ᠳᠣᠷᠣᠭᠰᠢᠬᠢ ᠨᠠᠷᠠ ᠪᠠ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠶᠢ ᠬᠠᠷᠢᠯᠴᠠᠨ ᠨᠥᠬᠦᠪᠦᠷᠢᠯᠡᠭᠦᠯᠬᠦ ᠰᠢᠨ᠎ᠡ | ᠡᠨᠧᠷᠭᠢ ᠬᠡᠷᠡᠭᠯᠡᠭᠰᠡᠨ ᠮᠥᠷᠲᠡᠭᠡᠨ ᠲᠡᠭᠦᠨ ᠢ ᠪᠠᠨ ᠳᠡᠰ ᠳᠡᠪᠰᠢᠭᠦᠯᠬᠦ ᠬᠦᠰᠡᠯ ᠲᠠᠢ ᠮᠠᠯᠵᠢᠬᠤ ᠡᠷᠦᠬᠡ ᠤᠨ ᠳᠡᠰ ᠢ ᠨᠢ | 2 ᠺᠢᠯᠣᠸᠠᠲ ᠪᠣᠯᠭᠠᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ | ﹇ᠪᠦᠯᠦᠭᠯᠡᠯ﹈ ᠤ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠤ ᠲᠣᠤᠷ ᠤᠨ ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ︶ | ︵3︶ ᠵᠠᠮ ᠤᠨ ᠠᠵᠢᠯ ᠤᠨ ᠲᠠᠯ᠎ᠠ ᠳᠤ᠃ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠲᠤᠬᠠᠶ ᠶᠢᠨ ᠭᠠᠵᠠᠷ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ | ᠨᠡᠪᠲᠡᠷᠡᠭᠦᠯᠬᠦ ᠴᠢᠳᠠᠪᠤᠷᠢ ᠪᠠ ᠦᠢᠯᠡᠴᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠮᠠᠯᠵᠢᠬᠤ ᠣᠷᠣᠨ ᠤ | ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠠᠵᠢᠯ ᠢᠶᠠᠨ ᠴᠢᠩᠭᠠᠳᠬᠠᠨ᠎ᠠ᠃ ︵ᠬᠠᠷᠢᠭᠤᠴᠠᠬᠤ ᠨᠢᠭᠡᠴᠢ᠄ | ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ︶ | ︵4︶ ᠴᠢᠮᠡᠭᠡ ᠬᠤᠯᠪᠣᠭᠠᠨ ᠤ ᠠᠵᠢᠯ ᠤᠨ ᠲᠠᠯ᠎ᠠ ᠳᠤ᠃ ᠥᠪᠡᠷᠲᠡᠭᠡᠨ ᠵᠠᠰᠠᠬᠤ ᠣᠷᠣᠨ ᠠᠴᠠ ᠪᠠᠯᠠ | ᠣᠷᠣᠭᠤᠯᠵᠤ ᠨᠡᠮᠡᠭᠦᠷᠢ ᠥᠭᠬᠦ ᠠᠷᠭ᠎ᠠ ᠶᠢ ᠬᠡᠷᠡᠭᠯᠡᠨ᠂ ᠣᠶᠣᠨᠯᠢᠭ ᠷᠠᠳᠢᠣ᠋ ᠲᠧᠯᠸᠢᠰ ᠤᠨ ᠥᠷᠭᠡᠨ ᠪᠦᠰᠡᠲᠦ | ᠰᠦᠯᠵᠢᠶᠡᠨ ᠤ ᠬᠠᠮᠤᠷᠬᠤ ᠪᠠ ᠦᠢᠯᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ᠴᠠᠬᠢᠯᠭᠠᠨ | ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠲᠤᠷᠰᠢᠯᠲᠠ ᠶᠢᠨ ᠴᠡᠭ ᠪᠣᠯᠬᠤ ᠲᠥᠷᠥᠯ ᠵᠦᠢᠯ ᠳᠤ ᠲᠦᠰᠢᠭᠯᠡᠨ᠂ | ᠣᠶᠣᠨᠯᠢᠭ ᠷᠠᠳᠢᠤ᠋ ᠲᠧᠯᠸᠢᠰ ᠤᠨ ᠰᠦᠯᠵᠢᠶᠡᠨ ᠤ ᠦᠢᠯᠡᠴᠢᠯᠡᠭᠡᠨ ᠢ ᠲᠣᠰᠬᠤᠨ ᠪᠠ ᠡᠷᠦᠬᠡ ᠳᠤ ᠣᠷᠣᠭᠤᠯᠬᠤ | ᠢᠨᠵᠧᠨᠧᠷᠢᠩ ᠤᠨ ᠪᠠᠷᠢᠮᠵᠢᠶ᠎ᠠ ᠶᠣᠰᠣᠭᠠᠷ᠂ ᠮᠠᠯᠵᠢᠬᠤ ᠣᠷᠣᠨ ᠳᠤ ᠲᠦᠮᠡᠨ ᠰᠠᠶᠠᠲᠤ ᠰᠦᠯᠵᠢᠶ᠎ᠡ ᠶᠢ ᠬᠤᠰᠢᠭᠤ᠂ | ᠮᠢᠩᠭᠠᠨ ᠰᠠᠶᠠᠲᠤ ᠰᠦᠯᠵᠢᠶ᠎ᠡ ᠶᠢ ᠰᠤᠮᠤ ᠰᠢᠶᠠᠩ ᠪᠠᠯᠭᠠᠰᠤ᠂ ᠵᠠᠭᠤᠨ ᠰᠠᠶᠠᠲᠤ ᠰᠦᠯᠵᠢᠶ᠎ᠡ ᠶᠢ ᠭᠠᠴᠠᠭ᠎ᠠ | ᠲᠣᠰᠬᠤᠨ ᠳᠤ ᠣᠷᠣᠭᠤᠯᠤᠭᠰᠠᠨ ᠤᠲᠠᠰᠤᠲᠤ ᠰᠦᠯᠵᠢᠶ᠎ᠡ ᠪᠠ ᠷᠠᠳᠢᠤ᠋ ᠲᠧᠯᠸᠢᠰ ᠤᠨ ᠨᠡᠶᠢᠳᠡᠮ ᠬᠠᠮᠤᠷᠬᠤ ᠶᠢ | ᠪᠡᠶᠡᠯᠡᠭᠦᠯᠦᠨ᠎ᠡ᠃ ᠣᠶᠣᠨᠯᠢᠭ ᠷᠠᠳᠢᠣ᠋ ᠲᠧᠯᠸᠢᠰ ᠤᠨ ᠰᠦᠯᠵᠢᠶ᠎ᠡ ᠬᠢᠭᠡᠳ ᠢᠨᠲ᠋ᠧᠷ ᠰᠦᠯᠵᠢᠶ᠎ᠡ ᠶᠢ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠣᠯᠭᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠂ | ᠣᠯᠠᠨ ᠨᠡᠶᠢᠲᠡ ᠶᠢᠨ ᠦᠨᠳᠦᠰᠦᠨ ᠰᠣᠶᠣᠯ ᠤᠨ ᠠᠭᠤᠯᠭ᠎ᠠ ᠶᠢ ᠦᠵᠡᠭᠦᠯᠬᠦ᠂ ᠣᠯᠠᠨ ᠨᠡᠶᠢᠲᠡ ᠶᠢᠨ ᠠᠮᠤᠷ ᠲᠦᠪᠰᠢᠨ᠂ | ᠵᠠᠰᠠᠭ ᠤᠨ ᠶᠠᠪᠤᠳᠠᠯ ᠤᠨ ᠠᠵᠢᠯ᠂ ᠰᠤᠷᠭᠠᠨ ᠬᠥᠮᠦᠵᠢᠯ ᠰᠣᠶᠣᠯ᠂ ᠡᠮᠴᠢᠯᠡᠭᠡ ᠡᠷᠡᠭᠦᠯ ᠬᠠᠮᠠᠭᠠᠯᠠᠯ᠂ ᠨᠡᠶᠢᠭᠡᠮ ᠤᠨ | ᠵᠠᠰᠠᠯᠲᠠ᠂ ᠸᠢᠳᠢᠤ᠋ ᠪᠠᠷ ᠬᠤᠷᠠᠯ ᠪᠣᠯᠪᠠᠰᠤᠷᠠᠯ ᠬᠢᠬᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢᠶᠠᠨ ᠳᠣᠭᠢᠷᠠᠭᠤᠯᠬᠤ᠂ | ᠡᠭᠦᠯᠡᠨᠴᠡᠷ ᠸᠢᠳᠢᠤ᠋ ᠪᠠᠷ ᠬᠢᠨᠠᠨ ᠬᠠᠮᠢᠶᠠᠷᠴᠤ ᠬᠢᠨᠠᠨ ᠡᠵᠡᠮᠳᠡᠬᠦ ᠵᠡᠷᠭᠡ ᠶᠢ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠤ ᠡᠳᠡᠭᠡᠷ ᠬᠠᠮᠤᠭ ᠤᠨ ᠦᠨᠳᠦᠰᠦᠨ ᠱᠠᠲᠤ ᠲᠡᠶᠢᠰᠢ ᠤᠷᠲᠤᠳᠬᠠᠨ᠎ᠠ᠃ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ | ᠮᠠᠯᠵᠢᠬᠤ ᠡᠷᠦᠬᠡ ᠶᠢᠨ ᠭᠡᠷ ᠪᠦᠯᠢ ᠶᠢ ᠬᠠᠮᠤᠷᠤᠭᠰᠠᠨ ᠪᠦᠬᠦᠯᠢ ᠴᠣᠭᠴᠠ ᠪᠠᠷ ᠬᠠᠮᠲᠤᠷᠠᠨ ᠬᠥᠳᠡᠯᠦᠯᠴᠡᠬᠦ᠂ ᠰᠠᠯᠠᠭ᠎ᠠ | ᠮᠥᠴᠢᠷ ᠬᠠᠮᠵᠢᠯᠴᠠᠬᠤ᠂ ᠨᠢᠭᠡ ᠰᠦᠯᠵᠢᠶ᠎ᠡ ᠪᠠᠷ ᠭᠦᠢᠴᠡᠳᠬᠡᠬᠦ ᠮᠡᠷᠭᠡᠵᠢᠯ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ᠲᠣᠤᠷ ᠢᠶᠠᠷ ᠴᠠᠬᠢᠯᠭᠠᠨ ᠬᠠᠩᠭᠠᠬᠤ ᠪᠤᠶᠤ ᠥᠪᠡᠷᠲᠡᠭᠡᠨ | ᠵᠠᠰᠠᠬᠤ ᠣᠷᠣᠨ ᠠᠴᠠ ᠨᠡᠶᠢᠲᠡᠯᠡᠭᠰᠡᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠡᠨᠧᠷᠭᠢ ᠶᠢᠨ ᠨᠡᠮᠡᠭᠦᠷᠢ ᠥᠭᠬᠦ | ᠲᠥᠷᠥ ᠶᠢᠨ ᠪᠣᠳᠣᠯᠭ᠎ᠠ ᠶᠣᠰᠣᠭᠠᠷ᠂ ᠨᠠᠷᠠ ᠪᠠ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠶᠢ ᠬᠠᠷᠢᠯᠴᠠᠨ | ᠨᠥᠬᠦᠪᠥᠷᠢᠯᠡᠬᠦ ᠠᠷᠭ᠎ᠠ ᠮᠠᠶ᠋ᠢᠭ ᠢ ᠠᠰᠢᠭᠯᠠᠨ ᠷᠠᠳᠢᠣ᠋ ᠴᠢᠮᠡᠭᠡ ᠬᠤᠯᠪᠣᠭ᠎ᠠ ᠵᠢᠴᠢ 4G ᠰᠠᠭᠤᠷᠢ ᠥᠷᠲᠡᠭᠡ ᠳᠤ | ᠴᠠᠬᠢᠯᠭᠠᠨ ᠬᠠᠩᠭᠠᠬᠤ ᠠᠰᠠᠭᠤᠳᠠᠯ ᠢ ᠰᠢᠢᠳᠪᠦᠷᠢᠯᠡᠨ᠎ᠡ᠃ ᠮᠠᠯᠵᠢᠬᠤ ᠣᠷᠣᠨ ᠳᠠᠬᠢ ᠣᠶᠣᠨᠯᠢᠭ ᠷᠠᠳᠢᠤ᠋ ᠲᠧᠯᠸᠢᠰ ᠤᠨ | ᠥᠷᠭᠡᠨ ᠪᠦᠰᠡᠲᠦ ᠰᠦᠯᠵᠢᠶ᠎ᠡ ᠪᠠᠷ ᠬᠠᠮᠤᠷᠬᠤ ᠬᠢᠭᠡᠳ ᠦᠢᠯᠡᠴᠢᠯᠡᠭᠡᠨ ᠤ ᠢᠨᠵᠧᠨᠧᠷᠢᠩ ᠤᠨ ᠲᠥᠷᠥᠯ ᠵᠦᠢᠯ ᠢ | ᠪᠥᠳᠥᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠯᠵᠢᠬᠤ ᠣᠷᠣᠨ ᠤ ᠣᠳᠣᠬᠢᠴᠢᠯᠠᠭᠰᠠᠨ ᠮᠡᠳᠡᠭᠡ | ᠵᠠᠩᠭᠢ ᠶᠢᠨ ᠰᠠᠭᠤᠷᠢ ᠪᠡᠯᠡᠳᠬᠡᠮᠵᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠳᠡᠯᠭᠡᠷᠡᠭᠦᠯᠬᠦ ᠪᠠ ᠲᠦᠭᠡᠮᠡᠯᠵᠢᠭᠦᠯᠬᠦ ᠳᠤ ᠬᠦᠴᠦᠨ | ᠨᠡᠮᠡᠷᠢᠯᠡᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ | ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ | ᠲᠣᠪᠴᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ︶᠃ | | ︵5︶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠠᠯ᠎ᠠ ᠳᠤ᠃ ᠤᠯᠤᠰ ᠤᠨ ᠲᠠᠰ ᠤᠨ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠵᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠰᠢᠶᠠᠨ ᠪᠠᠶᠢᠭᠤᠯᠬᠤ ᠪᠠᠷ ᠭᠤᠶᠤᠴᠢᠯᠠᠭᠰᠠᠨ ᠲᠤᠷᠰᠢᠯᠲᠠ ᠶᠢᠨ ᠴᠡᠭ ᠪᠣᠯᠬᠤ ᠬᠤᠰᠢᠭᠤ ᠨᠤᠭᠤᠳ ᠤᠨ | ᠭᠤᠶᠤᠴᠢᠯᠠᠯ ᠢ ᠨᠢ ᠤᠷᠢᠳ ᠢᠶᠠᠷ ᠳᠡᠮᠵᠢᠵᠦ᠂ ᠲᠤᠷᠰᠢᠯᠲᠠ ᠶᠢᠨ ᠴᠡᠭ ᠪᠣᠯᠬᠤ ᠬᠤᠰᠢᠭᠤ ᠶᠢ ᠵᠢᠭᠠᠨ ᠵᠢᠯᠣᠭᠤᠳᠴᠤ | ᠪᠠᠶᠢᠭᠠᠳ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠨᠢ ᠴᠢᠩᠭᠠᠳᠬᠠᠨ᠂ ᠲᠤᠷᠰᠢᠯᠲᠠ ᠶᠢᠨ ᠴᠡᠭ ᠪᠣᠯᠬᠤ ᠬᠤᠰᠢᠭᠤ ᠨᠤᠭᠤᠳ ᠤᠨ ᠡᠯᠧᠺᠲᠷᠣᠨ | ᠬᠤᠳᠠᠯᠳᠤᠭᠠᠨ ᠤ ᠡᠵᠡᠩᠨᠡᠬᠦ ᠠᠵᠢᠯᠯᠠᠭᠠᠨ ᠤ ᠲᠣᠭᠲᠠᠯᠴᠠᠭ᠎ᠠ᠂ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ | ᠪᠠᠶᠢᠭᠤᠯᠬᠤ ᠶᠢ ᠨᠢ ᠠᠬᠢᠭᠤᠯᠵᠤ᠂ ︽ᠬᠤᠶᠠᠷ ᠲᠥᠪ ᠨᠢᠭᠡ ᠥᠷᠲᠡᠭᠡ ᠴᠡᠭ︾ ᠤᠨ ᠵᠥᠭᠡᠯᠡᠨ ᠪᠠ ᠬᠠᠲᠠᠭᠤ | ᠬᠡᠷᠡᠭᠰᠡᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠲᠤᠬᠠᠶ ᠶᠢᠨ ᠭᠠᠵᠠᠷ ᠤᠨ ᠣᠨᠴᠠᠯᠢᠭ ᠲᠠᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠴᠢᠨᠠᠷ ᠳᠡᠰ ᠲᠠᠢ ᠪᠥᠭᠡᠳ ᠦᠨ᠎ᠡ ᠥᠷᠲᠡᠭ ᠲᠠᠢ | ᠪᠣᠷᠣᠯᠠᠭᠤᠯᠬᠤ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ | ᠬᠤᠰᠢᠭᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 13 . ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠤᠨ ᠴᠡᠭᠴᠡᠯᠡᠨ ᠵᠠᠰᠠᠯᠲᠠ ᠶᠢ | ᠠᠬᠢᠭᠤᠯᠤᠨ᠎ᠠ᠃ | ︵1︶ ᠵᠣᠷᠯᠣᠩ ᠢ ᠥᠭᠡᠷᠡᠴᠢᠯᠡᠨ ᠰᠢᠨᠡᠳᠬᠡᠬᠦ ᠠᠵᠢᠯ ᠤᠨ ᠲᠠᠯ᠎ᠠ ᠳᠤ᠃ ᠵᠠᠰᠠᠭ ᠤᠨ ᠣᠷᠳᠣᠨ ᠬᠥᠲᠥᠯᠥᠨ | ᠵᠢᠯᠣᠭᠤᠳᠬᠤ᠂ ᠮᠠᠯᠴᠢᠳ ᠰᠠᠶᠢᠨ ᠳᠤᠷ᠎ᠠ ᠠᠴᠠ ᠪᠠᠨ ᠪᠠᠶᠢᠬᠤ ᠶᠢ ᠪᠠᠷᠢᠮᠲᠠᠯᠠᠵᠤ᠂ ᠵᠣᠷᠯᠣᠩ ᠢ ᠥᠭᠡᠷᠡᠴᠢᠯᠡᠨ | ᠰᠢᠨᠡᠳᠬᠡᠬᠦ ᠠᠵᠢᠯ ᠤᠨ ᠪᠣᠯᠪᠠᠰᠤᠷᠠᠩᠭᠤᠶ ᠪᠣᠯᠣᠭᠰᠠᠨ ᠵᠠᠭᠪᠤᠷ ᠢ ᠳᠡᠯᠭᠡᠷᠡᠭᠦᠯᠦᠨ᠂ 2020 ᠣᠨ ᠪᠣᠯᠬᠤ ᠳᠤ | ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠤᠨ ᠲᠦᠭᠡᠮᠡᠯᠵᠢᠭᠰᠡᠨ ᠨᠣᠷᠮ᠎ᠠ ᠶᠢ 32% ᠲᠤ ᠬᠦᠷᠭᠡᠵᠦ᠂ 2022 | ᠣᠨ ᠪᠣᠯᠬᠤ ᠳᠤ ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠪᠠᠶᠢᠭᠤᠯᠬᠤ ᠬᠦᠰᠡᠯ ᠲᠠᠢ ᠮᠠᠯᠵᠢᠬᠤ ᠡᠷᠦᠬᠡ | ᠪᠦᠬᠦᠨ ᠳᠤ ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠦᠨᠡᠨ ᠬᠦ | ᠪᠠᠲᠤᠯᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ | ︵2︶ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ ᠲᠠᠯ᠎ᠠ ᠳᠤ᠃ ᠬᠤᠭ ᠨᠣᠪᠰᠢ ᠶᠢ | ᠲᠦᠷᠦᠯ ᠬᠤᠪᠢᠶᠠᠨ ᠢᠷᠡᠯᠲᠡ ᠠᠴᠠ ᠨᠢ ᠪᠠᠭᠠᠰᠬᠠᠬᠤ ᠶᠢ ᠢᠳᠡᠪᠬᠢᠲᠡᠢ ᠠᠬᠢᠭᠤᠯᠵᠤ᠂ ᠬᠤᠭ ᠨᠣᠪᠰᠢ ᠶᠢ ᠬᠤᠷᠢᠶᠠᠨ | ᠠᠪᠴᠤ ᠵᠥᠭᠡᠭᠡᠨ ᠲᠡᠭᠡᠭᠡᠪᠦᠷᠢᠯᠡᠬᠦ ᠪᠡᠯᠡᠳᠬᠡᠮᠵᠢ ᠪᠠ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠳᠤ | ᠨᠡᠶᠢᠴᠡᠭᠰᠡᠨ ᠬᠤᠭ ᠨᠣᠪᠰᠢ ᠰᠢᠲᠠᠭᠠᠬᠤ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ 2022 ᠣᠨ ᠤ ᠰᠡᠭᠦᠯᠴᠢ | ᠪᠣᠯᠬᠤ ᠳᠤ᠂ ᠮᠠᠯᠵᠢᠬᠤ ᠣᠷᠣᠨ ᠤ ᠣᠨᠴᠠᠯᠢᠭ ᠲᠤ ᠲᠣᠬᠢᠷᠠᠭᠰᠠᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠠᠪᠴᠤ ᠵᠥᠭᠡᠭᠡᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ᠃ | ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ | ︵3︶ ᠮᠠᠯ ᠵᠢᠭᠦᠷᠲᠡᠨ ᠤ ᠰᠢᠭᠡᠭ ᠰᠠᠩᠭᠠᠰᠤ ᠶᠢ ᠰᠢᠢᠳᠪᠦᠷᠢᠯᠡᠬᠦ ᠠᠵᠢᠯ ᠤᠨ ᠲᠠᠯ᠎ᠠ ᠳᠤ᠃ ᠮᠠᠯᠵᠢᠬᠤ | ᠣᠷᠣᠨ ᠤ ᠣᠨᠴᠠᠯᠢᠭ ᠲᠤ ᠨᠡᠶᠢᠴᠡᠭᠰᠡᠨ ᠰᠢᠭᠡᠭ ᠰᠠᠩᠭᠠᠰᠤ ᠰᠢᠢᠳᠪᠦᠷᠢᠯᠡᠬᠦ ᠠᠷᠭ᠎ᠠ ᠬᠡᠯᠪᠡᠷᠢ ᠶᠢ ᠰᠣᠩᠭᠤᠵᠤ᠂ | 2022 ᠣᠨ ᠪᠣᠯᠬᠤ ᠳᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠢᠭᠡᠭ ᠰᠠᠩᠭᠠᠰᠤ ᠰᠢᠢᠳᠪᠦᠷᠢᠯᠡᠬᠦ | ᠪᠡᠯᠡᠳᠬᠡᠮᠵᠢ ᠲᠦᠬᠦᠷᠵᠢᠭᠦᠯᠦᠭᠰᠡᠨ ᠨᠣᠷᠮ᠎ᠠ ᠶᠢ 100% ᠪᠣᠯᠭᠠᠨ᠂ ᠡᠬᠢ ᠪᠠᠶᠠᠯᠢᠭᠵᠢᠭᠤᠯᠤᠨ ᠠᠰᠢᠭᠯᠠᠬᠤ | ᠨᠣᠷᠮ᠎ᠠ ᠶᠢ 78% ᠠᠴᠠ ᠳᠠᠪᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ | ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ︵ᠳᠥᠷᠪᠡ︶ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠶᠢ ᠠᠬᠢᠭᠤᠯᠤᠨ᠎ᠠ᠃ | 14. ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃ | ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ ᠲᠣᠭᠲᠠᠭᠠᠵᠤ ᠳᠠᠭᠠᠭᠠᠴᠢᠯᠠᠭᠤᠯᠬᠤ ᠠᠵᠢᠯ ᠢ ᠲᠡᠭᠦᠯᠳᠡᠷᠵᠢᠭᠦᠯᠦᠭᠰᠡᠨ | ᠰᠠᠭᠤᠷᠢᠨ ᠳᠡᠭᠡᠷ᠎ᠡ᠂ ᠬᠤᠷᠰᠢᠶᠠᠵᠢᠯ ᠤᠨ ᠭᠡᠰᠢᠭᠦᠳ ᠤᠨ ᠪᠡᠶ᠎ᠡ ᠶᠢᠨ ᠭᠠᠷᠤᠯ ᠢ ᠨᠤᠲᠠᠯᠠᠬᠤ᠂ ᠡᠳ᠋ ᠬᠥᠷᠥᠩᠭᠡ ᠶᠢ | ᠬᠤᠪᠢ ᠣᠷᠣᠭᠤᠯᠤᠭᠰᠠᠨ ᠢᠶᠠᠷ ᠨᠤᠭᠤᠯᠤᠨ ᠪᠤᠳᠤᠵᠤ ᠲᠤᠭ᠎ᠠ ᠨᠣᠷᠮ᠎ᠠ ᠶᠢ ᠨᠢ ᠲᠣᠭᠲᠠᠭᠠᠬᠤ᠂ ᠬᠠᠮᠲᠤ ᠶᠢᠨ ᠬᠤᠪᠢ | ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠪᠤᠶᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ | ᠪᠠᠶᠢᠭᠤᠯᠬᠤ ᠶᠢ ᠠᠬᠢᠭᠤᠯᠬᠤ ᠵᠡᠷᠭᠡ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ 2020 ᠣᠨ ᠪᠣᠯᠬᠤ ᠳᠤ᠂ | ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠣᠨ ᠤ ᠡᠵᠡᠩᠨᠡᠯᠲᠡ ᠶᠢᠨ ᠴᠢᠨᠠᠷᠲᠠᠶ ᠣᠷᠣᠯᠭ᠎ᠠ ᠨᠢ | 5 ᠲᠦᠮᠡᠨ ᠲᠥᠭᠦᠷᠢᠭ ᠠᠴᠠ ᠪᠠᠭ᠎ᠠ ᠪᠠᠶᠢᠭ᠎ᠠ ᠬᠠᠮᠲᠤ ᠶᠢᠨ ᠠᠵᠤ ᠠᠬᠤᠶ ᠪᠠᠷ ᠪᠠᠭᠤᠷᠠᠶ ᠭᠠᠴᠠᠭ᠎ᠠ ᠲᠣᠰᠬᠤᠨ | ᠪᠦᠬᠦᠨ ᠢ ᠢᠯᠭᠠᠷᠠᠭᠤᠯᠵᠤ ᠬᠠᠰᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ | 15 . ᠮᠠᠯᠵᠢᠬᠤ ᠣᠷᠣᠨ ᠤ ᠪᠣᠳᠠᠲᠠᠢ ᠲᠠᠢ ᠨᠡᠶᠢᠴᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠲᠦᠯᠦᠪᠰᠢᠷᠡᠯ ᠢ ᠪᠠᠶᠢᠭᠤᠯᠤᠨ᠎ᠠ᠃ ᠭᠤᠷᠪᠠᠳᠠᠬᠢ ᠡᠲᠡᠭᠡᠳ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠬᠥᠭᠵᠢᠯᠲᠡ ᠶᠢ ᠬᠦᠴᠦᠲᠡᠢ ᠲᠡᠳᠬᠦᠵᠦ᠂ ᠠᠮᠢᠲᠠᠨ ᠤ ᠬᠢᠵᠢᠭ ᠰᠡᠷᠭᠡᠶᠢᠯᠡᠬᠦ ᠠᠵᠢᠯ ᠳᠤ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠶ ᠬᠡᠷᠡᠭᠵᠢᠭᠦᠯᠦᠨ᠂ ᠣᠨᠣᠰᠢᠯᠠᠵᠤ ᠡᠮᠨᠡᠬᠦ᠂ | ᠮᠠᠯ ᠤᠨ ᠡᠮ ᠪᠣᠷᠣᠯᠠᠭᠤᠯᠬᠤ᠂ ᠠᠷᠢᠭᠤᠳᠬᠠᠵᠤ ᠡᠮ ᠢᠶᠠᠷ ᠤᠬᠢᠶᠠᠬᠤ ᠪᠠ ᠨᠠᠶᠢᠳᠠᠨ ᠬᠠᠮᠢᠶᠠᠷᠤᠭᠤᠯᠵᠤ ᠣᠷᠣᠯᠠᠨ | ᠲᠡᠵᠢᠭᠡᠯᠭᠡᠬᠦ᠂ ᠭᠠᠷ ᠬᠡᠭᠡᠯᠲᠦᠭᠦᠯᠭᠡ ᠬᠢᠬᠦ᠂ ᠪᠣᠷᠳᠣᠨ ᠲᠡᠵᠢᠭᠡᠵᠦ ᠬᠠᠮᠢᠶᠠᠷᠬᠤ ᠵᠡᠷᠭᠡ ᠦᠢᠯᠡᠳᠪᠦᠷᠢᠯᠡᠯ ᠤᠨ | ᠮᠡᠷᠭᠡᠵᠢᠯ ᠢ ᠳᠡᠯᠭᠡᠷᠡᠭᠦᠯᠬᠦ ᠵᠢᠴᠢ ᠡᠪᠡᠰᠦ ᠬᠠᠳᠤᠵᠤ ᠬᠤᠷᠢᠶᠠᠨ ᠬᠠᠳᠠᠭᠠᠯᠠᠬᠤ᠂ ᠲᠡᠵᠢᠭᠡᠯ ᠡᠪᠡᠰᠦ ᠪᠣᠷᠳᠤᠭ᠎ᠠ ᠶᠢ | ᠲᠣᠬᠢᠷᠠᠭᠤᠯᠤᠨ ᠬᠦᠷᠭᠡᠬᠦ ᠵᠡᠷᠭᠡ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠢ ᠥᠷᠨᠢᠭᠦᠯᠵᠦ᠂ 3 ᠵᠢᠯ ᠤᠨ ᠳᠣᠲᠣᠷ᠎ᠠ ᠮᠠᠯᠵᠢᠬᠤ ᠣᠷᠣᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠲᠣᠭᠲᠠᠯᠴᠠᠭ᠎ᠠ ᠶᠢᠨ ᠲᠥᠯᠥᠪᠰᠢᠷᠡᠯ ᠢ ᠦᠨᠳᠦᠰᠦᠨ ᠳᠤ ᠪᠠᠨ ᠪᠠᠶᠢᠭᠤᠯᠤᠨ᠎ᠠ᠃ ︵ᠬᠠᠷᠢᠭᠤᠴᠠᠬᠤ | ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ | ︵ᠲᠠᠪᠤ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠨ᠎ᠠ᠃ | 16 . ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠦᠨ | ᠪᠠᠳᠠᠷᠠᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠬᠥᠲᠥᠯᠥᠨ | ᠤᠳᠤᠷᠢᠳᠤᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ | ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠮᠡᠳᠡᠷᠡᠮᠵᠢ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠨ᠎ᠠ᠃ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠲᠦᠭᠡᠯᠴᠢ ᠴᠢᠨᠠᠷᠲᠠᠶ ᠤᠯᠠᠷᠢᠭᠤᠯᠬᠤ᠂ ᠰᠢᠨ᠎ᠡ ᠡᠭᠦᠳᠦᠯᠲᠡ ᠲᠠᠢ | ᠬᠥᠭᠵᠢᠭᠦᠯᠬᠦ ᠶᠢ ᠪᠠᠷᠢᠮᠲᠠᠯᠠᠨ᠂ ᠲᠠᠯ᠎ᠠ ᠨᠤᠲᠤᠭ ᠤᠨ ᠰᠣᠶᠣᠯ ᠤᠨ ᠥᠪ ᠢᠶᠠᠨ ᠤᠬᠠᠭᠤᠯᠤᠨ ᠲᠠᠨᠢᠯᠴᠠᠭᠤᠯᠬᠤ | ᠡᠷᠴᠢᠮ ᠢ ᠴᠢᠩᠭᠠᠷᠠᠭᠤᠯᠵᠤ᠂ ᠤᠯᠠᠮᠵᠢᠯᠠᠯᠲᠤ ᠲᠠᠯ᠎ᠠ ᠨᠤᠲᠤᠭ ᠤᠨ ᠰᠢᠯᠢᠳᠡᠭ ᠰᠣᠶᠣᠯ ᠢ ᠭᠦᠢᠴᠡᠳ ᠠᠭᠤᠳᠠᠯᠬᠤ | ᠪᠥᠭᠡᠳ ᠪᠠᠳᠠᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ︶ | 17 . ᠮᠠᠯᠵᠢᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠮᠠᠯᠵᠢᠬᠤ ᠣᠷᠣᠨ ᠳᠠᠬᠢ ᠪᠠᠶᠠᠯᠢᠭ ᠰᠠᠶᠢᠬᠠᠨ ᠪᠠᠶᠢᠭᠠᠯᠢ ᠪᠠ ᠬᠥᠮᠦᠨ ᠨᠡᠶᠢᠭᠡᠮ ᠤᠨ ᠡᠬᠢ ᠪᠠᠶᠠᠯᠢᠭ ᠲᠤ ᠲᠦᠰᠢᠭᠯᠡᠨ᠂ | ᠮᠠᠯᠵᠢᠬᠤ ᠣᠷᠣᠨ ᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠡᠳᠬᠦᠨ ᠪᠠᠶᠢᠭᠤᠯᠵᠤ᠂ | ᠨᠡᠭᠦᠳᠡᠯ ᠰᠣᠶᠣᠯ ᠤᠨ ᠣᠨᠴᠠᠯᠢᠭ ᠲᠠᠢ ᠠᠮᠢ ᠠᠬᠤᠶ ᠶᠢᠨ ᠵᠢᠭᠤᠯᠴᠢᠯᠠᠯ ᠤᠨ ᠵᠠᠮ ᠱᠤᠭᠤᠮ ᠢ ᠪᠣᠢ ᠪᠣᠯᠭᠠᠨ᠂ ᠪᠦᠬᠦ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ | ᠭᠠᠴᠠᠭ᠎ᠠ ᠶᠢ ᠡᠭᠦᠳᠴᠦ᠂ ᠣᠳᠣᠬᠢᠴᠢᠯᠠᠭᠰᠠᠨ ᠮᠠᠯᠵᠢᠬᠤ ᠣᠷᠣᠨ ᠤ ᠵᠢᠭᠤᠯᠴᠢᠯᠠᠯ ᠤᠨ ᠬᠦᠯᠢᠶᠡᠨ ᠠᠪᠬᠤ ᠣᠳᠣᠨ | ᠲᠠᠰ ᠲᠠᠢ ᠡᠷᠦᠬᠡ ᠪᠠᠶᠢᠭᠤᠯᠬᠤ ᠶᠢ ᠳᠡᠮᠵᠢᠵᠦ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ ᠠᠶᠢᠮᠠᠭ | ᠬᠤᠲᠠ᠂ ᠲᠤᠷᠰᠢᠯᠲᠠ ᠶᠢᠨ ᠴᠡᠭ ᠪᠣᠯᠬᠤ ᠬᠤᠰᠢᠭᠤ ᠨᠤᠭᠤᠳ ᠭᠤᠣᠯ ᠤᠳᠤᠷᠢᠳᠬᠤ ᠨᠥᠬᠦᠷ ᠢᠶᠠᠷ ᠳᠤᠭᠤᠶᠢᠯᠠᠩ ᠤᠨ | ᠳᠠᠷᠤᠭ᠎ᠠ ᠪᠣᠯᠭᠠᠭᠰᠠᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠤᠨ᠂ ᠠᠵᠢᠯ ᠤᠨ ᠲᠤᠰᠬᠠᠶ ᠪᠠᠭ ᠢ ᠵᠣᠬᠢᠶᠠᠨ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠡᠷᠴᠢᠮᠲᠡᠢ | ᠠᠬᠢᠭᠤᠯᠬᠤ ᠬᠡᠷᠡᠭᠲᠡᠶ᠃ ᠬᠤᠯᠪᠣᠭᠳᠠᠯ ᠪᠦᠬᠦᠢ ᠠᠶᠢᠮᠠᠭ ᠬᠤᠲᠠ ᠨᠢ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ᠂ ᠣᠨ ᠤ ᠪᠦᠲᠦᠭᠡᠨ ᠪᠠᠶᠢᠭᠤᠯᠬᠤ ᠡᠭᠦᠷᠭᠡ ᠪᠠᠨ ᠨᠠᠷᠢᠯᠢᠭᠵᠢᠭᠤᠯᠤᠨ᠂ ᠲᠦᠬᠦᠷᠵᠢᠭᠰᠡᠨ ᠲᠥᠷᠥ ᠶᠢᠨ | ᠪᠣᠳᠣᠯᠭ᠎ᠠ ᠲᠣᠭᠲᠠᠭᠠᠵᠤ᠂ ᠵᠣᠬᠢᠴᠠᠭᠤᠯᠤᠨ ᠬᠢᠨᠠᠯᠲᠠ ᠲᠠᠯᠪᠢᠬᠤ ᠪᠠ ᠦᠢᠯᠡᠴᠢᠯᠡᠵᠦ ᠵᠢᠭᠠᠨ ᠵᠢᠯᠣᠭᠤᠳᠬᠤ ᠪᠠᠨ | ᠴᠢᠩᠭᠠᠷᠠᠭᠤᠯᠤᠨ᠂ ᠭᠠᠷᠠᠭ ᠢᠶᠠᠷ ᠲᠣᠬᠢᠷᠠᠭᠤᠯᠬᠤ ᠪᠠ ᠰᠠᠷ᠎ᠠ ᠪᠠᠷ ᠠᠵᠢᠯ ᠢᠶᠠᠨ ᠮᠡᠳᠡᠭᠦᠯᠬᠦ ᠲᠣᠭᠲᠠᠴᠠ ᠶᠣᠰᠣᠭᠠᠷ᠂ | ᠪᠠᠶᠢᠳᠠᠯ ᠢᠶᠠᠨ ᠴᠠᠭ ᠲᠤᠬᠠᠶ ᠳᠤ ᠨᠢ ᠳᠡᠭᠡᠭᠰᠢ ᠮᠡᠳᠡᠭᠦᠯᠬᠦ ᠬᠡᠷᠡᠭᠲᠡᠶ᠃ ᠲᠤᠷᠰᠢᠯᠲᠠ ᠶᠢᠨ ᠴᠡᠭ ᠪᠣᠯᠬᠤ | ᠬᠤᠰᠢᠭᠤ ᠨᠤᠭᠤᠳ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ | ᠬᠤᠭᠤᠴᠠᠭ᠎ᠠ ᠶᠢ ᠰᠥᠷᠭᠡᠦ ᠪᠠᠷ ᠲᠣᠬᠢᠷᠠᠭᠤᠯᠤᠨ᠂ ᠡᠭᠦᠷᠭᠡ ᠶᠢᠨ ᠵᠢᠷᠤᠭ ᠢᠶᠠᠷ ᠬᠥᠲᠥᠯᠦᠮᠵᠢ ᠪᠣᠯᠭᠠᠨ ᠠᠵᠢᠯᠯᠠᠵᠤ᠂ | ᠡᠯ᠎ᠡ ᠲᠥᠷᠥᠯ ᠤᠨ ᠠᠵᠢᠯ ᠢ ᠨᠠᠶᠢᠳᠠᠪᠤᠷᠢᠵᠢᠭᠤᠯᠵᠤ ᠪᠣᠲᠠᠲᠠᠶᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠲᠤᠷᠰᠢᠯᠲᠠ ᠶᠢᠨ ᠴᠡᠭ ᠤᠨ ᠠᠵᠢᠯ ᠤᠨ | ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠨᠢ ᠦᠢᠯᠡᠳᠦᠯ ᠢᠶᠠᠨ ᠦᠨᠡᠨ ᠬᠦ ᠰᠠᠶᠢᠲᠤᠷ | ᠪᠠᠳᠠᠷᠠᠭᠤᠯᠵᠤ᠂ ᠬᠡᠷᠡᠭᠴᠡᠭᠡ ᠪᠠᠨ ᠦᠨᠳᠦᠰᠦᠯᠡᠨ ᠴᠠᠭ ᠲᠤᠬᠠᠶ ᠳᠤ ᠨᠢ ᠬᠤᠷᠠᠯ ᠬᠤᠷᠠᠯᠳᠤᠭᠤᠯᠤᠨ᠂ ᠴᠢᠬᠤᠯᠠ | ᠠᠵᠢᠯ ᠢᠶᠠᠨ ᠰᠤᠳᠤᠯᠵᠤ᠂ ᠠᠵᠢᠯ ᠤᠨ ᠠᠬᠢᠴᠠ ᠪᠠᠨ ᠲᠣᠬᠢᠷᠠᠭᠤᠯᠤᠨ᠂ ᠴᠢᠬᠤᠯᠠ ᠶᠡᠭᠡ ᠠᠰᠠᠭᠤᠳᠠᠯ ᠢ ᠴᠠᠭ | ᠲᠤᠬᠠᠶ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ | ︵ᠬᠤᠶᠠᠷ︶ ᠲᠥᠷᠥᠯ ᠵᠦᠢᠯ ᠤᠨ ᠪᠡᠯᠡ ᠮᠥᠩᠭᠦᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠠᠪᠠᠭ᠎ᠠ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠤᠷᠠᠳ ᠤᠨ | ᠳᠤᠮᠳᠠᠳᠤ ᠬᠤᠰᠢᠭᠤ᠂ ᠠᠷᠤ ᠬᠤᠷᠴᠢᠨ ᠬᠤᠰᠢᠭᠤ ᠵᠡᠷᠭᠡ 4 ᠲᠤᠷᠰᠢᠯᠲᠠ ᠶᠢᠨ ᠴᠡᠭ ᠪᠣᠯᠬᠤ ᠬᠤᠰᠢᠭᠤ ᠶᠢ ᠵᠢᠯ | ᠪᠦᠷᠢ 2000 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠪᠠᠷ ᠲᠣᠬᠢᠷᠠᠭᠤᠯᠤᠨ ᠳᠡᠮᠵᠢᠵᠦ᠂ 3 ᠵᠢᠯ | ᠳᠠᠷᠠᠭᠠᠯᠠᠨ ᠳᠡᠮᠵᠢᠨ᠎ᠡ᠃ ᠬᠤᠯᠪᠣᠭᠳᠠᠯ ᠪᠦᠬᠦᠢ ᠪᠡᠯᠡ ᠮᠥᠩᠭᠦ᠂ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ | ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ ᠵᠡᠷᠭᠡ ᠲᠠᠯ᠎ᠠ ᠶᠢᠨ ᠳᠡᠮᠵᠢᠯᠭᠡ ᠬᠠᠩᠭᠠᠨ ᠥᠭᠴᠦ᠂ ᠨᠡᠶᠢᠭᠡᠮ ᠤᠨ | ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠣᠷᠤᠯᠴᠠᠭᠤᠯᠤᠨ᠎ᠠ᠃ ᠡᠭᠦᠨ ᠤ ᠳᠠᠭᠠᠤ ᠳᠤ᠂ ᠮᠠᠯᠵᠢᠬᠤ ᠣᠷᠣᠨ ᠤ ᠠᠯᠤᠰ ᠬᠡᠲᠦ ᠶᠢᠨ | ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠢ ᠢᠳᠡᠪᠬᠢᠲᠡᠶ | ᠲᠦᠰᠦᠪᠯᠡᠨ ᠰᠦᠪᠡᠭᠴᠢᠯᠡᠵᠦ᠂ ᠡᠯ᠎ᠡ ᠠᠵᠢᠯ ᠲᠥᠷᠥᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠥᠷᠥᠯ ᠵᠦᠢᠯ ᠤᠨ ᠲᠥᠯᠥᠪᠵᠢᠭᠦᠯᠭᠡ ᠳᠤ ᠵᠢᠭᠰᠠᠭᠠᠨ᠂ ᠤᠯᠤᠰ ᠤᠨ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠤᠨ᠎ᠠ᠃ | ︵ᠭᠤᠷᠪᠠ︶ ᠠᠮᠵᠢᠯᠲᠠ ᠪᠦᠲᠦᠮᠵᠢ ᠶᠢᠨ ᠰᠢᠯᠭᠠᠨ ᠦᠨᠡᠯᠡᠬᠦ ᠶᠢ ᠴᠢᠩᠭᠠᠳᠬᠠᠨ᠎ᠠ᠃ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠱᠠᠲᠤ ᠬᠤᠪᠢᠶᠠᠨ ᠪᠠᠶᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠰᠢᠯᠭᠠᠨ ᠬᠢᠨᠠᠭᠰᠠᠨ ᠠᠵᠢᠯ ᠢᠶᠠᠷ ᠯᠠᠪᠯᠠᠯᠲᠠ ᠪᠣᠯᠭᠠᠨ᠂ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠ ᠭᠤᠣᠯᠳᠠᠯᠭ᠎ᠠ ᠲᠠᠢ | ᠡᠭᠦᠷᠭᠡ ᠶᠢᠨ ᠲᠣᠭᠤᠷᠢᠨ ᠳᠤ᠂ ᠰᠢᠯᠭᠠᠨ ᠬᠢᠨᠠᠬᠤ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠬᠤᠯᠪᠣᠭᠳᠠᠯ ᠪᠦᠬᠦᠢ ᠲᠤᠷᠰᠢᠯᠲᠠ ᠶᠢᠨ ᠴᠡᠭ ᠪᠣᠯᠬᠤ ᠬᠤᠰᠢᠭᠤ᠂ ᠠᠶᠢᠮᠠᠭ ᠬᠤᠲᠠ | ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠲᠤᠷᠰᠢᠯᠲᠠ ᠶᠢᠨ | ᠴᠡᠭ ᠤᠨ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠶᠢᠨ | ᠠᠵᠢᠯ ᠢᠶᠠᠨ ᠠᠬᠢᠭᠤᠯᠤᠭᠰᠠᠨ ᠪᠠᠶᠢᠳᠠᠯ ᠢ ᠰᠢᠯᠭᠠᠨ ᠬᠢᠨᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠨᠡᠪᠲᠡᠷᠡᠭᠦᠯᠦᠨ | ᠮᠡᠳᠡᠭᠡᠯᠡᠵᠦ᠂ ᠣᠨ ᠤ ᠪᠣᠳᠠᠲᠤ ᠠᠮᠵᠢᠯᠲᠠ ᠶᠢ ᠰᠢᠯᠭᠠᠨ ᠬᠢᠨᠠᠬᠤ ᠠᠵᠢᠯ ᠳᠤ ᠣᠷᠣᠭᠤᠯᠬᠤ ᠬᠡᠷᠡᠭᠲᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2020 ᠣᠨ ᠤ 12 ᠳ᠋ᠤᠭᠠᠷ ᠰᠠᠷ᠎ᠠ ᠶᠢᠨ 10 ᠤ | ᠡᠳᠦᠷ ᠳᠠᠷᠤᠮᠠᠯᠯᠠᠨ ᠲᠠᠷᠬᠠᠭᠠᠪᠠ | |