ᠦᠪᠦᠷ ᠵᠠᠰᠠᠭ ᠠᠯᠪᠠᠨ ᠲᠠᠷᠬᠠᠭᠠᠨᠨᠰᠠᠨ ﹇2020﹈ 57 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠳᠡᠬᠡᠨ ᠵᠠᠰᠠᠬᠤ ᠤᠷᠤᠨ ᠤ ᠡᠯ᠎ᠡ | ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ | ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ︾ ᠶᠢ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠢᠶᠠᠷ ᠵᠦᠪᠰᠢᠶᠡᠷᠡᠭᠦᠯᠦᠬᠡᠳ ᠲᠠ ᠨᠠᠷ ᠲᠤ ᠲᠠᠷᠤᠮᠠᠯᠯᠠᠨ | ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠵᠦ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠬᠦᠯᠳᠦᠭᠡᠢ᠃ | 2020 ᠤᠨ ᠤ 12 ᠳ᠋ᠤᠭᠠᠷ ᠰᠠᠷ᠎ᠠ ᠶᠢᠨ 30 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ | ᠠᠶᠢᠮᠠᠭ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ | ᠨᠢᠬᠡᠳᠦᠬᠡᠷ ᠪᠦᠯᠦᠭ ᠶᠡᠷᠦᠩᠬᠡᠢ ᠲᠦᠷᠢᠮ | ᠨᠢᠬᠡᠳᠦᠬᠡᠷ ᠵᠦᠢᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠶ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠵᠠᠰᠠᠭ ᠵᠠᠬᠢᠷᠭᠠᠨ ᠤ | ᠲᠠᠷᠤᠭ᠎ᠠ ᠶᠢᠨ ᠭᠤᠤᠯ ᠴᠤᠨᠨᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠠᠬᠢᠭᠤᠯᠤᠨ᠂ ᠪᠦᠬᠦ ᠣᠷᠣᠨ ᠤ | ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠳᠤᠯᠠᠬᠤ ᠶᠢᠨ ᠲᠤᠰᠠᠳᠠ᠂ ︽ᠠᠮᠤ ᠪᠤᠳᠠᠭᠠᠨ ᠤ ᠠᠮᠤᠷ | ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠭᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2014﹈ 69 ᠳ᠋ᠣᠬᠡᠷ | ᠲᠣᠭᠠᠲᠤ︶᠂ ︽ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ | ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 80 ᠳ᠋ᠤᠭᠠᠷ ᠲᠣᠭᠠᠲᠤ︶ ᠪᠠ ︽ᠣᠨ ᠤ | ᠰᠢᠯᠭᠠᠨ ᠬᠢᠨᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠠᠨᠠᠯ︾ ︵ᠥᠪᠥᠷ ᠨᠠᠮ ᠲᠠᠷᠬᠠᠭᠠᠭᠰᠠᠨ ﹇2017﹈ 23 ᠳ᠋ᠤᠭᠠᠷ ᠲᠣᠭᠠᠲᠤ︶᠂ ︽ᠠᠮᠤ ᠪᠤᠳᠠᠭᠠᠨ ᠤ | ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 144 ᠳ᠋ᠣᠬᠡᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠡᠯ᠎ᠡ ᠠᠶᠢᠮᠠᠭ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠤᠨ ᠤ ᠰᠢᠯᠭᠠᠨ ᠬᠢᠨᠠᠯᠳᠠ ᠬᠢᠬᠦ ᠳᠤ | ᠲᠤᠬᠢᠷᠠᠭᠤᠯᠣᠨ ᠬᠡᠷᠡᠭᠯᠡᠨ᠎ᠡ᠃ ᠠᠶᠢᠮᠠᠭ ᠬᠤᠳᠠ ᠶᠢᠨ ᠲᠠᠷᠤᠭ᠎ᠠ ᠨᠢ ᠲᠤᠰ ᠵᠠᠰᠠᠭ ᠵᠠᠬᠢᠷᠭᠠᠨ ᠤ ᠤᠷᠤᠨ ᠤ ᠠᠮᠤ | ᠪᠤᠳᠠᠭᠠᠨ ᠤ ᠠᠮᠤᠷ ᠲᠦᠪᠰᠢᠨ ᠤ ᠨᠢᠭᠡᠳᠦᠬᠡᠷ ᠬᠠᠷᠢᠭᠤᠴᠠᠯᠭᠠᠳᠠᠨ ᠪᠤᠯᠤᠨ᠎ᠠ᠃ ᠭᠦᠯᠦᠨ ᠪᠤᠶᠢᠷ ᠬᠤᠳᠠ ᠶᠢᠨ | ᠠᠷᠠᠳ ᠤᠨ ᠵᠠᠰᠠᠭ ᠤᠨ ᠣᠷᠳᠣᠨ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠳᠤ ᠨᠠᠶᠢᠳᠠᠵᠤ ᠲᠤᠰ ᠲᠣᠰ ᠮᠠᠨᠵᠤᠤᠷ | ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ | ᠪᠣᠳᠠᠭᠠᠨ ᠤ ᠠᠮᠣᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠨ ᠤ | ᠰᠢᠯᠭᠠᠨ ᠬᠢᠨᠠᠯᠳᠠ ᠬᠢᠯᠭᠡᠨ᠎ᠡ᠃ ᠰᠢᠯᠭᠠᠨ ᠬᠢᠨᠠᠬᠤ ᠦᠶᠡᠯᠡᠯ ᠤᠨ ᠬᠤᠭᠤᠴᠠᠭ᠎ᠠ ᠨᠢ ᠵᠢᠯ ᠪᠦᠷᠢ ᠶᠢᠨ 1 ᠳ᠋ᠣᠬᠡᠷ | ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ | ᠭᠤᠷᠪᠠᠳᠤᠭᠠᠷ ᠵᠦᠢᠯ ᠰᠢᠯᠭᠠᠨ ᠬᠢᠨᠠᠬᠤ ᠠᠵᠢᠯ ᠳᠤ ᠰᠢᠨᠵᠢᠯᠡᠬᠦ ᠤᠬᠠᠭᠠᠨᠴᠢ ᠪᠦᠭᠡᠳ ᠰᠢᠰᠲ᠋ᠧᠮ ᠲᠠᠢ᠂ ᠡᠷᠬᠡ | ᠲᠡᠭᠰᠢ ᠲᠥᠪ ᠭᠤᠤᠯᠴᠢ᠂ ᠤᠳᠤᠷᠢᠳᠤᠮᠵᠢ ᠶᠢ ᠴᠢᠩᠭᠠᠷᠠᠭᠤᠯᠬᠤ᠂ ᠭᠤᠣᠯᠳᠠᠯᠭ᠎ᠠ ᠶᠢ ᠳᠣᠪᠤᠶᠢᠯᠭᠠᠬᠤ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠬᠤ᠂ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠠᠷ ᠪᠠᠶᠢᠯᠭᠠᠬᠤ ᠵᠠᠷᠴᠢᠮ ᠢ | ᠪᠠᠷᠢᠮᠳᠠᠯᠠᠬᠤ ᠭᠡᠷᠡᠭᠳᠡᠢ᠃ | ᠬᠤᠶᠠᠳᠤᠭᠠᠷ ᠪᠦᠯᠦᠭ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ | ᠲᠦᠷᠪᠡᠳᠦᠬᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭᠠᠨ ᠤ ᠠᠮᠤᠷ ᠲᠦᠪᠰᠢᠨ ᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠰᠢᠮᠳᠠᠭᠤᠯᠤᠨ | ᠪᠠᠶᠢᠴᠠᠭᠠᠯᠲᠠ ᠬᠢᠵᠣ᠂ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠯᠬᠡᠬᠦ ᠶᠢᠨ ᠬᠠᠮᠲᠤ᠂ ᠣᠨ ᠤ ᠰᠢᠯᠭᠠᠨ ᠬᠢᠨᠠᠯᠲᠠ | ᠬᠢᠬᠦ ᠬᠡᠷᠡᠭᠲᠡᠶ᠃ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ | ᠲᠦᠷᠢᠮ ᠤᠨ ᠰᠢᠯᠭᠠᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠠᠮᠤ ᠪᠣᠳᠠᠭᠠᠨ ᠤ ᠠᠮᠤᠷ ᠲᠦᠪᠰᠢᠨ ᠤ | ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠵᠢᠯ ᠤᠨ ᠳᠤᠭᠤᠶᠢᠯᠠᠩ | ︵ᠳᠣᠷᠣᠭᠰᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠭᠡᠵᠦ ᠲᠣᠪᠴᠢᠯᠠᠨ᠎ᠠ︶ ᠠᠴᠠ ᠨᠢᠭᠡᠳᠦᠯᠲᠡᠶ ᠤᠳᠤᠷᠢᠳᠴᠤ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ | ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠤᠯᠤᠰ ᠤᠨ | ᠲᠤᠭ᠎ᠠ ᠪᠦᠷᠢᠳᠬᠡᠯ ᠤᠨ ᠲᠣᠪᠴᠢᠶᠡᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠵᠡᠷᠭᠡ ᠰᠠᠯᠠᠭ᠎ᠠ | ᠮᠥᠴᠢᠷ ᠪᠠ ᠨᠢᠭᠡᠴᠢ ᠨᠦᠭᠦᠳ ᠪᠤᠳᠠᠳᠠᠢ ᠵᠤᠬᠢᠶᠠᠨ ᠪᠠᠶᠢᠭᠤᠯᠵᠤ ᠭᠡᠷᠡᠭᠵᠢᠬᠦᠯᠬᠦ ᠠᠵᠢᠯ ᠢ ᠬᠠᠷᠢᠭᠤᠴᠠᠨ᠎ᠠ᠃ ᠰᠢᠯᠭᠠᠨ | ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ | ᠪᠠᠷᠠᠭ᠎ᠠ ᠨᠥᠭᠡᠴᠡᠯᠡᠬᠦ ᠲᠣᠪᠴᠢᠶ᠎ᠠ ᠳᠤ ᠳᠣᠬᠢᠷᠠᠭᠤᠯᠣᠨ᠂ ᠡᠳᠦᠷ ᠲᠤᠲᠤᠮ ᠤᠨ ᠪᠠᠶᠢᠩᠭᠤ ᠶᠢᠨ ᠰᠢᠯᠭᠠᠨ ᠬᠢᠨᠠᠬᠤ | ᠠᠵᠢᠯ ᠢ ᠳᠠᠭᠠᠭᠠᠨ ᠡᠭᠦᠷᠬᠡᠯᠡᠬᠦᠯᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠥᠪᠡᠷᠲᠡᠭᠡᠨ ᠵᠠᠰᠠᠬᠤ | ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶᠡᠨ ᠤ ᠭᠤᠣᠯ ᠬᠠᠷᠢᠭᠤᠴᠠᠯᠭᠠᠲᠠᠨ ᠠᠴᠠ | ᠡᠭᠦᠷᠬᠡᠯᠡᠬᠦ ᠬᠡᠷᠡᠭᠳᠡᠢ᠃ | ᠲᠠᠪᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ | ᠨᠢᠭᠡᠴᠢ ᠨᠢ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠵᠦ᠂ ᠡᠳᠦᠷ ᠳᠣᠲᠣᠮ ᠤᠨ | ᠠᠵᠢᠯ ᠲᠠᠢ ᠪᠠᠨ ᠣᠶᠠᠯᠳᠣᠭᠤᠯᠣᠨ᠂ ᠡᠯ᠎ᠡ ᠠᠶᠢᠮᠠᠭ ᠬᠤᠳᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ | ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ | ᠲᠠᠯᠪᠢᠨ ᠪᠠᠶᠢᠴᠠᠭᠠᠯᠲᠠ ᠬᠢᠨ᠎ᠡ᠃ ᠪᠠᠶᠢᠴᠠᠭᠠᠭᠰᠠᠨ ᠦᠷ᠎ᠡ ᠳ᠋ᠦᠩ ᠢ ᠨᠢ ᠤᠨ ᠤ ᠰᠢᠯᠭᠠᠨ ᠬᠢᠨᠠᠬᠤ ᠴᠢᠬᠤᠯᠡ | ᠠᠭᠤᠯᠭ᠎ᠠ ᠪᠤᠯᠭᠠᠵᠦ᠂ ᠰᠢᠯᠭᠠᠨ ᠬᠢᠨᠠᠵᠦ ᠬᠤᠪᠢ ᠲᠤᠨᠨᠳᠠᠭᠠᠬᠤ ᠲᠣᠭᠳᠠᠯᠴᠠᠭ᠎ᠠ ᠳᠤ ᠤᠷᠤᠭᠤᠯᠬᠤ ᠭᠡᠷᠡᠭᠳᠡᠢ᠃ | ᠭᠤᠷᠪᠠᠳᠣᠭᠠᠷ ᠪᠦᠯᠦᠭ ᠰᠢᠯᠭᠠᠨ ᠬᠢᠨᠠᠬᠤ ᠠᠭᠤᠯᠭ᠎ᠠ ᠪᠠ ᠠᠷᠭ᠎ᠠ | ᠵᠢᠷᠭᠤᠳᠤᠭᠠᠷ ᠵᠦᠢᠯ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠠᠮᠤ ᠪᠤᠳᠠᠭᠠᠨ ᠤ ᠦᠷᠭᠦᠯᠵᠢᠯᠡᠨ | ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠭᠦ᠂ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠬᠤ᠂ ᠣᠷᠣᠨ | ᠨᠤᠲᠤᠭ ᠤᠨ ᠠᠮᠤ ᠪᠤᠳᠠᠭ᠎ᠠ ᠨᠥᠭᠡᠴᠡᠯᠡᠬᠦ ᠴᠢᠳᠠᠪᠤᠷᠢ ᠶᠢ ᠨᠡᠮᠡᠭᠳᠡᠭᠦᠯᠭᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠪᠠᠳᠣᠯᠠᠬᠤ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠬᠠᠤ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ 6 ᠲᠠᠯ᠎ᠠ ᠶᠢ ᠪᠠᠭᠲᠠᠭᠠᠵᠤ᠂ ᠡᠯ᠎ᠡ ᠲᠦᠷᠦᠭᠦᠯᠡᠨ | ᠬᠢᠬᠦ ᠰᠠᠯᠠᠭ᠎ᠠ ᠮᠥᠴᠢᠷ ᠠᠴᠠ ᠪᠣᠳᠠᠲᠠᠶ ᠨᠠᠶᠢᠳᠠᠪᠤᠷᠢᠵᠢᠭᠤᠯᠤᠨ᠎ᠠ ︵ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ | ᠦᠵᠡ︶᠃ | ᠳᠣᠯᠣᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠲᠥᠷᠥᠯ ᠬᠤᠪᠢᠶᠠᠨ ᠰᠢᠯᠭᠠᠨ ᠲᠤᠨᠨᠳᠠᠭᠠᠬᠤ | ᠠᠷᠭ᠎ᠠ ᠶᠢ ᠬᠡᠷᠩᠵᠢᠭᠦᠯᠣᠨ᠎ᠡ᠃ ᠠᠮᠤ ᠪᠤᠳᠠᠭᠠᠨ ᠤ ᠭᠠᠷᠣᠯᠳᠡ ᠶᠢᠨ ᠣᠷᠣᠨ ᠪᠠ ᠭᠠᠷᠣᠯᠳᠠ ᠶᠢᠨ ᠪᠤᠰᠤ ᠣᠷᠣᠨ ᠬᠡᠮᠡᠨ | ᠢᠯᠭᠠᠵᠦ ᠪᠠᠶᠢᠭᠠᠳ ᠰᠢᠯᠭᠠᠨ ᠦᠨᠡᠯᠡᠵᠣ ᠬᠤᠪᠢ ᠣᠯᠭᠤᠨ᠎ᠠ᠂ ᠰᠢᠯᠭᠠᠨ ᠬᠢᠨᠠᠬᠤ ᠣᠨ ︵ᠪᠠᠭᠲᠠᠬᠤ ᠦᠭᠡᠶ︶ ᠤ ᠡᠮᠦᠨ᠎ᠡ | ᠭᠤᠷᠪᠠᠨ ᠵᠢᠯ ᠤᠨ ᠠᠮᠤ ᠪᠤᠳᠠᠭᠠᠨ ᠤ ᠵᠢᠯ ᠤᠨ ᠳᠤᠮᠳᠠᠴᠢ ᠤᠨᠠᠯᠲᠠ ᠶᠢᠨ ᠬᠡᠮᠵᠢᠶ᠎ᠠ ᠨᠢ 100 ᠲᠦᠮᠡᠨ ᠲᠣᠨ ᠠᠴᠠ | ᠳᠡᠭᠡᠭᠰᠢ ᠪᠠᠶᠢᠬᠤ ᠠᠶᠢᠮᠠᠭ ᠬᠤᠲᠠ ᠶᠢ ᠭᠠᠷᠣᠯᠳᠠ ᠶᠢᠨ ᠣᠷᠣᠨ ᠬᠡᠮᠡᠵᠦ᠂ ᠪᠤᠰᠤᠳ ᠠᠶᠢᠮᠠᠭ ᠬᠤᠲᠠ ᠶᠢ | ᠭᠠᠷᠣᠯᠳᠡ ᠶᠢᠨ ᠪᠤᠰᠤ ᠣᠷᠣᠨ ᠬᠡᠮᠡᠬᠦ ᠭᠡᠷᠡᠭᠳᠡᠢ᠃ ᠭᠠᠷᠣᠯᠳᠠ ᠶᠢᠨ ᠣᠷᠣᠨ ᠪᠠ ᠭᠠᠷᠣᠯᠳᠡ ᠶᠢᠨ ᠪᠣᠰᠣ ᠣᠷᠣᠨ ᠤ | ᠬᠤᠪᠢᠶᠠᠷᠢᠯᠠᠯ ᠢ ᠵᠥᠪᠬᠡᠨ ᠲᠤᠰ ᠰᠢᠯᠭᠠᠨ ᠬᠢᠨᠠᠯᠳᠠ ᠳᠤ ᠲᠣᠬᠢᠷᠠᠭᠤᠯᠣᠨ ᠬᠡᠷᠡᠭᠯᠡᠨ᠎ᠡ᠃ | ᠨᠠᠶᠢᠮᠠᠳᠤᠭᠠᠷ ᠵᠦᠢᠯ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠯᠳᠠ ᠳᠤ ᠬᠤᠯᠪᠣᠭᠳᠠᠬᠤ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ᠪᠦᠷᠢᠳᠬᠡᠭᠰᠡᠨ ᠲᠤᠭ᠎ᠠ ᠪᠠᠷᠢᠮᠲᠠ ᠦᠭᠡᠢ ᠪᠣᠯ᠂ ᠡᠯ᠎ᠡ ᠬᠠᠮᠢᠶ᠎ᠡ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠮᠠᠭᠠᠳᠯᠠᠨ ᠲᠣᠭᠲᠠᠭᠠᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ᠶᠢᠰᠦᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠤᠨ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠪᠠ | ᠨᠢᠭᠡᠴᠢ ᠨᠢ ᠬᠠᠮᠵᠢᠯᠴᠠᠬᠤ ᠰᠠᠯᠠᠭ᠎ᠠ ᠮᠥᠴᠢᠷ᠂ ᠨᠢᠭᠡᠴᠢ ᠲᠠᠢ ᠬᠠᠮᠳᠤᠷᠠᠯᠴᠠᠵᠦ᠂ ᠣᠨ ᠤ ᠭᠤᠣᠯᠳᠠᠯᠭ᠎ᠠ ᠲᠠᠢ ᠠᠵᠢᠯ ᠤᠨ | ᠡᠭᠦᠷᠭᠡ ᠲᠠᠢ ᠪᠠᠨ ᠤᠶᠠᠯᠳᠤᠭᠤᠯᠤᠨ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠯᠢᠨᠨᠵᠢᠭᠤᠯᠵᠦ᠂ ᠰᠢᠯᠭᠠᠨ | ᠬᠢᠨᠠᠬᠤ ᠲᠥᠰᠦᠯ ᠢ ᠲᠣᠨᠨᠳᠠᠭᠠᠨ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠬᠢᠨᠠᠨ ᠲᠣᠭᠲᠠᠭᠠᠯᠭᠠᠭᠰᠠᠨ ᠤ | ᠳᠠᠷᠠᠭ᠎ᠠ ᠳᠠᠷᠤᠮᠠᠯᠯᠠᠨ ᠲᠠᠷᠬᠠᠭᠠᠨ᠎ᠠ᠃ ᠰᠢᠯᠭᠠᠨ ᠬᠢᠨᠠᠬᠤ ᠠᠭᠤᠯᠭ᠎ᠠ ᠪᠠ ᠭᠤᠣᠯᠳᠠᠯᠭ᠎ᠠ ᠲᠠᠢ ᠰᠢᠯᠭᠠᠨ ᠬᠢᠨᠠᠬᠤ | ᠵᠦᠢᠯᠡᠰ ᠲᠤ ᠲᠣᠬᠢᠷᠠᠭᠤᠯᠤᠯᠲᠠ ᠬᠢᠬᠦ ᠳᠤ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢᠶᠠᠷ ᠵᠥᠪᠰᠢᠶᠡᠷᠡᠭᠦᠯᠬᠦ | ᠬᠡᠷᠡᠭᠲᠡᠶ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠣᠨ ᠤ | ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ ᠵᠣᠬᠢᠴᠠᠩᠭᠤᠢ | ᠲᠣᠬᠢᠷᠠᠭᠤᠯᠤᠯᠲᠠ ᠬᠢᠵᠦ ᠪᠣᠯᠤᠨ᠎ᠠ᠃ | ᠠᠷᠪᠠᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠢ ᠲᠣᠣᠷᠠᠬᠢ ᠳᠡᠰ ᠳᠠᠷᠠᠭᠠᠯᠠᠯ ᠢᠶᠠᠷ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠄ | ︵ᠨᠢᠭᠡ︶ ᠦᠪᠡᠷ ᠢ ᠪᠠᠨ ᠥᠪᠡᠰᠦᠪᠡᠨ ᠪᠠᠶᠢᠴᠠᠭᠠᠵᠤ ᠬᠤᠪᠢ ᠲᠣᠭᠲᠠᠭᠠᠬᠤ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠪᠠ ᠣᠨ ᠤ ᠰᠢᠯᠭᠠᠨ ᠬᠢᠨᠠᠬᠤ ᠲᠥᠰᠦᠯ ᠤᠨ | ᠶᠣᠰᠣᠭᠠᠷ᠂ ᠲᠤᠰ ᠣᠨ ᠤ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠪᠠᠷ ᠳ᠋ᠦᠩᠨᠡᠯᠲᠡ ᠬᠢᠬᠦ ᠪᠠ | ᠦᠪᠡᠷ ᠢ ᠪᠠᠨ ᠥᠪᠡᠰᠦᠪᠡᠨ ᠦᠨᠡᠯᠡᠵᠦ ᠬᠤᠪᠢ ᠲᠣᠭᠲᠠᠭᠠᠬᠤ᠂ ᠬᠤᠶᠠᠳᠣᠭᠠᠷ ᠵᠢᠯ ᠤᠨ 1 ᠳ᠋ᠣᠬᠡᠷ ᠰᠠᠷ᠎ᠠ ᠶᠢᠨ | ᠳᠤᠮᠳᠠᠴᠢ ᠠᠴᠠ ᠡᠮᠦᠨ᠎ᠡ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠲᠤ ᠥᠪᠡᠰᠦᠪᠡᠨ | ᠪᠠᠶᠢᠴᠠᠭᠠᠭᠰᠠᠨ ᠮᠡᠳᠡᠭᠦᠯᠦᠯᠲᠡ ᠵᠢᠴᠢ ᠰᠢᠯᠭᠠᠨ ᠬᠢᠨᠠᠯᠲᠠ ᠳᠤ ᠬᠤᠯᠪᠤᠨᠨᠳ᠋ᠬᠠᠰᠠᠨ ᠬᠠᠮᠢᠶ᠎ᠠ ᠪᠦᠬᠦᠢ ᠨᠣᠳᠠᠯᠠᠨ | ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠢ ᠳᠤ ᠬᠠᠭᠤᠯᠤᠨ ᠢᠯᠡᠭᠡᠨ᠎ᠡ᠃ | ︵ᠬᠤᠶᠠᠷ︶ ᠰᠠᠯᠠᠭ᠎ᠠ ᠮᠥᠴᠢᠷ ᠠᠴᠠ ᠬᠢᠨᠠᠨ ᠲᠣᠭᠲᠠᠭᠠᠬᠤ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠂ | ᠨᠢᠭᠡᠴᠢ ᠨᠢ ᠬᠠᠮᠵᠢᠯᠴᠠᠬᠤ ᠰᠠᠯᠠᠭ᠎ᠠ ᠮᠥᠴᠢᠷ᠂ ᠨᠢᠭᠡᠴᠢ ᠲᠠᠢ ᠬᠠᠮᠳᠣᠷᠠᠯᠴᠠᠵᠦ᠂ ᠰᠢᠯᠭᠠᠨ ᠬᠢᠨᠠᠬᠤ ᠶᠢ | ᠨᠠᠷᠢᠯᠢᠭᠵᠢᠭᠤᠯᠣᠭᠰᠠᠨ ᠲᠥᠰᠦᠯ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠠᠮᠤ ᠪᠣᠳᠠᠭᠠᠨ ᠤ ᠠᠮᠤᠷ ᠲᠦᠪᠰᠢᠨ ᠤ | ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠡᠳᠦᠷ ᠲᠤᠲᠤᠮ ᠤᠨ ᠰᠢᠯᠭᠠᠨ ᠲᠤᠨᠨᠲᠠᠭᠠᠯᠲᠠ ᠪᠠ ᠵᠢᠯ ᠤᠨ ᠰᠡᠭᠦᠯᠴᠢ ᠶᠢᠨ ᠬᠢᠨᠠᠨ ᠳᠤᠨᠨᠲᠠᠭᠠᠯᠲᠠ ᠬᠢᠵᠦ᠂ ᠰᠢᠯᠭᠠᠨ | ᠬᠢᠨᠠᠵᠤ ᠬᠢᠨᠠᠨ ᠲᠣᠭᠲᠠᠭᠠᠭᠰᠠᠨ ᠰᠠᠨᠠᠯ ᠪᠦᠷᠢᠯᠳᠦᠭᠦᠯᠦᠭᠡᠳ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ | ᠬᠡᠷ ᠲᠤ ᠮᠡᠳᠡᠭᠦᠯᠣᠨ᠎ᠡ᠃ ᠪᠣᠳᠠᠲᠠᠶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠰᠤᠭᠤᠴᠢᠨ ᠪᠠᠶᠢᠴᠠᠭᠠᠬᠤ ᠬᠠᠮᠲᠤᠷᠠᠭᠰᠠᠨ ᠳᠤᠭᠤᠶᠢᠯᠠᠩ ᠪᠠᠶᠢᠭᠤᠯᠵᠤ ᠲᠤᠬᠠᠶ ᠶᠢᠨ ᠭᠠᠵᠠᠷ ᠲᠤ ᠨᠢ | ᠰᠢᠯᠭᠠᠨ ᠬᠢᠨᠠᠬᠤ ᠠᠵᠢᠯ ᠢ ᠥᠷᠨᠢᠭᠦᠯᠬᠦ ᠬᠡᠷᠡᠭᠲᠡᠶ᠃ | ︵ᠭᠤᠷᠪᠠ︶ ᠶᠡᠷᠦᠩᠬᠡᠶᠢᠯᠡᠨ ᠦᠨᠡᠯᠡᠬᠦ᠃ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠬᠡᠷ ᠨᠢ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠨ ᠲᠤᠨᠨᠳᠠᠭᠠᠨᠨᠰᠠᠨ ᠪᠠ ᠰᠤᠭᠤᠴᠢᠨ ᠪᠠᠶᠢᠴᠠᠭᠠᠭᠰᠠᠨ ᠪᠠᠶᠢᠳᠠᠯ ᠳᠤ | ᠬᠤᠷᠢᠶᠠᠩᠭᠤᠶᠢᠯᠠᠯ ᠬᠢᠵᠣ᠂ ᠶᠡᠷᠦᠩᠬᠡᠶᠢᠯᠡᠭᠰᠡᠨ ᠦᠨᠡᠯᠡᠯᠲᠡ ᠭᠠᠷᠭᠠᠨ᠂ ᠰᠢᠯᠭᠠᠨ ᠬᠢᠨ᠋ᠬᠠᠰᠠᠨ ᠵᠡᠷᠭᠡ ᠲᠠᠰ ᠢ ᠲᠣᠭᠲᠠᠭᠠᠵᠣ᠂ | ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠯᠭᠠᠨ ᠬᠢᠨᠠᠬᠤ ᠠᠵᠢᠯ ᠤᠨ ᠳᠤᠭᠤᠶᠢᠯᠠᠩ ᠳᠤ | ᠮᠡᠳᠡᠭᠦᠯᠵᠦ ᠬᠢᠨᠠᠨ ᠲᠤᠨᠨᠳᠠᠭᠠᠯᠭᠠᠬᠤ ᠭᠡᠷᠡᠭᠳᠡᠢ᠃ | ᠳᠥᠷᠪᠡᠳᠦᠭᠡᠷ ᠪᠦᠯᠦᠭ ᠰᠢᠯᠭᠠᠨ ᠬᠢᠨᠠᠵᠤ ᠬᠤᠪᠢ ᠪᠠ ᠵᠡᠷᠭᠡ ᠳᠡᠰ ᠲᠣᠭᠲᠠᠭᠠᠬᠤ | ᠠᠷᠪᠠᠨ ᠨᠢᠭᠡᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠬᠤᠪᠢ ᠲᠣᠭᠲᠠᠭᠠᠬᠤ ᠳᠦᠷᠢᠮ ᠢ ᠬᠡᠷᠡᠭᠯᠡᠵᠦ᠂ | ᠪᠦᠷᠢᠨ ᠬᠤᠪᠢ ᠨᠢ 100 ᠬᠤᠪᠢ ᠪᠣᠯᠤᠨ᠎ᠠ᠃ ᠠᠶᠢᠮᠠᠭ ᠬᠤᠲᠠ ᠶᠢᠨ ᠦᠪᠡᠷ ᠢ ᠪᠠᠨ ᠥᠪᠡᠰᠦᠪᠡᠨ ᠦᠨᠡᠯᠡᠭᠰᠡᠨ᠂ | ᠰᠠᠯᠠᠭ᠎ᠠ ᠮᠥᠴᠢᠷ ᠤᠨ ᠬᠢᠨᠠᠨ ᠲᠣᠨᠨᠳᠠᠭᠠᠨᠨᠰᠠᠨ᠂ ᠪᠣᠳᠠᠲᠠᠶ ᠭᠠᠵᠠᠷ ᠲᠤ ᠨᠢ ᠰᠤᠭᠤᠴᠢᠨ ᠪᠠᠶᠢᠴᠠᠭᠠᠵᠤ ᠬᠤᠪᠢ | ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ᠡᠯ᠎ᠡ ᠠᠶᠢᠮᠠᠭ ᠬᠤᠲᠠ ᠶᠢᠨ ᠣᠨ ᠤ ᠰᠢᠯᠭᠠᠨ ᠬᠢᠨᠠᠭᠰᠠᠨ ᠬᠤᠪᠢ ᠶᠢ | ᠪᠤᠳᠤᠨ᠎ᠠ᠃ ᠪᠤᠳᠤᠬᠤ ᠠᠷᠭ᠎ᠠ ᠨᠢ᠄ ᠡᠯ᠎ᠡ ᠠᠶᠢᠮᠠᠭ ᠬᠤᠲᠠ ᠶᠢᠨ ᠰᠢᠯᠭᠠᠨ ᠬᠢᠨᠠᠭᠰᠠᠨ ᠬᠤᠪᠢ = ᠥᠪᠡᠰᠦᠪᠡᠨ | ᠪᠠᠶᠢᠴᠠᠭᠠᠭᠠᠳ ᠲᠤᠨᠨᠳᠠᠭᠠᠨᠨᠰᠠᠨ ᠬᠤᠪᠢ × 5 % + ᠰᠠᠯᠠᠭ᠎ᠠ ᠮᠥᠴᠢᠷ ᠤᠨ ᠡᠩ ᠤᠨ ᠴᠠᠭ ᠤᠨ ᠬᠢᠨᠠᠨ | ᠡᠵᠡᠮᠰᠢᠵᠦ ᠲᠤᠨᠨᠳᠠᠭᠠᠨᠨᠰᠠᠨ ᠬᠤᠪᠢ × 45 % + ᠰᠠᠯᠠᠭ᠎ᠠ ᠮᠥᠴᠢᠷ ᠤᠨ ᠵᠢᠯ ᠤᠨ ᠰᠡᠭᠦᠯᠴᠢ ᠶᠢᠨ ᠦᠨᠡᠯᠡᠨ | ᠲᠤᠨᠨᠳᠠᠭᠠᠨᠨᠰᠠᠨ ᠬᠤᠪᠢ / ᠪᠣᠳᠠᠳᠠᠢ ᠭᠠᠵᠠᠷ ᠲᠤ ᠨᠢ ᠰᠤᠭᠤᠴᠢᠨ ᠪᠠᠶᠢᠴᠠᠭᠠᠭᠰᠠᠨ × 50 % ᠪᠣᠯᠤᠨ᠎ᠠ᠃ | ᠠᠷᠪᠠᠨ ᠬᠤᠶᠠᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ | ᠬᠢᠷᠢ ᠲᠡᠩᠴᠡᠭᠰᠡᠨ ᠦᠭᠡᠶ ᠭᠡᠵᠦ ᠳᠥᠷᠪᠡᠨ ᠵᠡᠷᠭᠡ ᠳᠡᠰ ᠬᠤᠪᠢᠶᠠᠨ᠎ᠠ᠃ ᠰᠢᠯᠭᠠᠨ ᠬᠢᠨᠠᠭᠠᠳ 90 ᠬᠤᠪᠢ ᠠᠴᠠ | ᠳᠡᠭᠡᠭᠰᠢ ᠪᠣᠯ ᠰᠢᠯᠢᠳᠡᠭ᠂ 75 ᠬᠤᠪᠢ ᠠᠴᠠ ᠳᠡᠭᠡᠭᠰᠢ 90 ᠬᠤᠪᠢ ᠠᠴᠠ ᠳᠣᠷᠣᠭᠰᠢ ᠪᠣᠯ ᠰᠠᠶᠢᠨ᠂ 60 | ᠬᠤᠪᠢ ᠠᠴᠠ ᠳᠡᠭᠡᠭᠰᠢ 75 ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ᠂ 60 ᠬᠤᠪᠢ ᠠᠴᠠ ᠳᠣᠷᠣᠭᠰᠢ ᠪᠣᠯ | ᠬᠢᠷᠢ ᠲᠡᠩᠴᠡᠭᠰᠡᠨ ᠥᠬᠡᠶ ︵ᠳᠡᠭᠡᠭᠰᠢ ᠭᠡᠰᠡᠨ ᠳᠤ ᠤᠭ ᠲᠤᠭ᠎ᠠ ᠶᠢ ᠪᠠᠭᠳᠠᠭᠠᠵᠦ᠂ ᠳᠣᠷᠣᠭᠰᠢ ᠭᠡᠰᠡᠨ ᠳᠤ ᠤᠭ | ᠲᠤᠭ᠎ᠠ ᠶᠢ ᠪᠠᠭᠲᠠᠭᠠᠬᠤ ᠥᠬᠡᠶ︶ ᠪᠣᠯᠤᠨ᠎ᠠ᠃ | ᠠᠷᠪᠡᠨ ᠭᠤᠷᠪᠠᠳᠣᠭᠠᠷ ᠵᠦᠢᠯ ᠰᠢᠯᠭᠠᠨ ᠬᠢᠨᠠᠬᠤ ᠵᠡᠷᠭᠡ ᠳᠡᠰ ᠢ ᠲᠣᠭᠳᠠᠭᠠᠬᠤ ᠳᠤ᠂ ᠬᠡᠷᠪᠡ ᠣᠯᠣᠰ ᠪᠠ | ᠦᠪᠡᠷᠳᠡᠭᠡᠨ ᠵᠠᠰᠠᠬᠤ ᠣᠷᠣᠨ ᠤ ᠴᠢᠬᠤᠯᠨ ᠶᠡᠭᠡ ᠲᠦᠷᠣ ᠶᠢᠨ ᠪᠣᠳᠣᠯᠭ᠎ᠠ ᠶᠢᠨ ᠲᠣᠬᠢᠷᠠᠭᠤᠯᠣᠯᠳᠠ ᠪᠣᠶᠣ ᠬᠦᠨᠳᠣ | ᠶᠡᠭᠡ ᠪᠠᠶᠢᠭᠠᠯᠢ ᠶᠢᠨ ᠭᠠᠢ ᠭᠠᠮᠰᠢᠭ ᠠᠴᠠ ᠪᠣᠯᠵᠣ ᠰᠢᠯᠭᠠᠨ ᠬᠢᠨᠠᠬᠤ ᠦᠷ᠎ᠡ ᠳ᠋ᠦᠩ ᠢ ᠨᠦᠯᠣᠭᠡᠯᠡᠭᠰᠡᠨ ᠪᠣᠯ᠂ | ᠪᠣᠰᠣᠣᠡᠴᠢ ᠭᠦᠴᠣᠨ ᠵᠦᠢᠯ ᠢ ᠨᠢ ᠪᠣᠳᠣᠯᠬᠢᠯᠠᠬᠤ ᠬᠡᠷᠩᠳᠠᠢ᠃ | ᠲᠠᠪᠤᠳᠤᠭᠠᠷ ᠪᠦᠯᠦᠭ ᠰᠢᠯᠭᠠᠨ ᠬᠢᠨᠠᠭᠰᠠᠨ ᠦᠷ᠎ᠡ ᠳ᠋ᠦᠩ ᠪᠠ ᠬᠡᠷᠡᠭᠯᠡᠯᠲᠡ | ᠠᠷᠪᠠᠨ ᠳᠥᠷᠪᠡᠳᠦᠭᠡᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠭᠤᠣᠯ ᠭᠦᠢᠴᠡᠳᠬᠡᠯ ᠲᠤᠭ᠎ᠠ ᠶᠢ ᠥᠪᠡᠷᠲᠡᠭᠡᠨ ᠵᠠᠰᠠᠬᠤ | ᠣᠷᠣᠨ ᠠᠴᠠ ᠠᠶᠢᠮᠠᠭ ᠬᠤᠲᠠ ᠶᠢᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ | ᠲᠣᠭᠠᠨ ᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠭᠠᠨ ᠬᠢᠨᠠᠬᠤ | ᠠᠵᠢᠯ ᠤᠨ ᠳᠤᠭᠤᠶᠢᠯᠠᠩ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠪᠳᠡᠷᠡᠭᠦᠯᠦᠨ ᠮᠡᠳᠡᠭᠡᠯᠡᠬᠦ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠢᠯᠡᠭᠡᠵᠦ᠂ | ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠪᠠ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠶᠢᠨ | ᠴᠢᠬᠤᠯᠠ ᠯᠠᠪᠯᠠᠯᠲᠠ ᠪᠣᠯᠭᠠᠬᠤ ᠭᠡᠷᠡᠭᠳᠡᠢ᠃ ᠠᠮᠤ ᠪᠤᠳᠠᠭᠠᠨ ᠤ ᠭᠠᠷᠣᠯᠳᠠ ᠶᠢᠨ ᠣᠷᠣᠨ ᠬᠢᠭᠡᠳ ᠭᠠᠷᠣᠯᠳᠠ ᠶᠢᠨ | ᠪᠤᠰᠤ ᠣᠷᠣᠨ ᠤ ᠲᠥᠯᠥᠭᠡᠯᠡᠬᠦ ᠴᠢᠨᠠᠷ ᠢ ᠭᠦᠢᠴᠡᠳ ᠪᠣᠳᠣᠯᠬᠢᠯᠠᠭᠰᠠᠨ ᠤ ᠪᠠᠶᠢᠳᠠᠯ ᠳᠣᠤᠷ᠎ᠠ᠂ ᠰᠢᠯᠭᠠᠨ ᠬᠢᠨ᠋ᠬᠠᠰᠠᠨ | ᠦᠷ᠎ᠡ ᠳ᠋ᠦᠩ ᠢᠶᠠᠷ ᠰᠢᠯᠢᠳᠡᠭ ᠪᠣᠯᠬᠤ ᠠᠶᠢᠮᠠᠭ ᠬᠤᠲᠠ ᠶᠢ ᠨᠡᠪᠲᠡᠷᠡᠭᠦᠯᠦᠨ ᠰᠠᠶᠢᠰᠢᠶᠠᠵᠤ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠨᠢ ᠲᠥᠷᠥᠯ ᠵᠦᠢᠯ ᠤᠨ ᠪᠡᠯᠡ ᠮᠦᠩᠬᠦ ᠲᠤᠬᠢᠷᠠᠭᠤᠯᠬᠤ ᠪᠠ ᠠᠮᠤ ᠪᠤᠳᠠᠭᠠᠨ ᠤ ᠲᠤᠰᠬᠠᠶᠢᠯᠠᠨ | ᠲᠡᠳᠬᠦᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠶ᠃ ᠰᠢᠯᠭᠠᠨ | ᠬᠢᠨᠠᠭᠰᠠᠨ ᠦᠷ᠎ᠡ ᠳ᠋ᠦᠩ ᠳᠤ ᠬᠢᠷᠢ ᠲᠡᠩᠴᠡᠭᠰᠡᠨ ᠥᠬᠡᠶ ᠠᠶᠢᠮᠠᠭ ᠬᠤᠲᠠ ᠨᠢ ᠰᠢᠯᠭᠠᠨ ᠬᠢᠨᠠᠭᠰᠠᠨ ᠦᠷ᠎ᠡ ᠳ᠋ᠦᠩ ᠢ | ᠨᠡᠪᠳᠡᠷᠡᠭᠦᠯᠦᠨ ᠮᠡᠳᠡᠬᠡᠯᠡᠭᠰᠡᠨ ᠤ ᠳᠠᠷᠠᠭᠠᠬᠢ ᠨᠢᠭᠡ ᠰᠠᠷ᠎ᠠ ᠶᠢᠨ ᠳᠣᠲᠣᠷ᠎ᠠ᠂ ᠰᠢᠯᠭᠠᠨ ᠬᠢᠨᠠᠬᠤ ᠠᠵᠢᠯ ᠤᠨ | ᠳᠤᠭᠤᠶᠢᠯᠠᠩ ᠳᠤ ᠪᠢᠴᠢᠭ ᠤᠨ ᠮᠡᠳᠡᠭᠦᠯᠦᠯᠲᠡ ᠬᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ | ᠬᠢᠵᠠᠭᠠᠷ ᠢᠶᠠᠨ ᠲᠣᠷᠠᠳᠣᠨ ᠭᠠᠷᠭᠠᠬᠤ ᠶᠢᠨ ᠬᠠᠮᠲᠤ᠂ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ | ᠬᠡᠷ ᠲᠤ ᠬᠠᠭᠤᠯᠤᠨ ᠢᠯᠡᠭᠡᠬᠦ ᠬᠡᠷᠡᠭᠲᠡᠶ︔ ᠬᠤᠭᠤᠴᠠᠭ᠎ᠠ ᠨᠢ ᠬᠡᠳᠦᠷᠡᠬᠡᠳ ᠴᠡᠭᠴᠡᠯᠡᠨ ᠰᠠᠶᠢᠵᠢᠷᠠᠭᠤᠯᠬᠤ ᠠᠵᠢᠯ ᠢ | ᠪᠣᠳᠠᠲᠠᠶᠢᠵᠢᠭᠤᠯᠤᠭᠰᠠᠨ ᠦᠭᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠮᠢᠶ᠎ᠠ ᠪᠦᠬᠦᠢ ᠠᠶᠢᠮᠠᠭ ᠬᠤᠲᠠ ᠶᠢᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠴᠢᠬᠤᠯᠠ ᠲᠠᠢ ᠪᠤᠯ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠠᠴᠠ ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠬᠡᠷᠡᠭᠲᠡᠶ᠃ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ᠂ ᠬᠦᠨᠳᠦ ᠶᠡᠭᠡ ᠠᠵᠢᠯ ᠤᠨ ᠠᠯᠳᠠᠰᠢ ᠤᠷᠤᠰᠢᠵᠦ ᠪᠠᠶᠢᠬᠤ | ᠵᠡᠷᠭᠡ ᠠᠴᠠ ᠪᠣᠯᠵᠤ ᠠᠮᠤ ᠪᠤᠳᠠᠭᠠᠨ ᠤ ᠵᠠᠬ᠎ᠠ ᠳᠡᠯᠭᠡᠭᠦᠷ ᠵᠢᠴᠢ ᠨᠡᠶᠢᠭᠡᠮ ᠤᠨ ᠲᠣᠭᠲᠠᠭᠤᠨ ᠳᠤ ᠬᠦᠨᠳᠦ ᠨᠣᠴᠢᠲᠠᠶ | ᠨᠥᠯᠥᠭᠡ ᠤᠴᠠᠷᠠᠭᠤᠯᠤᠭᠰᠠᠨ ᠪᠠᠶᠢᠪᠠᠯ᠂ ᠣᠨ ᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠶ ᠪᠠᠷ ᠦᠵᠡᠬᠦ ᠶᠢᠨ | ᠬᠠᠮᠲᠤ᠂ ᠬᠠᠤᠯᠢ ᠴᠠᠭᠠᠵᠠ ᠰᠠᠬᠢᠯᠭ᠎ᠠ ᠪᠠᠳᠣ ᠶᠢᠨ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ | ᠬᠠᠷᠢᠭᠤᠴᠠᠯᠭ᠎ᠠ ᠨᠡᠭᠡᠮᠵᠢᠯᠡᠨ᠎ᠡ᠃ | ᠠᠷᠪᠠᠨ ᠲᠠᠪᠤᠳᠤᠭᠠᠷ ᠵᠦᠢᠯ ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠳᠤ ᠡᠷᠬᠡ ᠲᠡᠭᠰᠢ ᠲᠥᠪ ᠭᠤᠣᠯᠴᠢ ᠬᠠᠨᠳᠤᠵᠦ᠂ | ᠦᠨᠡᠨ ᠠᠴᠠ ᠵᠥᠪ ᠢ ᠡᠷᠢᠬᠦ ᠬᠡᠷᠡᠭᠲᠡᠶ᠃ ᠰᠢᠯᠭᠠᠨ ᠬᠢᠨᠠᠬᠤ ᠠᠵᠢᠯ ᠤᠨ ᠶᠠᠪᠣᠴᠠ ᠳᠤ ᠬᠤᠳᠠᠯ ᠬᠡᠯᠡᠵᠦ ᠬᠠᠭᠤᠷᠮᠠᠭ | ᠵᠣᠬᠢᠶᠠᠬᠤ᠂ ᠨᠢᠭᠤᠵᠤ ᠦᠯᠣ ᠮᠡᠳᠡᠭᠦᠯᠬᠦ ᠪᠠ ᠬᠤᠳᠠᠯ ᠢᠶᠠᠷ ᠮᠡᠳᠡᠭᠦᠯᠬᠦ ᠪᠠᠶᠢᠳᠠᠯ ᠣᠷᠣᠰᠢᠵᠤ ᠪᠠᠶᠢᠪᠠᠯ ᠨᠡᠪᠳᠡᠷᠡᠭᠦᠯᠦᠨ | ᠰᠢᠭᠦᠮᠵᠢᠯᠡᠬᠦ ᠶᠢᠨ ᠬᠠᠮᠲᠤ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠬᠤᠯᠪᠣᠭᠳᠠᠯ ᠪᠦᠬᠦᠢ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠨ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠲᠦᠷᠢᠮ | ᠠᠷᠪᠠᠨ ᠵᠢᠷᠭᠤᠳᠤᠭᠠᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ | ᠰᠢᠯᠭᠠᠨ ᠬᠢᠨᠠᠬᠤ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠨᠨᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽ᠠᠮᠤ ᠪᠣᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 3 ᠳ᠋ᠤᠭᠠᠷ ᠲᠣᠭᠠᠲᠤ︶ | ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | ᠲᠠᠭᠠᠯᠳᠤᠭᠤᠯᠤᠯ᠄ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠳᠠ ᠶᠢᠨ ᠲᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ | ᠭᠦᠰᠦᠨᠦᠭᠳᠦ | ᠭᠦᠰᠦᠨᠦᠭᠳᠦ 1 | ᠭᠦᠰᠦᠨᠦᠭᠳᠦ 2 | ᠭᠦᠰᠦᠨᠦᠭᠳᠦ 3 | ᠭᠦᠰᠦᠨᠦᠭᠳᠦ 4 | ᠭᠦᠰᠦᠨᠦᠭᠳᠦ 5 | ᠭᠦᠰᠦᠨᠦᠭᠳᠦ 6 |